ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ ᠳᠤ᠄ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠭᠠᠵᠠᠷ | ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠶᠢᠨ ᠲᠤᠰᠠᠳᠠ᠂ ︽ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︿ | ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ( ᠲᠤᠷᠰᠢᠨ | ᠬᠡᠷᠡᠭᠵᠢᠭᠦᠯᠬᠦ )︾ ( ᠥᠪᠥᠷ ᠵᠠᠰᠠᠭ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ ) ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ | ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠣᠣᠱᠯᠠᠭᠤᠯᠣᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠦᠨᠵᠡᠬᠡᠢ | ᠨᠠᠶᠢᠳᠠᠪᠣᠷᠢᠵᠢᠭᠤᠯᠵᠦ᠂ ᠳᠥᠭᠦᠮᠴᠢᠯᠡᠬᠦ᠂ ᠰᠢᠯᠢᠳᠡᠭᠵᠢᠭᠦᠯᠬᠦ᠂ ᠪᠠᠷᠢᠮᠵᠢᠶᠠᠵᠢᠭᠤᠯᠤᠭᠰᠠᠨ ᠠᠵᠤ ᠦᠢᠯᠡᠳᠪᠦᠷᠢ ᠶᠢᠨ ᠵᠦᠢᠯ | ᠤᠨ ᠭᠠᠵᠠᠷ ᠬᠠᠩᠭᠠᠬᠤ ᠵᠢᠷᠤᠮ᠂ ᠨᠡᠭᠡᠭᠡᠯᠲᠡ ᠶᠢᠨ ᠣᠷᠣᠨ ᠤ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ | ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠂ ᠵᠠᠬ᠎ᠠ ᠳᠡᠯᠭᠡᠭᠦᠷ ᠤᠨ ᠪᠦᠲᠦᠮᠵᠢᠲᠡᠶ ᠪᠠᠶᠢᠬᠤ᠂ | ᠵᠠᠰᠠᠭ ᠤᠨ ᠣᠷᠳᠣᠨ ᠠᠮᠵᠢᠯᠲᠠ ᠲᠠᠢ᠂ ᠠᠵᠤ ᠠᠬᠤᠶᠢᠯᠠᠯ ᠤᠨ ᠠᠰᠢᠭᠲᠠᠢ ᠣᠷᠭᠠᠨᠢᠭ ᠨᠢᠭᠡᠳᠦᠯ ᠢ ᠪᠡᠶᠡᠯᠡᠬᠦᠯᠵᠦ᠂ | ᠠᠵᠤ ᠦᠢᠯᠡᠳᠪᠦᠷᠢ ᠶᠢᠨ ᠲᠥᠷᠥᠯ ᠵᠦᠢᠯ ᠤᠨ ︽ᠭᠡᠷ᠎ᠡ ᠲᠣᠭᠲᠠᠮᠠᠭᠴᠠ ᠭᠠᠵᠠᠷ ᠬᠠᠩᠭᠠᠬᠤ ᠶᠢ ᠠᠬᠢᠭᠤᠯᠣᠨ᠂ | ᠭᠠᠵᠠᠷ ᠠᠪᠤᠪᠠᠯ ᠠᠵᠢᠯ ᠡᠬᠢᠯᠡᠨ᠂ ᠪᠠᠷᠢᠯᠭ᠎ᠠ ᠳᠠᠭᠤᠰᠤᠮᠠᠭᠴᠠ ᠠᠰᠢᠭᠯᠠᠯᠲᠠ ᠳᠤ ᠣᠷᠣᠬᠤ︾ ᠶᠢ ᠠᠬᠢᠭᠤᠯᠣᠨ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ( ᠨᠢᠭᠡ ) ᠥᠭᠡᠷᠡᠴᠢᠯᠡᠯᠲᠡ ᠪᠠᠷ ᠥᠪᠡᠷ ᠤᠨ ᠥᠷᠲᠡᠭ ᠢ ᠪᠠᠭᠤᠷᠠᠭᠤᠯᠬᠤ ᠶᠢ ᠪᠠᠷᠢᠮᠲᠠᠯᠠᠨ᠎ᠠ᠃ ᠭᠠᠵᠠᠷ ᠬᠡᠷᠡᠭᠯᠡᠬᠦ | ᠱᠠᠭᠠᠷᠳᠠᠯᠭ᠎ᠠ ᠪᠣᠯᠣᠨ ᠪᠠᠷᠢᠮᠵᠢᠶ᠎ᠠ ᠶᠢ ᠤᠷᠢᠳᠴᠢᠯᠠᠨ ᠳᠣᠳᠣᠷᠬᠠᠶᠢᠯᠠᠵᠦ᠂ ᠲᠥᠯᠦᠪᠵᠢᠭᠦᠯᠭᠡ ᠵᠢᠷᠤᠭ | ᠲᠥᠯᠥᠪᠯᠡᠭᠡ ᠶᠢᠨ ᠲᠥᠰᠥᠯ ᠲᠠᠢ ᠬᠢᠮᠳᠠ ᠪᠠᠷ ᠬᠤᠳᠠᠯᠳᠤᠬᠤ ᠠᠷᠭ᠎ᠠ ᠮᠠᠶ᠋ᠢᠭ ᠢ ᠳᠡᠯᠭᠡᠷᠡᠬᠦᠯᠦᠨ᠂ ᠮᠡᠳᠡᠭᠳᠡᠬᠦ | ᠠᠮᠠᠯᠠᠯᠲᠠ ᠶᠢᠨ ᠳᠦᠷᠢᠮ ᠢᠶᠠᠷ ᠬᠢᠨᠠᠨ ᠵᠥᠪᠰᠢᠶᠡᠷᠡᠭᠦᠯᠬᠦ ᠶᠢ ᠬᠡᠷᠡᠭᠵᠢᠬᠦᠯᠦᠨ᠂ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠳᠦᠬᠦᠮᠴᠢᠯᠡᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠪᠦᠲᠦᠭᠡᠨ | ᠪᠠᠶᠢᠭᠤᠯᠬᠤ ᠬᠤᠷᠳᠤᠴᠠ ᠶᠢ ᠳᠡᠭᠡᠭᠰᠢᠯᠡᠬᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠬᠡᠷᠡᠬᠦᠯᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠦᠨ᠎ᠡ᠃ | ( ᠬᠤᠶᠠᠷ ) ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠶᠢᠨ ᠰᠦᠪᠡᠭᠴᠢᠯᠡᠬᠦ ᠶᠢ | ᠪᠠᠷᠢᠮᠲᠠᠯᠠᠨ᠎ᠠ᠃ ᠡᠯ᠎ᠡ ᠨᠡᠭᠡᠭᠡᠯᠲᠡ ᠶᠢᠨ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠵᠣᠷᠢᠭᠲᠠᠢ ᠪᠠᠷ ᠬᠠᠶᠢᠨ | ᠰᠦᠪᠡᠭᠴᠢᠯᠡᠵᠦ᠂ ᠪᠣᠳᠠᠲᠤ ᠪᠠᠶᠢᠳᠠᠯ ᠳᠤ ᠨᠡᠶᠢᠴᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ | ᠪᠠᠷᠢᠮᠵᠢᠶᠠᠲᠤ ᠭᠠᠵᠠᠷ︾ ᠤᠨ ᠵᠠᠭᠪᠤᠷ ᠢ ᠪᠠᠶᠢᠭᠤᠯᠤᠨ᠎ᠠ᠃ | ( ᠭᠤᠷᠪᠠ ) ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠶᠢ ᠪᠠᠷᠢᠮᠲᠠᠯᠠᠨ᠎ᠠ᠃ ᠡᠬᠢ ᠪᠠᠶᠠᠯᠢᠭ ᠢ | ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠵᠤ᠂ | ᠪᠠᠷᠢᠮᠵᠢᠶ᠎ᠠ ᠶᠢ ᠤᠷᠢᠳᠴᠢᠯᠠᠨ ᠲᠣᠭᠲᠠᠭᠠᠵᠤ᠂ ᠠᠵᠤ ᠠᠬᠤᠶᠢᠯᠠᠯ ᠤᠨ ᠪᠠᠷᠢᠮᠵᠢᠶ᠎ᠠ ᠲᠠᠢ ᠥᠷᠢᠰᠦᠯᠳᠦᠭᠦᠯᠦᠨ᠂ | ᠪᠠᠷᠢᠮᠵᠢᠶ᠎ᠠ ᠶᠣᠰᠣᠭᠠᠷ ᠦᠢᠯᠡᠳᠪᠦᠷᠢᠯᠡᠯ ᠢ ᠨᠢ ᠪᠦᠲᠦᠭᠡᠨ ᠪᠠᠶᠢᠭᠤᠯᠵᠤ᠂ ᠢᠯᠡ ᠲᠣᠳᠣ᠂ ᠳᠥᠭᠦᠮ ᠳᠥᠲᠡ ᠥᠨᠳᠥᠷ | ᠦᠷ᠎ᠡ ᠪᠦᠲᠦᠮᠵᠢᠲᠡᠶ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠂ ᠭᠠᠵᠠᠷ ᠰᠢᠷᠣᠢ ᠶᠢᠨ ᠵᠠᠬ᠎ᠠ | ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ( ᠳᠥᠷᠪᠡ ) ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠠᠷᠢᠮᠲᠠᠯᠠᠨ᠎ᠠ᠃ ᠪᠠᠷᠢᠮᠵᠢᠶᠠᠲᠤ ᠭᠠᠵᠠᠷ ᠲᠤ | ᠭᠦᠢᠴᠡᠳᠬᠡᠯ ᠲᠤᠭ᠎ᠠ ᠲᠣᠭᠲᠠᠭᠠᠬᠤ ᠪᠠᠷ ᠦᠨᠳᠦᠰᠦᠯᠡᠯ ᠪᠣᠯᠭᠠᠵᠤ᠂ ᠪᠥᠬᠦ ᠶᠠᠪᠤᠴᠠ ᠶᠢᠨ ᠬᠥᠳᠡᠯᠦᠩᠭᠦᠢ ᠲᠣᠭᠤᠷᠢᠨ | ᠪᠠᠶᠢᠴᠠᠭᠠᠬᠤ ᠳᠦᠷᠢᠮ ᠢ ᠬᠡᠷᠡᠭᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠂ | ᠠᠰᠢᠭᠯᠠᠯᠲᠠ ᠳᠤ ᠣᠷᠣᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ | ᠠᠮᠠᠯᠠᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠦᠨᠡᠨᠴᠢ ᠢᠲᠡᠭᠡᠮᠵᠢ ᠶᠢᠨ | ᠭᠤᠣᠯ ᠴᠣᠭᠴᠠ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠭᠤᠣᠯ ᠴᠣᠭᠴᠠ ᠶᠢ ᠵᠠᠯᠬᠠᠭᠠᠨ ᠴᠡᠭᠡᠷᠯᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠬᠠᠤᠯᠢ ᠲᠣᠭᠲᠠᠭᠠᠯ᠂ ᠲᠠᠰ ᠳᠠᠷᠠᠭᠠᠯᠠᠯ ᠶᠣᠰᠣᠭᠠᠷ ᠪᠦᠲᠦᠭᠡᠨ | ᠪᠠᠶᠢᠭᠤᠯᠬᠤ᠂ ᠪᠠᠷᠢᠯᠭ᠎ᠠ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ᠂ ᠦᠢᠯᠡᠳᠪᠦᠷᠢᠯᠡᠬᠦ ᠶᠢ ᠦᠨᠡᠨᠬᠦ | ᠠᠬᠢᠭᠤᠯᠤᠨ᠎ᠠ᠃ | ᠭᠤᠷᠪᠠ᠂ ᠭᠤᠣᠯ ᠬᠠᠷᠠᠯᠲᠠ | ᠡᠯ᠎ᠡ ᠨᠡᠭᠡᠭᠡᠯᠲᠡ ᠶᠢᠨ ᠣᠷᠣᠨ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ | ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠬᠢᠮᠳᠠ ᠪᠠᠷ ᠬᠤᠳᠠᠯᠳᠤᠬᠤ ᠠᠵᠢᠯ ᠢ ᠡᠬᠢᠯᠡᠭᠦᠯᠦᠨ᠂ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠯᠭᠡᠷᠡᠭᠦᠯᠦᠨ | ᠥᠷᠭᠡᠳᠬᠡᠬᠦ ᠬᠡᠷᠡᠭᠲᠡᠢ︔ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ 2022 ᠣᠨ ᠤ 11 ᠰᠠᠷ᠎ᠠ ᠶᠢᠨ | ᠰᠡᠭᠦᠯᠴᠢ ᠠᠴᠠ ᠡᠮᠦᠨ᠎ᠡ ︽ᠪᠠᠷᠢᠮᠵᠢᠶᠠᠲᠤ ᠭᠠᠵᠠᠷ︾ ᠢᠶᠠᠨ ᠬᠤᠳᠠᠯᠳᠤᠬᠤ ᠶᠢ ᠦᠨᠡᠨ ᠬᠦ ᠪᠠᠲᠤᠯᠠᠨ᠎ᠠ᠃ | ᠳᠥᠷᠪᠡ᠂ ᠠᠵᠢᠯ ᠤᠨ ᠡᠭᠦᠷᠭᠡ | ( ᠨᠢᠭᠡ ) ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠤᠨ ᠬᠡᠷᠡᠭᠯᠡᠭᠡᠨ ᠢ ᠠᠬᠢᠭᠤᠯᠤᠨ᠎ᠠ᠃ ︽︿ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠦᠰᠡ ᠶᠢ ᠦᠨᠡᠯᠡᠨ ᠵᠢᠱᠢᠬᠦ ᠶᠢ | ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠤᠭᠤᠳᠬᠤ ᠰᠠᠨᠠᠯ﹀ ᠢ | ᠳᠠᠷᠤᠮᠠᠯᠯᠠᠨ ᠳᠠᠷᠬᠠᠭᠠᠬᠤ ᠲᠤᠬᠠᠢ ᠮᠡᠳᠡᠭᠳᠡᠯ︾ ( ᠥᠪᠥᠷ ᠪᠠᠶᠢᠭᠠᠯᠢ ᠵᠠᠬᠢᠳᠠᠯ ﹇2019﹈ 549 ᠳ᠋ᠣᠭᠡᠷ ᠲᠣᠭᠠᠲᠤ | ) ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ ( ᠬᠠᠮᠢᠶᠠᠷᠤᠯᠲᠠ ᠶᠢᠨ ᠵᠥᠪᠯᠡᠯ ) ᠭᠠᠵᠠᠷ ᠤᠨ ᠭᠠᠮᠰᠢᠭ ᠤᠨ ᠠᠶᠤᠯᠲᠤ ᠴᠢᠨᠠᠷ ᠢ ᠦᠨᠳᠦᠰᠦᠯᠡᠨ ᠦᠨᠡᠯᠡᠨ | ᠵᠢᠱᠢᠵᠦ᠂ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯ᠂ ᠭᠠᠵᠠᠷ ᠬᠥᠳᠡᠯᠦᠯᠲᠡ ᠶᠢᠨ ᠠᠶᠤᠯᠭᠦᠢ | ᠴᠢᠨᠠᠷ ᠤᠨ ᠦᠨᠡᠯᠡᠯᠲᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠦᠨᠡᠯᠡᠨ ᠵᠢᠱᠢᠬᠦ᠂ ᠴᠢᠬᠤᠯᠠ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠦᠨᠡᠯᠡᠨ ᠵᠢᠱᠢᠬᠦ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠤᠨ | ᠨᠤᠲᠠᠯᠠᠯᠲᠠ᠂ ᠦᠶᠡᠷ ᠤᠨ ᠨᠥᠯᠥᠭᠡ ᠶᠢᠨ ᠦᠨᠡᠯᠡᠯᠲᠡ᠂ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ | ᠵᠡᠷᠭᠡ 10 ᠵᠦᠢᠯ ᠤᠨ ᠦᠨᠡᠯᠡᠨ ᠵᠢᠱᠢᠬᠦ ᠵᠦᠢᠯᠡᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠣᠳᠠᠲᠤ | ᠪᠠᠶᠢᠳᠠᠯ ᠲᠠᠢ ᠣᠶᠠᠯᠳᠣᠭᠤᠯᠣᠨ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠵᠣᠬᠢᠶᠠᠨ | ᠪᠠᠶᠢᠭᠤᠯᠤᠨ ᠰᠠᠶᠢᠲᠤᠷ ᠬᠢᠵᠦ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠦᠷᠭᠦᠯᠵᠢᠯᠡᠨ | ᠠᠬᠢᠭᠤᠯᠤᠨ᠎ᠠ᠃ ᠣᠷᠣᠵᠤ ᠰᠠᠭᠤᠬᠤ ᠲᠥᠷᠥᠯ ᠵᠦᠢᠯ ᠨᠢ ᠠᠮᠢ ᠠᠬᠤᠢ ᠶᠢᠨ ᠣᠷᠴᠢᠨ ᠲᠣᠭᠤᠷᠢᠨ᠂ ᠠᠶᠤᠯ ᠦᠭᠡᠢ | ᠦᠢᠯᠡᠳᠪᠦᠷᠢᠯᠡᠯ ᠵᠡᠷᠭᠡ ᠴᠢᠬᠤᠯᠠ ᠶᠡᠭᠡ ᠨᠥᠯᠥᠭᠡ ᠲᠠᠢ ᠣᠨᠴᠣᠭᠤᠢ ᠠᠵᠢᠯ ᠲᠥᠷᠥᠯ ᠪᠤᠶᠤ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ | ᠵᠥᠪ ᠪᠤᠷᠤᠭᠤ ᠲᠠᠯ᠎ᠠ ᠶᠢᠨ ᠨᠠᠷᠢᠨ ᠬᠠᠭᠤᠳᠠᠰᠤ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ( ᠬᠤᠶᠠᠷ ) ︽ᠴᠡᠪᠡᠷ ᠭᠠᠵᠠᠷ︾ ᠢ ᠡᠮᠬᠢᠯᠡᠬᠦ ᠠᠵᠢᠯ ᠢ ᠪᠡᠶᠡᠯᠡᠬᠦᠯᠦᠨ᠎ᠡ᠃ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ 2022 ᠣᠨ ᠤ ᠤᠯᠤᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠠᠩᠭᠠᠯᠭ᠎ᠠ ᠶᠢᠨ ᠲᠥᠯᠥᠪᠯᠡᠭᠡ ᠲᠠᠢ ᠤᠶᠠᠯᠳᠤᠭᠤᠯᠤᠨ᠂ ︽ᠭᠠᠵᠠᠷ ᠰᠢᠷᠣᠢ ᠶᠢᠨ ᠨᠥᠭᠡᠴᠡᠯᠡᠯ ᠤᠨ ᠬᠠᠮᠢᠶᠠᠷᠤᠯᠲᠠ ᠶᠢᠨ | ᠠᠷᠭ᠎ᠠ︾ ᠶᠢ ᠦᠨᠳᠦᠰᠦᠯᠡᠨ᠂ ᠭᠠᠵᠠᠷ ᠰᠢᠷᠣᠢ ᠶᠢᠨ ᠨᠥᠭᠡᠴᠡᠯᠡᠯ ᠤᠨ ᠲᠥᠯᠥᠪᠯᠡᠭᠡ ᠶᠢ ᠵᠣᠬᠢᠰᠲᠠᠢ ᠲᠣᠭᠲᠠᠭᠠᠬᠤ | ᠬᠡᠷᠡᠭᠲᠡᠢ᠃ ᠬᠠᠤᠯᠢ ᠪᠠᠷ ᠲᠣᠭᠲᠠᠭᠠᠭᠰᠠᠨ ᠭᠠᠵᠠᠷ ᠰᠢᠷᠣᠢ ᠲᠠᠲᠠᠪᠤᠷᠢᠯᠠᠬᠤ ᠲᠣᠭᠲᠠᠭᠠᠯ ᠢ ᠴᠢᠩᠭ᠎ᠠ ᠵᠢᠷᠤᠮᠯᠠᠨ᠂ ᠭᠠᠵᠠᠷ | ᠰᠢᠷᠣᠢ ᠶᠢ ᠤᠷᠢᠳᠴᠢᠯᠠᠨ ᠬᠤᠷᠢᠶᠠᠨ ᠨᠥᠭᠡᠴᠡᠯᠡᠵᠦ᠂ ᠴᠡᠪᠡᠷ ᠭᠠᠵᠠᠷ ᠢ ᠡᠮᠬᠢᠯᠡᠨ ᠲᠡᠭᠰᠢᠯᠡᠬᠦ ᠡᠷᠴᠢᠮ ᠢᠶᠠᠨ | ᠨᠡᠮᠡᠭᠳᠡᠭᠦᠯᠵᠦ᠂ ᠬᠢᠮᠳᠠ ᠪᠠᠷ ᠬᠤᠳᠠᠯᠳᠤᠭᠰᠠᠨ ᠭᠠᠵᠠᠷ ᠰᠢᠷᠣᠢ ᠶᠢ ᠡᠷᠬᠡ ᠶᠢᠨ ᠬᠠᠷᠢᠶ᠎ᠠ ᠨᠢ ᠲᠣᠳᠣᠷᠬᠠᠢ᠂ ᠭᠠᠵᠠᠷ | ᠲᠠᠲᠠᠪᠤᠷᠢᠯᠠᠭᠰᠠᠨ ᠤ ᠨᠥᠬᠦᠪᠦᠷᠢ ᠥᠭᠴᠦ ᠲᠥᠪᠬᠢᠨᠡᠭᠦᠯᠬᠦ ᠶᠢ ᠪᠣᠳᠠᠲᠠᠶᠢᠵᠢᠭᠤᠯᠤᠭᠰᠠᠨ᠂ ᠬᠠᠤᠯᠢ ᠴᠠᠭᠠᠵᠠ ᠠᠵᠤ | ᠠᠬᠤᠢ ᠶᠢᠨ ᠵᠢᠭᠤᠷᠠᠯᠳᠤᠭᠠᠨ ᠦᠭᠡᠢ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ | ᠨᠥᠬᠦᠴᠡᠯ ᠨᠢ ᠲᠣᠳᠣᠷᠬᠠᠢ᠂ ᠲᠥᠷᠥᠯ ᠵᠦᠢᠯ ᠤᠨ ᠠᠵᠢᠯ ᠡᠬᠢᠯᠡᠭᠦᠯᠬᠦ ᠳᠤ ᠬᠡᠷᠡᠭᠰᠡᠬᠦ ︽ᠭᠤᠷᠪᠠ ᠶᠢ ᠨᠠᠪᠲᠠᠷᠡᠭᠦᠯᠵᠦ | ᠨᠢᠭᠡ ᠶᠢ ᠲᠡᠭᠰᠢᠯᠡᠬᠦ︾ ᠵᠡᠷᠭᠡ ᠨᠡᠭᠡᠭᠡᠯᠲᠡ ᠬᠢᠬᠦ ᠨᠥᠬᠦᠴᠡᠯ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠠᠵᠤ | ᠠᠬᠤᠶᠢᠯᠠᠯ ᠤᠨ ᠭᠠᠵᠠᠷ ᠰᠢᠷᠣᠢ ᠠᠪᠤᠮᠠᠭᠴᠠ ᠠᠵᠢᠯ ᠡᠬᠢᠯᠡᠭᠦᠯᠬᠦ ᠳᠤ ᠳᠥᠭᠦᠮ ᠨᠥᠬᠦᠴᠡᠯ ᠢ ᠡᠭᠦᠳᠴᠦ ᠥᠭᠬᠦ | ᠬᠡᠷᠡᠭᠲᠡᠢ᠃ | ( ᠭᠤᠷᠪᠠ ) ᠬᠤᠳᠠᠯᠳᠤᠬᠤ ︽ᠪᠠᠷᠢᠮᠵᠢᠶ᠎ᠠ︾ ᠶᠢᠨ ᠭᠦᠢᠴᠡᠳᠬᠡᠬᠦ ᠲᠤᠭ᠎ᠠ ᠶᠢ ᠳᠣᠭᠳᠠᠭᠠᠨ᠎ᠠ᠃ ᠡᠯ᠎ᠡ | ᠨᠡᠭᠡᠭᠡᠯᠳᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠭᠠᠵᠠᠷ ᠰᠢᠷᠣᠢ ᠬᠠᠩᠭᠠᠬᠤ ᠠᠴᠠ ᠡᠮᠦᠨ᠎ᠡ᠂ ᠬᠠᠮᠢᠶ᠎ᠠ | ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠣᠷᠣᠨ | ᠪᠦᠰᠡ ᠶᠢᠨ ᠦᠨᠡᠯᠡᠨ ᠵᠢᠱᠢᠯᠲᠡ ᠵᠡᠷᠭᠡ ᠪᠠᠶᠢᠳᠠᠯ ᠲᠠᠢ ᠤᠶᠠᠯᠳᠤᠭᠤᠯᠵᠤ᠂ ᠡᠵᠡᠮᠳᠡᠬᠦ ᠭᠦᠢᠴᠡᠳᠬᠡᠯ ᠲᠤᠭ᠎ᠠ ᠶᠢᠨ | ᠱᠠᠭᠠᠷᠳᠠᠯᠭ᠎ᠠ ᠶᠣᠰᠣᠭᠠᠷ᠂ ︽ᠪᠠᠷᠢᠮᠵᠢᠶᠠᠲᠤ ᠭᠠᠵᠠᠷ︾ ᠨᠢᠭᠡᠪᠦᠷᠢ ᠳᠤ ︽3 + X︾ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠲᠣᠭᠲᠠᠭᠠᠵᠤ ᠥᠭᠭᠦᠨ᠎ᠡ᠃ | ︽3︾ ᠭᠡᠳᠡᠭ ᠨᠢ᠄ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠯᠡᠴᠡ᠂ | ᠪᠠᠭᠲᠠᠭᠠᠮᠵᠢ ᠶᠢᠨ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠡᠭᠦᠨ ᠳᠤ᠂ ᠡᠯ᠎ᠡ ᠨᠡᠭᠡᠭᠡᠯᠲᠡ ᠶᠢᠨ | ᠣᠷᠣᠨ ᠤ ᠪᠠᠷᠢᠮᠵᠢᠶᠠᠲᠤ ᠭᠠᠵᠠᠷ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠯᠡᠴᠡ ᠨᠢ ᠮᠦ | ᠪᠦᠷᠢ ᠳᠤ 80 ᠲᠦᠮᠡᠨ ᠲᠥᠭᠦᠷᠢᠭ ( ᠾᠧᠺᠲ᠋ᠠᠷ ᠪᠦᠷᠢ ᠳᠤ 1200 ᠲᠦᠮᠡᠨ ᠲᠥᠭᠦᠷᠢᠭ ) ᠠᠴᠠ ᠳᠣᠣᠷ᠎ᠠ | ᠪᠠᠶᠢᠵᠤ ᠪᠣᠯᠬᠤ ᠦᠭᠡᠢ︔ ᠡᠯ᠎ᠡ ᠨᠡᠭᠡᠭᠡᠯᠲᠡ ᠶᠢᠨ ᠣᠷᠣᠨ ᠤ ᠪᠠᠷᠢᠮᠵᠢᠶᠠᠲᠤ ᠭᠠᠵᠠᠷ ᠤᠨ ᠡᠵᠡᠯᠡᠬᠦᠨ ᠤ ᠨᠣᠷᠮ᠎ᠠ ᠶᠢ | ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠵᠠᠭᠠᠷᠯᠠᠬᠤ | ᠭᠦᠢᠴᠡᠳᠬᠡᠬᠦ ᠲᠤᠭ᠎ᠠ ᠶᠢᠨ ︽ᠡᠵᠡᠯᠡᠬᠦᠨ ᠤ ᠨᠣᠷᠮ᠎ᠠ ᠶᠢ ᠬᠢᠵᠠᠭᠠᠷᠯᠠᠬᠤ ᠭᠦᠢᠴᠡᠳᠬᠡᠬᠦ ᠲᠤᠭ᠎ᠠ︾ ᠶᠢᠨ ᠪᠠᠷᠢᠮᠵᠢᠶ᠎ᠠ | ᠶᠣᠰᠣᠭᠠᠷ ᠬᠡᠷᠡᠭᠵᠢᠭᠦᠯᠦᠨ᠎ᠡ︔ ᠡᠯ᠎ᠡ ᠨᠡᠭᠡᠭᠡᠯᠲᠡ ᠶᠢᠨ ᠣᠷᠣᠨ ᠤ ᠪᠠᠷᠢᠮᠵᠢᠶᠠᠲᠤ ᠭᠠᠵᠠᠷ ᠤᠨ ᠮᠦ ᠪᠦᠷᠢ ᠶᠢᠨ | ᠳᠤᠮᠳᠠᠴᠢ ᠭᠠᠶᠢᠯᠢ ᠲᠠᠲᠠᠪᠤᠷᠢ ᠶᠢ ᠮᠦ ᠪᠦᠷᠢ ᠳᠤ 5 ᠲᠦᠮᠡᠨ ᠲᠥᠭᠦᠷᠢᠭ ( ᠾᠧᠺᠲ᠋ᠠᠷ ᠪᠦᠷᠢ ᠳᠤ 75 ᠲᠦᠮᠡᠨ | ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ )᠃ | ︽X︾ ᠭᠡᠳᠡᠭ ᠨᠢ᠄ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠨᠢᠭᠡᠴᠢ ᠭᠠᠳᠠᠭᠰᠢᠯᠠᠭᠤᠯᠬᠤ | ᠪᠠᠷᠢᠮᠵᠢᠶ᠎ᠠ᠂ ᠡᠨᠧᠷᠭᠢ ᠶᠢᠨ ᠬᠤᠷᠣᠭᠳᠠᠭᠤᠯᠭ᠎ᠠ ᠶᠢᠨ ᠡᠷᠴᠢᠮ ᠤᠨ ᠬᠡᠪ ᠳᠠᠭᠤᠷᠢᠶᠠᠯ᠂ ᠠᠶᠤᠯ ᠦᠭᠡᠢ | ᠦᠢᠯᠡᠳᠪᠦᠷᠢᠯᠡᠯ ᠤᠨ ᠬᠠᠮᠢᠶᠠᠷᠤᠨ ᠡᠵᠡᠮᠳᠡᠬᠦ᠂ ᠰᠤᠳᠤᠯᠤᠨ ᠨᠡᠭᠡᠭᠡᠬᠦ ᠣᠷᠣᠭᠤᠯᠤᠯᠲᠠ᠂ ᠠᠵᠢᠯ ᠣᠯᠭᠤᠯᠲᠠ᠂ | ᠮᠡᠷᠭᠡᠵᠢᠯ᠂ ᠴᠢᠳᠠᠪᠤᠷᠢᠲᠠᠨ᠂ ᠲᠦᠷᠦᠯ ᠲᠡᠮᠳᠡᠭ ᠵᠡᠷᠭᠡ ᠭᠦᠢᠴᠡᠳᠬᠡᠬᠦ ᠲᠤᠭ᠎ᠠ ᠶᠢ ᠡᠯ᠎ᠡ ᠨᠡᠭᠡᠭᠡᠯᠲᠡ ᠶᠢᠨ ᠣᠷᠣᠨ ᠤ | ᠬᠠᠮᠢᠶᠠᠷᠤᠯᠲᠠ ᠶᠢᠨ ᠵᠥᠪᠯᠡᠯ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠭᠠᠵᠠᠷ ᠣᠷᠣᠨ | ᠪᠣᠯᠣᠨ ᠠᠵᠤ ᠦᠢᠯᠡᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠴᠢᠯᠦᠬᠡᠳᠡᠢ ᠪᠠᠶᠢᠷᠢᠯᠠᠭᠤᠯᠵᠤ᠂ | ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠵᠦᠢ ᠵᠣᠬᠢᠰᠲᠠᠢ ᠲᠣᠭᠲᠠᠭᠠᠵᠤ ᠪᠣᠯᠣᠨ᠎ᠠ᠃ | ( ᠳᠥᠷᠪᠡ ) ︽ᠪᠠᠷᠢᠮᠵᠢᠶᠠᠲᠤ ᠭᠠᠵᠠᠷ︾ ᠢᠶᠠᠷ ᠬᠢᠮᠳᠠ ᠦᠨ᠎ᠡ ᠪᠠᠷ ᠬᠤᠳᠠᠯᠳᠤᠬᠤ ᠲᠥᠰᠥᠯ ᠢ ᠨᠠᠶᠢᠷᠠᠭᠤᠯᠤᠨ | ᠵᠣᠬᠢᠶᠠᠨ᠎ᠠ᠃ ᠡᠯ᠎ᠡ ᠨᠡᠭᠡᠭᠡᠯᠲᠡ ᠶᠢᠨ ᠣᠷᠣᠨ ᠨᠢ ᠪᠣᠳᠠᠲᠠᠢ ᠭᠠᠵᠠᠷ ᠤᠨ ᠬᠡᠰᠡᠭ ᠤᠨ ︽ᠪᠠᠷᠢᠮᠵᠢᠶᠠᠲᠤ ᠭᠠᠵᠠᠷ︾ ᠤᠨ | ᠭᠦᠢᠴᠡᠳᠬᠡᠯ ᠲᠤᠭ᠎ᠠ ᠪᠠ ᠨᠥᠬᠦᠴᠡᠯ ᠢᠶᠠᠨ ᠦᠨᠳᠦᠰᠦᠯᠡᠨ ᠭᠠᠵᠠᠷ ᠰᠢᠷᠣᠢ ᠶᠢ ᠬᠢᠮᠳᠠ ᠪᠠᠷ ᠬᠤᠳᠠᠯᠳᠤᠬᠤ ᠲᠥᠰᠥᠯ ᠢ | ᠨᠠᠶᠢᠷᠠᠭᠤᠯᠤᠨ ᠵᠣᠬᠢᠶᠠᠵᠤ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠵᠦ᠂ ᠬᠢᠮᠳᠠ ᠪᠠᠷ ᠬᠤᠳᠠᠯᠳᠤᠬᠤ ᠠᠯᠪᠠᠨ ᠵᠠᠷ ᠨᠡᠶᠢᠲᠡᠯᠡᠨ᠂ ᠭᠠᠵᠠᠷ ᠤᠨ ᠬᠡᠰᠡᠭ ᠤᠨ ᠳᠠᠭᠠᠭᠠᠴᠢᠯᠠᠯᠲᠠ | ᠵᠠᠷᠯᠠᠬᠤ᠂ ᠦᠨ᠎ᠡ ᠬᠠᠶᠠᠯᠴᠠᠭᠤᠯᠤᠨ ᠬᠤᠳᠠᠯᠳᠤᠬᠤ᠂ ᠦᠨ᠎ᠡ ᠬᠠᠳᠠᠵᠤ ᠬᠢᠮᠳᠠ ᠪᠠᠷ ᠬᠤᠳᠠᠯᠳᠤᠬᠤ ᠶᠢ ᠵᠣᠬᠢᠶᠠᠨ | ᠪᠠᠶᠢᠭᠤᠯᠬᠤ ᠬᠡᠷᠡᠭᠲᠡᠢ᠃ ᠭᠠᠵᠠᠷ ᠰᠢᠷᠣᠢ ᠶᠢ ᠬᠢᠮᠳᠠ ᠪᠠᠷ ᠬᠤᠳᠠᠯᠳᠤᠬᠤ ᠲᠥᠰᠥᠯ ᠳᠤ ᠣᠷᠣᠨ ᠪᠦᠰᠡ ᠶᠢᠨ ᠦᠨᠡᠯᠡᠨ | ᠵᠢᠱᠢᠭᠰᠡᠨ ᠦᠷ᠎ᠡ ᠪᠦᠲᠦᠭᠡᠯ ᠪᠣᠯᠣᠨ ᠪᠠᠷᠢᠮᠵᠢᠶᠠᠳᠣ ᠭᠠᠵᠠᠷ ᠤᠨ ᠡᠯ᠎ᠡ ᠬᠢᠵᠠᠭᠠᠷᠯᠠᠬᠤ ᠴᠢᠨᠠᠷᠲᠠᠢ ᠭᠦᠢᠴᠡᠳᠬᠡᠬᠦ | ᠲᠤᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ( ᠲᠠᠪᠤ ) ᠭᠠᠷᠭᠠᠵᠤ ᠥᠭᠬᠦ ᠭᠡᠷ᠎ᠡ ᠲᠣᠭᠲᠠᠭᠠᠬᠤ ᠵᠢᠴᠢ ᠬᠤᠯᠪᠣᠭᠳᠠᠯ ᠪᠦᠬᠦᠢ ᠬᠡᠯᠡᠯᠴᠡᠭᠡᠷ᠂ ᠠᠮᠠᠯᠠᠯᠲᠠ᠃ | ᠭᠠᠵᠠᠷ ᠬᠡᠷᠡᠭᠯᠡᠬᠦ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠫᠠᠶᠢᠰᠠ | ᠡᠯᠭᠦᠬᠦ ᠲᠠᠰ ᠳᠠᠷᠠᠭᠠᠯᠠᠯ ᠢᠶᠠᠷ ᠳᠡᠮᠵᠢᠨ ︽ᠪᠠᠷᠢᠮᠵᠢᠶᠠᠲᠤ ᠭᠠᠵᠠᠷ︾ ᠢ ᠣᠯᠣᠭᠰᠠᠨ ᠤ ᠳᠠᠷᠠᠭ᠎ᠠ᠂ ᠡᠯ᠎ᠡ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠠᠢ ︽ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ | ᠲᠣᠭᠲᠠᠭᠠᠬᠤ ᠶᠢᠨ ᠬᠠᠮᠲᠤ᠂ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠲᠠᠢ ︽ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠬᠡᠯᠡᠯᠴᠡᠭᠡᠷ︾ | ᠲᠣᠭᠲᠠᠵᠤ᠂ ︽ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠭᠠᠷᠭᠠᠵᠤ᠂ ︽ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠬᠡᠯᠡᠯᠴᠡᠭᠡᠷ︾ ᠲᠤ | ᠪᠣᠳᠠᠲᠠᠢ ᠭᠦᠢᠴᠡᠳᠬᠡᠯ ᠲᠤᠭ᠎ᠠ ᠶᠢᠨ ᠬᠡᠮᠵᠢᠭᠳᠡᠯ᠂ ᠭᠡᠷ᠎ᠡ ᠪᠠᠨ ᠭᠦᠢᠴᠡᠳᠬᠡᠬᠦ ᠪᠠᠷᠢᠮᠵᠢᠶ᠎ᠠ᠂ ᠦᠢᠯᠡᠳᠪᠦᠷᠢᠯᠡᠯ ᠢᠶᠠᠨ | ᠳᠠᠬᠢᠨ ᠬᠢᠨᠠᠬᠤ ᠬᠤᠭᠤᠴᠠᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ᠂ ᠪᠤᠴᠠᠭᠠᠨ ᠭᠠᠷᠭᠠᠬᠤ ᠨᠥᠬᠦᠴᠡᠯ ᠪᠠ ᠭᠡᠷ᠎ᠡ | ᠵᠥᠷᠢᠴᠡᠭᠰᠡᠨ ᠬᠠᠷᠢᠭᠤᠴᠠᠯᠭ᠎ᠠ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ | ᠰᠢᠯᠵᠢᠭᠦᠯᠦᠨ ᠬᠤᠳᠠᠯᠳᠤᠬᠤ ᠭᠡᠷ᠎ᠡ ᠶᠢᠨ ᠳᠠᠭᠠᠯᠳᠤᠭᠤᠯᠤᠯ ᠵᠦᠢᠯ ᠵᠤᠷᠪᠤᠰ ᠲᠤ ︽ᠪᠠᠷᠢᠮᠵᠢᠶᠠᠲᠤ ᠭᠠᠵᠠᠷ | ᠬᠡᠷᠡᠭᠯᠡᠬᠦ ᠳᠤ ᠬᠠᠷᠢᠶᠠᠯᠠᠭᠳᠠᠪᠠᠯ᠂ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠰᠢᠯᠭᠠᠨ ᠬᠤᠷᠢᠶᠠᠵᠤ | ᠠᠪᠬᠤ ᠳᠤ ᠬᠢᠷᠢ ᠲᠡᠩᠴᠡᠭᠦ ᠠᠴᠠ ᠡᠮᠦᠨ᠎ᠡ ᠥᠯᠥ ᠬᠥᠳᠡᠯᠬᠦ ᠬᠥᠷᠥᠩᠭᠡ ᠶᠢᠨ ᠡᠷᠬᠡ ᠶᠢ ᠪᠦᠬᠦᠯᠢ ᠴᠣᠭᠴᠠ ᠪᠠᠷ | ᠪᠤᠶᠤ ᠬᠡᠰᠡᠭᠯᠡᠨ ᠰᠢᠯᠵᠢᠭᠦᠯᠦᠨ ᠥᠭᠴᠦ ᠪᠣᠯᠬᠤ ᠦᠭᠡᠢ︾ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ( ᠵᠢᠷᠭᠤᠭ᠎ᠠ ) ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ | 1 . ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ︽ᠬᠡᠨ ᠭᠤᠣᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ | ᠶᠣᠰᠣᠭᠠᠷ ᠬᠠᠷᠭᠤᠭᠤᠯᠤᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠥᠷᠨᠢᠭᠦᠯᠵᠦ᠂ ᠲᠥᠷᠥᠯ ᠵᠦᠢᠯ ᠤᠨ | ᠨᠢᠭᠡᠴᠡ ᠶᠢᠨ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ ᠶᠢ ᠵᠢᠯᠣᠭᠤᠳᠤᠨ᠎ᠠ᠃ | ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠡᠯ᠎ᠡ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ | ᠵᠥᠪᠯᠡᠯ ᠠᠴᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠬᠤᠭᠤᠴᠠᠭ᠎ᠠ ᠬᠢᠵᠠᠭᠠᠷᠯᠠᠨ ᠬᠠᠮᠲᠤᠷᠠᠨ ᠪᠠᠷᠢᠯᠭ᠎ᠠ ᠳᠠᠭᠤᠰᠬᠠᠭᠰᠠᠨ ᠢ ᠰᠢᠯᠭᠠᠨ ᠠᠪᠬᠤ ᠶᠢ ᠥᠷᠨᠢᠭᠦᠯᠬᠦ ᠬᠡᠷᠡᠭᠲᠡᠢ᠃ | ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠬᠦᠷᠪᠡᠯ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ ᠢ ᠬᠤᠪᠢᠷᠠᠭᠤᠯᠬᠤ ᠳᠠᠩᠰᠠᠯᠠᠯᠲᠠ ᠬᠢᠯᠭᠡᠨ᠎ᠡ︔ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ | ᠪᠠᠶᠢᠪᠠᠯ᠂ ᠲᠥᠷᠥᠯ ᠵᠦᠢᠯ ᠤᠨ ᠨᠢᠭᠡᠴᠡ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠤᠭᠰᠠᠨ ᠪᠠᠶᠢᠳᠠᠯ ᠢ ᠨᠢ | ᠦᠨᠳᠦᠰᠦᠯᠡᠨ᠂ ᠬᠠᠮᠢᠶ᠎ᠠ ᠪᠦᠬᠦᠢ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | 2 . ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠬᠢᠨᠠᠨ ᠬᠠᠮᠢᠶᠠᠷᠬᠤ᠃ ᠲᠥᠷᠥᠯ ᠵᠦᠢᠯ | ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠪᠣᠯᠵᠣᠨ ᠲᠣᠭᠲᠠᠭᠰᠠᠨ ᠬᠤᠭᠤᠴᠠᠭᠠᠨ ᠳᠣᠲᠣᠷ᠎ᠠ ᠨᠡᠭᠡᠭᠡᠯᠲᠡ ᠶᠢᠨ | ᠣᠷᠣᠨ ᠤ ᠬᠠᠮᠢᠶᠠᠷᠤᠯᠲᠠ ᠶᠢᠨ ᠵᠥᠪᠯᠡᠯ ᠠᠴᠠ ᠲᠥᠷᠥᠯ ᠵᠦᠢᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ | ᠭᠡᠷ᠎ᠡ ᠶᠢ ᠦᠨᠳᠦᠰᠦᠯᠡᠨ ᠲᠦᠷᠦᠭᠦᠯᠡᠨ ᠠᠰᠢᠭᠯᠠᠯᠲᠠ ᠳᠤ ᠣᠷᠣᠭᠤᠯᠵᠤ ᠳᠠᠬᠢᠨ ᠬᠢᠨᠠᠬᠤ ᠶᠢ ᠵᠣᠬᠢᠶᠠᠨ ᠪᠠᠶᠢᠭᠤᠯᠬᠤ | ᠬᠡᠷᠡᠭᠲᠡᠢ᠃ ᠳᠠᠬᠢᠨ ᠬᠢᠨᠠᠭᠤᠯᠬᠤ ᠳᠤ ᠪᠠᠲᠤᠯᠠᠭᠳᠠᠭᠰᠠᠨ ᠦᠭᠡᠢ ᠪᠣᠯ᠂ ᠲᠥᠷᠥᠯ ᠵᠦᠢᠯ ᠤᠨ ᠨᠢᠭᠡᠴᠡ ᠶᠢ ᠰᠢᠮᠳᠠᠭᠤᠯᠵᠤ | ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠬᠦ ( ᠴᠡᠭᠴᠡᠯᠡᠨ ᠥᠭᠡᠷᠡᠴᠢᠯᠡᠬᠦ ᠬᠤᠭᠤᠴᠠᠭ᠎ᠠ ᠶᠢ | ᠬᠠᠮᠤᠭ ᠤᠨ ᠤᠷᠲᠤ ᠳᠠᠭᠠᠨ ᠨᠢᠭᠡ ᠵᠢᠯ ᠠᠴᠠ ᠬᠡᠲᠦᠷᠡᠭᠦᠯᠬᠦ ᠦᠭᠡᠢ ) ᠶᠢᠨ ᠬᠠᠮᠲᠤ ᠦᠢᠯᠡᠳᠪᠦᠷᠢᠯᠡᠬᠦ ᠶᠢ ᠳᠠᠬᠢᠨ | ᠬᠢᠨᠠᠭᠰᠠᠨ ᠪᠠᠶᠢᠳᠠᠯ ᠢ ᠨᠢ ᠦᠨᠳᠦᠰᠦᠯᠡᠨ᠂ ᠬᠠᠮᠢᠶ᠎ᠠ ᠪᠦᠬᠦᠢ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢᠯ ᠨᠢ ᠦᠢᠯᠡᠳᠪᠦᠷᠢᠯᠡᠬᠦ ᠶᠢ ᠳᠠᠬᠢᠨ ᠬᠢᠨᠠᠬᠤ ᠳᠤ ᠵᠣᠬᠢᠬᠤ ᠵᠢᠯ | ᠬᠤᠭᠤᠴᠠᠭ᠎ᠠ ᠪᠣᠯᠤᠭᠰᠠᠨ ᠤ ᠳᠠᠷᠠᠭ᠎ᠠ᠂ ᠡᠯ᠎ᠡ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ | ᠦᠢᠯᠡᠳᠪᠦᠷᠢᠯᠡᠬᠦ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ | ᠲᠦᠷᠦᠭᠦᠯᠡᠨ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠦᠷᠭᠦᠯᠵᠢᠯᠡᠨ ᠮᠥᠷᠳᠡᠵᠦ᠂ | ᠡᠬᠢ ᠪᠠᠶᠠᠯᠢᠭ ᠢ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ( ᠨᠢᠭᠡ ) ᠰᠠᠭᠤᠷᠢ ᠠᠵᠢᠯ ᠢ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ ᠣᠷᠣᠨ ᠪᠦᠰᠡ ᠶᠢᠨ | ᠦᠨᠡᠯᠡᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠦᠷᠭᠦᠯᠵᠢᠯᠡᠨ ᠠᠬᠢᠭᠤᠯᠵᠤ᠂ ᠡᠵᠡᠮᠰᠢᠯ ᠤᠨ ᠴᠢᠨᠠᠷᠲᠠᠢ | ᠭᠦᠢᠴᠡᠳᠬᠡᠯ ᠲᠣᠭᠠᠨ ᠤ ᠰᠢᠰᠲ᠋ᠧᠮ ᠪᠠ ᠦᠢᠯᠡᠳᠪᠦᠷᠢᠯᠡᠯ ᠤᠨ ᠪᠠᠷᠢᠮᠵᠢᠶᠠᠨ ᠳᠤ ᠬᠦᠷᠦᠭᠰᠡᠨ ᠢ ᠰᠢᠯᠭᠠᠨ ᠬᠤᠷᠢᠶᠠᠬᠤ | ᠠᠷᠭ᠎ᠠ ᠶᠢ ᠴᠠᠭ ᠲᠤᠬᠠᠢ ᠳᠤᠨᠢ ᠲᠣᠭᠲᠠᠭᠠᠵᠤ᠂ ᠡᠯ᠎ᠡ ᠨᠡᠭᠡᠭᠡᠯᠲᠡ ᠶᠢᠨ ᠣᠷᠣᠨ ᠤ ᠭᠤᠣᠯᠯᠠᠬᠤ ᠠᠵᠤ ᠦᠢᠯᠡᠰ ᠤᠨ | ᠬᠡᠯᠪᠡᠷᠢ ᠲᠠᠢ ᠤᠶᠠᠯᠳᠤᠭᠤᠯᠤᠨ ︽3 + X︾ ᠭᠦᠢᠴᠡᠳᠬᠡᠯ ᠲᠣᠭᠠᠨ ᠤ ᠰᠢᠰᠲ᠋ᠧᠮ ᠢ ᠪᠠᠶᠢᠭᠤᠯᠤᠭᠰᠠᠨ ᠤ ᠳᠠᠷᠠᠭ᠎ᠠ | ᠴᠠᠭ ᠲᠤᠬᠠᠢ ᠳᠤᠨᠢ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠮᠡᠳᠡᠭᠦᠯᠦᠨ | ᠳᠠᠩᠰᠠᠯᠠᠭᠤᠯᠤᠨ᠎ᠠ᠃ 2022 ᠣᠨ ᠤ 11 ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠶᠢᠮᠠᠭ ᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠠᠴᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠡᠳᠡᠭᠦᠯᠦᠨ ᠬᠦᠷᠭᠡᠭᠰᠡᠨ | ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ︽ᠪᠠᠷᠢᠮᠵᠢᠶᠠᠲᠤ ᠭᠠᠵᠠᠷ︾ ᠤᠨ | ᠥᠭᠡᠷᠡᠴᠢᠯᠡᠯᠲᠡ ᠶᠢᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ | ( ᠬᠤᠶᠠᠷ ) ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠢ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ | ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ᠂ ᠤᠳᠤᠷᠢᠳᠤᠯᠭ᠎ᠠ ᠬᠠᠷᠢᠭᠤᠴᠠᠬᠤ᠂ ᠲᠤᠰᠬᠠᠢ ᠠᠩᠭᠢ ᠲᠠᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠣᠬᠢᠴᠠᠩᠭᠤᠢ ᠠᠵᠢᠯ ᠤᠨ ᠲᠣᠭᠲᠠᠴᠠ ᠶᠢ ᠪᠠᠶᠢᠭᠤᠯᠵᠤ᠂ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ᠂ ︽ᠪᠠᠷᠢᠮᠵᠢᠶᠠᠲᠤ ᠭᠠᠵᠠᠷ︾ ᠤᠨ ᠬᠢᠮᠳᠠ ᠦᠨ᠎ᠡ ᠪᠠᠷ ᠬᠤᠳᠠᠯᠳᠤᠬᠤ | ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ | ᠠᠵᠢᠯ ᠢ ᠠᠬᠢᠭᠤᠯᠤᠭᠰᠠᠨ ᠪᠠᠶᠢᠳᠠᠯ ᠢ ᠡᠯ᠎ᠡ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ | ᠰᠢᠰᠲ᠋ᠧᠮᠵᠢ ᠳᠤ ᠣᠷᠣᠭᠤᠯᠵᠤ᠂ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ | ( ᠭᠤᠷᠪᠠ ) ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠨᠡᠭᠡᠭᠡᠯᠲᠡ ᠶᠢᠨ ᠣᠷᠣᠨ ᠤ ︽ᠪᠠᠷᠢᠮᠵᠢᠶᠠᠲᠤ ᠭᠠᠵᠠᠷ︾ ᠢ | ᠰᠢᠯᠵᠢᠭᠦᠯᠦᠨ ᠥᠭᠬᠦ ᠠᠵᠢᠯ ᠢ ᠨᠢᠭᠡᠳᠦᠯᠲᠡᠢ ᠲᠥᠯᠥᠪᠯᠡᠨ ᠤᠳᠤᠷᠢᠳᠴᠤ᠂ ᠨᠡᠭᠡᠭᠡᠯᠲᠡ ᠶᠢᠨ ᠣᠷᠣᠨ ᠤ ︽ | ᠪᠠᠷᠢᠮᠵᠢᠶᠠᠲᠤ ᠭᠠᠵᠠᠷ︾ ᠲᠤ ᠭᠠᠵᠠᠷ ᠰᠢᠷᠣᠢ ᠬᠠᠩᠭᠠᠬᠤ ᠲᠥᠰᠥᠯ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ | ᠬᠠᠷᠭᠤᠭᠤᠯᠵᠤ ᠵᠥᠪᠰᠢᠶᠡᠷᠡᠬᠦ ᠬᠡᠷᠡᠭᠲᠡᠢ᠃ | ᠡᠯ᠎ᠡ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠬᠡᠷᠡᠭᠯᠡᠵᠦ ᠪᠠᠶᠢᠭ᠎ᠠ ᠨᠢᠬᠡᠴᠡ ᠯᠦᠭᠡ ︽ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠵᠥᠪᠯᠡᠯᠴᠡᠭᠡᠷ︾ ᠲᠣᠭᠲᠠᠬᠤ | ᠶᠢ ᠬᠠᠷᠢᠭᠤᠴᠠᠵᠤ᠂ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠬᠠᠮᠲᠤᠷᠠᠨ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠬᠤᠯᠪᠤᠭᠠᠯᠠᠨ ᠦᠢᠯᠡᠳᠪᠦᠷᠢᠯᠡᠯ ᠳᠤ ᠬᠦᠷᠦᠭᠦᠯᠬᠦ ᠶᠢ ᠰᠢᠯᠭᠠᠨ ᠬᠤᠷᠢᠶᠠᠵᠤ ᠦᠨᠡᠯᠡᠨ ᠵᠢᠱᠢᠬᠦ | ᠠᠵᠢᠯ ᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠡᠭᠦᠨ ᠳᠤ᠄ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠤᠳ ᠲᠥᠷᠥᠯ ᠵᠦᠢᠯ ᠤᠨ ᠠᠵᠤ ᠦᠢᠯᠡᠰ ᠲᠤ ᠵᠥᠪᠰᠢᠶᠡᠷᠡᠨ ᠣᠷᠣᠭᠤᠯᠬᠤ ᠨᠥᠬᠦᠴᠡᠯ ᠪᠠ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠨᠢᠭᠡᠴᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠬᠡᠪ ᠳᠠᠭᠤᠷᠢᠶᠠᠯ ᠵᠡᠷᠭᠡ ᠪᠠᠷᠢᠮᠵᠢᠶ᠎ᠠ ᠶᠢ ᠪᠠᠶᠢᠷᠢᠯᠠᠭᠤᠯᠬᠤ᠂ ᠲᠣᠬᠢᠷᠠᠭᠤᠯᠬᠤ ᠪᠠ ᠬᠢᠨᠠᠨ ᠬᠠᠷᠭᠤᠭᠤᠯᠬᠤ ᠶᠢ | ᠬᠠᠷᠢᠭᠤᠴᠠᠨ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ︔ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠨᠢ ᠲᠥᠷᠥᠯ ᠵᠦᠢᠯ ᠤᠨ ᠪᠠᠭᠲᠠᠭᠠᠮᠵᠢ ᠶᠢᠨ ᠨᠣᠷᠮ᠎ᠠ᠂ ᠪᠠᠷᠢᠯᠭ᠎ᠠ ᠶᠢᠨ ᠢᠯᠡᠳᠬᠡᠮᠵᠢ ᠶᠢᠨ ᠨᠣᠷᠮ᠎ᠠ᠂ | ᠨᠣᠭᠤᠭᠠᠨ ᠬᠥᠷᠥᠰᠥ ᠶᠢᠨ ᠨᠣᠷᠮ᠎ᠠ᠂ ᠵᠠᠰᠠᠭ ᠵᠠᠬᠢᠷᠭᠠᠨ ᠤ ᠠᠯᠪᠠᠯᠠᠬᠤ ᠵᠢᠴᠢ ᠠᠮᠢᠳᠤᠷᠠᠯ ᠤᠨ ᠦᠢᠯᠡᠴᠢᠯᠡᠭᠡᠨ ᠤ | ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠵᠡᠷᠭᠡ ᠪᠠᠷᠢᠮᠵᠢᠶ᠎ᠠ ᠶᠢ ᠪᠠᠶᠢᠷᠢᠯᠠᠭᠤᠯᠬᠤ᠂ ᠲᠣᠬᠢᠷᠠᠭᠤᠯᠬᠤ ᠵᠢᠴᠢ ᠬᠢᠨᠠᠨ | ᠬᠠᠷᠭᠤᠭᠤᠯᠬᠤ ᠶᠢ ᠬᠠᠷᠢᠭᠤᠴᠠᠵᠤ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠦᠨᠳᠦᠰᠦᠯᠡᠨ ᠰᠢᠯᠵᠢᠭᠦᠯᠦᠨ | ᠬᠤᠳᠠᠯᠳᠤᠬᠤ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠤᠰᠢᠭᠤᠨ ᠤ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠵᠦ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠭᠤᠯᠤᠨ᠎ᠠ︔ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠲᠡᠮᠳᠡᠭᠯᠡᠯ ᠢ ᠦᠨᠳᠦᠰᠦᠯᠡᠨ᠂ | ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠵᠡᠷᠭᠡ ᠪᠠᠷᠢᠮᠵᠢᠶ᠎ᠠ ᠶᠢ ᠪᠠᠶᠢᠷᠢᠯᠠᠭᠤᠯᠬᠤ᠂ | ᠲᠣᠬᠢᠷᠠᠭᠤᠯᠬᠤ ᠵᠢᠴᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ︔ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠤᠨ ᠮᠦ ᠪᠦᠷᠢ ᠶᠢᠨ | ᠳᠤᠮᠳᠠᠴᠢ ᠦᠢᠯᠡᠳᠬᠦᠨ ᠤ ᠥᠷᠲᠡᠭ᠂ ᠰᠤᠳᠤᠯᠤᠨ ᠨᠡᠭᠡᠭᠡᠬᠦ ᠣᠷᠣᠭᠤᠯᠤᠯᠲᠠ᠂ ᠮᠡᠷᠭᠡᠵᠢᠯ ᠵᠡᠷᠭᠡ ᠪᠠᠷᠢᠮᠵᠢᠶ᠎ᠠ ᠶᠢ | ᠪᠠᠶᠢᠷᠢᠯᠠᠭᠤᠯᠬᠤ᠂ ᠲᠣᠬᠢᠷᠠᠭᠤᠯᠬᠤ ᠵᠢᠴᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠠᠮᠲᠤᠷᠠᠨ ᠬᠢᠨᠠᠨ | ᠬᠠᠮᠢᠶᠠᠷᠬᠤ ᠳᠤ ᠣᠷᠣᠯᠴᠠᠨ᠎ᠠ︔ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠲᠥᠷᠥᠯ | ᠵᠦᠢᠯ ᠤᠨ ᠨᠢᠭᠡᠴᠡ ᠶᠢᠨ ᠭᠠᠳᠠᠭᠰᠢᠯᠠᠭᠤᠯᠬᠤ ᠪᠠᠷᠢᠮᠵᠢᠶ᠎ᠠ ᠵᠡᠷᠭᠡ ᠭᠦᠢᠴᠡᠳᠬᠡᠯ ᠲᠤᠭ᠎ᠠ ᠶᠢ ᠲᠣᠬᠢᠷᠠᠭᠤᠯᠬᠤ ᠵᠢᠴᠢ | ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ︔ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠥᠷᠥᠯ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠨ ᠡᠵᠡᠮᠳᠡᠬᠦ ᠵᠡᠷᠭᠡ ᠪᠠᠷᠢᠮᠵᠢᠶ᠎ᠠ ᠶᠢ ᠪᠠᠶᠢᠷᠢᠯᠠᠭᠤᠯᠬᠤ᠂ ᠲᠣᠬᠢᠷᠠᠭᠤᠯᠬᠤ ᠵᠢᠴᠢ ᠬᠢᠨᠠᠨ ᠬᠠᠷᠭᠤᠭᠤᠯᠬᠤ ᠶᠢ | ᠬᠠᠷᠢᠭᠤᠴᠠᠵᠤ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ︔ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠲᠥᠷᠥᠯ ᠵᠦᠢᠯ ᠤᠨ ᠠᠵᠢᠯ ᠣᠯᠭᠤᠯᠲᠠ᠂ ᠴᠢᠳᠠᠪᠤᠷᠢᠲᠠᠨ | ᠵᠡᠷᠭᠡ ᠶᠢᠨ ᠪᠠᠷᠢᠮᠵᠢᠶ᠎ᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠵᠢᠴᠢ ᠬᠢᠨᠠᠨ ᠬᠠᠷᠭᠤᠭᠤᠯᠤᠯᠲᠠ ᠶᠢ | ᠬᠠᠷᠢᠭᠤᠴᠠᠵᠤ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ︔ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ | ᠠᠷᠭ᠎ᠠ ᠶᠢ ᠬᠠᠷᠢᠭᠤᠴᠠᠨ ᠲᠣᠭᠲᠠᠭᠠᠵᠤ᠂ ᠪᠠᠷᠢᠯᠭ᠎ᠠ ᠶᠢᠨ ᠠᠵᠢᠯ ᠳᠠᠭᠤᠰᠤᠭᠰᠠᠨ ᠢ ᠬᠠᠮᠲᠤᠷᠠᠨ ᠰᠢᠯᠭᠠᠨ ᠠᠪᠬᠤ | ᠵᠡᠷᠭᠡ ᠵᠦᠢᠯᠡᠰ ᠢ ᠵᠣᠬᠢᠶᠠᠨ ᠪᠠᠶᠢᠭᠤᠯᠵᠤ᠂ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠨ᠎ᠠ᠃ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ | ᠲᠣᠪᠴᠢᠶ᠎ᠠ ᠨᠢ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠪᠠᠶᠢᠷᠢᠯᠠᠭᠤᠯᠬᠤ᠂ ᠲᠣᠬᠢᠷᠠᠭᠤᠯᠬᠤ ᠵᠢᠴᠢ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ︵ᠳᠥᠷᠪᠡ︶ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃ᠤᠯᠤᠰ ᠤᠨ ᠢᠲᠡᠭᠡᠮᠵᠢ ᠲᠠᠢ | ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠢᠲᠡᠭᠡᠮᠵᠢ ᠲᠠᠢ ᠬᠥᠮᠥᠨ ᠠᠰᠢᠭ ᠬᠦᠷᠲᠡᠵᠦ᠂ ᠢᠲᠡᠭᠡᠮᠵᠢ | ᠠᠯᠳᠠᠭᠰᠠᠳ ᠢ ᠬᠢᠵᠠᠭᠠᠷᠯᠠᠬᠤ︾ ᠶᠢ ᠪᠠᠶᠢᠭᠤᠯᠤᠨ᠂ ᠡᠯ᠎ᠡ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ | ᠨᠢ ︽ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠵᠥᠪᠯᠡᠯᠴᠡᠭᠡᠷ︾ | ᠤᠨ ᠪᠣᠯᠵᠤᠭ᠎ᠠ ᠶᠢ ᠦᠨᠳᠦᠰᠦᠯᠡᠨ᠂ ᠬᠥᠳᠡᠯᠦᠩᠭᠦᠢ ᠪᠠᠷ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭ᠎ᠠ | ᠬᠡᠷᠡᠭᠵᠢᠭᠦᠯᠬᠦ ᠬᠡᠷᠡᠭᠲᠡᠢ᠃ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢᠨ ᠪᠠᠷᠢᠮᠵᠢᠶ᠎ᠠ ᠶᠢ ᠭᠦᠢᠴᠡᠳᠬᠡᠬᠦ ᠦᠭᠡᠢ᠂ | ᠬᠡᠯᠡᠯᠴᠡᠭᠡᠷ ᠲᠤ ᠪᠣᠯᠵᠣᠨ ᠲᠣᠭᠲᠠᠭᠰᠠᠨ ᠠᠴᠠ ᠵᠥᠷᠢᠴᠡᠭᠰᠡᠨ ᠭᠠᠵᠠᠷ ᠬᠡᠷᠡᠭᠯᠡᠬᠦ ᠠᠵᠤ ᠠᠬᠤᠶᠢᠯᠠᠯ ᠢ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠭᠡᠷ᠎ᠡ ᠠᠴᠠ ᠵᠥᠷᠢᠴᠡᠭᠰᠡᠨ ᠵᠣᠬᠢᠴᠠᠩᠭᠤᠢ ᠬᠠᠷᠢᠭᠤᠴᠠᠯᠭ᠎ᠠ ᠶᠢ | ᠨᠢ ᠨᠡᠬᠡᠮᠵᠢᠯᠡᠬᠦ ᠬᠡᠷᠡᠭᠲᠡᠢ᠃ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠳᠤ ᠮᠥᠨ ᠬᠦ ᠬᠡᠯᠡᠯᠴᠡᠭᠡᠷ ᠲᠤ | ᠪᠣᠯᠵᠣᠨ ᠲᠣᠭᠲᠠᠭᠰᠠᠨ ᠪᠠᠷᠢᠮᠵᠢᠶ᠎ᠠ ᠳᠤ ᠬᠦᠷᠬᠦ ᠦᠭᠡᠢ ᠲᠥᠷᠥᠯ ᠵᠦᠢᠯ ᠤᠨ ᠬᠡᠷᠡᠭᠯᠡᠬᠦ ᠭᠠᠵᠠᠷ ᠲᠤ ᠠᠵᠤ ᠠᠬᠤᠢ᠂ | ᠵᠠᠰᠠᠭ ᠵᠠᠬᠢᠷᠭᠠᠨ᠂ ᠢᠲᠡᠭᠡᠮᠵᠢ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠤᠴᠠᠭᠠᠨ | ᠬᠤᠷᠢᠶᠠᠬᠤ᠂ ᠡᠷᠭᠢᠯᠳᠦᠭᠦᠯᠬᠦ᠂ ᠰᠣᠯᠢᠬᠤ᠂ ᠬᠤᠳᠠᠯᠳᠤᠨ ᠠᠪᠴᠤ ᠨᠥᠭᠡᠴᠡᠯᠡᠬᠦ ᠵᠡᠷᠭᠡ ᠠᠷᠭ᠎ᠠ ᠮᠠᠶ᠋ᠢᠭ ᠢ ᠠᠪᠴᠤ᠂ | ᠬᠠᠤᠯᠢ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠬᠡᠷᠡᠭᠯᠡᠬᠦ ᠭᠠᠵᠠᠷ ᠠᠴᠠ ᠤᠬᠤᠷᠢᠨ ᠭᠠᠷᠬᠤ ᠶᠢ ᠬᠥᠲᠥᠯᠥᠨ | ᠵᠢᠯᠣᠭᠤᠳᠤᠨ᠎ᠠ᠃ | | | | |