ᠠᠯᠠᠱᠠ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠣᠯ ᠦᠬᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ
ᠨᠡᠶᠢᠲᠡᠯᠡᠭᠰᠡᠨ ᠴᠠᠭ᠄
2023/1/3
   ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠭᠡᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠥᠭᠡᠢ ᠦᠢᠯᠡᠳᠪᠦᠷᠢᠯᠡᠯ  ᠎ ᠤᠨ ᠬᠠᠷᠢᠭᠤᠴᠠᠯᠭ᠎ᠠ ᠶᠢᠨ ᠲᠥᠷᠢᠮ ᠤᠨ ᠬᠡᠷᠡᠭᠵᠢᠭᠦᠯᠬᠦ ᠨᠠᠷᠢᠨ ᠲᠥᠷᠢᠮ︾᠂ ︽︿ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠶᠤᠯ ᠥᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ﹀᠎ ᠢ ᠳᠠᠷᠤᠮᠠᠯᠯᠠᠨ ᠳᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠎ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ﹇2021﹈ 131 ᠳ᠋ᠣᠭᠡᠷ ᠲᠣᠭᠠᠲᠤ︶  ᠵᠡᠷᠭᠡ ᠬᠠᠤᠯᠢ ᠴᠠᠭᠠᠵᠠ  ᠂ ᠬᠠᠤᠯᠢ  ᠳᠦᠷᠢᠮ  ᠎ ᠢ ᠦᠨᠳᠦᠰᠦᠯᠡᠨ ᠳᠣᠰ ᠳᠦᠷᠢᠮ ᠢ ᠳᠣᠭᠳᠠᠭᠠᠪᠠ᠃    ︵ᠬᠤᠶᠠᠷ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠣᠯ ᠦᠬᠡᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃    ︵ᠭᠤᠷᠪᠠ︶ ᠠᠶᠤᠯ ᠥᠬᠡᠶ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ︾᠎ ᠶᠢ ᠴᠢᠩᠭ᠎ᠠ ᠨᠠᠶᠢᠳᠠᠪᠣᠷᠢᠵᠢᠭᠤᠯᠵᠦ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠬᠡᠷᠡᠭᠲᠡᠶ᠂ ᠦᠶ᠋ᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾᠂ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ᠂ ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ︽ᠬᠠᠷᠢᠶ᠎ᠠ ᠣᠷᠣᠨ ᠤ ᠬᠠᠮᠢᠶᠠᠷᠤᠯᠲᠠ ᠬᠢᠭᠡᠳ ᠱᠠᠲᠤ ᠬᠤᠪᠢᠶᠠᠨ ᠬᠠᠷᠢᠭᠤᠴᠠᠬᠤ ᠶᠢ ᠤᠶᠠᠯᠳᠤᠭᠤᠯᠬᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠤᠯ ᠪᠣᠯᠭᠠᠬᠤ︾ ︽ᠰᠢᠨ᠎ᠡ ᠪᠠᠷ ᠬᠥᠭᠵᠢᠭᠰᠡᠨ ᠠᠵᠢᠯ ᠲᠥᠷᠥᠯ ᠤᠨ ᠬᠦᠷᠢᠶᠡᠨ ᠳᠠᠬᠢ ᠠᠶᠣᠯ ᠦᠬᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ ᠦᠭᠡᠢ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠤᠬᠠᠶᠢᠯᠠᠭᠰᠠᠨ ᠠᠵᠢᠯ ᠨᠢ ᠠᠳᠠᠯᠢᠪᠲᠤᠷ ᠪᠠᠶᠢᠬᠤ ᠵᠠᠷᠴᠢᠮ ᠶᠣᠰᠣᠭᠠᠷ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠲᠣᠭᠲᠠᠭᠠᠨ᠎ᠠ︾ ᠬᠡᠪᠡ ᠃ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠂ ᠬᠠᠷᠢᠯᠴᠠᠨ ᠬᠠᠮᠵᠢᠯᠴᠠᠬᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠰᠢᠨᠵᠢᠯᠡᠬᠦ ᠤᠬᠠᠭᠠᠨᠴᠢ ᠪᠥᠭᠡᠳ ᠪᠦᠷᠢᠨ ᠲᠡᠭᠦᠯᠳᠡᠷ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠬᠤ ᠬᠡᠷᠡᠭᠲᠡᠶ᠃    ︵ᠳᠥᠷᠪᠡ︶ ᠠᠶᠤᠯ ᠦᠭᠡᠶ ᠦᠢᠯᠡᠳᠪᠦᠷᠢᠯᠡᠯ ᠤᠨ ᠠᠵᠢᠯ ᠳᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ︾᠎ ᠲᠠᠢ ᠪᠠᠶᠢᠯᠭᠠᠬᠤ ᠳᠦᠷᠢᠮ ᠢ ᠬᠡᠷᠡᠭᠵᠢᠭᠦᠯᠦᠨ᠎ᠡ᠃ ᠠᠯᠠᠱᠠ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ ᠲᠣᠰ ᠠᠵᠢᠯ ᠲᠥᠷᠥᠯ ᠤᠨ ᠬᠦᠷᠢᠶᠡᠨ ᠤ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠣᠯ ᠦᠬᠡᠢ ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠠᠶᠣᠯ ᠦᠬᠡᠢ ᠦᠢᠯᠡᠳᠪᠦᠷᠢᠯᠡᠯ ᠤᠨ ᠠᠵᠢᠯ ᠳᠤ ᠴᠢᠬᠤᠯᠠ ᠤᠳᠤᠷᠢᠳᠬᠤ ᠬᠠᠷᠢᠭᠤᠴᠠᠯᠭ᠎ᠠ ᠡᠭᠦᠷᠭᠡᠯᠡᠨ᠎ᠡ︔ ᠪᠤᠰᠤᠳ ᠬᠠᠷᠢᠭᠤᠴᠠᠯᠭᠠᠲᠠᠨ ᠬᠤᠪᠢᠳᠠᠨ ᠬᠠᠮᠢᠶᠠᠷᠴᠤ ᠪᠦᠬᠦᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠶ ᠦᠢᠯᠡᠳᠪᠦᠷᠢᠯᠡᠯ ᠤᠨ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃    ︵ᠲᠠᠪᠤ︶ ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠦᠬᠦ ᠠᠶᠢᠮᠠᠭ ᠤᠨ ᠠᠶᠤᠯ ᠦᠭᠡᠶ ᠦᠢᠯᠡᠳᠪᠦᠷᠢᠯᠡᠯ ᠤᠨ ᠠᠵᠢᠯ ᠳᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠡᠯ᠎ᠡ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷ᠎ᠠ᠂ ᠲᠤᠰ ᠠᠵᠢᠯ ᠲᠥᠷᠥᠯ ᠤᠨ ᠢᠶᠠᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃    ︵ᠳᠣᠯᠤᠭ᠎ᠠ︶ ᠡᠯ᠎ᠡ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠲᠤᠰ ᠠᠵᠢᠯ ᠲᠥᠷᠥᠯ ᠤᠨ ᠬᠦᠷᠢᠶᠡᠨ ᠤ ᠬᠠᠮᠢᠶᠠᠷᠤᠯᠲᠠ ᠶᠢᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠠᠵᠢᠯ ᠲᠥᠷᠥᠯ ᠤᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠪᠠᠷᠢᠮᠵᠢᠶ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠠᠴᠠ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠢᠯᠣᠭᠤᠳᠤᠨ᠂ ᠪᠠᠶᠢᠴᠠᠭᠠᠬᠤ ᠪᠠ ᠰᠢᠮᠳᠠᠭᠤᠯᠵᠤ ᠪᠠᠶᠢᠭᠠᠳ ᠠᠶᠤᠯ ᠦᠭᠡᠶ ᠎ ᠶᠢᠨ ᠬᠠᠮᠢᠶᠠᠷᠤᠯᠲᠠ ᠎ ᠶᠢ  ᠨᠢ ᠴᠢᠩᠭᠠᠳᠬᠠᠬᠤ ᠬᠡᠷᠡᠭᠲᠡᠶ᠃    ︵ᠨᠠᠢᠮᠠ︶ ᠪᠤᠰᠤᠳ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠶᠤᠯ ᠥᠭᠡᠢ ᠦᠢᠯᠡᠳᠪᠦᠷᠢᠯᠡᠯ  ᠎ ᠤᠨ ᠠᠵᠢᠯ ᠳᠤ ᠪᠠᠲᠤᠯᠠᠭ᠎ᠠ ᠬᠠᠩᠭᠠᠵᠤ᠂ ᠠᠶᠤᠯ ᠥᠭᠡᠢ ᠪᠠᠷ ᠬᠥᠭᠵᠢᠭᠦᠯᠬᠦ ᠶᠢ ᠬᠠᠮᠲᠤᠪᠠᠷ ᠲᠥᠯᠬᠢᠨ ᠠᠬᠢᠭᠤᠯᠬᠤ ᠬᠡᠷᠡᠭᠲᠡᠢ᠃    ᠬᠤᠶᠠᠷ᠂ ᠦᠨᠳᠦᠰᠦᠨ ᠡᠭᠦᠷᠭᠡ ᠬᠠᠷᠢᠭᠤᠴᠠᠯᠭ᠎ᠠ    ᠠᠯᠠᠱᠠ ᠠᠶᠢᠮᠠᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠳᠤᠤᠷᠠᠬᠢ ᠦᠨᠳᠦᠰᠦᠨ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠲᠡᠶ᠄    ︵ᠨᠢᠭᠡ︶ ᠠᠶᠤᠯ ᠦᠭᠡᠶ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠪᠠᠷᠢᠮᠵᠢᠶ᠎ᠠ ᠵᠡᠷᠭᠡ ᠶᠢ ᠤᠬᠠᠭᠤᠯᠤᠨ ᠲᠤᠤᠱᠯᠠᠭᠤᠯᠤᠨ ᠬᠡᠷᠡᠭᠵᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠬᠤ ᠬᠡᠷᠡᠭᠲᠡᠶ᠃    ︵ᠬᠤᠶᠠᠷ︶ ᠲᠤᠰ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠲᠥᠯᠥᠪᠵᠢᠭᠦᠯᠭᠡ ᠲᠥᠯᠥᠪᠯᠡᠭᠡ᠂ ᠠᠵᠢᠯ ᠤᠨ ᠲᠥᠰᠦᠯ ᠵᠡᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠶᠢ ᠴᠢᠩᠳᠠᠯᠠᠨ᠂ ᠠᠵᠢᠯ ᠲᠥᠷᠥᠯ ᠤᠨ ᠲᠥᠯᠥᠪᠵᠢᠭᠦᠯᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠲᠠᠯ᠎ᠠ ᠠᠴᠠ ᠲᠤᠰ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ    ︵ᠭᠤᠷᠪᠠ︶ ᠲᠤᠰ ᠠᠵᠢᠯ ᠲᠥᠷᠥᠯ ᠤᠨ ᠢᠶᠠᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠬᠢᠭᠡᠳ ᠲᠤᠬᠠᠶᠢᠯᠠᠭᠰᠠᠨ ᠠᠵᠢᠯ ᠢ ᠬᠠᠮᠲᠤ ᠳᠤᠨᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠲᠤ ᠳᠤᠨᠢ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠢ ᠴᠠᠭ ᠲᠤᠬᠠᠶ ᠳᠤᠨᠢ ᠵᠠᠳᠠᠯᠤᠨ ᠤᠷᠢᠳᠴᠢᠯᠠᠨ ᠮᠠᠭᠠᠳᠯᠠᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃    ︵ᠳᠥᠷᠪᠡ︶ ᠠᠶᠤᠯ ᠦᠭᠡᠶ ᠶᠢᠨ ᠪᠠᠶᠢᠴᠠᠭᠠᠯᠲᠠ ᠪᠣᠯᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠵᠢᠯᠣᠭᠤᠳᠤᠨ᠂ ᠪᠠᠶᠢᠴᠠᠭᠠᠵᠤ᠂ ᠰᠢᠮᠳᠠᠭᠤᠯᠵᠤ ᠪᠠᠶᠢᠭᠠᠳ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃    ︵ᠲᠠᠪᠤ︶ ᠲᠤᠰ ᠠᠵᠢᠯ ᠲᠥᠷᠥᠯ ᠤᠨ ᠬᠦᠷᠢᠶᠡᠨ ᠤ ᠬᠠᠤᠯᠢ ᠪᠤᠰᠤ ᠪᠠᠷ ᠪᠠ ᠬᠠᠤᠯᠢ ᠠᠴᠠ ᠵᠥᠷᠢᠴᠡᠨ ᠦᠢᠯᠡᠳᠪᠦᠷᠢᠯᠡᠵᠦ ᠡᠵᠡᠩᠨᠡᠵᠦ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠣᠬᠢᠯᠲᠠ ᠥᠭᠭᠦᠨ᠎ᠡ᠃    ︵ᠵᠢᠷᠭᠤᠭ᠎ᠠ︶ ᠲᠤᠰ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠨᠠᠶᠢᠳᠠᠪᠤᠷᠢᠵᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃    ︵ᠳᠣᠯᠤᠭ᠎ᠠ︶ ᠲᠤᠰ ᠠᠵᠢᠯ ᠲᠥᠷᠥᠯ ᠤᠨ ᠬᠦᠷᠢᠶᠡᠨ ᠤ ᠪᠠᠨ ᠠᠵᠢᠯᠯᠠᠭᠰᠠᠳ ᠤᠨ ᠠᠶᠤᠯ ᠦᠭᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠪᠣᠯᠤᠨ ᠬᠢᠨᠠᠨ ᠰᠢᠯᠭᠠᠬᠤ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠨᠠᠢᠮᠠ︶ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠣᠷᠢᠯᠲᠠ ᠬᠢᠬᠦ ᠶᠢ ᠵᠣᠬᠢᠶᠠᠨ ᠪᠠᠶᠢᠭᠤᠯᠵᠤ᠂ ᠲᠤᠰ ᠠᠵᠢᠯ ᠲᠥᠷᠥᠯ ᠤᠨ ᠬᠦᠷᠢᠶᠡᠨ ᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯ ᠢ ᠬᠠᠤᠯᠢ ᠶᠣᠰᠣᠭᠠᠷ ᠵᠢᠯᠣᠭᠤᠳᠤᠨ ᠵᠣᠬᠢᠶᠠᠨ ᠪᠠᠶᠢᠭᠤᠯᠤᠨ᠎ᠠ︔ ᠬᠠᠮᠢᠶ᠎ᠠ ᠪᠦᠬᠦᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠵᠤ᠂ ᠬᠠᠮᠵᠢᠯᠴᠠᠬᠤ ᠪᠤᠶᠤ ᠣᠷᠣᠯᠴᠠᠵᠤ᠂ ᠲᠤᠰ ᠠᠵᠢᠯ ᠲᠥᠷᠥᠯ ᠤᠨ ᠬᠦᠷᠢᠶᠡᠨ ᠤ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃    ︵ᠶᠢᠰᠦ︶ ᠲᠣᠰ ᠠᠵᠢᠯ ᠲᠥᠷᠥᠯ ᠤᠨ ᠬᠦᠷᠢᠶ᠎ᠡ ᠶᠢᠨ ᠠᠶᠤᠯ ᠥᠬᠡᠶ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠶ ᠪᠠᠷ ᠠᠬᠢᠭᠤᠯᠵᠤ᠂ ᠠᠶᠤᠯ ᠥᠬᠡᠶ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠰ ᠠᠵᠢᠯ ᠲᠥᠷᠥᠯ ᠤᠨ ᠬᠦᠷᠢᠶ᠎ᠡ ᠶᠢᠨ ᠦᠢᠯᠡᠳᠪᠦᠷᠢᠯᠡᠯ ᠤᠨ ᠠᠶᠤᠯ ᠥᠬᠡᠶ ᠶᠢᠨ ᠠᠳᠠᠯ ᠢ ᠮᠡᠳᠡᠭᠦᠯᠬᠦ ᠪᠠ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃    ︵ᠠᠷᠪᠠ︶ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠵᠢᠴᠢ ᠠᠶᠢᠮᠠᠭ ᠤᠨ ᠠᠶᠣᠯ ᠦᠬᠡᠢ ᠦᠢᠯᠡᠳᠪᠦᠷᠢᠯᠡᠯ ᠤᠨ ᠵᠥᠪᠯᠡᠯ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    ᠭᠤᠷᠪᠠ᠂ ᠪᠣᠳᠠᠲᠠᠶ ᠡᠭᠦᠷᠭᠡ ᠬᠠᠷᠢᠭᠤᠴᠠᠯᠭ᠎ᠠ    ︵ᠨᠢᠭᠡ  ︶  ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠶᠢᠮᠠᠭ ᠤᠨ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶    1 . ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃    2 . ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠨ᠎ᠡ ᠪᠠᠷ ᠳᠠᠩᠰᠠᠯᠠᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠨ᠎ᠡ᠃    3 . ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤᠨ ᠳᠠᠬᠢ ᠠᠶᠣᠯ ᠦᠬᠡᠢ ᠦᠢᠯᠡᠳᠪᠦᠷᠢᠯᠡᠯ ᠳᠤ ᠬᠤᠯᠪᠣᠭᠳᠠᠬᠤ ᠲᠠᠯ᠎ᠠ ᠶᠢᠨ ᠠᠭᠤᠯᠭ᠎ᠠ ᠶᠢ ᠬᠡᠷᠡᠭᠵᠢᠭᠦᠯᠦᠨ᠎ᠡ    4 . ᠪᠥᠬᠦ ᠠᠶᠢᠮᠠᠭ ᠤᠨ ᠠᠶᠤᠯᠲᠠᠶ ᠬᠢᠮᠢ ᠶᠢᠨ ᠪᠣᠳᠠᠰ ᠤᠨ ︽ᠬᠢᠵᠠᠭᠠᠷᠯᠠᠬᠤ ᠶᠢ ᠴᠠᠭᠠᠵᠠᠯᠠᠬᠤ︾ ᠭᠠᠷᠴᠠᠭ ᠢ ᠲᠣᠭᠲᠠᠭᠠᠵᠤ᠂ ᠠᠶᠤᠯ ᠲᠦᠭᠰᠢᠭᠦᠷᠢ ᠶᠡᠬᠡᠲᠡᠶ ᠲᠥᠷᠥᠯ  ᠵᠦᠢᠯ ᠤᠨ ︽ᠨᠢᠭᠡ ᠪᠢᠯᠧᠲ ᠢᠶᠠᠷ ᠦᠭᠡᠶᠢᠰᠬᠡᠬᠦ︾ ᠲᠦᠷᠢᠮ ᠢ ᠲᠣᠭᠲᠠᠭᠠᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠲᠣᠭᠲᠠᠭᠠᠬᠤ ᠱᠠᠲᠤᠨ ᠳᠤ ᠬᠠᠮᠲᠤᠷᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃    5 . ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠪᠡᠯᠡᠳᠬᠡᠮᠵᠢ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ᠂ ᠡᠳ᠋ ᠪᠠᠷᠠᠭ᠎ᠠ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠳᠡᠮᠵᠢᠬᠦ ᠬᠡᠷᠡᠭᠲᠡᠶ᠃    6 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯ ᠦᠭᠡᠶ ᠦᠢᠯᠡᠳᠪᠦᠷᠢᠯᠡᠯ ᠤᠨ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠣᠯ ᠴᠣᠭᠴᠠ ᠳᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠶ᠃    7 . ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠠᠭᠤᠷᠬᠠᠶ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠬᠦ ᠦᠭᠡᠶ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ᠂ ᠪᠠᠶᠢᠷᠢᠰᠢᠭᠤᠯᠤᠯ ᠨᠢ ᠵᠦᠢ ᠵᠣᠬᠢᠰ ᠦᠭᠡᠶ ᠵᠡᠷᠭᠡ ᠠᠭᠤᠷᠬᠠᠶ ᠶᠢᠨ ᠬᠤᠳᠳᠤᠭ ᠢ ᠬᠠᠭᠠᠵᠤ ᠪᠠᠶᠢᠬᠤ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠣᠷᠣᠯᠴᠠᠨ᠎ᠠ᠃    8 . ᠠᠮᠤ ᠪᠤᠳᠠᠭᠠᠨ ᠤ ᠬᠦᠢᠯᠭᠡᠭᠡ᠂ ᠡᠳ᠋ᠰᠢᠭᠦᠯᠬᠦ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠠᠮᠤ ᠪᠤᠳᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠶᠢ ᠳᠠᠭᠠᠭᠠᠨ ᠬᠠᠳᠠᠭᠠᠯᠠᠬᠤ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠡᠭᠦᠷᠭᠡᠯᠡᠨ᠎ᠡ᠃    9 . ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠬᠤᠷᠢᠶᠠᠨ ᠬᠠᠳᠠᠭᠠᠯᠠᠬᠤ᠂ ᠡᠭᠡᠯᠵᠢᠯᠡᠭᠦᠯᠬᠦ ᠪᠠ ᠬᠥᠮᠥᠷᠭᠡ ᠠᠴᠠ ᠭᠠᠷᠭᠠᠬᠤ ᠵᠡᠷᠭᠡ ᠶᠠᠪᠤᠴᠠ ᠳᠠᠬᠢ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃   10 . ᠨᠥᠭᠡᠴᠡ ᠰᠠᠭᠤᠷᠢ ᠪᠡᠯᠡᠳᠬᠡᠮᠵᠢ᠂ ᠠᠮᠤ ᠪᠤᠳᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    ︵ᠬᠤᠶᠠᠷ︶ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ    1. ᠰᠤᠷᠭᠠᠨ ᠬᠥᠮᠦᠵᠢᠯ ᠤᠨ ᠰᠢᠰᠲ᠋ᠧᠮ ︵ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠵᠡᠷᠭᠡ ᠪᠠᠭᠲᠠᠨ᠎ᠠ︶᠎ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2 . ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ︵ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ︶᠎ ᠶᠢᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    3. ᠠᠶᠤᠯ ᠦᠭᠡᠶ ᠶᠢᠨ ᠬᠥᠮᠦᠵᠢᠯ ᠢ ᠰᠤᠷᠭᠠᠭᠤᠯᠢ ᠶᠢᠨ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠰᠤᠷᠭᠠᠭᠤᠯᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠤᠯ ᠦᠭᠡᠶ ᠶᠢᠨ ᠬᠥᠮᠦᠵᠢᠯ ᠪᠣᠯᠤᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠰᠣᠷᠢᠯᠲᠠ ᠶᠢ ᠥᠷᠨᠢᠭᠦᠯᠦᠨ᠎ᠡ᠃    4 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃    5 . ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    6. ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    7 . ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠠᠶᠤᠯ ᠦᠭᠡᠶ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠡᠶ᠎ᠡ ᠴᠢᠭᠢᠷᠠᠭᠵᠢᠭᠤᠯᠬᠤ ᠭᠡᠷ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        8 . ᠠᠶᠤᠯ ᠶᠡᠬᠡᠲᠡᠶ ᠪᠡᠶ᠎ᠡ ᠶᠢᠨ ᠲᠠᠮᠢᠷ ᠤᠨ ᠲᠥᠷᠥᠯ ᠵᠦᠢᠯ᠂ ᠴᠢᠬᠤᠯᠠ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠲᠠᠷᠬᠠᠭᠠᠬᠤ ᠵᠢᠴᠢ ᠪᠣᠷᠣᠯᠠᠭᠤᠯᠬᠤ ᠲᠣᠣᠷ ᠴᠡᠭ ᠪᠣᠯᠤᠨ ᠡᠵᠡᠩᠨᠡᠯᠲᠡ ᠶᠢᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    9 . ᠤᠯᠤᠰ ᠤᠨ ᠳᠣᠲᠣᠭᠠᠳᠤ ᠪᠠ ᠣᠯᠠᠨ ᠤᠯᠤᠰ ᠤᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠭᠠᠳᠠᠭᠠᠳᠤ ᠪᠡᠶ᠎ᠡ ᠶᠢᠨ ᠲᠠᠮᠢᠷ ᠤᠨ ᠬᠤᠷᠰᠢᠯᠴᠠᠭ᠎ᠠ ᠬᠢᠭᠡᠳ ᠰᠣᠯᠢᠯᠴᠠᠭ᠎ᠠ ᠶᠢ ᠳᠠᠭᠠᠭᠠᠨ ᠡᠷᠬᠢᠯᠡᠬᠦ᠂ ᠣᠷᠣᠯᠴᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ︵ᠭᠤᠷᠪᠠ︶ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ    1 . ᠠᠶᠤᠯ ᠦᠭᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    2 . ᠠᠶᠤᠯ ᠦᠭᠡᠶ ᠦᠢᠯᠡᠳᠪᠦᠷᠢᠯᠡᠯ ᠤᠨ ᠰᠠᠭᠤᠷᠢ ᠰᠤᠳᠤᠯᠤᠯ ᠪᠣᠯᠤᠨ ᠬᠡᠷᠡᠭᠯᠡᠭᠡᠨ ᠤ ᠰᠤᠳᠤᠯᠤᠯ ᠤᠨ ᠵᠣᠬᠢᠶᠠᠨ ᠪᠠᠶᠢᠭᠤᠯᠤᠨ ᠵᠢᠯᠣᠭᠤᠳᠬᠤ ᠠᠵᠢᠯ ᠢ ᠬᠠᠷᠢᠭᠤᠴᠠᠨ᠎ᠠ᠃    3 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯ ᠦᠭᠡᠶ ᠦᠢᠯᠡᠳᠪᠦᠷᠢᠯᠡᠯ ᠤᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠤᠨ ᠬᠦᠴᠦᠨ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠠᠯᠬᠤᠮ ᠠᠯᠬᠤᠮ ᠢᠶᠠᠷ ᠠᠶᠤᠯ ᠦᠭᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠣᠯᠤᠨ ᠮᠡᠷᠭᠡᠵᠢᠯ ᠤᠨ ᠪᠠᠲᠤᠯᠠᠭ᠎ᠠ ᠶᠢᠨ ᠭᠤᠣᠯ ᠴᠣᠭᠴᠠ ᠪᠣᠯᠭᠠᠬᠤ ᠶᠢ ᠠᠬᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃     ︵ᠳᠥᠷᠪᠡ︶ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ    1 . ᠪᠦᠬᠦ ᠠᠶᠢᠮᠠᠭ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    2 . ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠤᠨ ᠬᠤᠳᠠᠯᠳᠤᠬᠤ ᠳᠠᠬᠢ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ᠂ ᠪᠣᠷᠣᠯᠠᠭᠤᠯᠤᠨ ᠬᠤᠳᠠᠯᠳᠤᠬᠤ ︵ᠬᠠᠳᠠᠭᠠᠯᠠᠬᠤ ᠪᠠᠭᠲᠠᠨ᠎ᠠ︶ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃    3 . ᠢᠳᠡᠰᠢᠨ ᠤ ᠳᠠᠪᠣᠰᠣ ᠦᠢᠯᠡᠳᠪᠦᠷᠢᠯᠡᠬᠦ᠂ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      4 . ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    5 . ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠶᠤᠯᠲᠠᠶ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ ᠠᠵᠢᠯ ᠲᠥᠷᠥᠯ ᠤᠨ ᠲᠥᠯᠥᠪᠵᠢᠭᠦᠯᠭᠡ ᠪᠠ ᠪᠠᠶᠢᠷᠢᠰᠢᠭᠤᠯᠤᠯᠲᠠ ᠶᠢ ᠬᠠᠷᠢᠭᠤᠴᠠᠵᠤ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︵ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠲᠣᠭᠤᠷᠢᠭ︶᠎ ᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃    6 . ᠴᠢᠮᠡᠭᠡ ᠬᠤᠯᠪᠣᠭᠠᠨ ᠎ ᠤ ᠠᠵᠢᠯ ᠲᠥᠷᠥᠯ  ᠤᠨ ᠠᠶᠤᠯ ᠦᠭᠡᠶ ᠦᠢᠯᠡᠳᠪᠦᠷᠢᠯᠡᠯ ᠎ ᠳᠤ ᠬᠢᠨᠠᠯᠲᠠ ᠲᠠᠯᠪᠢᠵᠤ ᠬᠠᠮᠢᠶᠠᠷᠬᠤ ᠎ ᠶᠢ ᠬᠠᠷᠢᠭᠤᠴᠠᠨ᠂ ᠴᠢᠮᠡᠭᠡ ᠬᠤᠯᠪᠣᠭᠠᠨ  ᠤ ᠪᠦᠲᠦᠭᠡᠨ ᠪᠠᠶᠢᠭᠤᠯᠤᠯᠲᠠ ᠎ ᠶᠢᠨ ᠪᠠᠷᠢᠯᠭ᠎ᠠ  ᠪᠣᠯᠤᠨ ᠴᠢᠮᠡᠭᠡ ᠬᠤᠯᠪᠣᠭᠠᠨ ᠤ ᠪᠡᠯᠡᠳᠬᠡᠮᠵᠢ ᠎ ᠶᠢᠨ ᠠᠶᠤᠯ ᠦᠭᠡᠶ ᠦᠢᠯᠡᠳᠪᠦᠷᠢᠯᠡᠯ  ᠳᠤ ᠬᠢᠨᠠᠯᠲᠠ ᠲᠠᠯᠪᠢᠵᠤ ᠬᠠᠮᠢᠶᠠᠷᠬᠤ ᠎ ᠶᠢ ᠵᠢᠯᠣᠭᠤᠳᠤᠨ ᠵᠣᠬᠢᠴᠠᠭᠤᠯᠤᠨ᠎ᠠ᠃    7 . ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠴᠢᠮᠡᠭᠡ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠳᠤ ᠴᠢᠮᠡᠭᠡ ᠬᠤᠯᠪᠣᠭᠠᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃    8 . ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ ᠪᠣᠯᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠠᠯ᠎ᠠ ᠪᠠᠷ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠦᠨ ᠂ ᠠᠶᠤᠯ ᠦᠭᠡᠶ ᠦᠢᠯᠡᠳᠪᠦᠷᠢᠯᠡᠯ ᠤᠨ ᠲᠡᠷᠢᠭᠦᠨ ᠤ ᠮᠡᠷᠭᠡᠵᠢᠯ ᠪᠣᠯᠤᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠮᠥᠨ ᠴᠢᠨᠠᠷ ᠤᠨ ᠠᠶᠤᠯ ᠦᠭᠡᠶ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ︵ᠲᠠᠪᠤ︶ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ    1. ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠶ᠃    2 . ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠳᠦᠷ ᠲᠤᠲᠤᠮ ᠤᠨ ᠭᠠᠯ ᠤᠨᠲᠠᠷᠠᠭᠠᠬᠤ ᠬᠢᠨᠠᠯᠲᠠ ᠪᠠᠶᠢᠴᠠᠭᠠᠯᠲᠠ ᠥᠷᠨᠢᠭᠦᠯᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃    3 . ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃    4 . ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠪᠣᠯᠤᠨ ᠬᠤᠸᠠᠷ ᠫᠤᠤᠵᠢᠩ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠳᠡᠯᠪᠡᠴᠢᠬᠦ ᠠᠵᠢᠯ ᠵᠢᠴᠢ ᠬᠤᠸᠠᠷ ᠫᠤᠤᠵᠢᠩ ᠤᠨ ᠵᠠᠮ ᠲᠡᠭᠡᠭᠡᠪᠦᠷᠢ᠂ ᠲᠠᠯᠪᠢᠬᠤ ᠭᠤᠭᠴᠤᠭ᠎ᠠ ᠳᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠨ᠎ᠡ᠃    5 . ᠡᠭᠦᠷᠭᠡ ᠬᠠᠷᠢᠭᠤᠴᠠᠯᠭ᠎ᠠ  ᠶᠢᠨ ᠬᠤᠪᠢᠶᠠᠷᠢᠯᠠᠯ ᠶᠣᠰᠣᠭᠠᠷ ᠠᠷᠠᠳ  ᠤᠨ ᠬᠡᠷᠡᠭᠴᠡᠭᠡᠨ ᠤ ᠳᠡᠯᠪᠡᠷᠡᠬᠦ ᠪᠣᠳᠠᠰ ᠢ ᠬᠠᠤᠯᠢ ᠪᠤᠰᠤ ᠪᠠᠷ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠰᠢᠦᠳᠠᠨ  ᠢᠶᠠᠷ ᠢᠯᠡᠭᠡᠬᠦ᠂ ᠬᠡᠷᠡᠭᠯᠡᠬᠦ ︵ᠬᠠᠳᠠᠭᠠᠯᠠᠬᠤ ᠪᠠᠭᠲᠠᠨ᠎ᠠ︶ ᠦᠢᠯᠡ ᠠᠵᠢᠯᠯᠠᠭ᠎ᠠ ᠪᠣᠯᠤᠨ ᠬᠤᠸᠠᠷ ᠫᠤᠤᠵᠢᠩ ᠢ ᠬᠠᠤᠯᠢ ᠪᠤᠰᠤ  ᠪᠠᠷ ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠦᠳᠠᠨ  ᠢᠶᠠᠷ ᠢᠯᠡᠭᠡᠬᠦ᠂ ᠲᠠᠯᠪᠢᠬᠤ ᠦᠢᠯᠡ ᠠᠵᠢᠯᠯᠠᠭ᠎ᠠ ᠎ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    6 . ᠠᠶᠤᠯᠲᠠᠢ ᠬᠢᠮᠢ ᠶᠢᠨ ᠵᠦᠢᠯ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠠᠶᠤᠯᠲᠠᠢ ᠬᠢᠮᠢ ᠶᠢᠨ ᠵᠦᠢᠯ ᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠲᠤᠬᠰᠢᠨ ᠬᠤᠣᠷᠲᠠᠢ ᠬᠢᠮᠢ ᠶᠢᠨ ᠵᠦᠢᠯ᠂ ᠠᠮᠠᠷᠬᠠᠨ ᠳᠡᠯᠪᠡᠷᠡᠬᠦ᠂ ᠠᠮᠠᠷᠬᠠᠨ ᠬᠤᠣᠷᠲᠤ ᠡᠳ᠋ ᠦᠢᠯᠡᠳᠬᠦ ᠬᠢᠮᠢ ᠶᠢᠨ ᠵᠦᠢᠯ ᠤᠨ ᠭᠦᠢᠯᠭᠡᠭᠡᠨ ᠤ ᠬᠠᠨᠳᠤᠰᠢ ᠶᠢ ᠬᠢᠨᠠᠨ ᠡᠵᠡᠮᠳᠡᠵᠦ᠂ ᠲᠤᠬᠰᠢᠨ ᠬᠤᠣᠷᠲᠠᠢ ᠬᠢᠮᠢ ᠶᠢᠨ ᠵᠦᠢᠯ᠂ ᠠᠮᠠᠷᠬᠠᠨ ᠳᠡᠯᠪᠡᠷᠡᠬᠦ᠂ ᠠᠮᠠᠷᠬᠠᠨ ᠬᠤᠣᠷᠲᠤ ᠡᠳ᠋ ᠦᠢᠯᠡᠳᠬᠦ ᠠᠶᠤᠯᠲᠠᠢ ᠬᠢᠮᠢ ᠶᠢᠨ ᠵᠦᠢᠯ ᠢ ᠬᠤᠳᠠᠯᠳᠤᠭᠠᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    7 . ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    8  . ᠠᠶᠣᠯ ᠦᠬᠡᠢ ᠦᠢᠯᠡᠳᠪᠦᠷᠢᠯᠡᠯ ᠳᠤ ᠬᠤᠯᠪᠣᠭᠳᠠᠭᠰᠠᠨ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠵᠢᠷᠭᠤᠭ᠎ᠠ︶ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ   1. ᠠᠷᠠᠳ ᠤᠨ ᠶᠠᠪᠤᠳᠠᠯ ᠤᠨ ᠰᠢᠰᠲ᠋ᠧᠮ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃   2. ᠣᠷᠤᠭ ᠤᠨ ᠳᠠᠩᠰᠠᠯᠠᠯᠲᠠ ᠶᠢᠨ ᠪᠠᠶᠢᠭᠤᠯᠤᠮᠵᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠡᠨᠦᠭᠦᠯ ᠭᠤᠶᠢᠷᠠᠨᠴᠢᠳ ᠢ ᠲᠡᠩᠬᠡᠷᠡᠭᠦᠯᠦᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠪᠠᠶᠢᠭᠤᠯᠤᠮᠵᠢ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ ᠰᠢᠰᠲ᠋ᠧᠮ ᠪᠠ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ︵ᠥᠷᠲᠡᠭᠡ︶ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠳᠣᠯᠤᠭ᠎ᠠ︶ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ    1. ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠠᠷᠠᠳ ᠢᠷᠭᠡᠳ ᠤᠨ ᠬᠠᠤᠯᠢ ᠲᠦᠭᠡᠮᠡᠯᠵᠢᠭᠦᠯᠬᠦ ᠴᠢᠬᠤᠯᠠ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠵᠣᠬᠢᠴᠠᠭᠤᠯᠤᠨ ᠲᠦᠯᠬᠢᠨ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠦᠨ᠎ᠡ᠃    2. ᠪᠥᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠪᠠ ᠬᠤᠯᠪᠣᠭᠳᠠᠯ ᠪᠦᠬᠦᠢ ᠵᠠᠷᠭᠤ ᠬᠦᠯᠢᠶᠡᠬᠦ ᠬᠡᠷᠡᠭ ᠢ ᠳᠠᠭᠠᠭᠠᠨ ᠭᠦᠢᠴᠡᠳᠬᠡᠨ᠎ᠡ᠃    3.  ᠰᠢᠰᠲ᠋ᠧᠮ ᠤᠨ ᠳᠣᠲᠣᠷᠠᠬᠢ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃    ︵ᠨᠠᠢᠮᠠ︶ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ︵ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶    1. ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠶᠢᠨ ᠲᠠᠯᠳᠠ ᠭᠡᠮ ᠢ ᠵᠠᠰᠠᠬᠤ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠪᠠᠨ ᠴᠢᠩᠭᠠᠳᠬᠠᠨ᠎ᠠ᠃    2. ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠶᠤᠯ ᠦᠭᠡᠢ ᠦᠢᠯᠡᠳᠪᠦᠷᠢᠯᠡᠯ ᠳᠤ ᠬᠡᠷᠡᠭᠰᠡᠬᠦ ᠠᠵᠢᠯ ᠤᠨ ᠵᠠᠷᠤᠳᠠᠯ ᠢ ᠲᠣᠬᠢᠷᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠶᠢᠨ ᠬᠠᠮᠲᠤ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠨ᠎ᠠ᠃    3. ᠡᠯ᠎ᠡ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠣᠨ᠎ᠠ᠃    4. ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠡᠯᠡ ᠭᠠᠷᠭᠠᠬᠤ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠨ ᠪᠠᠶᠢᠴᠠᠭᠠᠬᠤ ᠪᠠ ᠰᠢᠮᠳᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    5. ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠳᠤ ᠣᠷᠣᠭᠤᠯᠬᠤ ᠶᠢ ᠬᠢᠨᠠᠨ ᠪᠠᠶᠢᠴᠠᠭᠠᠨ᠎ᠠ᠃    ︵ᠶᠢᠰᠦ︶ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ    1. ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠡᠭᠡᠳᠦ ᠰᠤᠷᠭᠠᠭᠤᠯᠢ ᠪᠣᠯᠣᠨ ᠪᠠᠶᠢᠭᠤᠯᠤᠮᠵᠢ ᠵᠡᠷᠭᠡ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠯᠣᠭᠤᠳᠤᠨ ᠠᠮᠤᠷ ᠲᠦᠪᠰᠢᠨ ᠤ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠬᠥᠮᠦᠵᠢᠯ ᠪᠣᠯᠪᠠᠰᠤᠷᠠᠭᠤᠯᠤᠯ ᠥᠷᠨᠢᠭᠦᠯᠵᠦ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃    2. ᠴᠢᠳᠠᠪᠤᠷᠢᠲᠠᠨ ᠤ ᠵᠠᠬ᠎ᠠ ᠳᠡᠯᠭᠡᠭᠦᠷ ᠪᠣᠯᠣᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ︵ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠵᠡᠷᠭᠡ ᠪᠠᠭᠲᠠᠨ᠎ᠠ︶ ᠵᠡᠷᠭᠡ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ᠤᠨ ᠠᠭᠤᠯᠭ᠎ᠠ ᠳᠤ ᠣᠷᠣᠭᠤᠯᠬᠤ ᠶᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ᠤᠨ ᠠᠵᠢᠯ ᠢ ᠵᠢᠯᠣᠭᠤᠳᠤᠨ᠎ᠠ᠃    4. ᠬᠥᠳᠡᠯᠮᠦᠷᠢ ᠶᠢᠨ ᠭᠡᠷ᠎ᠡ ᠬᠢᠭᠡᠳ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠬᠤ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ ᠶᠢ ᠰᠢᠮᠳᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠶᠢ ᠥᠷᠨᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠥᠳᠡᠯᠮᠦᠷᠢ ᠬᠦᠴᠦᠨ ᠬᠡᠷᠡᠭᠯᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    ︵ᠲᠠᠪᠤ︶ ᠠᠵᠢᠯ ᠠᠴᠠ ᠪᠣᠯᠤᠭᠰᠠᠨ ᠭᠡᠮᠲᠦᠯ ᠢ ᠦᠨᠡᠯᠡᠬᠦ ᠠᠵᠢᠯ ᠢ ᠬᠠᠷᠢᠭᠤᠴᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠎ ᠳᠤᠨᠢ ᠨᠠᠶᠢᠳᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠣᠯᠭᠤᠮᠵᠢ ᠶᠢᠨ ᠬᠥᠳᠡᠯᠮᠦᠷᠢ ᠶᠢᠨ ᠮᠠᠷᠭᠤᠯᠳᠤᠭᠠᠨ  ᠎ ᠢ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃    6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠡᠮᠵᠢᠵᠦ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠬᠦᠷᠢᠶᠡᠨ ᠳᠠᠬᠢ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠲᠥᠯᠦᠪᠵᠢᠭᠦᠯᠭᠡ᠂ ᠬᠥᠮᠥᠵᠢᠭᠦᠯᠦᠯ᠂ ᠦᠷᠭᠦᠯᠵᠢᠯᠡᠨ ᠬᠥᠮᠥᠵᠢᠭᠦᠯᠬᠦ᠂ ᠰᠢᠯᠭᠠᠨ ᠬᠢᠨᠠᠬᠤ᠂ ᠱᠠᠩᠨᠠᠵᠤ ᠲᠣᠷᠭᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠣᠭᠲᠠᠭᠠᠬᠤ ᠪᠠ ᠬᠡᠷᠡᠭᠵᠢᠭᠦᠯᠦᠨ᠎ᠡ᠃    7. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠤᠯ ᠦᠭᠡᠢ ᠦᠢᠯᠡᠳᠪᠦᠷᠢᠯᠡᠯ ᠤᠨ ᠬᠦᠷᠢᠶᠡᠨ ᠤ ᠡᠷᠬᠢᠯᠡᠭᠰᠡᠨ ᠠᠵᠢᠯ ᠤᠨ ᠬᠢᠷᠢ ᠬᠡᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠳᠠᠩᠰᠠᠯᠠᠭᠤᠯᠤᠭᠰᠠᠨ ᠠᠶᠤᠯ ᠦᠭᠡᠢ ᠶᠢᠨ ᠢᠨᠵᠧᠨᠧᠷ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃    ︵ᠠᠷᠪᠠ︶ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ    1.ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠬᠦ ᠶᠢ ᠬᠠᠷᠢᠭᠤᠴᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃    2. ᠠᠶᠤᠯ ᠶᠡᠬᠡᠲᠡᠢ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠶᠢ ᠲᠥᠯᠥᠪᠵᠢᠭᠦᠯᠬᠦ᠂ ᠬᠢᠨᠠᠨ ᠬᠠᠷᠭᠤᠭᠤᠯᠬᠤ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ ᠢ ᠬᠠᠷᠢᠭᠤᠴᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠬᠢᠭᠡᠳ ᠬᠥᠷᠰᠢ ᠵᠡᠷᠭᠡᠯᠡᠳᠡᠭᠡ ᠡᠲᠡᠭᠡᠳ ᠯᠦᠭᠡ ᠠᠶᠤᠯ ᠦᠭᠡᠢ ᠶᠢᠨ ᠵᠠᠢ ᠶᠢᠨ ᠪᠣᠭᠤᠮᠲᠠ ᠶᠢ ᠴᠢᠩᠭ᠎ᠠ ᠠᠳᠬᠤᠨ᠎ᠠ᠃    3. ᠦᠨᠡᠮᠯᠡᠯ ᠦᠭᠡᠢ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ᠂ ᠬᠠᠶᠢᠨ ᠪᠠᠶᠢᠴᠠᠭᠠᠬᠤ ᠦᠨᠡᠮᠯᠡᠯ ᠢᠶᠠᠷ ᠢᠶᠠᠨ ᠠᠭᠤᠷᠬᠠᠢ ᠮᠠᠯᠲᠠᠬᠤ᠂ ᠵᠠᠭᠠᠭ ᠳᠠᠪᠠᠵᠤ ᠬᠠᠶᠢᠨ ᠪᠠᠶᠢᠴᠠᠭᠠᠬᠤ᠂ ᠵᠠᠭᠠᠭ ᠳᠠᠪᠠᠵᠤ ᠠᠭᠤᠷᠬᠠᠢ ᠮᠠᠯᠲᠠᠬᠤ ᠵᠡᠷᠭᠡ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠬᠠᠤᠯᠢ ᠪᠤᠰᠤ ᠠᠭᠤᠷᠬᠠᠢ ᠪᠠ ᠵᠠᠰᠠᠭ ᠤᠨ ᠣᠷᠳᠣᠨ  ᠎ ᠠᠴᠠ ᠬᠠᠭᠠᠬᠤ ᠪᠠᠷ ᠲᠣᠭᠲᠠᠭᠠᠭᠰᠠᠨ ᠠᠭᠤᠷᠬᠠᠢ ᠶᠢ ᠴᠠᠭᠠᠵᠠᠯᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠶᠢᠮᠠᠭ ᠤᠨ ᠬᠠᠶᠠᠭᠳᠠᠮᠠᠯ ᠠᠭᠤᠷᠬᠠᠢ ᠶᠢᠨ ᠬᠤᠳᠳᠤᠭ ᠢ ᠵᠠᠰᠠᠬᠤ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠨ᠎ᠠ᠃    4. ᠭᠠᠵᠠᠷ ᠰᠢᠨᠵᠢᠯᠡᠭᠡᠨ ᠤ ᠬᠠᠶᠢᠨ ᠰᠢᠨᠵᠢᠬᠦ ︵ᠲᠡᠮᠦᠷᠯᠢᠭ᠂ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠠᠴᠠ ᠭᠠᠳᠠᠨ᠎ᠠ︶ ᠪᠠ ᠬᠡᠮᠵᠢᠨ ᠵᠢᠷᠤᠬᠤ ᠠᠵᠢᠯ ᠲᠥᠷᠥᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    5. ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠳᠠᠬᠢᠨ ᠬᠠᠭᠠᠯᠪᠤᠷᠢᠯᠠᠬᠤ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠬᠦ ᠪᠠ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    6. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠠᠷᠢᠯ ᠤᠨ ᠴᠢᠨᠠᠷᠲᠠᠢ ᠭᠤᠣᠯ ᠤᠨ ᠰᠣᠳᠠᠯ  ᠎ ᠠᠴᠠ ᠡᠯᠡᠰᠦ ᠮᠠᠯᠲᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠰᠠᠶᠢᠲᠤᠷ ᠬᠢᠨ᠎ᠡ᠃    ︵ᠠᠷᠪᠠᠨ ᠨᠢᠭᠡ︶ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ    1. ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠥᠮ᠎ᠡ ᠶᠢᠨ ᠪᠠ ᠰᠠᠴᠤᠷᠠᠭ ᠤᠨ ᠠᠶᠣᠯ ᠦᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠠᠴᠤᠷᠠᠭ ᠤᠨ ᠣᠷᠴᠢᠨ ᠠᠬᠤᠢ ᠶᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠵᠤ᠂ ᠴᠥᠮ᠎ᠡ ᠶᠢᠨ ᠪᠠ ᠰᠠᠴᠤᠷᠠᠭ ᠤᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠣᠷᠣᠯᠴᠠᠨ᠎ᠠ᠃    2. ᠬᠠᠶᠠᠭᠳᠠᠮᠠᠯ ᠠᠶᠤᠯᠲᠠᠢ ᠬᠢᠮᠢ ᠶᠢᠨ ᠵᠦᠢᠯ ᠵᠡᠷᠭᠡ ᠠᠶᠤᠯᠲᠠᠢ ᠬᠠᠶᠠᠭᠳᠠᠮᠠᠯ ᠪᠣᠳᠠᠰ ᠢ ᠴᠤᠭᠯᠠᠭᠤᠯᠬᠤ᠂ ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ ᠵᠡᠷᠭᠡ ᠶᠢᠨ ᠠᠶᠣᠯ ᠦᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    3. ᠦᠢᠯᠡᠳᠪᠦᠷᠢᠯᠡᠯ ᠤᠨ ᠠᠶᠣᠯ ᠦᠬᠡᠢ ᠶᠢᠨ ᠡ᠊ᠨᠳᠡᠯ ᠤᠨ ᠡᠭᠦᠰᠦᠮᠡᠯ ᠣᠷᠴᠢᠨ ᠠᠬᠤᠢ ᠶᠢᠨ ᠪᠣᠬᠢᠷᠳᠤᠯ ᠪᠠ ᠣᠷᠴᠢᠨ ᠠᠬᠤᠢ ᠶᠢᠨ ᠪᠤᠰᠤᠳ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃    4. ᠭᠤᠣᠯᠳᠠᠯᠭ᠎ᠠ ᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠪᠠ ᠲᠥᠷᠥᠯ ᠵᠦᠢᠯ ᠢ ᠵᠢᠯᠣᠭᠤᠳᠤᠨ ᠬᠢᠨᠠᠯᠲᠠ ᠲᠠᠯᠪᠢᠵᠤ ᠪᠠᠶᠢᠭᠠᠳ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠥᠷᠨᠢᠭᠦᠯᠦᠨ᠎ᠡ᠃    ︵ᠠᠷᠪᠠᠨ ᠬᠤᠶᠠᠷ︶ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠶᠢᠮᠠᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶    1. ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2. ᠪᠠᠷᠢᠯᠭ᠎ᠠ ᠪᠠᠷᠢᠬᠤ᠂ ᠪᠠᠷᠢᠯᠭ᠎ᠠ ᠤᠭᠰᠠᠷᠠᠭᠤᠯᠬᠤ᠂ ᠪᠠᠷᠢᠯᠭ᠎ᠠ ᠵᠠᠰᠠᠵᠤ ᠴᠢᠮᠡᠭᠯᠡᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠵᠡᠷᠭᠡ ᠪᠠᠷᠢᠯᠭ᠎ᠠ ᠶᠢᠨ ᠦᠢᠯᠡᠰ ︵ᠪᠧᠲ᠋ᠣᠨ ᠵᠢᠭᠤᠷᠠᠬᠤ ᠥᠷᠳᠡᠭᠡ ᠪᠠᠭᠲᠠᠨ᠎ᠠ︶ ᠪᠣᠯᠣᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠠᠳᠠᠯ ᠠᠬᠤᠢ ᠶᠢᠨ ᠦᠢᠯᠡᠴᠢᠯᠡᠭᠡ᠂ ᠭᠡᠷ ᠪᠠᠶᠢᠰᠢᠩ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠠᠶᠤᠯ ᠦᠭᠡᠢ ᠦᠢᠯᠡᠳᠪᠦᠷᠢᠯᠡᠯ  ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠠᠷᠢᠯᠭ᠎ᠠ ᠪᠠᠷᠢᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠯᠠᠭᠰᠠᠳ ᠤᠨ ᠠᠶᠤᠯ ᠦᠭᠡᠢ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠎ ᠢ ᠵᠢᠯᠣᠭᠤᠳᠤᠨ᠎ᠠ᠃    3. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ︵ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠲᠤᠰᠬᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠠᠴᠠ ᠭᠠᠳᠠᠨ᠎ᠠ︶᠎ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠪᠠᠷᠢᠯᠭ᠎ᠠ ᠶᠢᠨ ᠶᠠᠰᠤ ᠴᠢᠨᠠᠷ᠂ ᠪᠠᠷᠢᠯᠭ᠎ᠠ ᠎ ᠶᠢᠨ ᠠᠶᠤᠯ ᠦᠭᠡᠢ ᠦᠢᠯᠡᠳᠪᠦᠷᠢᠯᠡᠯ ᠪᠣᠯᠣᠨ ᠪᠠᠷᠢᠯᠭ᠎ᠠ ᠎ ᠶᠢᠨ ᠠᠵᠢᠯ ᠳᠠᠭᠤᠰᠤᠭᠰᠠᠨ  ᠢ ᠰᠢᠯᠭᠠᠨ ᠠᠪᠴᠤ ᠳᠠᠩᠰᠠᠯᠠᠭᠤᠯᠬᠤ ᠲᠥᠷᠥ ᠶᠢᠨ ᠪᠣᠳᠣᠯᠭ᠎ᠠ᠂ ᠳᠦᠷᠢᠮ᠂ ᠠᠷᠭ᠎ᠠ ᠬᠡᠮᠵᠢᠶ᠎ᠡ ᠎ ᠶᠢ ᠲᠤᠭᠤᠷᠪᠢᠨ ᠲᠣᠭᠲᠠᠭᠠᠬᠤ  ᠎ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃    4. ᠬᠤᠳᠠ ᠶᠢᠨ ᠵᠢᠮᠳᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠢ ᠦᠢᠯᠡᠳᠪᠦᠷᠢᠯᠡᠯ ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    5. ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠳᠤ ᠬᠡᠷᠡᠭᠯᠡᠬᠦ ᠡᠷᠭᠦᠭᠦᠯ ᠮᠠᠰᠢᠨ᠂ ᠲᠤᠰᠬᠠᠢ ᠬᠡᠷᠡᠭᠯᠡᠭᠡᠨ ᠤ ᠮᠠᠰᠢᠨ ᠲᠡᠷᠭᠡ ᠵᠡᠷᠭᠡ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠲᠤ ᠤᠭᠰᠠᠷᠠᠬᠤ ᠵᠠᠩᠭᠢᠯᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃    6. ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ︵ᠬᠤᠲᠠ ᠶᠢᠨ ᠵᠠᠮ ᠬᠥᠭᠦᠷᠭᠡ ᠶᠢᠨ ᠨᠦᠬᠡᠨ ᠵᠠᠮ᠂ ᠬᠤᠲᠠ ᠶᠢᠨ ᠭᠡᠷᠡᠯᠲᠦᠭᠦᠯᠭᠡ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠂ ᠬᠤᠲᠠ ᠶᠢᠨ ᠦᠵᠡᠮᠵᠢ ᠣᠷᠴᠢᠨ ᠲᠣᠭᠤᠷᠢᠨ ᠢ ᠵᠠᠰᠠᠬᠤ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠬᠤᠲᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠪᠠ ᠬᠤᠭᠤᠯᠠᠢ ᠲᠣᠣᠷ ᠵᠡᠷᠭᠡ ᠶᠢ ᠪᠠᠭᠲᠠᠭᠠᠨ᠎ᠠ︶᠎ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    7. ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠤᠲᠠ ᠪᠠᠯᠭᠠᠰᠤ ᠂ ᠮᠠᠯᠵᠢᠬᠤ ᠲᠠᠷᠢᠶᠠᠯᠠᠬᠤ ᠣᠷᠣᠨ ᠤ ᠰᠢᠲᠠᠮᠠᠬᠠᠢ ᠬᠡᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    8. ᠬᠠᠷᠢᠭᠤᠴᠠᠯᠭᠠᠲᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠡᠷᠡᠭᠯᠡᠯᠲᠡ᠂ ᠰᠡᠷᠭᠡᠶᠢᠯᠡᠬᠦ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    9. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠳᠣᠲᠣᠷ᠎ᠠ ᠪᠠᠶᠢᠭᠤᠯᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠨ ᠪᠠᠶᠢᠴᠠᠭᠠᠨ᠎ᠠ᠃   10. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠢ ᠬᠠᠷᠢᠭᠤᠴᠠᠨ᠎ᠠ᠃   11. ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠣᠷᠣᠨ ᠰᠠᠭᠤᠴᠠ ᠶᠢᠨ ᠠᠮᠤᠷ ᠲᠦᠪᠰᠢᠨ ᠪᠠ ᠨᠤᠷᠠᠬᠤ ᠠᠶᠤᠯᠲᠠᠢ ᠭᠡᠷ ᠪᠠᠶᠢᠰᠢᠩ ᠤᠨ ᠥᠭᠡᠷᠡᠴᠢᠯᠡᠯᠲᠡ ᠵᠢᠴᠢ ᠰᠢᠲᠠᠮᠠᠬᠠᠢ ᠬᠡᠢ ᠶᠢᠨ ᠢᠨᠵᠧᠨᠧᠷᠢᠩ ᠤᠨ ᠶᠠᠰᠤ ᠴᠢᠨᠠᠷ ᠪᠠ ᠠᠵᠢᠯᠯᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ︵ᠠᠷᠪᠠᠨ ᠭᠤᠷᠪᠠ︶ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ    1. ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2. ᠵᠠᠰᠠᠮᠠᠯ ᠵᠠᠮ᠂ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠲᠡᠮᠦᠷ ᠵᠠᠮ ᠳᠠᠭᠠᠤ ᠶᠢᠨ ᠠᠶᠤᠯ ᠦᠭᠡᠢ ᠣᠷᠴᠢᠨ ᠲᠣᠭᠤᠷᠢᠨ ᠢ ᠵᠠᠰᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃    3. ᠭᠤᠣᠯ ᠮᠥᠷᠡᠨ ᠤ ᠰᠣᠳᠠᠯ  ᠎ ᠠᠴᠠ ᠡᠯᠡᠰᠦ ᠮᠠᠯᠲᠠᠬᠤ ᠨᠢ ᠠᠶᠠᠯᠠᠯ ᠨᠡᠪᠲᠡᠷᠡᠬᠦ ᠶᠢ ᠨᠥᠯᠥᠭᠡᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ᠂ ᠢᠯᠭᠠᠬᠤ ᠲᠡᠮᠳᠡᠭ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    5. ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠮᠠᠯ ᠵᠠᠮ ᠤᠨ ᠠᠮᠤᠷ ᠲᠦᠪᠰᠢᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠤᠰᠤᠨ ᠳᠡᠭᠡᠷᠡᠬᠢ ᠠᠶᠠᠯᠠᠯ ᠤᠨ ᠲᠡᠮᠳᠡᠭ ᠤᠨ ᠪᠠᠶᠢᠷᠢᠯᠠᠭᠤᠯᠤᠯᠲᠠ ᠶᠢ ᠬᠠᠷᠢᠭᠤᠴᠠᠵᠤ᠂ ᠵᠠᠰᠠᠮᠠᠯ ᠵᠠᠮ ᠤᠨ ᠠᠶᠤᠯ ᠲᠠᠢ ᠬᠥᠭᠦᠷᠭᠡ᠂ ᠠᠶᠤᠯ ᠲᠠᠢ ᠵᠠᠮ ᠤᠨ ᠬᠡᠰᠡᠭ᠂ ᠭᠠᠷᠠᠮ᠂ ᠠᠳᠡᠯ ᠣᠯᠠᠨ ᠭᠠᠷᠳᠠᠭ ᠵᠠᠮ ᠤᠨ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠵᠠᠰᠠᠬᠤ ᠠᠵᠢᠯ ᠢ ᠵᠣᠬᠢᠶᠠᠨ ᠪᠠᠶᠢᠭᠤᠯᠵᠤ ᠬᠢᠨᠠᠯᠲᠠ ᠲᠠᠯᠪᠢᠨ᠎ᠠ᠃    6. ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ ᠵᠢᠴᠢ ᠨᠡᠶᠢᠲᠡ ᠶᠢᠨ ᠮᠠᠰᠢᠨ ᠲᠡᠷᠭᠡ᠂ ᠬᠤᠲᠠ ᠶᠢᠨ ᠭᠠᠵᠠᠷ ᠳᠣᠣᠷᠠᠬᠢ ᠲᠡᠮᠦᠷ ᠵᠠᠮ ᠪᠠ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ᠂ ᠲᠦᠷᠢᠶᠡᠰᠦᠨ ᠮᠠᠰᠢᠨ ᠲᠡᠷᠭᠡ ︵ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠪᠠ ᠲᠣᠣᠷ ᠰᠦᠯᠵᠢᠶ᠎ᠡ ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ︶᠂ ᠮᠠᠰᠢᠨ ᠲᠡᠷᠭᠡ ᠲᠦᠷᠢᠶᠡᠰᠦᠯᠡᠬᠦ ᠵᠡᠷᠭᠡ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    7. ᠲᠡᠷᠭᠡ ᠬᠥᠰᠬᠡ ᠎ ᠶᠢᠨ ᠶᠡᠷᠦᠩᠬᠡᠶᠢᠯᠡᠭᠰᠡᠨ ᠴᠢᠨᠠᠷᠲᠠᠢ ᠡᠨᠧᠷᠭᠢ  ᠶᠢ ᠪᠠᠶᠢᠴᠠᠭᠠᠨ ᠬᠡᠮᠵᠢᠬᠦ ᠪᠠ ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    8. ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ  ᠎ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠ ᠫᠠᠶᠢᠰᠠ ᠦᠭᠡᠢ᠂ ᠦᠨᠡᠮᠯᠡᠯ ᠦᠭᠡᠢ᠂ ᠬᠡᠷᠡᠭᠯᠡᠭᠡᠨ ᠠᠴᠠ ᠭᠠᠷᠭᠠᠭᠰᠠᠨ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠯᠲᠡ ᠵᠡᠷᠭᠡ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    9. ᠤᠰᠤᠨ ᠳᠡᠭᠡᠷᠡᠬᠢ ᠵᠠᠮ ᠬᠠᠷᠢᠯᠴᠠᠭ᠎ᠠ ᠪᠣᠯᠣᠨ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠩᠭᠤᠴᠠ ᠰᠠᠯ ᠤᠨ ᠳᠠᠭᠠᠭᠠᠴᠠ  ᠎ ᠠᠴᠠ ᠬᠡᠲᠦᠷᠡᠲᠡᠯ᠎ᠡ ᠠᠴᠢᠶᠠᠯᠠᠬᠤ ᠪᠠ ᠫᠠᠶᠢᠰᠠ ᠦᠭᠡᠢ᠂ ᠦᠨᠡᠮᠯᠡᠯ ᠦᠭᠡᠢ᠂ ᠬᠡᠷᠡᠭᠯᠡᠭᠡᠨ ᠠᠴᠠ ᠭᠠᠷᠭᠠᠭᠰᠠᠨ ᠣᠩᠭᠤᠴᠠ ᠰᠠᠯ ᠤᠨ ᠲᠡᠭᠡᠭᠡᠪᠦᠷᠢ ᠡᠵᠡᠩᠨᠡᠯᠲᠡ ᠳᠤ ᠴᠣᠬᠢᠯᠲᠠ ᠥᠭᠬᠦ ᠵᠡᠷᠭᠡ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    10. ᠡᠵᠡᠩᠨᠡᠯᠲᠡ ᠶᠢᠨ ᠴᠢᠨᠠᠷᠲᠠᠢ ᠲᠡᠭᠡᠭᠡᠪᠦᠷᠢ ᠶᠢᠨ ᠠᠵᠢᠯ ᠡᠷᠭᠢᠯᠡᠬᠦ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    11. ᠠᠶᠤᠯᠲᠠᠢ ᠬᠢᠮᠢ ᠶᠢᠨ ᠪᠣᠳᠠᠰ ᠤᠨ ᠵᠠᠮ ᠲᠡᠭᠡᠭᠡᠪᠦᠷᠢ᠂ ᠤᠰᠤᠨ ᠵᠠᠮ ᠤᠨ ᠲᠡᠭᠡᠭᠡᠪᠦᠷᠢ ᠶᠢᠨ ᠪᠠᠭᠠᠵᠢ ᠪᠠ ᠬᠠᠮᠢᠶ᠎ᠠ ᠪᠦᠬᠦᠢ ᠠᠵᠢᠯ ᠡᠷᠬᠢᠯᠡᠭᠰᠡᠳ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    12. ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃    ︵ᠠᠷᠪᠠᠨ ᠳᠥᠷᠪᠡ︶ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ    1. ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2. ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    3. ᠤᠰᠤᠨ ᠴᠥᠭᠦᠷᠥᠮ᠂ ᠤᠰᠤᠨ ᠴᠠᠬᠢᠯᠭᠠᠨ ᠰᠲ᠋ᠠᠨᠼᠢ ᠶᠢᠨ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠰᠲ᠋ᠠᠨᠼᠢ ᠵᠡᠷᠭᠡ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠶᠣᠯ ᠦᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠭᠤᠣᠯ ᠤᠨ ᠰᠣᠳᠠᠯ ᠠᠴᠠ ᠬᠠᠶᠢᠷ ᠮᠠᠯᠲᠠᠬᠤ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠬᠠᠶᠢᠷ ᠮᠠᠯᠲᠠᠬᠤ  ᠎ ᠨᠢ ᠦᠶᠡᠷ ᠰᠡᠷᠭᠡᠶᠢᠯᠡᠬᠦ ᠠᠶᠤᠯ ᠦᠭᠡᠢ᠂ ᠭᠤᠣᠯ  ᠎ ᠤᠨ ᠪᠠᠶᠢᠳᠠᠯ ᠎ ᠤᠨ ᠲᠣᠭᠲᠠᠭᠤᠨ ᠪᠠᠶᠢᠬᠤ᠂ ᠬᠠᠰᠢᠯᠭ᠎ᠠ ᠲᠠᠯᠠᠩ ᠎ ᠤᠨ ᠠᠶᠤᠯ ᠦᠭᠡᠢ ᠎ ᠶᠢ ᠨᠥᠯᠥᠭᠡᠯᠡᠬᠦ ᠎ ᠳᠤ ᠬᠢᠨᠠᠯᠲᠠ ᠲᠠᠯᠪᠢᠵᠤ ᠬᠠᠮᠢᠶᠠᠷᠬᠤ  ᠶᠢ ᠬᠡᠷᠡᠭᠵᠢᠭᠦᠯᠦᠨ᠎ᠡ᠃    5. ᠦᠶᠡᠷ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠠᠷᠪᠠᠨ ᠲᠠᠪᠤ︶ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ    1. ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠪᠣᠯᠣᠨ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ  ᠎ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2. ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    3. ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠲᠠᠷᠢᠮᠠᠯ᠂ ᠲᠡᠵᠢᠭᠡᠯ ᠡᠪᠡᠰᠦᠨ ᠤ ᠦᠷ᠎ᠡ ︵ᠦᠷ᠎ᠡ ᠶᠢᠨ ᠴᠢᠬᠢ︶᠂ ᠪᠣᠷᠳᠣᠭᠤᠷ᠂ ᠦᠷ᠎ᠡ ᠶᠢᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠦᠢᠯᠡᠳᠪᠦᠷᠢᠯᠡᠵᠦ ᠪᠣᠷᠣᠯᠠᠭᠤᠯᠬᠤ ᠵᠥᠪᠰᠢᠶᠡᠷᠡᠯ ᠬᠢᠭᠡᠳ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃    4. ᠲᠡᠵᠢᠭᠡᠯ ᠡᠪᠡᠰᠦ ᠪᠣᠷᠳᠣᠭᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠲᠡᠵᠢᠭᠡᠯ ᠪᠣᠷᠳᠣᠭᠠᠨ ᠤ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃    5. ᠮᠠᠯᠵᠢᠬᠤ ᠲᠠᠷᠢᠶᠠᠯᠠᠬᠤ ᠣᠷᠣᠨ ᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠠᠷᠪᠠᠨ ᠵᠢᠷᠭᠤᠭ᠎ᠠ︶ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ    1. ᠦᠨ᠎ᠡ ᠬᠠᠶᠠᠨ ᠬᠤᠳᠠᠯᠳᠤᠬᠤ᠂ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠭᠦᠢᠯᠭᠡᠭᠡᠨ᠂ ᠬᠠᠭᠤᠴᠢᠨ ᠪᠠᠷᠠᠭ᠎ᠠ ᠶᠢᠨ ᠭᠦᠢᠯᠭᠡᠭᠡᠨ᠂ ᠮᠠᠰᠢᠨ ᠲᠡᠷᠭᠡᠨ ᠤ ᠭᠦᠢᠯᠭᠡᠭᠡᠨ ᠪᠠ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠵᠡᠷᠭᠡ ᠠᠵᠢᠯ ᠲᠥᠷᠥᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    2. ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ ᠤ ᠦᠢᠯᠡᠰ᠂ ᠬᠤᠨᠤᠭ ᠤᠨ ᠦᠢᠯᠡᠰ ᠪᠠᠭᠲᠠᠨ᠎ᠠ︶᠂ ᠲᠣᠮᠣ ᠬᠡᠯᠪᠡᠷᠢ ᠶᠢᠨ ᠬᠤᠳᠠᠯᠳᠤᠭ᠎ᠠ ᠠᠷᠠᠯᠵᠢᠶᠠᠨ  ᠤ ︵ᠬᠤᠷᠠᠯ ᠦᠵᠡᠰᠬᠦᠯᠡᠩ︶ ᠠᠵᠢᠯᠯᠠᠭᠠᠨ ᠤ ᠲᠠᠯᠠᠪᠤᠷ ︵ᠬᠤᠳᠠᠯᠳᠤᠭᠠᠨ ᠤ ᠲᠠᠯᠠᠪᠤᠷ᠂ ᠭᠡᠳᠤ ᠳᠡᠯᠭᠡᠭᠦᠷ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ︶  ᠎ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠤᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃    3. ᠠᠷᠠᠯᠵᠢᠶ᠎ᠠ ᠬᠤᠳᠠᠯᠳᠤᠭ᠎ᠠ᠂ ᠭᠦᠢᠯᠭᠡᠭᠡᠨ ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠠᠶᠤᠯ ᠦᠭᠡᠢ ᠶᠢᠨ ᠬᠠᠮᠢᠶᠠᠷᠤᠯᠲᠠ ᠶᠢ ᠴᠢᠩᠭᠠᠳᠬᠠᠨ᠂ ᠠᠶᠤᠯ ᠦᠭᠡᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠎ ᠤᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃    4. ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠤᠯᠤᠰ ᠤᠨ ᠲᠠᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠢᠯᠢ ︵ᠬᠢᠯᠢ ᠠᠯᠤᠰᠯᠠᠭᠰᠠᠨ︶᠎ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠵᠡᠷᠭᠡ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠤᠭᠤᠳᠬᠤ᠂ ᠪᠠᠶᠢᠴᠠᠭᠠᠬᠤ᠂ ᠰᠢᠮᠳᠠᠭᠤᠯᠬᠤ ᠶᠢ ᠬᠠᠷᠢᠭᠤᠴᠠᠨ᠎ᠠ᠃    5. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠳᠤ ᠪᠡᠯᠡ ᠣᠷᠣᠭᠤᠯᠵᠤ ᠬᠤᠷᠰᠢᠭᠰᠠᠨ ᠠᠵᠤ ᠠᠬᠤᠶᠢᠯᠠᠯ ᠤᠨ ᠬᠢᠯᠢ ᠶᠢᠨ ᠳᠣᠲᠣᠷᠠᠬᠢ ᠭᠤᠣᠯ ᠴᠣᠭᠴᠠ ᠶᠢ ᠵᠢᠯᠤᠭᠤᠳᠴᠤ᠂ ᠪᠠᠶᠢᠴᠠᠭᠠᠵᠤ᠂ ᠰᠢᠮᠳᠠᠭᠤᠯᠵᠤ ᠪᠠᠶᠢᠭᠠᠳ ᠬᠢᠯᠢ ᠶᠢᠨ ᠭᠠᠳᠠᠨᠠᠬᠢ ᠪᠡᠯᠡ ᠣᠷᠣᠭᠤᠯᠵᠤ ᠬᠤᠷᠰᠢᠭᠰᠠᠨ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠎ᠠ᠃    ︵ᠠᠷᠪᠠᠨ ᠳᠣᠯᠤᠭ᠎ᠠ︶ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ︵ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶    1. ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    2. ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ ᠲᠠᠷᠢᠶᠠᠴᠢᠨ ᠠᠶᠢᠯ ᠤᠨ ᠵᠤᠭᠠᠴᠠᠯ᠂ ︽ᠣᠳᠣᠨ ᠲᠠᠰ ᠤᠨ ᠵᠢᠭᠤᠯᠴᠢᠯᠠᠯ ᠤᠨ ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ︾᠂ ︽ᠣᠳᠣᠨ ᠲᠠᠰ ᠤᠨ ᠵᠣᠴᠢᠳ ᠤᠨ ᠪᠠᠭᠤᠳᠠᠯ︾᠂ ᠬᠥᠳᠡᠯᠭᠡᠭᠦ ᠬᠦᠴᠦᠨ ᠤ ᠪᠤᠰᠤ ᠵᠤᠭᠠᠴᠠᠯ ᠤᠨ ᠣᠩᠭᠤᠴᠠ ᠵᠡᠷᠭᠡ ᠰᠢᠨ᠎ᠡ ᠰᠣᠶᠣᠯ ᠵᠢᠭᠤᠯᠴᠢᠯᠠᠯ ᠤᠨ ᠦᠢᠯᠡᠰ ᠤᠨ ᠬᠡᠯᠪᠡᠷᠢ ᠶᠢᠨ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    3. ᠰᠣᠶᠣᠯ ᠤᠨ ᠰᠢᠰᠲ᠋ᠧᠮ ᠤᠨ ᠬᠠᠷᠢᠶ᠎ᠠ ᠨᠢᠭᠡᠴᠡ᠂ ᠰᠣᠶᠣᠯ ᠴᠡᠩᠭᠡᠯ ᠤᠨ ᠲᠠᠯᠠᠪᠤᠷ ᠭᠠᠵᠠᠷ ︵ᠲᠦᠷ ᠴᠠᠭ ᠤᠨ ᠲᠠᠶᠢᠰᠠ ᠪᠠᠶᠢᠭᠤᠯᠤᠭᠰᠠᠨ ᠲᠣᠮᠣ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠪᠠᠭᠲᠠᠨ᠎ᠠ︶᠂ ᠡᠵᠡᠩᠨᠡᠯᠲᠡ ᠶᠢᠨ ᠴᠢᠨᠠᠷᠲᠠᠢ ᠲᠣᠭᠯᠠᠯᠲᠠ ᠶᠢᠨ ᠲᠠᠯᠠᠪᠤᠷ ᠭᠠᠵᠠᠷ᠂ ᠤᠷᠠᠯᠢᠭ ᠤᠨ ᠪᠦᠲᠦᠭᠡᠯ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠢᠨᠲ᠋ᠧᠷ ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ᠂ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠣᠨᠢᠨ ᠮᠡᠳᠡᠭᠡ ᠬᠡᠪᠯᠡᠯ ᠤᠨ ᠲᠠᠯᠠᠪᠤᠷ ᠭᠠᠵᠠᠷ᠂ ᠺᠢᠨᠣ᠋ ᠶᠢᠨ ᠲᠠᠯᠠᠪᠤᠷ ᠭᠠᠵᠠᠷ ᠵᠢᠴᠢ ᠰᠣᠶᠣᠯ ᠤᠨ ᠠᠵᠢᠯᠯᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠰᠢᠯ ᠬᠥᠭᠦᠷᠭᠡᠨ ᠵᠠᠮ᠂ ᠳᠣᠣᠷ᠎ᠠ ᠠᠭᠠᠷ ᠤᠨ ᠵᠢᠭᠤᠯᠴᠢᠯᠠᠯ ᠵᠡᠷᠭᠡ ᠲᠦᠭᠰᠢᠭᠦᠷᠢ ᠶᠡᠬᠡᠲᠡᠢ ᠵᠢᠭᠤᠯᠴᠢᠯᠠᠯ ᠤᠨ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    5. ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ᠂ ᠵᠢᠭᠤᠯᠴᠢᠯᠠᠯ ᠤᠨ ᠪᠡᠯᠡᠳᠬᠡᠮᠵᠢ ᠲᠥᠬᠦᠭᠡᠷᠦᠮᠵᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    6. ᠲᠣᠮᠣ ᠬᠡᠯᠪᠡᠷᠢ ᠶᠢᠨ ᠰᠣᠶᠣᠯ ᠪᠠ ᠵᠢᠭᠤᠯᠴᠢᠯᠠᠯ ᠤᠨ ᠰᠣᠯᠢᠯᠴᠠᠭᠠᠨ ᠤ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    7. ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠰᠣᠶᠣᠯ᠂ ᠲᠡᠦᠬᠡ ᠶᠢᠨ ᠳᠤᠷᠠᠰᠬᠠᠯᠲᠤ ᠵᠦᠢᠯ᠂ ᠷᠠᠳᠢᠤ᠋ ᠨᠡᠪᠲᠡᠷᠡᠭᠦᠯᠭᠡ ᠲᠧᠯᠸᠢᠰ᠂ ᠰᠣᠨᠢᠨ ᠮᠡᠳᠡᠭᠡ ᠬᠡᠪᠯᠡᠯ᠂ ᠺᠢᠨᠣ᠋᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃    8. ᠷᠠᠳᠢᠣ᠋ ᠲᠧᠯᠸᠢᠰ ᠤᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃    9. ᠪᠥᠬᠦ ᠠᠶᠢᠮᠠᠭ ᠤᠨ ᠷᠠᠳᠢᠣ᠋ ᠲᠧᠯᠸᠢᠰ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠵᠢᠯᠤᠭᠤᠳᠴᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠨ᠎ᠠ᠃    10. ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠲᠥᠷᠥᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠪᠠᠷᠢᠯᠭ᠎ᠠ ᠶᠢᠨ ᠠᠶᠤᠯ ᠠᠴᠠ ᠠᠪᠤᠷᠠᠬᠤ᠂ ᠰᠡᠯᠪᠢᠨ ᠵᠠᠰᠠᠬᠤ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    ︵ᠠᠷᠪᠠᠨ ᠨᠠᠢᠮᠠ︶ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ    1. ᠡᠮᠨᠡᠯᠭᠡ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠬᠦ᠂ ᠲᠥᠯᠥᠪᠯᠡᠭᠡ ᠲᠠᠢ ᠪᠠᠷ ᠬᠡᠦᠬᠡᠳ ᠠᠪᠬᠤ᠂ ᠡᠬᠡ ᠨᠢᠯᠬᠠᠰ ᠤᠨ ᠡᠷᠡᠭᠦᠯ ᠮᠡᠨᠳᠤ᠂ ᠠᠵᠢᠯ ᠮᠡᠷᠭᠡᠵᠢᠯ  ᠎ ᠤᠨ ᠡᠷᠡᠭᠦᠯ ᠮᠡᠨᠳᠤ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠪᠣᠯᠣᠨ ᠦᠢᠯᠡᠴᠢᠯᠡᠭᠡᠨ ᠤ ᠠᠵᠢᠯ ᠲᠥᠷᠥᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    2. ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    3. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠶᠤᠯᠲᠠᠢ ᠬᠢᠮᠢ ᠶᠢᠨ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠵᠡᠷᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠣᠯᠠᠨ ᠬᠥᠮᠥᠨ ᠦᠬᠦᠵᠦ ᠣᠯᠠᠨ ᠬᠥᠮᠥᠨ ᠰᠢᠷᠬᠠᠲᠤᠬᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃    ︵ᠠᠷᠪᠠ ᠶᠢᠰᠦ︶ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ    1. ᠪᠥᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃    2. ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠵᠢᠱᠢᠵᠦ᠂ ᠠᠶᠤᠯ ᠦᠭᠡᠢ ᠦᠢᠯᠡᠳᠪᠦᠷᠢᠯᠡᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    3. ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ᠂ ᠮᠡᠳᠡᠭᠡ ᠵᠠᠩᠭᠢᠵᠢᠭᠤᠯᠬᠤ᠂ ᠠᠶᠤᠯ ᠦᠭᠡᠢ ᠶᠢᠨ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠠᠵᠢᠯ ᠢ ᠵᠣᠬᠢᠴᠠᠭᠤᠯᠤᠨ ᠲᠦᠯᠬᠢᠨ ᠠᠬᠢᠭᠤᠯᠤᠨ᠎ᠠ᠃    4. ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠮᠢᠶᠠᠷᠬᠤ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠢᠨᠠᠨ ᠰᠢᠯᠭᠠᠵᠤ᠂ ᠪᠥᠬᠦ ᠠᠶᠢᠮᠠᠭ ᠤᠨ ᠴᠢᠨᠠᠷᠲᠠᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃    5. ᠠᠶᠤᠯᠲᠠᠢ ᠬᠢᠮᠢ ᠶᠢᠨ ᠵᠦᠢᠯ ᠪᠠ ᠬᠤᠸᠠᠷ ᠫᠤᠤᠵᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠢᠴᠢ ᠠᠶᠤᠯᠲᠠᠢ ᠬᠢᠮᠢ ᠶᠢᠨ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠬᠠᠷᠢᠭᠤᠴᠠᠨ᠎ᠠ᠃    6. ᠨᠡᠭᠦᠷᠡᠰᠦᠨ ᠤ ᠪᠤᠰᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    7. ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠢ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    8. ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠲᠥᠷᠥᠯ ᠵᠦᠢᠯ ᠤᠨ ᠠᠮᠤᠷ ᠲᠦᠪᠰᠢᠨ ᠤ ᠪᠡᠯᠡᠳᠬᠡᠮᠵᠢ ᠶᠢ ᠭᠤᠣᠯ ᠴᠣᠭᠴᠠᠲᠤ ᠪᠠᠷᠢᠯᠭ᠎ᠠ ᠯᠤᠭ᠎ᠠ ᠬᠠᠮᠲᠤ ᠳᠤᠨᠢ ᠵᠢᠷᠤᠭᠯᠠᠨ ᠲᠥᠯᠥᠪᠯᠡᠭᠰᠡᠨ᠂ ᠬᠠᠮᠲᠤ ᠳᠤᠨᠢ ᠪᠠᠷᠢᠯᠭ᠎ᠠ ᠪᠠᠷᠢᠭᠰᠠᠨ᠂ ᠬᠠᠮᠲᠤ ᠳᠤᠨᠢ ᠠᠰᠢᠭᠯᠠᠯᠲᠠ ᠳᠤ ᠣᠷᠣᠭᠤᠯᠤᠨ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃    9. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ  ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ  ᠎ ᠢ ᠱᠠᠲᠤ ᠬᠤᠪᠢᠶᠠᠨ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃    10᠂ ᠠᠶᠤᠯ ᠦᠭᠡᠢ ᠦᠢᠯᠡᠳᠪᠦᠷᠢᠯᠡᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠢᠯᠣᠭᠤᠳᠤᠨ ᠵᠣᠬᠢᠴᠠᠭᠤᠯᠵᠤ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠬᠠᠷᠢᠭᠤᠴᠠᠨ᠎ᠠ᠃    11. ᠨᠡᠯᠢᠶᠡᠳ ᠶᠡᠭᠡ ᠵᠢᠴᠢ ᠠᠶᠢᠮᠠᠭ ᠤᠨ ᠵᠠᠬᠢᠷᠭ᠎ᠠ ᠶᠢᠨ ᠪᠠᠶᠢᠴᠠᠭᠠᠨ ᠰᠢᠢᠳᠪᠦᠷᠢᠯᠡᠬᠦ ᠴᠢᠬᠤᠯᠠᠲᠠᠢ ᠭᠡᠵᠦ ᠦᠵᠡᠭᠰᠡᠨ ᠡᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ︵ᠨᠡᠭᠦᠷᠡᠰᠦᠨ ᠠᠭᠤᠷᠬᠠᠢ ᠵᠢᠴᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠪᠠᠭᠲᠠᠬᠤ ᠦᠭᠡᠢ︶᠎ ᠢ ᠪᠠᠶᠢᠴᠠᠭᠠᠨ ᠰᠢᠢᠳᠪᠦᠷᠢᠯᠡᠬᠦ ᠠᠵᠢᠯ ᠵᠢᠴᠢ ᠪᠥᠬᠦ ᠠᠶᠢᠮᠠᠭ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠦᠷᠢᠳᠬᠡᠨ ᠵᠠᠳᠠᠯᠬᠤ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠬᠤ ᠶᠢ ᠬᠠᠷᠢᠭᠤᠴᠠᠨ᠎ᠠ᠃    12. ᠠᠮᠤᠷ ᠲᠦᠪᠰᠢᠨ ᠢ ᠦᠨᠡᠯᠡᠬᠦ᠂ ᠪᠠᠶᠢᠴᠠᠭᠠᠨ ᠰᠢᠯᠭᠠᠵᠤ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    13᠂ ᠪᠥᠬᠦ ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    14. ᠠᠶᠢᠮᠠᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠵᠢᠴᠢ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃    ︵ᠬᠤᠷᠢ︶ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ    1. ᠠᠶᠤᠯ ᠦᠭᠡᠢ ᠦᠢᠯᠡᠳᠪᠦᠷᠢᠯᠡᠯ ᠤᠨ ᠤᠷᠢᠳᠠᠴᠢ ᠬᠢᠨᠠᠨ ᠵᠥᠪᠰᠢᠶᠡᠷᠡᠬᠦ ᠵᠦᠢᠯ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠦᠷᠢᠳᠬᠡᠨ ᠳᠠᠩᠰᠠᠯᠠᠬᠤ ᠶᠢ ᠬᠠᠤᠯᠢ ᠶᠣᠰᠣᠭᠠᠷ ᠭᠦᠢᠴᠡᠳᠬᠡᠬᠦ ᠶᠢ ᠬᠠᠷᠢᠭᠤᠴᠠᠨ᠎ᠠ᠃    2. ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ ︵ᠵᠢᠷᠤᠵᠤ ᠲᠥᠯᠥᠪᠯᠡᠬᠦ᠂ ᠦᠢᠯᠡᠳᠬᠦ᠂ ᠤᠭᠰᠠᠷᠠᠬᠤ᠂ ᠥᠭᠡᠷᠡᠴᠢᠯᠡᠬᠦ᠂ ᠰᠡᠯᠪᠢᠨ ᠵᠠᠰᠠᠬᠤ ᠪᠠᠭᠲᠠᠨ᠎ᠠ︶᠂ ᠡᠵᠡᠩᠨᠡᠬᠦ᠂ ᠬᠡᠷᠡᠭᠯᠡᠬᠦ᠂ ᠰᠢᠯᠭᠠᠨ ᠪᠠᠶᠢᠴᠠᠭᠠᠬᠤ᠂ ᠰᠢᠯᠭᠠᠨ ᠬᠡᠮᠵᠢᠬᠦ ᠪᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠣᠯ ᠦᠬᠡᠢ ᠶᠢ ᠬᠢᠨᠠᠵᠤ ᠬᠠᠮᠢᠶᠠᠷᠬᠤ ᠶᠢ ᠬᠠᠷᠢᠭᠤᠴᠠᠨ᠎ᠠ᠃    3. ᠪᠠᠷᠢᠯᠭ᠎ᠠ ᠶᠢᠨ ᠭᠠᠵᠠᠷ ᠤᠨ ᠴᠠᠬᠢᠯᠭᠠᠨ ᠱᠠᠲᠤ ᠤᠭᠰᠠᠷᠠᠬᠤ ᠵᠠᠩᠭᠢᠯᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠬᠥᠳᠡᠯᠮᠦᠷᠢ ᠶᠢᠨ ᠠᠶᠣᠯ ᠦᠬᠡᠢ ᠶᠢ ᠪᠠᠲᠤᠯᠠᠬᠤ ᠦᠢᠯᠡᠳᠬᠦᠨ᠂ ᠦᠢᠯᠡᠳᠪᠦᠷᠢᠯᠡᠯ ᠤᠨ ᠠᠶᠣᠯ ᠦᠬᠡᠢ ᠶᠢ ᠨᠥᠯᠥᠭᠡᠯᠡᠬᠦ ᠦᠢᠯᠡᠳᠬᠦᠨ ᠤ ᠶᠠᠰᠤ ᠴᠢᠨᠠᠷ ᠤᠨ  ᠠᠶᠣᠯ ᠦᠬᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    5. ᠠᠶᠤᠯᠲᠠᠢ ᠬᠢᠮᠢ ᠶᠢᠨ ᠵᠦᠢᠯ ᠵᠢᠴᠢ ᠲᠡᠭᠦᠨ ᠤ ᠪᠣᠭᠤᠳᠠᠯᠯᠠᠬᠤ ᠪᠣᠳᠠᠰ᠂ ᠰᠠᠪᠠ ︵ᠠᠶᠤᠯᠲᠠᠢ ᠬᠢᠮᠢ ᠶᠢᠨ ᠵᠦᠢᠯ ᠢ ᠬᠠᠳᠠᠭᠠᠯᠠᠬᠤ ᠲᠣᠭᠲᠠᠮᠠᠯ ᠬᠡᠯᠪᠡᠷᠢ ᠶᠢᠨ ᠲᠣᠮᠣ ᠬᠡᠯᠪᠡᠷᠢ ᠶᠢᠨ ᠬᠠᠳᠠᠭᠠᠯᠠᠮᠵᠢ ᠶᠢᠨ ᠰᠠᠪᠠ ᠪᠠᠭᠲᠠᠬᠤ ᠦᠭᠡᠢ︶ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠲᠡᠭᠦᠨ ᠤ ᠦᠢᠯᠡᠳᠬᠦᠨ ᠤ ᠶᠠᠰᠤ ᠴᠢᠨᠠᠷ ᠲᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠤᠸᠠᠷ ᠫᠤᠤᠵᠢᠩ ᠤᠨ ᠶᠠᠰᠤ ᠴᠢᠨᠠᠷ ᠲᠤ ᠬᠢᠨᠠᠯᠲᠠ ᠲᠠᠯᠪᠢᠨ᠎ᠠ᠃    6. ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    7. ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    8. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠭᠦᠷᠭᠡ ᠬᠠᠷᠢᠭᠤᠴᠠᠯᠭ᠎ᠠ  ᠶᠢᠨ  ᠢᠶᠠᠨ ᠶᠣᠰᠣᠭᠠᠷ ᠦᠨᠡᠮᠯᠡᠯ ᠦᠭᠡᠢ ᠪᠠᠷ ᠡᠵᠡᠩᠨᠡᠬᠦ ᠵᠡᠷᠭᠡ ᠬᠠᠤᠯᠢ ᠪᠤᠰᠤ ᠬᠠᠤᠯᠢ  ᠎ ᠠᠴᠠ ᠵᠥᠷᠢᠴᠡᠭᠰᠡᠨ ᠦᠶᠯᠡ ᠠᠵᠢᠯᠯᠠᠭ᠎ᠠ  ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    9. ᠬᠤᠯᠪᠣᠭᠳᠠᠯ ᠪᠦᠬᠦᠢ ᠤᠷᠢᠳᠠᠴᠢ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠬᠠᠤᠯᠢ ᠶᠣᠰᠣᠭᠠᠷ ᠵᠥᠪᠰᠢᠶᠡᠷᠡᠯ ᠤᠨ ᠦᠨᠡᠮᠯᠡᠯ ᠪᠤᠶᠤ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ᠂ ᠡᠰᠡᠬᠦᠯ᠎ᠡ ᠵᠥᠪᠰᠢᠶᠡᠷᠡᠯ ᠤᠨ ᠦᠨᠡᠮᠯᠡᠯ᠂ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠡᠳᠡᠭᠳᠡᠯ ᠢ ᠦᠨᠳᠦᠰᠦᠯᠡᠨ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠡᠭᠦᠨ ᠢ ᠬᠠᠤᠯᠢ ᠶᠣᠰᠣᠭᠠᠷ ᠰᠢᠪᠠᠳᠠᠨ ᠱᠠᠭᠠᠷᠳᠠᠵᠤ ᠪᠠᠶᠢᠭᠠᠳ ᠳᠠᠩᠰᠠᠯᠠᠯᠲᠠ ᠶᠢ ᠨᠢ ᠬᠤᠪᠢᠷᠠᠭᠤᠯᠬᠤ ᠪᠤᠶᠤ ᠳᠠᠩᠰᠠᠯᠠᠯᠲᠠ ᠶᠢ ᠨᠢ ᠬᠠᠰᠤᠬᠤ ᠭᠠᠷ ᠭᠦᠢᠴᠡᠳᠬᠡᠯ ᠬᠢᠯᠭᠡᠨ᠎ᠡ᠂ ᠬᠤᠯᠪᠣᠭᠳᠠᠯ ᠪᠦᠬᠦᠢ ᠡᠵᠡᠩᠨᠡᠯᠲᠡ ᠶᠢᠨ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃    10. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠣᠯ ᠦᠬᠡᠢ ᠦᠢᠯᠡᠳᠪᠦᠷᠢᠯᠡᠯ ︵ᠡᠵᠡᠩᠨᠡᠯᠲᠡ︶᠎ ᠤᠨ ᠵᠥᠪᠰᠢᠶᠡᠷᠡᠯ ᠢ ᠣᠯᠣᠭᠰᠠᠨ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠬᠤᠷᠢᠨ ᠨᠢᠭᠡ︶ ᠠᠶᠢᠮᠠᠭ ᠤᠨ ᠡᠨᠧᠷᠭᠢ ᠶᠢᠨ ᠲᠣᠪᠴᠢᠶ᠎ᠠ    1. ᠨᠡᠭᠦᠷᠡᠰᠦᠨ ᠠᠭᠤᠷᠬᠠᠢ ᠬᠢᠭᠡᠳ ᠢᠵᠢ ᠪᠦᠷᠢᠳᠦᠭᠦᠯᠬᠦ ᠤᠬᠢᠶᠠᠵᠤ ᠰᠢᠯᠢᠬᠦ ᠦᠢᠯᠡᠳᠪᠦᠷᠢ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠭᠠᠯ ᠨᠣᠴᠣᠭᠰᠠᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠵᠡᠷᠭᠡ ᠭᠠᠢ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ᠎ᠡ᠃    2. ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠠᠬᠢᠯᠭᠠᠨ ᠬᠦᠴᠦᠨ ᠤ ᠠᠵᠢᠯ ᠲᠥᠷᠥᠯ ︵ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠭᠲᠠᠨ᠎ᠠ︶᠎ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠳᠠᠮᠵᠢᠭᠤᠯᠬᠤ ᠬᠤᠭᠤᠯᠠᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4. ᠨᠡᠭᠦᠷᠡᠰᠦ ︵ᠤᠬᠢᠶᠠᠵᠤ ᠰᠢᠯᠢᠬᠦ ᠦᠢᠯᠡᠳᠪᠦᠷᠢ ᠪᠠᠭᠲᠠᠨ᠎ᠠ︶᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠰᠢᠨ᠎ᠡ ᠡᠨᠧᠷᠭᠢ ᠶᠢᠨ ᠰᠤᠷᠪᠤᠯᠵᠢ ᠪᠠ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ᠂ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢ ᠶᠢᠨ ᠡᠲ᠋ᠢᠯ ᠠᠯᠺᠣᠣᠯ ᠵᠡᠷᠭᠡ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃    5. ᠥᠷᠭᠡᠨ ᠲᠠᠯᠠᠪᠠᠢ ᠪᠠᠷ ᠴᠠᠬᠢᠯᠭᠠᠨ ᠵᠣᠭᠰᠣᠭᠰᠠᠨ ᠬᠡᠷᠡᠭ ︵ᠠᠳᠡᠯ︶᠎ ᠢ ᠠᠷᠭᠠᠴᠠᠨ ᠰᠢᠢᠳᠪᠦᠷᠢᠯᠡᠬᠦ ᠶᠢ ᠵᠢᠯᠣᠭᠤᠳᠤᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠬᠠᠷᠢᠭᠤᠴᠠᠨ᠎ᠠ᠃    6. ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    ︵ᠬᠤᠷᠢᠨ ᠬᠤᠶᠠᠷ︶ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ    1. ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    2. ᠤᠢ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠪᠣᠯᠣᠨ ᠡᠯᠡᠰᠦᠵᠢᠬᠦ ᠶᠢ ᠰᠡᠷᠭᠡᠶᠢᠯᠡᠨ ᠵᠠᠰᠠᠬᠤ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃    3. ᠪᠥᠬᠦ ᠠᠶᠢᠮᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ ᠦᠵᠡᠮᠵᠢ ᠶᠢᠨ ᠣᠷᠣᠨ᠂ ᠭᠠᠵᠠᠷ ᠰᠢᠨᠵᠢᠯᠡᠭᠡᠨ ᠤ ᠴᠡᠴᠡᠷᠯᠢᠭ᠂ ᠪᠠᠶᠢᠭᠠᠯᠢ ᠶᠢᠨ ᠥᠪ ᠬᠥᠷᠥᠩᠭᠡ᠂ ᠣᠶ ᠰᠢᠭᠤᠢ ᠶᠢᠨ ᠴᠡᠴᠡᠷᠯᠢᠭ᠂ ᠴᠢᠭᠢᠭᠯᠢᠭ ᠭᠠᠵᠠᠷ᠂ ᠡᠯᠡᠰᠦᠨ ᠴᠥᠯ ᠤᠨ ᠴᠡᠴᠡᠷᠯᠢᠭ ᠵᠡᠷᠭᠡ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    4. ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠡᠵᠡᠩᠨᠡᠨ ᠠᠰᠢᠭᠯᠠᠬᠤ ᠵᠡᠷᠭᠡ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    ︵ᠬᠤᠷᠢᠨ ᠭᠤᠷᠪᠠ︶ ᠠᠶᠢᠮᠠᠭ ᠤᠨ ᠴᠠᠭ ᠠᠭᠤᠷ ᠤᠨ ᠲᠣᠪᠴᠢᠶ᠎ᠠ   1. ᠴᠠᠭ ᠠᠭᠤᠷ ᠤᠨ ᠠᠵᠢᠯ ᠲᠥᠷᠥᠯ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃   2. ᠠᠶᠤᠩᠭ᠎ᠠ ᠴᠠᠬᠢᠯᠭᠠᠨ ᠤ ᠭᠠᠮᠰᠢᠭ ᠤᠨ ᠠᠶᠤᠯ ᠦᠭᠡᠢ ᠶᠢᠨ ᠰᠡᠷᠭᠡᠶᠢᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃   3. ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠨ ᠡᠵᠡᠮᠳᠡᠬᠦ ᠪᠠ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃   4. ᠵᠢᠯᠣᠭᠤᠴᠢ ᠦᠭᠡᠢ ᠴᠢᠯᠦᠭᠡᠲᠦ ᠬᠡᠶᠢᠲᠦ ᠪᠥᠮᠪᠦᠭᠡ ᠪᠠ ᠤᠶᠠᠭᠰᠠᠨ ᠬᠡᠶᠢᠲᠦ ᠪᠥᠮᠪᠦᠭᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠵᠦ ᠠᠵᠢᠯᠯᠠᠬᠤ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠴᠠᠭᠠᠯᠲᠠ ᠪᠠ ᠠᠳᠡᠯ ᠤᠨ ᠰᠡᠷᠭᠡᠶᠢᠯᠡᠯᠲᠡ ᠶᠢ ᠬᠠᠷᠢᠭᠤᠴᠠᠨ᠎ᠠ᠃   ︵ᠬᠤᠷᠢᠨ ᠳᠥᠷᠪᠡ︶ ᠠᠯᠠᠱᠠ ᠪᠣᠭᠤᠮᠲᠠ   1. ᠪᠣᠭᠤᠮᠲᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠣᠯᠵᠤ ᠮᠡᠳᠡᠭᠰᠡᠨ ᠬᠢᠨᠠᠨ ᠬᠠᠮᠢᠶᠠᠷᠴᠤ ᠪᠦᠬᠦᠢ ᠪᠠᠷᠠᠭ᠎ᠠ᠂ ᠠᠵᠢᠯᠯᠠᠬᠤ ᠣᠷᠣᠨ ᠤ ᠠᠶᠤᠯ ᠦᠭᠡᠢ ᠶᠢᠨ ᠲᠠᠯᠳᠠ ᠭᠡᠮ ᠤᠨ ᠠᠰᠠᠭᠤᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠢ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃    2. ᠠᠶᠤᠯ ᠦᠭᠡᠢ ᠦᠢᠯᠡᠳᠪᠦᠷᠢᠯᠡᠯ ᠤᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠡᠭᠡᠨ᠂ ᠬᠠᠭᠤᠳᠠᠰᠤ ᠪᠠᠷᠢᠮᠲᠠ ᠶᠢ ᠬᠢᠨᠠᠨ ᠬᠠᠷᠭᠤᠭᠤᠯᠬᠤ ᠪᠤᠶᠤ ᠪᠠᠶᠢᠷᠢᠯᠠᠭᠤᠯᠤᠨ ᠡᠵᠡᠮᠳᠡᠵᠦ ᠪᠠᠶᠢᠴᠠᠭᠠᠨ ᠰᠢᠯᠭᠠᠬᠤ ᠶᠢ ᠴᠢᠩᠭᠠᠳᠬᠠᠬᠤ ᠬᠡᠷᠡᠭᠲᠡᠢ᠃    ︵ᠬᠤᠷᠢᠨ ᠲᠠᠪᠤ︶ ᠠᠶᠢᠮᠠᠭ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ    1. ᠰᠢᠤᠳᠠᠨ᠂ ᠲᠦᠷᠭᠡᠨ ᠬᠦᠷᠭᠡᠬᠦ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠤᠳᠠᠨ᠂ ᠲᠦᠷᠭᠡᠨ ᠬᠦᠷᠭᠡᠬᠦ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠳᠤ ᠬᠢᠨᠠᠨ ᠬᠡᠮᠵᠢᠬᠦ᠂ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠬᠢᠨ᠎ᠡ᠃    2. ᠠᠶᠤᠯᠲᠠᠢ ᠬᠢᠮᠢ ᠶᠢᠨ ᠪᠣᠳᠠᠰ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠬᠦᠷᠭᠡᠬᠦ ᠵᠡᠷᠭᠡ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃    ︵ᠬᠤᠷᠢᠨ ᠵᠢᠷᠭᠤᠭ᠎ᠠ︶ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ    1. ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    2. ᠪᠥᠬᠦ ᠠᠶᠢᠮᠠᠭ ᠤᠨ ᠡᠯ᠎ᠡ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠠᠰᠠᠭ ᠤᠨ ᠣᠷᠳᠣᠨ ᠤ ᠨᠠᠶᠢᠳᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠢᠯᠡᠴᠢᠯᠡᠭᠡ ᠪᠠ ᠪᠤᠰᠤᠳ ᠡᠭᠦᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠬᠦ ᠶᠢ ᠵᠢᠯᠣᠭᠤᠳᠤᠨ᠎ᠠ᠃    3. ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠵᠡᠩᠨᠡᠯᠲᠡ ᠵᠡᠷᠭᠡ ᠴᠢᠬᠤᠯᠠ ᠲᠠᠸᠠᠷ ᠨᠥᠭᠡᠴᠡᠯᠡᠵᠦ ᠬᠠᠩᠭᠠᠬᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠨ᠎ᠠ᠃    4. ᠰᠢᠨ᠎ᠡ ᠬᠥᠳᠡᠭᠡ ᠲᠣᠰᠬᠤᠨ ᠤ ᠣᠲᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠢᠨᠵᠧᠨᠧᠷᠢᠩ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠲᠦᠯᠬᠢᠨ ᠠᠬᠢᠭᠤᠯᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    5. ᠬᠠᠩᠭᠠᠨ ᠪᠣᠷᠣᠯᠠᠭᠤᠯᠬᠤ ᠰᠢᠰᠲ᠋ᠧᠮ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠦᠵᠡᠭᠦᠯᠬᠦ ᠳᠡᠯᠭᠡᠨ ᠪᠣᠷᠣᠯᠠᠭᠤᠯᠬᠤ ᠪᠠ ᠬᠤᠯᠪᠣᠭᠳᠠᠯ ᠪᠦᠬᠦᠢ ᠮᠠᠯᠴᠢᠨ ᠲᠠᠷᠢᠶᠠᠴᠢᠳ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠤᠰᠬᠠᠢ ᠠᠵᠢᠯ ᠤᠨ ᠬᠤᠷᠰᠢᠶ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    6. ᠪᠥᠬᠦ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠡᠳᠬᠦᠬᠦ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ᠎ᠠ︔ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠠᠵᠤ ᠦᠢᠯᠡᠰᠴᠢᠯᠡᠭᠰᠡᠨ ᠡᠵᠡᠩᠨᠡᠯᠲᠡ᠂ ᠲᠠᠷᠢᠶᠠᠯᠠᠩ ᠮᠠᠯ ᠠᠵᠤ ᠠᠬᠤᠢ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠠᠵᠢᠯᠯᠠᠭ᠎ᠠ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠬᠤᠷᠢᠨ ᠳᠣᠯᠤᠭ᠎ᠠ︶ ᠠᠶᠢᠮᠠᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ    1. ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠭᠠᠯ ᠤᠨ ᠠᠶᠤᠯ  ᠤᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃᡾ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠬᠡᠷᠡᠭᠵᠢᠭᠦᠯᠵᠦ᠂ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠵᠡᠷᠭᠡ ᠰᠠᠯᠠᠭ᠎ᠠ ᠮᠥᠴᠢᠷ ᠤᠨ ᠭᠠᠯ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃    2. ᠬᠤᠳᠠ ᠬᠥᠳᠡᠭᠡ ᠶᠢᠨ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ᠂ ᠤᠯᠠᠨ ᠨᠡᠶᠢᠲᠡ ᠶᠢᠨ ᠴᠤᠭᠯᠠᠷᠠᠭᠰᠠᠨ ᠭᠠᠵᠠᠷ ᠲᠠᠯᠠᠪᠤᠷ ᠢ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠠᠴᠠ ᠡᠮᠦᠨ᠎ᠡ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠᠶᠢᠴᠠᠭᠠᠯᠲᠠ ᠬᠢᠬᠦ ᠴᠢᠬᠤᠯᠠᠳᠠᠢ ᠴᠢᠬᠤᠯᠠ ᠬᠤᠷᠠᠯ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃    3. ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠶᠡᠷᠦᠩᠬᠡᠶᠢᠯᠡᠭᠰᠡᠨ ᠴᠢᠨᠠᠷᠲᠠᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ ᠪᠠᠶᠢᠯᠳᠤᠬᠤ ᠠᠷᠭ᠎ᠠ ᠶᠢᠨ ᠰᠤᠳᠤᠯᠤᠯ ᠬᠢᠬᠦ ᠪᠠ ᠡᠭᠦᠷᠭᠡ ᠭᠦᠢᠴᠡᠳᠬᠡᠵᠦ ᠪᠠᠶᠢᠯᠳᠤᠭᠠᠨ ᠳᠤ ᠪᠡᠯᠡᠳᠬᠡᠬᠦ᠂ ᠪᠣᠯᠪᠠᠰᠤᠷᠠᠯ ᠰᠣᠷᠢᠯᠲᠠ ᠬᠢᠬᠦ ᠵᠡᠷᠭᠡ ᠠᠵᠢᠯ ᠢ ᠬᠠᠷᠢᠭᠤᠴᠠᠨ᠎ᠠ᠃    4. ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢᠨ ᠮᠡᠳᠡᠭᠡ ᠵᠠᠩᠭᠢᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠶᠢᠭᠤᠯᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠠᠪᠤᠷᠠᠨ ᠲᠤᠰᠠᠯᠠᠬᠤ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃    5. ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠪᠣᠯᠣᠨ ᠨᠡᠶᠢᠭᠡᠮ ᠤᠨ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠨ᠎ᠠ︔ᠭᠠᠯ ᠤᠨᠲᠠᠷᠠᠭᠠᠬᠤ ᠲᠤᠰᠬᠠᠢ ᠠᠩᠭᠢ᠂ ᠭᠠᠯ ᠤᠨᠲᠠᠷᠠᠭᠠᠬᠤ ᠰᠠᠶᠢᠨ ᠳᠤᠷ᠎ᠠ ᠶᠢᠨ ᠠᠩᠭᠢ ᠵᠡᠷᠭᠡ ᠭᠠᠯ ᠤᠨᠲᠠᠷᠠᠭᠠᠬᠤ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠬᠦ ᠬᠡᠷᠡᠭᠲᠡᠢ᠃    6. ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡᠨ ᠤ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠬᠢᠭᠡᠳ ᠲᠣᠬᠢᠷᠠᠭᠤᠯᠤᠨ ᠵᠢᠯᠤᠭᠤᠳᠬᠤ ᠶᠢ ᠬᠠᠷᠢᠭᠤᠴᠠᠵᠤ᠂ ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠤᠨ ᠲᠠᠶᠢᠴᠢᠯᠠᠵᠤ ᠠᠪᠤᠷᠠᠨ ᠲᠤᠰᠠᠯᠠᠬᠤ ᠡᠭᠦᠷᠭᠡ ᠳᠤ ᠣᠷᠣᠯᠴᠠᠭᠤᠯᠣᠨ᠎ᠠ᠃    ︵ᠬᠤᠷᠢᠨ ᠨᠠᠢᠮᠠ︶ ᠠᠶᠢᠮᠠᠭ ᠤᠨ ᠠᠵᠢᠯᠴᠢᠨ ᠤ ᠡᠪᠯᠡᠯ    1. ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢᠨ ᠠᠶᠣᠯ ᠦᠬᠡᠢ ᠦᠢᠯᠡᠳᠪᠦᠷᠢᠯᠡᠯ᠂ ᠬᠥᠳᠡᠯᠮᠦᠷᠢ ᠶᠢᠨ ᠪᠠᠲᠤᠯᠠᠭ᠎ᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠬᠥᠳᠡᠯᠮᠦᠷᠢᠴᠢᠳ ᠤᠨ ᠬᠦᠰᠡᠯ ᠱᠠᠭᠠᠷᠳᠠᠯᠭ᠎ᠠ ᠶᠢ ᠲᠤᠰᠬᠠᠨ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠵᠢᠭᠠᠨ ᠵᠢᠯᠤᠭᠤᠳᠴᠤ ᠪᠠᠶᠢᠭᠠᠳ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠲᠤᠰ ᠨᠢᠬᠡᠴᠡ ᠶᠢᠨ ᠢᠶᠠᠨ ᠠᠶᠣᠯ ᠦᠬᠡᠢ ᠦᠢᠯᠡᠳᠪᠦᠷᠢᠯᠡᠯ ᠤᠨ ᠠᠵᠢᠯ ᠤᠨ ᠠᠷᠠᠳᠴᠢᠯᠠᠭᠰᠠᠨ ᠬᠠᠮᠢᠶᠠᠷᠤᠯᠲᠠ ᠪᠠ ᠠᠷᠠᠳᠴᠢᠯᠠᠭᠰᠠᠨ ᠬᠢᠨᠠᠯᠲᠠ ᠳᠤ ᠣᠷᠣᠯᠴᠠᠭᠤᠯᠵᠤ᠂ ᠠᠶᠣᠯ ᠦᠬᠡᠢ ᠦᠢᠯᠡᠳᠪᠦᠷᠢᠯᠡᠯ ᠤᠨ ᠲᠠᠯ᠎ᠠ ᠪᠠᠷ ᠬᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃    2. ᠣᠯᠠᠨ ᠲᠦᠮᠡᠨᠴᠢ ᠴᠢᠨᠠᠷᠲᠠᠢ ᠬᠥᠳᠡᠯᠮᠦᠷᠢ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠵᠡᠷᠭᠡ ᠠᠵᠢᠯᠯᠠᠭ᠎ᠠ ᠪᠠ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠤᠬᠠᠮᠰᠠᠷ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠎ᠡ᠃    3. ᠥᠷᠭᠡᠨ ᠣᠯᠠᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠣᠯᠠᠨ ᠲᠦᠮᠡᠨᠴᠢ ᠴᠢᠨᠠᠷᠲᠠᠢ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠠᠶᠤᠯ ᠦᠭᠡᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠯᠴᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠠᠬᠢᠭᠤᠯᠬᠤ ᠬᠡᠷᠡᠭᠲᠡᠢ᠃    4. ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠬᠢ ᠬᠥᠳᠡᠯᠮᠦᠷᠢ ᠶᠢᠨ ᠵᠢᠱᠢᠶᠡᠴᠢ ᠶᠢᠨ ᠨᠡᠶᠢᠲᠡᠯᠢᠭ ᠥᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠠᠵᠢᠯᠴᠢᠨ ᠤ ᠡᠪᠯᠡᠯ ᠤᠨ ᠰᠢᠰᠲ᠋ᠧᠮ ᠤᠨ ᠤᠯᠠᠨ ᠲᠦᠮᠡᠨᠴᠢ ᠴᠢᠨᠠᠷᠲᠠᠢ ᠠᠶᠤᠯ ᠦᠭᠡᠢ ᠦᠢᠯᠡᠳᠪᠦᠷᠢᠯᠡᠯ  ᠎ ᠤᠨ ᠤᠶᠤᠨ  ᠤ ᠪᠣᠯᠪᠠᠰᠤᠨ  ᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠢᠯᠣᠭᠤᠳᠤᠨ ᠥᠷᠨᠢᠭᠦᠯᠦᠨ᠎ᠡ᠃    5. ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠰᠤᠳᠤᠯᠵᠤ᠂ ᠠᠵᠢᠯᠲᠠᠨ ᠠᠵᠢᠯᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠠᠶᠤᠯ ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢᠨ ᠲᠥᠰᠥᠯ ᠢ ᠰᠤᠳᠤᠯᠬᠤ ᠪᠠ ᠲᠤᠭᠤᠷᠪᠢᠨ ᠲᠣᠭᠲᠠᠭᠠᠬᠤ ᠠᠵᠢᠯ ᠳᠤ ᠣᠷᠣᠯᠴᠠᠨ᠎ᠠ᠃    6. ᠦᠢᠯᠡᠳᠪᠦᠷᠢᠯᠡᠯ ᠤᠨ ᠠᠶᠣᠯ ᠦᠬᠡᠢ ᠶᠢᠨ ᠨᠡᠯᠢᠶᠡᠳ ᠶᠡᠭᠡ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠬᠠᠤᠯᠢ ᠶᠣᠰᠣᠭᠠᠷ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠠᠨᠠᠯ ᠢᠶᠠᠨ ᠳᠤᠷᠠᠳᠤᠨ᠎ᠠ᠃ᠠᠵᠢᠯᠲᠠᠨ ᠠᠵᠢᠯᠴᠢᠨ ᠢ ᠲᠥᠯᠥᠭᠡᠯᠡᠨ ᠡ᠊ᠨᠳᠡᠯ ᠭᠠᠷᠤᠭᠰᠠᠨ ᠨᠢᠬᠡᠴᠡ ᠳᠤ ᠬᠢᠨᠠᠯᠲᠠ ᠲᠠᠯᠪᠢᠵᠤ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ︵ᠬᠤᠷᠢ ᠶᠢᠰᠦ︶ ᠠᠶᠢᠮᠠᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠪ    1. ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠶᠢᠨ ᠳᠤᠮᠳᠠᠬᠢ ᠠᠶᠤᠯ ᠦᠭᠡᠢ ᠦᠢᠯᠡᠳᠪᠦᠷᠢᠯᠡᠯ  ᠎ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠪᠰᠤᠷᠤᠨ ᠨᠠᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠦᠭᠦᠷ ᠤᠨ ᠨᠢᠰᠦᠯᠲᠡ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠭᠤᠷᠪᠢᠨ ᠲᠣᠭᠲᠠᠭᠠᠬᠤ ᠳᠤ ᠣᠷᠤᠯᠴᠠᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    2. ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠬᠤ᠂ ᠡᠵᠡᠩᠨᠡᠯᠲᠡ ᠬᠠᠮᠢᠶᠠᠷᠤᠯᠲᠠ ᠶᠢ ᠵᠣᠬᠢᠴᠠᠭᠤᠯᠬᠤ᠂ ᠬᠠᠮᠢᠶᠠᠷᠬᠤ᠂ ᠦᠢᠯᠡᠴᠢᠯᠡᠬᠦ ᠬᠠᠮᠢᠶ᠎ᠠ ᠪᠦᠬᠦᠢ ᠠᠵᠢᠯ ᠢ ᠲᠣᠭᠲᠠᠭᠠᠯ ᠶᠣᠰᠣᠭᠠᠷ ᠬᠠᠷᠢᠭᠤᠴᠠᠨ᠎ᠠ᠃ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠠᠰᠠᠭᠤᠳᠠᠯ ᠪᠣᠯᠣᠨ ᠵᠦᠢᠯᠡᠰ ᠢ ᠬᠠᠪᠰᠤᠷᠤᠨ ᠰᠢᠢᠳᠪᠦᠷᠢᠯᠡᠨ᠎ᠡ᠃    3. ᠠᠶᠢᠮᠠᠭ ᠤᠨ ᠳᠣᠲᠣᠷᠠᠬᠢ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯ ᠢ ᠵᠢᠯᠤᠭᠤᠳᠴᠤ᠂ ᠵᠣᠬᠢᠴᠠᠭᠤᠯᠵᠤ᠂ ᠦᠢᠯᠡᠴᠢᠯᠡᠨ᠎ᠡ᠃ᠠᠯᠠᠱᠠ ᠠᠶᠢᠮᠠᠭ ᠤᠨ ᠳᠣᠣᠷ᠎ᠠ ᠠᠭᠠᠷ ᠤᠨ ᠣᠷᠣᠨ ᠪᠦᠰᠡ ᠶᠢ ᠨᠡᠭᠡᠭᠡᠨ ᠬᠡᠷᠡᠭᠯᠡᠬᠦ ᠶᠢ ᠵᠣᠬᠢᠴᠠᠭᠤᠯᠬᠤ᠂ ᠬᠠᠮᠢᠶᠠᠷᠬᠤ᠂ ᠦᠢᠯᠡᠴᠢᠯᠡᠬᠦ ᠠᠵᠢᠯ ᠳᠤ ᠬᠠᠮᠵᠢᠯᠴᠠᠨ᠂ ᠨᠢᠰᠬᠡᠯ ᠤᠨ ᠪᠠᠭᠤᠳᠠᠯ ᠤᠨ ᠠᠮᠤᠷ ᠲᠦᠪᠰᠢᠨ ᠢᠶᠠᠷ ᠠᠵᠢᠯᠯᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠎ᠠ᠃    4. ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠴᠡᠷᠢᠭ ᠤᠨ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠡᠭᠡᠯᠵᠢᠯᠡᠨ ᠰᠣᠯᠢᠬᠤ᠂ ᠪᠣᠷᠣᠯᠠᠭᠤᠯᠬᠤ ᠵᠡᠷᠭᠡ ᠵᠠᠩᠭᠢᠯᠠᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠳᠠᠭᠠᠭᠠᠨ ᠬᠠᠳᠠᠭᠠᠯᠠᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠭᠤᠴᠢ︶ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ    1. ᠲᠤᠰ ᠺᠣᠮᠫᠠᠨᠢ ᠶᠢᠨ ᠴᠠᠬᠢᠯᠭᠠᠨ ᠬᠦᠴᠦᠨ ᠤ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    2. ᠲᠤᠰ ᠺᠣᠮᠫᠠᠨᠢ ᠶᠢᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠠᠶᠣᠯ ᠦᠬᠡᠢ ᠦᠢᠯᠡᠳᠪᠦᠷᠢᠯᠡᠯ ᠤᠨ ᠡ᠊ᠨᠳᠡᠯ ᠢ ᠮᠡᠳᠡᠭᠦᠯᠵᠦ᠂ ᠴᠠᠬᠢᠯᠭᠠᠨ ᠬᠦᠴᠦᠨ ᠤ ᠡ᠊ᠨᠳᠡᠯ ᠢ ᠠᠪᠤᠷᠠᠨ ᠲᠤᠰᠠᠯᠠᠬᠤ ᠪᠠ ᠪᠠᠶᠢᠴᠠᠭᠠᠨ ᠰᠢᠢᠳᠪᠦᠷᠢᠯᠡᠬᠦ ᠠᠵᠢᠯ ᠳᠤ ᠣᠷᠤᠯᠴᠠᠬᠤ ᠪᠤᠶᠤ ᠲᠡᠭᠦᠨ ᠢ ᠵᠣᠬᠢᠶᠠᠨ ᠪᠠᠶᠢᠭᠤᠯᠤᠨ᠎ᠠ᠃    4. ᠠᠶᠣᠯ ᠦᠬᠡᠢ ᠦᠢᠯᠡᠳᠪᠦᠷᠢᠯᠡᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠲᠠᠢ ᠬᠠᠮᠵᠢᠯᠴᠠᠨ ᠦᠢᠯᠡᠳᠪᠦᠷᠢᠯᠡᠯ ᠡᠵᠡᠩᠨᠡᠯᠲᠡ ᠶᠢᠨ  ᠨᠢᠬᠡᠴᠡ ᠶᠢᠨ ᠴᠡᠭᠴᠡᠯᠡᠨ ᠥᠭᠡᠷᠡᠴᠢᠯᠡᠬᠦ ᠵᠠᠷᠯᠢᠭ ᠢ ᠬᠡᠷᠡᠭᠵᠢᠭᠦᠯᠬᠦ ᠦᠬᠡᠢ ᠮᠥᠷᠲᠡᠭᠡᠨ ᠦᠢᠯᠡᠳᠪᠦᠷᠢᠯᠡᠯ ᠤᠨ ᠠᠶᠣᠯ ᠦᠬᠡᠢ ᠶᠢᠨ ᠡ᠊ᠨᠳᠡᠯ ᠭᠠᠷᠬᠤ ᠪᠣᠳᠠᠲᠤ ᠠᠶᠤᠯ ᠲᠠᠢ ᠨᠢᠬᠡᠴᠡ ᠳᠤ ᠴᠠᠬᠢᠯᠭᠠᠨ ᠬᠠᠩᠭᠠᠬᠤ ᠪᠠᠨ ᠬᠠᠤᠯᠢ ᠶᠣᠰᠣᠭᠠᠷ ᠵᠣᠭᠰᠣᠭᠠᠨ᠎ᠠ᠃    ︵ᠭᠤᠴᠢᠨ ᠨᠢᠭᠡ︶ ᠠᠯᠠᠱᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠺᠣᠮᠫᠠᠨᠢ    1. ᠲᠤᠰ ᠨᠢᠬᠡᠴᠡ ᠶᠢᠨ ᠢᠶᠠᠨ ᠠᠶᠣᠯ ᠦᠬᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    2. ᠲᠤᠰ ᠨᠢᠭᠡᠴᠡ ᠶᠢᠨ ᠢᠶᠠᠨ ᠠᠮᠤᠷ ᠲᠦᠪᠰᠢᠨ ᠤ ᠬᠠᠮᠠᠭᠠᠯᠠᠯᠲᠠ᠂ ᠠᠶᠤᠯ ᠦᠭᠡᠢ ᠶᠢᠨ ᠪᠠᠶᠢᠴᠠᠭᠠᠯᠲᠠ᠂ ᠭᠠᠯ ᠤᠨᠲᠠᠷᠠᠭᠠᠬᠤ ᠶᠢᠨ ᠠᠶᠤᠯ ᠦᠭᠡᠢ ᠪᠠ ᠪᠠᠴᠢᠮ ᠪᠠᠶᠢᠳᠠᠯ  ᠎ ᠢ ᠠᠷᠭᠠᠴᠠᠵᠤ ᠠᠪᠤᠷᠠᠨ ᠲᠤᠰᠠᠯᠠᠬᠤ ᠠᠶᠤᠯ ᠦᠭᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    3. ᠲᠤᠰ ᠨᠢᠭᠡᠴᠡ ᠶᠢᠨ ᠢᠶᠠᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ  ᠎ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ    4. ᠲᠤᠰ ᠨᠢᠬᠡᠴᠡ ᠶᠢᠨ ᠢᠶᠠᠨ ᠠᠶᠤᠯᠲᠠᠢ ᠬᠢᠮᠢ ᠶᠢᠨ ᠵᠦᠢᠯ ᠤᠨ ᠠᠭᠠᠷ ᠤᠨ ᠲᠡᠭᠡᠭᠡᠪᠦᠷᠢ ᠶᠢᠨ ᠠᠶᠣᠯ ᠦᠬᠡᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠳᠥᠷᠪᠡ᠂ ᠠᠵᠢᠯ ᠤᠨ ᠱᠠᠭᠠᠷᠳᠠᠯᠭ᠎ᠠ    ︵ᠨᠢᠭᠡ︶ ᠲᠤᠰ ᠲᠣᠭᠲᠠᠭᠠᠯ ᠢ ᠬᠡᠷᠡᠭᠵᠢᠭᠦᠯᠬᠦ ᠬᠤᠭᠤᠴᠠᠭᠠᠨ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠠᠶᠢᠪᠠᠯ ᠲᠡᠷᠡ ᠲᠣᠭᠲᠠᠭᠠᠯ ᠢ ᠬᠡᠷᠡᠭᠵᠢᠭᠦᠯᠦᠨ᠎ᠡ︔ᠰᠠᠯᠠᠭ᠎ᠠ ᠮᠥᠴᠢᠷ ᠪᠤᠶᠤ ᠨᠢᠭᠡᠴᠡ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤᠨᠢ ᠬᠤᠪᠢᠷᠠᠯᠲᠠ ᠭᠠᠷᠤᠭᠰᠠᠨ ᠪᠠᠶᠢᠪᠠᠯ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠠᠯᠠᠭ᠎ᠠ ᠮᠥᠴᠢᠷ ᠪᠤᠶᠤ ᠨᠢᠭᠡᠴᠡ ᠠᠴᠠ ᠤᠤᠯ ᠤᠨ ᠰᠠᠯᠠᠭ᠎ᠠ ᠮᠥᠴᠢᠷ ᠪᠤᠶᠤ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠬᠤᠶᠠᠷ︶ ᠲᠤᠰ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠵᠢᠴᠢ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠪᠤᠶᠤ ᠲᠣᠮᠢᠯᠠᠭᠰᠠᠨ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠶᠡᠷᠦᠩᠬᠡᠢ ᠳᠤᠨᠢ ᠲᠣᠳᠣᠷᠬᠠᠶᠢᠯᠠᠵᠤ᠂ ᠱᠠᠲᠤ ᠬᠤᠪᠢᠶᠠᠨ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠳᠤ ᠬᠤᠯᠪᠣᠭᠳᠠᠭᠰᠠᠨ ᠢ ᠨᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠠᠴᠠ ᠪᠣᠳᠠᠲᠠᠢ ᠪᠠᠷ ᠲᠣᠭᠲᠠᠭᠠᠨ᠎ᠠ᠃    ︵ᠭᠤᠷᠪᠠ︶ ᠲᠤᠰ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠲᠣᠳᠣᠷᠬᠠᠢ ᠦᠭᠡᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠪᠢᠴᠢᠭ ᠮᠠᠲ᠋ᠧᠷᠢᠶᠠᠯ ᠪᠣᠯᠣᠨ ᠰᠠᠯᠠᠭ᠎ᠠ ᠮᠥᠴᠢᠷ᠂ ᠨᠢᠭᠡᠴᠡ ᠶᠢᠨ ︽ᠭᠤᠷᠪᠠ ᠶᠢ ᠲᠣᠭᠲᠠᠭᠠᠭᠰᠠᠨ︾ ᠲᠥᠰᠥᠯ ᠤᠨ ᠶᠣᠰᠣᠭᠠᠷ ᠬᠡᠷᠡᠭᠵᠢᠭᠦᠯᠦᠨ᠎ᠡ᠃    ︵ᠳᠥᠷᠪᠡ︶ ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠵᠤ ᠵᠣᠬᠢᠬᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ ᠶᠢᠨ ᠬᠠᠮᠲᠤ ᠰᠢᠮᠳᠠᠭᠤᠯᠤᠨ ᠬᠡᠷᠡᠭᠵᠢᠭᠦᠯᠦᠨ᠎ᠡ᠃    ︵ᠲᠠᠪᠤ︶ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃︽︿ᠠᠯᠠᠱᠠ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ﹀᠎ ᠢ ᠳᠠᠷᠤᠮᠠᠯᠯᠠᠨ ᠳᠠᠷᠬᠠᠭᠠᠬᠤ ᠲᠤᠬᠠᠢ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠠᠯᠠᠱᠠ ᠵᠠᠬᠢᠷᠭ᠎ᠠ ᠲᠠᠷᠬᠠᠭᠠᠭᠰᠠᠨ ﹇2016﹈ 78 ᠳ᠋ᠤᠭᠠᠷ ᠲᠣᠭᠠᠲᠤ︶᠎ ᠢ ᠬᠠᠮᠲᠤ ᠎ ᠳᠤᠨᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号