ᠠᠶᠢᠮᠠᠭ᠂ ᠠᠯᠠᠱᠠ ᠵᠡᠭᠦᠨ ᠬᠤᠰᠢᠭᠤᠨ ᠤ ᠱᠠᠲᠤ ᠠᠯᠣᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ
ᠨᠡᠶᠢᠲᠡᠯᠡᠭᠰᠡᠨ ᠴᠠᠭ᠄
2023/1/3
   ᠥᠪᠡᠷᠲᠡᠭᠡᠨ ᠵᠠᠰᠠᠬᠤ ᠣᠷᠣᠨ᠂ ᠪᠦᠬᠦ ᠠᠶᠢᠮᠠᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ︽ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2022﹈ 5 ᠳ᠋ᠤᠭᠠᠷ ᠲᠣᠭᠠᠲᠤ︶ ᠂ ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 4 ᠳ᠋ᠣᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠣᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠬᠦᠯᠵᠦ᠂ ᠪᠣᠳᠠᠲᠤ ᠪᠠᠶᠢᠳᠠᠯ ᠲᠠᠢ ᠣᠶᠠᠯᠳᠣᠭᠤᠯᠵᠦ᠂ ᠠᠶᠢᠮᠠᠭ᠂ ᠠᠯᠠᠱᠠ ᠵᠡᠭᠦᠨ ᠬᠤᠰᠢᠭᠤᠨ ᠤ ᠱᠠᠲᠤ ᠠᠯᠣᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ ᠢ ᠳᠣᠭᠳᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠣᠷᠣᠨ᠂ ᠪᠥᠬᠦ ᠠᠶᠢᠮᠠᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠦᠢᠯᠡᠴᠢᠯᠡᠬᠡᠨ ᠤ ᠬᠠᠩᠭᠠᠯᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠶᠢ ᠳᠥᠭᠦᠮᠴᠢᠯᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠳᠤ ︽ᠨᠢᠭᠡ ᠯᠡ ᠴᠣᠩᠬᠤᠪᠴᠢ︾ ᠳᠤ ᠬᠦᠷᠦᠭᠦᠯᠦᠨ᠎ᠡ᠃    ︵ᠬᠤᠶᠠᠷ︶ ᠦᠨᠳᠦᠰᠦᠨ ᠵᠠᠷᠴᠢᠮ    ᠳᠦᠷᠢᠮᠵᠢᠭᠦᠯᠦᠨ ᠠᠷᠠᠳ ᠲᠤ ᠳᠥᠭᠦᠮ ᠦᠵᠡᠭᠦᠯᠬᠦ᠃ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠬᠢ ᠪᠠᠶᠠᠯᠢᠭ ᠭᠦᠨ ᠠᠭᠤᠰᠤᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ ᠶᠢ ᠠᠬᠢᠭᠤᠯᠵᠤ᠂ ᠠᠵᠤ ᠠᠬᠤᠶᠢᠯᠠᠯ ᠣᠯᠠᠨ ᠲᠦᠮᠡᠨ ᠤ ᠣᠶᠢᠯᠠᠭᠠᠯᠲᠠ ᠲᠥᠷᠥᠭᠳᠡᠯ ᠪᠠ ᠲᠥᠬᠦᠮ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠯᠠᠪᠳᠠᠭᠤᠨ ᠡᠮᠬᠢ ᠵᠢᠷᠤᠮ ᠲᠠᠢ᠃ ᠤᠷᠢᠳᠠᠪᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠬᠦ᠂ ᠣᠷᠣᠨ ᠬᠤᠪᠢᠶᠠᠨ ᠲᠥᠷᠥᠯ ᠬᠤᠪᠢᠶᠠᠬᠤ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠵᠦᠢᠯᠡᠰ ᠤᠨ ᠲᠤᠭ᠎ᠠ ᠬᠡᠮᠵᠢᠶ᠎ᠡ᠂ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠤᠳᠤᠯᠢᠶᠠᠨᠲᠤ ᠬᠡᠮᠵᠢᠶ᠎ᠡ᠂ ᠰᠢᠰᠲ᠋ᠧᠮ ᠤᠨ ᠲᠤᠭ᠎ᠠ ᠪᠠᠷᠢᠮᠲᠠ ᠶᠢ ᠬᠤᠯᠪᠣᠯᠳᠤᠭᠤᠯᠬᠤ ᠵᠡᠷᠭᠡ ᠲᠠᠯ᠎ᠠ ᠪᠠᠷ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃    ᠠᠷᠢᠭᠤᠨ ᠴᠢᠬᠡᠴᠢ ᠥᠨᠳᠥᠷ ᠪᠦᠲᠦᠮᠵᠢᠲᠡᠶ᠃ ᠬᠦᠯᠢᠶᠡᠨ ᠠᠪᠬᠤ ᠡᠷᠬᠡ ᠪᠠ ᠬᠢᠨᠠᠨ ᠬᠠᠷᠭᠤᠭᠤᠯᠬᠤ ᠬᠢᠨᠠᠨ ᠵᠥᠪᠰᠢᠶᠡᠷᠡᠬᠦ ᠡᠷᠬᠡ ᠶᠢᠨ ᠬᠠᠮᠵᠢᠯᠴᠠᠨ ᠬᠥᠳᠡᠯᠦᠯᠴᠡᠬᠦ᠂ ᠬᠠᠷᠢᠯᠴᠠᠨ ᠬᠢᠨᠠᠯᠲᠠ ᠲᠠᠯᠪᠢᠬᠤ᠂ ᠬᠠᠷᠢᠯᠴᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠨ᠂ ᠠᠶᠢᠮᠠᠭ᠂ ᠠᠯᠠᠱᠠ ᠵᠡᠭᠦᠨ ᠬᠤᠰᠢᠭᠤᠨ ᠤ ᠲᠤᠰᠬᠠᠢ ᠮᠡᠷᠭᠡᠵᠢᠯ ᠤᠨ ᠶᠡᠷᠦᠩᠬᠡᠶᠢᠯᠡᠭᠰᠡᠨ ᠴᠣᠩᠬᠤᠪᠴᠢ ᠶᠢᠨ ᠡᠩᠨᠡᠭᠡ ᠶᠢ ᠪᠠᠶᠢᠭᠤᠯᠵᠤ᠂ ᠵᠠᠰᠠᠭ ᠵᠠᠬᠢᠷᠭᠠᠨ ᠤ ᠡᠬᠢ ᠪᠠᠶᠠᠯᠢᠭ ᠢ ᠠᠷᠪᠢᠯᠠᠨ᠂ ᠴᠣᠩᠬᠤᠪᠴᠢ ᠶᠢᠨ ᠶᠠᠭᠠᠷᠠᠤ ᠰᠤᠯᠠ ᠲᠡᠭᠰᠢ ᠪᠤᠰᠤ ᠠᠰᠠᠭᠤᠳᠠᠯ ᠢ ᠰᠢᠢᠳᠪᠦᠷᠢᠯᠡᠵᠦ᠂ ᠠᠷᠢᠭᠤᠨ ᠴᠢᠬᠡᠴᠢ ᠥᠨᠳᠥᠷ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠤᠢ ᠪᠣᠯᠭᠠᠨ᠎ᠠ᠃    ︵ᠭᠤᠷᠪᠠ︶ ᠠᠵᠢᠯ ᠤᠨ ᠬᠠᠷᠠᠯᠲᠠ    ︽ᠬᠦᠯᠢᠶᠡᠨ ᠠᠪᠬᠤ ᠬᠢᠨᠠᠨ ᠵᠦᠪᠰᠢᠶᠡᠷᠡᠬᠦ ᠶᠢ ᠰᠠᠯᠭᠠᠬᠤ︾ ᠪᠠ ︽ᠡᠮᠦᠨ᠎ᠡ ᠲᠠᠪᠴᠠᠩ ᠳᠤ ᠶᠡᠷᠦᠩᠬᠡᠶᠢᠯᠡᠨ ᠬᠦᠯᠢᠶᠡᠨ ᠠᠪᠴᠤ ᠰᠢᠢᠳᠪᠦᠷᠢᠯᠡᠬᠦ︾ ᠶᠣᠰᠣᠭᠠᠷ᠂ ᠲᠥᠪ ᠤᠨ ᠲᠤᠰᠬᠠᠶ ᠮᠡᠷᠭᠡᠵᠢᠯ ᠤᠨ ᠲᠤᠯᠭᠠᠭᠤᠷᠢ᠂ ᠠᠷᠤ ᠲᠠᠪᠴᠠᠩ ᠤᠨ ᠲᠥᠷᠥᠯ ᠬᠤᠪᠢᠶᠠᠭᠰᠠᠨ ᠬᠢᠨᠠᠨ ᠵᠥᠪᠰᠢᠶᠡᠷᠡᠯ᠂ ᠨᠢᠭᠡᠳᠦᠯᠲᠡᠶ ᠴᠣᠩᠬᠤᠪᠴᠢ ᠳᠤ ᠭᠠᠷᠭᠠᠬᠤ︾ ᠵᠠᠭᠪᠤᠷ  ᠢ ᠪᠣᠢ ᠪᠣᠯᠭᠠᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠬᠦᠨᠵᠡᠭᠡᠶᠢᠷᠡᠬᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠶᠢ ᠭᠡᠷᠡᠭᠵᠢᠬᠦᠯᠵᠦ᠂ ᠭᠤᠶᠤᠴᠢᠯᠠᠯ ᠤᠨ ᠮᠠᠲ᠋ᠧᠷᠢᠶᠠᠯ ᠤᠨ ᠪᠥᠬᠦ ᠶᠠᠪᠤᠴᠠ ᠶᠢ ᠡᠯᠧᠺᠲᠷᠣᠨᠵᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠦᠨ᠂ ᠠᠵᠢᠯ ᠮᠡᠷᠭᠡᠵᠢᠬᠦ᠂ ᠳᠦᠷᠢᠮᠵᠢᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠰᠠᠯᠠᠬᠤ ᠪᠦᠯᠬᠦᠮ᠂ ᠰᠠᠯᠠᠭ᠎ᠠ ᠮᠥᠴᠢᠷ ᠤᠨ ᠬᠤᠭᠤᠷᠣᠨᠳᠣᠬᠢ ᠰᠢᠰᠲ᠋ᠧᠮ ᠬᠡᠰᠡᠭ ᠢ ᠰᠠᠯᠭᠠᠬᠤ  ᠦᠢᠯᠡᠴᠢᠯᠡᠬᠡᠨ ᠤ ᠠᠷᠭ᠎ᠠ ᠮᠠᠶ᠋ᠢᠭ ᠢ ᠪᠣᠢ ᠪᠣᠯᠭᠠᠵᠦ᠂ ︽ᠰᠠᠯᠠᠭ᠎ᠠ ᠮᠥᠴᠢᠷ ᠢᠶᠠᠷ ᠴᠣᠩᠬᠤᠪᠴᠢ ᠪᠠᠶᠢᠭᠤᠯᠬᠤ︾ ᠠᠴᠠ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠬᠤᠪᠢᠷᠠᠯᠲᠠ ᠶᠢ ᠪᠣᠢ ᠪᠣᠯᠭᠠᠵᠦ᠂ 2022 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠢᠭᠤᠴᠠ ᠳᠤ ᠬᠤᠯᠪᠣᠭᠳᠠᠬᠤ ᠪᠤᠶᠤ ᠲᠠᠯᠠᠪᠤᠷ ᠭᠠᠵᠠᠷ ᠤᠨ ᠬᠢᠵᠠᠭᠠᠷᠯᠠᠯ ᠵᠡᠷᠭᠡ ᠣᠨᠴᠣᠭᠤᠢ ᠰᠢᠯᠲᠠᠭᠠᠨ ᠠᠴᠠ ᠭᠠᠳᠠᠨ᠎ᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ︽ᠨᠢᠭᠡ ᠴᠣᠩᠬᠤᠪᠴᠢ ᠮᠠᠶ᠋ᠢᠭ︾ ᠢᠶᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃    ᠬᠤᠶᠠᠷ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ    ︵ᠨᠢᠭᠡ︶ ᠪᠦᠬᠦ ᠲᠠᠯ᠎ᠠ ᠪᠠᠷ ᠪᠠᠶᠢᠴᠠᠭᠠᠨ ᠰᠤᠳᠤᠯᠵᠤ ᠪᠠᠶᠢᠳᠠᠯ ᠢ ᠣᠶᠢᠯᠠᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠣᠷᠣᠵᠤ ᠰᠠᠭᠤᠭᠰᠠᠨ ᠵᠦᠢᠯᠡᠰ ᠢ ᠬᠦᠢᠴᠡᠳᠭᠡᠭᠰᠡᠨ ᠪᠠᠶᠢᠳᠠᠯ ᠢ ᠦᠨᠳᠦᠰᠦᠯᠡᠨ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠣᠳᠣᠬᠢ ᠪᠠᠶᠢᠳᠠᠯ᠂ ᠢᠷᠡᠯᠲᠡ ᠶᠢᠨ ᠠᠷᠭ᠎ᠠ ᠵᠠᠮ᠂ ᠰᠢᠰᠲ᠋ᠧᠮ ᠤᠨ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠵᠢᠴᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠵᠣᠯᠭᠠᠯᠳᠤᠭᠰᠠᠨ ᠵᠡᠷᠭᠡ ᠪᠠᠶᠢᠳᠠᠯ ᠢ ᠲᠣᠳᠣᠷᠬᠠᠶ ᠣᠶᠢᠯᠠᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠤᠭᠰᠠᠨ ︵ ᠬᠦᠢᠴᠡᠳᠭᠡᠭᠰᠡᠨ︶ ᠪᠠᠶᠢᠳᠠᠯ ᠶᠣᠰᠣᠭᠠᠷ᠂ ᠰᠦᠯᠵᠢᠶ᠎ᠡ ᠪᠠᠷ ᠬᠦᠢᠴᠡᠳᠭᠡᠬᠦ ᠵᠦᠢᠯᠡᠰ᠂ ᠪᠥᠬᠦ ᠶᠠᠪᠤᠴᠠ ᠳᠤ ᠰᠦᠯᠵᠢᠶ᠎ᠡ ᠪᠠᠷ ᠬᠦᠢᠴᠡᠳᠭᠡᠬᠦ ᠵᠦᠢᠯᠡᠰ ᠵᠢᠴᠢ ᠰᠦᠯᠵᠢᠶ᠎ᠡ ᠪᠠᠷ  ᠬᠦᠢᠴᠳᠭᠡᠬᠦ ᠶᠢᠨ ᠠᠷᠭ᠎ᠠ ᠥᠬᠡᠶ ᠵᠦᠢᠯᠡᠰ ᠢ ᠵᠦᠢᠯ ᠳᠠᠷᠠᠭᠠᠯᠠᠨ ᠡᠮᠬᠢᠯᠡᠨ ᠳᠢᠭᠯᠡᠵᠦ ᠲᠣᠭᠲᠠᠭᠠᠬᠤ ᠶᠢᠨ ᠬᠠᠮᠲᠤ᠂ ᠥᠨᠳᠥᠷ ᠳᠠᠪᠲᠠᠮᠵᠢᠲᠤ ᠵᠦᠢᠯᠡᠰ ᠬᠢᠭᠡᠳ ᠳᠤᠤᠷ᠎ᠠ ᠳᠠᠪᠲᠠᠮᠵᠢᠲᠤ ᠵᠦᠢᠯᠡᠰ ᠢ ᠲᠣᠭᠲᠠᠭᠠᠵᠤ᠂ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢᠨ ᠵᠦᠢᠯᠡᠰ ᠤᠨ ᠨᠠᠷᠢᠨ ᠪᠠᠶᠢᠳᠠᠯ ᠢ ᠲᠣᠳᠣᠷᠬᠠᠶ ᠣᠶᠢᠯᠠᠭᠠᠬᠤ ᠬᠡᠷᠡᠭᠲᠡᠶ︔ ᠡᠯ᠎ᠡ ᠰᠠᠯᠠᠭ᠎ᠠ ᠮᠥᠴᠢᠷ ᠤᠨ ᠣᠷᠣᠵᠤ ᠰᠠᠭᠤᠭᠰᠠᠨ ᠬᠥᠮᠦᠨ ᠤ ᠲᠤᠭ᠎ᠠ᠂ ᠠᠵᠢᠯᠲᠠᠨ ᠤ ᠪᠦᠲᠦᠴᠡ ᠪᠠ ᠬᠦᠢᠴᠡᠳᠭᠡᠬᠦ ᠴᠢᠳᠠᠪᠤᠷᠢ ᠵᠡᠷᠭᠡ ᠪᠠᠶᠢᠳᠠᠯ ᠳᠤ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠪᠠᠶᠢᠴᠠᠭᠠᠨ ᠰᠤᠳᠤᠯᠤᠯᠲᠠ ᠬᠢᠵᠦ᠂ ᠦᠨᠡᠯᠡᠨ ᠵᠢᠱᠢᠬᠦ ᠪᠠᠷ ᠳᠡᠮᠵᠢᠨ᠂ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢᠨ ᠴᠠᠭ ᠤᠨ ᠬᠦᠰᠦᠨᠦᠭᠲᠦ ᠪᠠ ᠠᠷᠭ᠎ᠠ ᠮᠠᠶ᠋ᠢᠭ ᠢ ᠲᠣᠭᠲᠠᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ︶    ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ ᠪᠠᠷᠢᠮᠵᠢᠶ᠎ᠠ ᠶᠢ ᠡᠮᠬᠢᠯᠡᠬᠦ ᠬᠡᠷᠡᠭᠲᠡᠶ᠃ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠬᠦᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠬᠡᠷᠡᠭᠯᠡᠨ ᠬᠦᠯᠢᠶᠡᠨ ᠠᠪᠴᠤ ᠰᠢᠢᠳᠪᠦᠷᠢᠯᠡᠨ᠎ᠡ᠃ ᠡᠯ᠎ᠡ ᠰᠠᠯᠠᠭ᠎ᠠ ᠮᠥᠴᠢᠷ ᠤᠳ ᠭᠤᠤᠯᠴᠢᠯᠠᠨ ᠬᠠᠮᠢᠶᠠᠷᠬᠤ ᠠᠵᠢᠯ ᠲᠥᠷᠥᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠰᠠᠯᠭᠠᠨ ᠬᠤᠪᠢᠶᠠᠷᠢᠯᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠨᠡᠷᠡᠶᠢᠳᠦᠯ᠂ ᠺᠣᠳ᠋ᠯᠠᠯ᠂ ᠦᠨᠳᠦᠰᠦ ᠪᠠᠷᠢᠮᠲᠠ᠂ ᠲᠥᠷᠥᠯ ᠬᠡᠯᠪᠡᠷᠢ ᠵᠡᠷᠭᠡ ᠦᠨᠳᠦᠰᠦᠨ ᠬᠦᠴᠦᠨ ᠵᠦᠢᠯ ᠤᠳ ᠤᠨ ︽ᠳᠥᠷᠪᠡᠨ ᠱᠠᠲᠤ ᠳᠥᠷᠪᠡᠨ ᠠᠳᠠᠯᠢ︾ ᠪᠠᠶᠢᠬᠤ ᠶᠢ ᠠᠬᠢᠭᠤᠯᠤᠨ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠶᠢᠮᠠᠭ ᠤᠨ ᠳᠣᠲᠣᠭᠠᠳᠤ ᠳᠤ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠦᠢᠯᠡᠴᠢᠯᠡᠬᠦ ᠡᠲᠡᠭᠡᠳ᠂  ᠬᠦᠢᠴᠡᠳᠭᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠦᠢᠴᠡᠳᠭᠡᠬᠦ ᠴᠠᠭ ᠤᠨ ᠬᠢᠵᠠᠭᠠᠷ ᠵᠡᠷᠭᠡ ᠬᠦᠴᠦᠨ ᠵᠦᠢᠯ ᠤᠨ ᠨᠢᠭᠡᠳᠦᠯ ᠢ ᠪᠡᠶᠡᠯᠡᠭᠦᠯᠦᠨ᠎ᠡ᠃ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠶᠣᠰᠣᠭᠠᠷ ᠠᠵᠢᠯ ᠶᠠᠪᠤᠳᠠᠯ ᠬᠦᠢᠴᠡᠳᠭᠡᠬᠦ ᠵᠢᠯᠣᠭᠤᠳᠣᠮᠵᠢ ᠶᠢᠨ ᠬᠡᠪ ᠵᠠᠭᠪᠤᠷ ᠢ ᠨᠢᠭᠡᠳᠦᠯᠲᠡᠶ ᠪᠣᠯᠭᠠᠵᠤ᠂ ᠬᠦᠢᠴᠡᠳᠭᠡᠬᠦ ᠴᠤᠪᠤᠷᠠᠯ᠂ ᠬᠢᠨᠠᠨ ᠪᠠᠶᠢᠴᠠᠭᠠᠬᠤ ᠭᠤᠤᠯᠳᠠᠯᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠨ᠂ ᠵᠢᠷᠤᠭ ᠬᠦᠰᠦᠨᠦᠭᠲᠦ ᠪᠠ ᠥᠰᠥᠭ ᠪᠢᠴᠢᠭ ᠢᠶᠠᠷ ᠮᠠᠲ᠋ᠧᠷᠢᠶᠠᠯ ᠤᠨ ᠵᠢᠱᠢᠶ᠎ᠡ ᠳᠤ ᠬᠢᠨᠠᠨ ᠪᠠᠶᠢᠴᠠᠭᠠᠬᠤ ᠠᠷᠭ᠎ᠠ ᠵᠢᠴᠢ ᠲᠠᠰᠤᠯᠤᠯᠲᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠬᠢᠨᠠᠨ ᠪᠠᠶᠢᠴᠠᠭᠠᠬᠤ ᠭᠤᠤᠯᠳᠠᠯᠭ᠎ᠠ ᠶᠢ ᠦᠵᠡᠭᠳᠡᠮᠡᠯ ᠪᠣᠯᠭᠠᠬᠤ᠂ ᠠᠵᠢᠯᠯᠠᠭᠤᠯᠬᠤ ᠳᠤ ᠬᠢᠯᠪᠠᠷ ᠪᠣᠯᠭᠠᠬᠤ ᠶᠢ ᠪᠡᠶᠡᠯᠡᠭᠦᠯᠦᠨ᠂ ᠪᠠᠯᠠᠷᠬᠠᠶ ᠥᠭᠦᠯᠡᠯᠲᠡ ᠪᠤᠶᠤ ᠪᠠᠲᠤᠯᠠᠨ ᠳᠠᠭᠠᠭᠠᠬᠤ ᠵᠦᠢᠯ ᠵᠤᠷᠪᠤᠰ ᠢ ᠬᠡᠷᠡᠭᠯᠡᠬᠦ ᠥᠬᠡᠶ ᠪᠠᠶᠢᠬᠤ ᠶᠢᠨ ᠬᠠᠮᠲᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠳᠡᠭᠡᠷ᠎ᠡ ᠲᠣᠬᠢᠷᠠᠭᠤᠯᠤᠯᠲᠠ ᠬᠢᠬᠦ ᠶᠢ ᠪᠡᠶᠡᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠨᠢᠭᠡᠨᠲᠡ ᠨᠡᠶᠢᠲᠡᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠶᠢᠨ ᠵᠦᠢᠯᠡᠰ ᠲᠠᠬᠢ ᠪᠠᠶᠢᠩᠭᠤ ᠲᠣᠬᠢᠶᠠᠯᠳᠤᠬᠤ ᠠᠰᠠᠭᠤᠳᠠᠯ ᠢ ᠡᠮᠬᠢᠯᠡᠵᠦ᠂ ᠮᠠᠳᠠᠭ ᠲᠠᠢ ᠵᠦᠢᠯᠡᠰ ᠢ ᠬᠠᠷᠢᠭᠤᠯᠬᠤ ᠭᠠᠷ ᠳᠡᠪᠲᠡᠷ ᠨᠠᠶᠢᠷᠠᠭᠤᠯᠤᠨ ᠵᠣᠬᠢᠶᠠᠵᠤ᠂ ᠶᠡᠷᠦᠩᠬᠡᠶᠢᠯᠡᠭᠰᠡᠨ ᠴᠣᠩᠬᠤᠪᠴᠢ ᠳᠤ ᠮᠠᠳᠠᠭ ᠲᠠᠢ ᠵᠦᠢᠯᠡᠰ ᠢ ᠬᠠᠷᠢᠭᠤᠯᠬᠤ ᠳᠤ ᠲᠥᠬᠦᠮ ᠦᠵᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ︶    ︵ᠭᠤᠷᠪᠠ︶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ ᠶᠢ ᠨᠢᠭᠡᠳᠬᠡᠨ᠎ᠡ᠃ ᠡᠯ᠎ᠡ ᠰᠠᠯᠠᠭ᠎ᠠ ᠮᠥᠴᠢᠷ ᠤᠨ ᠦᠨᠡᠮᠯᠡᠯ ᠣᠯᠭᠤᠬᠤ ᠠᠵᠢᠯ ᠢ ᠨᠢᠭᠡᠳᠦᠯᠲᠡᠶ ᠡᠮᠬᠢᠯᠡᠵᠦ᠂ ᠤᠤᠯ ᠤᠨ ᠲᠥᠷᠥᠯ ᠬᠤᠪᠢᠶᠠᠨ ᠦᠨᠡᠮᠯᠡᠯ ᠣᠯᠭᠤᠭᠰᠠᠨ ᠴᠣᠩᠬᠤᠪᠴᠢ ᠶᠢ ᠲᠥᠪᠯᠡᠷᠡᠭᠦᠯᠦᠨ ᠨᠡᠶᠢᠯᠡᠭᠦᠯᠵᠦ᠂ ᠨᠢᠭᠡᠳᠦᠯᠲᠡᠶ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ ᠪᠣᠯᠭᠠᠨ ᠥᠭᠡᠷᠡᠴᠢᠯᠡᠬᠦ ᠬᠡᠷᠡᠭᠲᠡᠶ᠃ ᠪᠢᠴᠢᠭ ᠮᠠᠲ᠋ᠧᠷᠢᠶᠠᠯ ᠠᠪᠤᠭᠴᠢ ᠨᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠲᠤᠬᠠᠶᠢᠯᠠᠭᠰᠠᠨ ᠠᠵᠢᠯ ᠢᠶᠠᠨ ᠬᠦᠢᠴᠡᠳᠭᠡᠭᠰᠡᠨ ᠤ ᠳᠠᠷᠠᠭ᠎ᠠ᠂ ᠦᠨᠡᠮᠯᠡᠯ ᠠᠪᠬᠤ ᠴᠢᠬᠤᠯᠠᠲᠠᠶ ᠭᠤᠶᠤᠴᠢᠯᠠᠭᠴᠢ ᠨᠢ ᠬᠠᠮᠢᠶ᠎ᠠ ᠪᠥᠬᠦᠶ ᠮᠠᠲ᠋ᠧᠷᠢᠶᠠᠯ ︵ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠂ ᠭᠥᠯᠢᠶᠡᠨ ᠠᠪᠴᠤ  ᠰᠢᠢᠳᠪᠦᠷᠢᠯᠡᠭᠰᠡᠨ ᠬᠠᠷᠢᠭᠤ ᠪᠠᠷᠢᠮᠲᠠ ᠵᠡᠷᠭᠡ︶ ᠢᠶᠠᠨ ᠠᠪᠴᠤ᠂ ᠶᠡᠷᠦᠩᠬᠡᠶᠢᠯᠡᠭᠰᠡᠨ ᠦᠨᠡᠮᠯᠡᠯ ᠣᠯᠭᠤᠬᠤ ᠴᠣᠩᠬᠤᠪᠴᠢ ᠳᠤ ᠬᠦᠷᠴᠦ ᠬᠠᠮᠢᠶ᠎ᠠ ᠪᠥᠬᠦᠶ ᠭᠡᠷᠡᠴᠢ ᠦᠨᠡᠮᠯᠡᠯ ᠢᠶᠠᠨ ᠠᠪᠤᠨ᠎ᠠ᠃ ᠤᠤᠯ ᠤᠨ ᠡᠯ᠎ᠡ ᠰᠠᠯᠠᠭ᠎ᠠ ᠮᠥᠴᠢᠷ ᠤᠨ ᠦᠨᠡᠮᠯᠡᠯ ᠣᠯᠭᠤᠬᠤ ᠴᠣᠩᠬᠤᠪᠴᠢ ᠨᠢ ᠦᠨᠡᠮᠯᠡᠯ ᠣᠯᠭᠤᠬᠤ ᠦᠢᠯᠡᠴᠢᠯᠡᠭᠡ ᠶᠢ ᠳᠠᠭᠢᠵᠤ ᠬᠠᠩᠭᠠᠬᠤ ᠥᠬᠡᠶ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠣᠪᠴᠢᠶ᠎ᠠ︶    ︵ᠳᠥᠷᠪᠡ︶ ᠬᠦᠢᠴᠡᠳᠭᠡᠬᠦ ᠴᠤᠪᠤᠷᠠᠯ ᠢ ᠵᠢᠷᠣᠮᠵᠢᠭᠤᠯᠣᠨ᠎ᠠ᠃ ᠡᠯ᠎ᠡ ᠰᠠᠯᠠᠭ᠎ᠠ ᠮᠥᠴᠢᠷ ᠨᠢ ᠬᠦᠯᠢᠶᠡᠨ ᠠᠪᠤᠭᠰᠠᠨ ᠪᠢᠴᠢᠭ ᠮᠠᠲ᠋ᠧᠷᠢᠶᠠᠯ᠂ ᠨᠢᠭᠡᠯᠡ ᠤᠳᠠᠭ᠎ᠠ ᠳᠤ ᠮᠡᠳᠡᠭᠳᠡᠬᠦ ᠵᠡᠷᠭᠡ ᠡᠭᠦᠷᠭᠡ ᠬᠠᠷᠢᠭᠤᠴᠠᠯᠭ᠎ᠠ ᠪᠠᠨ ᠪᠢᠴᠢᠭ ᠢᠶᠠᠷ ᠶᠡᠷᠦᠩᠬᠡᠶᠢᠯᠡᠭᠰᠡᠨ ᠴᠣᠩᠬᠤᠪᠴᠢ ᠳᠤ ᠡᠷᠬᠡ ᠣᠯᠭᠤᠨ᠎ᠠ᠃ ᠶᠡᠷᠦᠩᠬᠡᠶᠢᠯᠡᠭᠰᠡᠨ ᠴᠣᠩᠬᠤᠪᠴᠢ ᠨᠢ ᠡᠷᠬᠡ ᠣᠯᠭᠤᠭᠰᠠᠨ ᠬᠡᠪᠴᠢᠶᠡᠨ ᠳᠣᠲᠣᠷ᠎ᠠ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠵᠦ᠂ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢ ᠬᠦᠢᠴᠡᠳᠭᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠭᠤᠶᠤᠴᠢᠯᠠᠯ ᠤᠨ  ᠮᠠᠲ᠋ᠧᠷᠢᠶᠠᠯ ᠤᠨ ᠮᠥᠨ ᠴᠢᠨᠠᠷ ᠤᠨ ᠠᠭᠤᠯᠭ᠎ᠠ ᠶᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠠᠮᠠᠯᠠᠯᠲᠠ ᠶᠢᠨ ᠴᠠᠭ ᠬᠤᠭᠤᠴᠠᠭ᠎ᠠ ᠶᠣᠰᠣᠭᠠᠷ ᠬᠢᠨᠠᠨ ᠵᠥᠪᠰᠢᠶᠡᠷᠡᠬᠦ ᠲᠣᠭᠲᠠᠭᠠᠯ ᠭᠠᠷᠭᠠᠵᠤ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠭᠠᠷᠭᠠᠬᠤ ᠶᠢᠨ ᠬᠠᠮᠲᠤ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠭᠰᠠᠨ ᠴᠤᠩᠬᠤᠪᠴᠢ ᠳᠤ ᠬᠠᠷᠢᠭᠤ ᠲᠤᠰᠬᠠᠬᠤ ᠬᠡᠷᠡᠭᠲᠡᠶ᠃ ᠬᠦᠯᠢᠶᠡᠨ ᠠᠪᠬᠤ ᠪᠠᠴᠢᠮ ᠪᠠᠶᠢᠳᠠᠯ ᠢ ᠦᠨᠳᠦᠰᠦᠯᠡᠨ᠂ ︽ᠤᠯᠠᠭᠠᠨ ᠰᠢᠷ᠎ᠠ ᠨᠣᠭᠤᠭᠠᠨ︾ ᠠᠯᠪᠠᠨ ᠪᠢᠴᠢᠭ ᠤᠨ ᠤᠭᠤᠲᠠ ᠶᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠮᠠᠲ᠋ᠧᠷᠢᠶᠠᠯ ᠢ ᠠᠪᠴᠤ᠂ ᠨᠢᠭᠡᠨᠲᠡ ᠭᠦᠢᠴᠡᠳ ᠡᠷᠬᠡ ᠣᠯᠭᠤᠭᠰᠠᠨ ᠪᠠᠶᠢᠪᠠᠯ ᠲᠡᠷᠡ ᠳᠠᠷᠤᠶ ᠳᠤᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ ᠨᠣᠭᠤᠭᠠᠨ ᠤᠭᠤᠲᠠ ᠪᠠᠷ ᠮᠠᠲ᠋ᠧᠷᠢᠶᠠᠯ ᠬᠤᠷᠢᠶᠠᠨ ᠠᠪᠴᠤ᠂ ᠳᠠᠩᠰᠠ ᠡᠪᠬᠡᠮᠡᠯ ᠳᠤ ᠴᠤᠭᠯᠠᠭᠤᠯᠬᠤ ᠳᠤ ᠬᠡᠷᠡᠭᠯᠡᠨ᠎ᠡ︔ ᠪᠠᠴᠢᠮ ᠰᠢᠢᠳᠪᠦᠷᠢᠯᠡᠬᠦ ᠴᠢᠬᠤᠯᠠᠲᠠᠶ ᠵᠦᠢᠯᠡᠰ ᠲᠤ᠂ ᠤᠯᠠᠭᠠᠨ ᠤᠭᠤᠲᠠ ᠪᠠᠷ ᠮᠠᠲ᠋ᠧᠷᠢᠶᠠᠯ ᠬᠤᠷᠢᠶᠠᠨ᠎ᠠ︔ ᠠᠮᠠᠯᠠᠭᠰᠠᠨ ᠵᠦᠢᠯᠡᠰ ᠲᠤ ᠰᠢᠷ᠎ᠠ ᠤᠭᠤᠲᠠ ᠪᠠᠷ ᠮᠠᠲ᠋ᠧᠷᠢᠶᠠᠯ ᠬᠤᠷᠢᠶᠠᠨ ᠠᠪᠴᠤ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠡᠯ᠎ᠡ ᠰᠠᠯᠠᠭ᠎ᠠ ᠮᠥᠴᠢᠷ︶    ︵ᠲᠠᠪᠤ︶ ᠪᠣᠯᠪᠠᠰᠤᠷᠠᠭᠤᠯᠬᠤ ᠪᠠ ᠡᠷᠬᠡ ᠣᠯᠭᠤᠨ᠎ᠠ᠃ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠤ ︽ᠨᠢᠭᠡ ᠳᠤ ᠨᠢᠭᠡ︾ ᠵᠢᠯᠣᠭᠤᠳᠤᠨ ᠪᠣᠯᠪᠠᠰᠤᠷᠠᠭᠤᠯᠬᠤ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ ᠢ ᠬᠠᠪᠰᠤᠷᠤᠨ ᠣᠶᠢᠯᠠᠭᠠᠬᠤ ᠬᠡᠷᠡᠭᠲᠡᠶ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠰᠠᠯᠠᠭ᠎ᠠ ᠮᠥᠴᠢᠷ ᠠᠴᠠ ᠡᠷᠬᠡ ᠣᠯᠭᠤᠨ᠎ᠠ᠃ ᠨᠠᠶᠢᠳᠠᠵᠤ ᠡᠷᠬᠡ ᠣᠯᠭᠤᠬᠤ᠂ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠳᠥᠭᠦᠮ ᠲᠦᠷᠭᠡᠨ ᠬᠦᠢᠴᠡᠳᠭᠡᠬᠦ ᠵᠦᠢᠯ ᠤᠨ ᠡᠷᠬᠡ ᠣᠯᠭᠤᠬᠤ ᠭᠦᠨᠴᠡ ᠶᠢ ᠨᠡᠮᠡᠭᠳᠡᠭᠦᠯᠦᠨ᠂ ᠭᠤᠶᠤᠴᠢᠯᠠᠬᠤ ᠪᠠ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠬᠤ ᠪᠠ ᠬᠦᠢᠴᠡᠳᠭᠡᠬᠦ ᠪᠥᠬᠦ ᠶᠠᠪᠤᠴᠠ ᠶᠢ ᠲᠤᠬᠠᠶ ᠶᠢᠨ ᠲᠠᠯᠠᠪᠠᠶ ᠳᠤ ᠪᠡᠶᠡᠯᠡᠭᠦᠯᠵᠦ᠂ ᠦᠢᠯᠡᠴᠢᠯᠡᠬᠡᠨ ᠤ ᠬᠦᠴᠦᠨ ᠴᠢᠳᠠᠪᠤᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠡᠯ᠎ᠡ ᠰᠠᠯᠠᠭ᠎ᠠ ᠮᠥᠴᠢᠷ︶    ︵ᠵᠢᠷᠭᠤᠭ᠎ᠠ︶ ᠴᠣᠩᠬᠤᠪᠴᠢ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ︽ᠬᠢᠨᠠᠨ ᠪᠠᠶᠢᠴᠠᠭᠠᠯᠲᠠ ᠶᠢ ᠰᠠᠯᠭᠠᠬᠤ︾ ᠵᠠᠷᠴᠢᠮ ᠶᠣᠰᠣᠭᠠᠷ᠂ ᠣᠳᠣ ᠶᠢᠨ ᠪᠠᠶᠢᠭ᠎ᠠ ᠠᠶᠢᠮᠠᠭ ᠤᠨ ᠱᠠᠲᠤᠨ ᠤ 36 ᠰᠠᠯᠠᠭ᠎ᠠ ᠮᠥᠴᠢᠷ᠂ ᠠᠯᠠᠱᠠ ᠵᠡᠭᠦᠨ ᠬᠤᠰᠢᠭᠤᠨ ᠤ 42 ᠰᠠᠯᠠᠭ᠎ᠠ ᠮᠥᠴᠢᠷ ᠤᠨ ᠲᠣᠬᠢᠷᠠᠭᠤᠯᠤᠭᠰᠠᠨ 169 ᠴᠣᠩᠬᠤᠪᠴᠢ ᠶᠢ 70 ᠪᠣᠯᠲᠠᠯ᠎ᠠ ᠪᠠᠭᠠᠰᠬᠠᠵᠤ᠂ 99 ᠴᠣᠩᠬᠤᠪᠴᠢ ᠶᠢ ᠴᠣᠮᠬᠠᠳᠬᠠᠵᠤ᠂ ᠪᠠᠭᠠᠰᠬᠠᠭᠰᠠᠨ ᠨᠣᠷᠮ᠎ᠠ ᠶᠢ 58 . 6 %  ᠳᠤ ᠬᠦᠷᠭᠡᠨ᠎ᠡ᠃ ᠠᠶᠢᠮᠠᠭ ᠤᠨ ᠱᠠᠲᠤᠨ ᠤ ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ 730 ᠵᠦᠢᠯ᠂ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ 529 ᠵᠦᠢᠯ᠂ ᠠᠯᠠᠱᠠ ᠵᠡᠭᠦᠨ ᠬᠤᠰᠢᠭᠤᠨ ᠤ ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ 872 ᠵᠦᠢᠯ᠂ ᠣᠯᠠᠨ ᠨᠡᠶᠢᠲᠡ ᠶᠢᠨ ᠦᠢᠯᠡᠴᠢᠯᠡᠬᠡᠨ ᠤ ᠵᠦᠢᠯᠡᠰ 603 ᠵᠦᠢᠯ ᠢ ᠦᠨᠳᠦᠰᠦᠯᠡᠨ᠂ ᠠᠭᠤᠰᠤᠯᠴᠠᠭᠰᠠᠨ ᠤ ᠳᠠᠷᠠᠭ᠎ᠠ ᠲᠠᠰ ᠳᠠᠪᠬᠤᠷᠭ᠎ᠠ ᠠᠯᠤᠰᠯᠠᠭᠰᠠᠨ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠵᠥᠷᠢᠶ᠎ᠡ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠬᠦᠯᠦᠨ᠎ᠡ᠃    1 . ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠬᠡᠨ ᠤ ᠲᠣᠭᠤᠷᠢᠭ᠄ 9 ᠴᠣᠩᠬᠤᠪᠴᠢ ᠲᠣᠬᠢᠷᠠᠭᠤᠯᠵᠤ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 109 ᠵᠦᠢᠯ ᠢ ᠪᠡᠶᠡᠯᠡᠭᠦᠯᠵᠦ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 100 ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ 209 ᠵᠦᠢᠯᠡᠰ ᠢ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠬᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶    2 . ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡᠨ ᠤ ᠲᠣᠭᠤᠷᠢᠭ᠄ 6 ᠴᠣᠩᠬᠤᠪᠴᠢ ᠲᠣᠬᠢᠷᠠᠭᠤᠯᠤᠨ᠎ᠠ᠂ ᠡᠭᠦᠨ ᠳᠤ᠄ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ︵ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠨ᠎ᠠ︶ ᠶᠢᠨ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ 2᠂ ︽ᠲᠠᠨ ᠳᠤ ᠬᠠᠪᠰᠤᠷᠤᠨ ᠬᠦᠢᠴᠡᠳᠭᠡᠬᠦ︾ ᠴᠣᠩᠬᠤᠪᠴᠢ 4 ᠪᠣᠶ᠃ ᠠᠶᠢᠮᠠᠭ᠂ ᠠᠯᠠᠱᠠ ᠵᠡᠭᠦᠨ ᠬᠤᠰᠢᠭᠤᠨ ᠤ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠵᠦ ᠳᠠᠩᠰᠠᠯᠠᠬᠤ᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠲᠥᠯᠥᠪᠵᠢᠭᠦᠯᠭᠡ ᠬᠢᠬᠦ ᠭᠠᠵᠠᠷ ᠰᠣᠩᠭᠤᠬᠤ ᠰᠠᠨᠠᠯ ᠤᠨ ᠪᠢᠴᠢᠭ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠣᠶ ᠰᠢᠭᠤᠶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠭᠠᠷᠳᠠᠮ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠶᠢ ᠬᠢᠨᠠᠨ ᠵᠥᠪᠰᠢᠶᠡᠷᠡᠬᠦ ᠭᠠᠷᠳᠠᠮ᠂ ᠤᠰᠤ ᠠᠪᠬᠤ ᠶᠢ ᠵᠥᠪᠰᠢᠶᠡᠷᠡᠬᠦ ᠭᠠᠷᠳᠠᠮ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠭᠠᠷᠳᠠᠮ᠂ ᠨᠤᠷᠠᠭᠠᠯᠲᠠ ᠶᠢᠨ ᠴᠢᠨᠠᠷᠲᠠᠶ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠵᠡᠷᠭᠡ 58 ᠵᠦᠢᠯᠡᠰ ᠢ ᠪᠡᠶᠡᠯᠡᠭᠦᠯᠵᠦ᠂ ᠠᠶᠢᠮᠠᠭ ᠤᠨ ᠱᠠᠲᠤᠨ ᠤ ︽ᠲᠠᠨ ᠳᠤ ᠬᠠᠪᠰᠤᠷᠤᠨ  ᠬᠦᠢᠴᠡᠳᠭᠡᠬᠦ︾ 22 ᠵᠦᠢᠯᠡᠰ ᠢ ᠠᠯᠠᠱᠠ ᠵᠡᠭᠦᠨ ᠬᠤᠰᠢᠭᠤᠨ ᠤ ︽ᠲᠠᠨ ᠳᠤ ᠬᠠᠪᠰᠤᠷᠤᠨ ᠬᠦᠢᠴᠡᠳᠭᠡᠭᠦ︾ 33 ᠵᠦᠢᠯᠡᠰ ᠢ ᠬᠦᠢᠴᠡᠳᠭᠡᠵᠦ᠂ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠶᠢᠨ ᠮᠡᠳᠡᠭᠦᠯᠦᠨ ᠤᠭᠰᠠᠷᠠᠬᠤ ᠵᠡᠷᠭᠡ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠵᠥᠷᠢᠶ᠎ᠡ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶    3 . ᠠᠷᠠᠳ ᠤᠨ ᠠᠮᠢᠳᠤᠷᠠᠯ ᠤᠨ ᠵᠦᠢᠯᠡᠰ ᠤᠨ ᠦᠢᠯᠡᠴᠢᠯᠡᠭᠡᠨ ᠤ ᠲᠣᠭᠤᠷᠢᠭ ᠲᠤ 23 ᠴᠣᠩᠬᠤᠪᠴᠢ ᠳᠣᠬᠢᠷᠠᠭᠤᠯᠣᠨ᠎ᠠ᠃ ︵1︶ ᠶᠡᠷᠦᠩᠬᠡᠶᠢᠯᠡᠭᠰᠡᠨ ᠴᠣᠩᠬᠤᠪᠴᠢ ︵ᠮᠤᠵᠢ ᠠᠯᠤᠰᠯᠠᠨ ᠨᠡᠶᠢᠳᠡᠮ ᠬᠦᠢᠴᠡᠳᠭᠡᠬᠦ᠂ ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠭᠡᠬᠦ ᠪᠠᠭᠲᠠᠨ᠎ᠠ︶ 17 ᠶᠢ ᠲᠣᠬᠢᠷᠠᠭᠤᠯᠵᠤ᠂ ᠠᠶᠢᠮᠠᠭ ᠤᠨ ᠱᠠᠲᠤᠨ ᠤ 32 ᠰᠠᠯᠠᠭ᠎ᠠ ᠮᠥᠴᠢᠷ ᠤᠨ 980 ᠵᠦᠢᠯᠡᠰ᠂ ᠠᠯᠠᠱᠠ ᠵᠡᠭᠦᠨ ᠬᠤᠰᠢᠭᠤᠨ ᠤ 30 ᠰᠠᠯᠠᠭ᠎ᠠ ᠮᠥᠴᠢᠷ ᠤᠨ 1178 ᠵᠦᠢᠯᠡᠰ ᠢ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠨ᠎ᠡ︔ ︵2︶ ︽ᠨᠢᠭᠡ ᠯᠡ ᠤᠳᠠᠭ᠎ᠠ ᠳᠤ ᠬᠦᠢᠴᠡᠳᠭᠡᠬᠦ︾ ᠴᠣᠩᠬᠤᠪᠴᠢ 2 ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ  ᠵᠦᠢᠯᠡᠰ ᠢ ᠨᠢᠭᠡᠳᠬᠡᠨ ᠬᠦᠢᠴᠡᠳᠭᠡᠬᠦ ᠶᠢ ᠠᠬᠢᠭᠤᠯᠤᠨ᠎ᠠ︔ ︵3︶ ᠨᠢᠭᠡᠳᠦᠯᠲᠡᠶ ᠭᠡᠷᠡᠴᠢ ᠭᠠᠷᠭᠠᠬᠤ ᠴᠣᠩᠬᠤᠪᠴᠢ 2 ᠭᠠᠷᠭᠠᠨ᠎ᠠ︔ ︵4︶ ᠤᠴᠢᠷ ᠶᠠᠪᠤᠳᠠᠯ ᠢ ᠰᠢᠢᠳᠪᠦᠷᠢᠯᠡᠵᠦ ᠳᠡᠶᠢᠯᠬᠦ ᠥᠬᠡᠶ ᠪᠣᠯ ᠲᠤᠰᠬᠠᠬᠤ ᠴᠣᠩᠬᠤᠪᠴᠢ 1 ︵ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠪᠠᠭᠲᠠᠭᠠᠨ᠎ᠠ︶ ᠭᠠᠷᠭᠠᠨ᠎ᠠ︔ ︵5︶ ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ ᠴᠣᠩᠬᠤᠪᠴᠢ 1 ᠶᠢ ᠪᠠᠶᠢᠭᠤᠯᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠣᠭᠤᠢ ᠬᠥᠮᠦᠰ ᠲᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ᠤᠯᠠᠷᠢᠯ ᠤᠨ ᠴᠢᠨᠠᠷᠲᠠᠶ᠂ ᠴᠠᠭ ᠬᠤᠭᠤᠴᠠᠭᠠᠲᠤ ᠴᠢᠨᠠᠷ ᠢᠶᠠᠷ ᠴᠢᠩᠭ᠎ᠠ ᠭᠦᠢᠴᠡᠳᠭᠡᠬᠦ ᠵᠦᠢᠯᠡᠰ ᠵᠢᠴᠢ ᠠᠵᠤ ᠠᠬᠤᠶᠢᠯᠠᠯ ᠣᠯᠠᠨ ᠲᠦᠮᠡᠨ ᠤ ᠮᠥᠷᠯᠡᠨ ᠨᠣᠮᠧᠷ ᠠᠪᠬᠤ ᠵᠡᠷᠭᠡ ᠣᠯᠠᠨ ᠵᠦᠢᠯᠡᠰ ᠲᠤ ᠴᠢᠭᠯᠡᠭᠦᠯᠦᠨ᠂ ᠦᠢᠯᠡᠴᠢᠯᠡᠬᠡᠨ ᠤ ᠲᠣᠭᠤᠷᠢᠭ ᠤᠨ ᠴᠣᠩᠬᠤᠪᠴᠢ ᠶᠢ ᠴᠢᠯᠥᠭᠡᠲᠡᠶ ᠨᠡᠭᠡᠭᠡᠬᠦ ᠲᠤᠭ᠎ᠠ ᠬᠡᠮᠵᠢᠶ᠎ᠡ ᠳᠤ ᠴᠠᠭ ᠲᠤᠨᠢ ᠵᠣᠬᠢᠴᠠᠭᠤᠯᠤᠨ ᠲᠣᠬᠢᠷᠠᠭᠤᠯᠤᠯᠲᠠ ᠬᠢᠨ᠎ᠠ᠃ ︵ᠲᠦᠷᠦᠭᠦᠯᠡᠨ ᠬᠢᠬᠦ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶    4 . ᠳᠣᠲᠣᠭᠠᠳᠤ ᠶᠢ ᠬᠠᠮᠠᠭᠠᠯᠠᠬᠤ ᠦᠢᠯᠡᠴᠢᠯᠡᠬᠡᠨ ᠤ ᠲᠣᠭᠤᠷᠢᠭ ᠢ ᠪᠠᠶᠢᠭᠤᠯᠤᠨ᠎ᠠ᠄ 8 ᠴᠣᠩᠬᠤᠪᠴᠢ ᠲᠣᠬᠢᠷᠠᠭᠤᠯᠵᠤ᠂ ᠠᠶᠢᠮᠠᠭ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ 322 ᠵᠦᠢᠯᠡᠰ ᠢ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠠᠶᠢᠮᠠᠭ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠳᠥᠭᠦᠮᠴᠢᠯᠡᠬᠦ ᠱᠠᠭᠠᠷᠳᠠᠯᠭ᠎ᠠ ᠶᠣᠰᠣᠭᠠᠷ᠂ ᠣᠷᠣᠨ ᠪᠦᠰᠡ ᠶᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶    5 . ᠭᠠᠶᠢᠯᠢ ᠶᠢᠨ ᠶᠠᠪᠤᠳᠠᠯ ᠤᠨ ᠦᠢᠯᠡᠴᠢᠯᠡᠬᠡᠨ ᠤ ᠲᠣᠭᠤᠷᠢᠭ ᠢ ᠬᠡᠪ ᠢᠶᠠᠷ ᠪᠠᠶᠢᠯᠭᠠᠨ᠎ᠠ᠄ ᠤᠤᠯ ᠤᠨ 14 ᠴᠣᠩᠬᠤᠪᠴᠢ ᠶᠢ ᠬᠡᠪ ᠢᠶᠠᠷ ᠪᠠᠶᠢᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ ᠣᠷᠣᠯᠠᠨ ᠪᠢᠴᠢᠬᠦ᠂ ᠪᠠᠷᠢᠮᠲᠠ ᠠᠪᠴᠤ ᠬᠡᠷᠡᠭᠯᠡᠬᠦ ᠵᠡᠷᠭᠡ 200 ᠵᠦᠢᠯᠡᠰ ᠤᠨ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠵᠥᠷᠢᠶ᠎ᠡ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ︶    6 . ᠣᠷᠤᠭ ᠳᠠᠩᠰᠠᠯᠠᠬᠤ ᠦᠢᠯᠡᠴᠢᠯᠡᠬᠡᠨ ᠤ ᠲᠣᠭᠤᠷᠢᠭ ᠢ ᠦᠯᠡᠳᠡᠭᠡᠨ᠎ᠡ᠄ ᠤᠤᠯ ᠤᠨ ᠪᠠᠶᠢᠭᠰᠠᠨ 2 ᠴᠣᠩᠬᠤᠪᠴᠢ ᠶᠢ ᠦᠯᠡᠳᠡᠭᠡᠵᠦ᠂ ᠣᠷᠤᠭ ᠳᠠᠩᠰᠠᠯᠠᠭᠤᠯᠬᠤ᠂ ᠣᠷᠤᠭ ᠰᠠᠯᠬᠤ ᠳᠠᠩᠰᠠᠯᠠᠭᠤᠯᠤᠯᠲᠠ ᠬᠢᠬᠦ᠂ ᠣᠷᠤᠭ ᠤᠨ ᠭᠡᠷᠡᠴᠢ ᠨᠥᠬᠦᠨ ᠬᠦᠢᠴᠡᠳᠭᠡᠬᠦ᠂ ᠣᠷᠤᠭ ᠰᠠᠯᠤᠭᠰᠠᠨ ᠭᠡᠷᠡᠴᠢ ᠨᠥᠬᠦᠨ ᠬᠦᠢᠴᠡᠳᠭᠡᠬᠦ ᠵᠡᠷᠭᠡ 4 ᠵᠦᠢᠯᠡᠰ ᠢ ᠵᠥᠷᠢᠶ᠎ᠡ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠠᠯᠠᠱᠠ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ︶    7 . ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠬᠡᠨ ᠤ ᠲᠣᠭᠤᠷᠢᠭ ᠢ ᠦᠯᠡᠳᠡᠭᠡᠨ᠎ᠡ᠄ ᠤᠤᠯ ᠤᠨ 8 ᠴᠣᠩᠬᠤᠪᠴᠢ ᠶᠢ ᠦᠯᠡᠳᠡᠭᠡᠵᠦ᠂ ᠤᠯᠤᠰ ᠤᠨ ᠳᠣᠲᠣᠭᠠᠳᠤ ᠶᠢᠨ ᠠᠯᠪᠠᠨ ᠭᠡᠷᠡᠴᠢᠯᠡᠭᠡ ᠶᠢᠨ ᠵᠦᠢᠯᠡᠰ ᠪᠠ ᠬᠡᠷᠡᠭ ᠶᠠᠪᠤᠳᠠᠯ ᠢ ᠬᠦᠢᠴᠡᠳᠭᠡᠬᠦ ᠵᠡᠷᠭᠡ 9 ᠵᠦᠢᠯᠡᠰ ᠢ ᠵᠥᠷᠢᠶ᠎ᠡ ᠥᠬᠡᠶ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ᠂ ᠠᠯᠠᠱᠠ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ︶    ︵ᠳᠣᠯᠤᠭ᠎ᠠ︶ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠯᠠᠭ᠎ᠠ ᠮᠥᠴᠢᠷ ᠤᠨ ᠠᠵᠢᠯᠲᠠᠨ ᠢ ᠬᠤᠪᠢᠶᠠᠷᠢᠯᠠᠨ ᠰᠢᠯᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠭᠤᠰᠣᠨ ᠣᠷᠣᠨ ᠲᠤᠭ᠎ᠠ ᠶᠢ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠲᠣᠬᠢᠷᠠᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠱᠠᠲᠤ ᠠᠯᠤᠰᠯᠠᠨ ᠨᠢᠭᠡᠳᠦᠯᠲᠡᠶ ᠬᠠᠮᠢᠶᠠᠷᠬᠤ᠂ ᠥᠨᠳᠥᠷ ᠪᠦᠲᠦᠮᠵᠢᠲᠡᠶ ᠠᠵᠢᠯᠯᠠᠬᠤ ᠶᠢ ᠪᠡᠶᠡᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠬᠠᠮᠢᠶᠠᠷᠤᠯᠲᠠ᠂ ᠵᠣᠬᠢᠴᠠᠭᠤᠯᠤᠨ ᠦᠢᠯᠡᠴᠢᠯᠡᠬᠦ᠂ ᠬᠦᠴᠦᠨ ᠴᠢᠳᠠᠪᠤᠷᠢ ᠶᠢ ᠰᠢᠮᠳᠠᠭᠤᠯᠤᠨ ᠪᠠᠶᠢᠴᠠᠭᠠᠬᠤ᠂ ᠠᠷᠤ ᠲᠠᠯ᠎ᠠ ᠶᠢᠨ ᠠᠵᠢᠯ ᠤᠨ ᠪᠠᠲᠤᠯᠠᠭ᠎ᠠ ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢ ᠡᠭᠦᠷᠭᠡᠯᠡᠨ᠎ᠡ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃    ᠲᠥᠰᠦᠭᠡᠯᠡᠨ ᠪᠤᠳᠤᠭᠰᠠᠨ ᠢᠶᠠᠷ᠂ ᠱᠠᠲᠤ ᠠᠯᠤᠰᠯᠠᠭᠰᠠᠨ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠪᠡᠶᠡᠯᠡᠭᠦᠯᠬᠦ ᠳᠤ ᠨᠡᠶᠢᠲᠡ 45 ᠬᠥᠮᠦᠨ ᠬᠡᠷᠡᠭᠰᠡᠨ᠎ᠡ᠂ ᠡᠭᠦᠨ ᠳᠤ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ 38 ᠬᠥᠮᠦᠨ᠂ ᠬᠥᠲᠥᠯᠥᠨ ᠵᠢᠯᠣᠭᠤᠳᠬᠤ ᠠᠵᠢᠯᠲᠠᠨ 7 ᠬᠥᠮᠦᠨ ᠪᠣᠶ᠃ ᠣᠳᠣᠬᠠᠨ ᠳᠤ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠲᠣ 9 ᠣᠷᠣᠨ ᠲᠤᠭ᠎ᠠ᠂ 3 ᠪᠣᠳᠠᠲᠠᠶ ᠬᠥᠮᠦᠨ᠂ 6 ᠬᠤᠭᠤᠰᠣᠨ ᠣᠷᠣᠨ ᠲᠤᠭ᠎ᠠ ︵3 ᠬᠥᠮᠦᠨ ᠢ ᠰᠢᠯᠭᠠᠨ ᠡᠯᠰᠡᠬᠦ ᠪᠠᠷ ᠪᠣᠶ︶᠂ 6 ᠬᠥᠮᠦᠨ ᠬᠥᠲᠥᠯᠥᠨ ᠵᠢᠯᠣᠭᠤᠳᠴᠤ ᠪᠣᠶ︔ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ 17 ᠣᠷᠣᠨ ᠲᠤᠭ᠎ᠠ ᠲᠠᠢ᠂ ᠪᠣᠳᠠᠲᠠᠶ 12 ᠬᠥᠮᠦᠨ᠂ 5 ᠬᠤᠭᠤᠰᠣᠨ ᠣᠷᠣᠨ ᠲᠤᠭ᠎ᠠ ᠲᠠᠢ ︵2 ᠬᠥᠮᠦᠨ ᠢ ᠰᠢᠯᠭᠠᠨ ᠡᠯᠰᠡᠬᠦ ᠪᠠᠷ ᠲᠥᠯᠥᠪᠯᠡᠵᠦ ᠪᠣᠶ︶᠂ 11 ᠬᠥᠮᠦᠨ ᠬᠥᠲᠥᠯᠥᠨ ᠵᠢᠯᠣᠭᠤᠳᠤᠨ᠎ᠠ᠃ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠳᠤ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠬᠤᠭᠤᠰᠣᠨ ᠣᠷᠣᠨ ᠲᠤᠭ᠎ᠠ 3 ᠬᠥᠮᠦᠨ ᠨᠥᠬᠦᠪᠥᠷᠢᠯᠡᠵᠦ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠬᠤᠭᠤᠰᠣᠨ ᠣᠷᠣᠨ ᠲᠤᠭ᠎ᠠ 3 ᠬᠥᠮᠦᠨ ᠨᠥᠬᠦᠪᠥᠷᠢᠯᠡᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠵᠢᠯ ᠳᠤ ᠳᠣᠭᠢᠷᠠᠬᠤ ᠥᠬᠡᠶ 2 ᠬᠥᠮᠦᠨ ᠳᠤ ᠲᠣᠬᠢᠷᠠᠭᠤᠯᠤᠯᠲᠠ ᠬᠢᠨ᠎ᠡ᠃ ᠨᠥᠬᠦᠪᠥᠷᠢᠯᠡᠭᠰᠡᠨ ᠰᠠᠭᠤᠷᠢᠨ ᠳᠡᠭᠡᠷ᠎ᠡ᠂ 28 ᠬᠥᠮᠦᠨ ᠬᠡᠷᠡᠭᠰᠡᠪᠡᠯ ᠰᠠᠶ᠋ᠢ ᠥᠭᠡᠷᠡᠴᠢᠯᠡᠯᠲᠡ ᠶᠢᠨ ᠬᠡᠷᠡᠭᠴᠡᠭᠡ ᠶᠢ ᠬᠠᠩᠭᠠᠵᠤ᠂ ᠠᠶᠢᠮᠠᠭ ᠤᠨ ᠱᠠᠲᠤᠨ ᠳᠤ 6 ᠬᠥᠮᠦᠨ ᠢ ᠬᠤᠪᠢᠶᠠᠷᠢᠯᠠᠨ ᠰᠢᠯᠵᠢᠭᠦᠯᠵᠦ᠂ ᠠᠯᠠᠱᠠ ᠵᠡᠭᠦᠨ ᠬᠤᠰᠢᠭᠤᠨ ᠳᠤ 22 ᠬᠥᠮᠦᠨ ᠢ ᠬᠤᠪᠢᠶᠠᠷᠢᠯᠠᠨ ᠰᠢᠯᠵᠢᠭᠦᠯᠦᠨ᠎ᠡ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠨᠠᠮ ᠤᠨ ᠬᠤᠷᠢᠶᠠᠨ ᠤ  ᠪᠠᠶᠢᠭᠤᠯᠣᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠬᠡᠷ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠵᠢᠴᠢ ᠠᠯᠠᠱᠠ ᠵᠡᠭᠦᠨ ᠬᠤᠰᠢᠭᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶    ︵ᠨᠠᠢᠮᠠ︶ ᠮᠡᠳᠡᠭᠳᠡᠬᠦ ᠠᠮᠠᠯᠠᠯᠲᠠ ᠪᠠ ᠳᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠬᠡᠨ ᠤ ᠵᠠᠭᠪᠤᠷ ᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠠᠴᠠ ᠭᠠᠳᠠᠨ᠎ᠠ᠂ ᠤᠯᠤᠰ ᠤᠨ ᠨᠢᠭᠤᠴᠠ᠂ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠰᠢᠭᠤᠳ ᠬᠤᠯᠪᠣᠭᠳᠠᠬᠤ᠂ ᠭᠠᠳᠠᠭᠠᠳᠤ ᠲᠠᠢ ᠬᠤᠯᠪᠣᠭᠳᠠᠬᠤ ᠵᠡᠷᠭᠡ ᠴᠢᠬᠤᠯᠠ ᠠᠶᠤᠯ ᠲᠦᠭᠰᠢᠭᠦᠷᠢ ᠨᠡᠯᠢᠶᠡᠳ ᠶᠡᠭᠡ ᠵᠦᠢᠯ ᠳᠤ᠂ ᠪᠤᠷᠤᠭᠤ ᠶᠢ ᠵᠠᠯᠠᠷᠠᠭᠤᠯᠬᠤ ᠥᠪᠡᠷ ᠤᠨ ᠥᠷᠲᠡᠭ ᠨᠡᠯᠢᠶᠡᠳ ᠥᠨᠳᠥᠷ᠂ ᠬᠤᠬᠢᠷᠠᠯ ᠢ ᠡᠭᠡᠭᠦᠯᠦᠨ ᠠᠪᠴᠢᠷᠠᠬᠤ ᠳᠤ ᠪᠡᠷᠬᠡᠲᠡᠶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ  ᠵᠦᠢᠯᠡᠰ ᠠᠴᠠ ᠭᠠᠳᠠᠨ᠎ᠠ᠂ ᠠᠵᠤ ᠠᠬᠤᠶᠢᠯᠠᠯ ᠳᠤ ᠬᠠᠮᠤᠭ ᠤᠨ ᠶᠡᠭᠡ ᠬᠡᠮᠵᠢᠶ᠎ᠡ ᠪᠠᠷ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠵᠠᠷᠴᠢᠮ ᠶᠣᠰᠣᠭᠠᠷ ᠮᠡᠳᠡᠭᠳᠡᠬᠦ ᠠᠮᠠᠯᠠᠯᠲᠠ ᠶᠢᠨ ᠠᠷᠭ᠎ᠠ ᠮᠠᠶ᠋ᠢᠭ ᠢ ᠠᠪᠴᠤ ᠪᠣᠯᠬᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠡᠮᠬᠢᠯᠡᠨ ᠳᠢᠭᠯᠡᠵᠦ᠂ ᠠᠮᠠᠯᠠᠯᠲᠠ ᠶᠢᠨ ᠪᠣᠳᠠᠲᠠᠶ ᠠᠭᠤᠯᠭ᠎ᠠ᠂ ᠱᠠᠭᠠᠷᠳᠠᠯᠭ᠎ᠠ᠂ ᠠᠮᠠᠯᠠᠯᠲᠠ ᠠᠴᠠ ᠪᠠᠨ ᠵᠥᠷᠢᠴᠡᠵᠦ ᠡᠭᠦᠷᠭᠡᠯᠡᠬᠦ ᠶᠣᠰᠣᠲᠠᠶ ᠬᠠᠤᠯᠢ ᠶᠢᠨ ᠬᠠᠷᠢᠭᠤᠴᠠᠯᠭ᠎ᠠ ᠶᠢ ᠳᠣᠳᠣᠷᠬᠠᠶᠢᠯᠠᠵᠦ᠂ ᠠᠵᠢᠯ ᠶᠠᠪᠤᠳᠠᠯ ᠬᠦᠢᠴᠡᠳᠭᠡᠬᠦ ᠠᠮᠠᠯᠠᠯᠲᠠ ᠶᠢᠨ ᠠᠷᠭ᠎ᠠ ᠮᠠᠶ᠋ᠢᠭ ᠪᠠ ᠠᠮᠠᠯᠠᠯᠲᠠ ᠶᠢᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠨᠠᠷᠢᠨ ᠲᠦᠷᠢᠮ ᠢ ᠨᠠᠷᠢᠯᠢᠭᠵᠢᠭᠤᠯᠣᠨ᠂ ᠨᠡᠶᠢᠭᠡᠮ ᠳᠤ ᠨᠡᠶᠢᠲᠡᠯᠡᠨ᠎ᠡ᠃    ︵ᠶᠢᠰᠦ︶ ︽ᠰᠢᠢᠳᠪᠦᠷᠢᠯᠡᠵᠦ ᠳᠡᠶᠢᠯᠬᠦ ᠥᠬᠡᠶ︾ ᠲᠤᠰᠬᠠᠯ ᠤᠨ ᠴᠣᠩᠬᠤᠪᠴᠢ ᠶᠢ ᠲᠡᠭᠦᠯᠳᠡᠷᠵᠢᠭᠦᠯᠦᠨ᠎ᠡ᠃ ︽ᠰᠢᠢᠳᠪᠦᠷᠢᠯᠡᠵᠦ ᠳᠡᠶᠢᠯᠬᠦ ᠥᠬᠡᠶ︾ ᠲᠤᠰᠬᠠᠯ ᠤᠨ ᠴᠣᠩᠬᠤᠪᠴᠢ ᠶᠢ ᠲᠡᠭᠦᠯᠳᠡᠷᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠶ ᠵᠦᠢᠯᠡᠰ ᠪᠠ ᠪᠤᠳᠤᠯᠢᠶᠠᠨᠲᠠᠶ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ︽ᠰᠢᠭᠤᠳ ᠨᠡᠪᠲᠡᠷᠡᠬᠦ ᠲᠡᠷᠭᠡ︾ ᠶᠢ ᠨᠡᠪᠲᠡᠷᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶    ︵ᠠᠷᠪᠠ︶ ᠴᠠᠭ ᠵᠥᠷᠢᠭᠦᠯᠦᠨ ᠪᠣᠯᠵᠣᠵᠤ ᠦᠢᠯᠡᠴᠢᠯᠡᠬᠦ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠯᠠᠵᠤ ᠠᠮᠠᠷᠠᠬᠤ ᠴᠠᠭ ᠲᠤ ᠲᠣᠬᠢᠷᠠᠭᠤᠯᠤᠯᠲᠠ ᠬᠢᠬᠦ ᠶᠢᠨ ᠬᠠᠮᠲᠤ᠂ ᠭᠠᠷᠠᠭ ᠤᠨ ᠵᠢᠷᠭᠤᠭᠠᠨ ᠤ ᠡᠳᠦᠷ ᠤᠷᠢᠳᠴᠢᠯᠠᠨ ᠪᠣᠯᠵᠣᠵᠤ ᠬᠦᠢᠴᠡᠳᠭᠡᠬᠦ ᠪᠠ ᠴᠠᠭ ᠤᠷᠲᠤᠳᠬᠠᠨ ᠦᠢᠯᠡᠴᠢᠯᠡᠭᠦ ᠶᠢ ᠬᠡᠷᠡᠭᠵᠢᠭᠦᠯᠦᠨ᠎ᠡ᠃ ᠦᠳᠡ ᠶᠢᠨ ᠡᠮᠦᠨ᠎ᠡ᠄ 08᠄ 30—11᠄ 30︔ ᠦᠳᠡ ᠶᠢᠨ ᠬᠤᠶᠢᠨ᠎ᠠ᠄ 14᠄ 30—17᠄ 30᠃ ︵ᠬᠠᠷᠢᠭᠤᠴᠠᠯᠭᠠᠲᠤ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ︶    ᠭᠤᠷᠪᠠ᠂ ᠠᠵᠢᠯᠯᠠᠭᠠᠨ ᠤ ᠲᠣᠭᠲᠠᠴᠠ    ᠨᠢᠭᠡ ᠴᠣᠩᠬᠤᠪᠴᠢ ᠪᠠᠷ ᠬᠦᠯᠢᠶᠡᠨ ᠠᠪᠬᠤ᠃ ᠪᠢᠴᠢᠭ ᠮᠠᠲ᠋ᠧᠷᠢᠶᠠᠯ ᠢ ᠬᠦᠯᠢᠶᠡᠨ ᠠᠪᠬᠤ ᠴᠣᠩᠬᠤᠪᠴᠢ ᠶᠢ ᠶᠡᠷᠦᠩᠬᠡᠶᠢᠯᠡᠨ᠂ ᠭᠤᠶᠤᠴᠢᠯᠠᠭᠴᠢ ᠶᠢᠨ ᠭᠤᠶᠤᠴᠢᠯᠠᠨ ᠭᠦᠢᠴᠡᠳᠬᠡᠬᠦ ᠵᠦᠢᠯᠡᠰ ᠲᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠨ᠎ᠡ᠃ ᠥᠨᠳᠥᠷ ᠳᠠᠪᠲᠠᠮᠵᠢᠲᠤ ᠵᠦᠢᠯᠡᠰ ᠤᠨ ᠡᠮᠦᠨ᠎ᠡ ᠲᠠᠪᠴᠠᠩ ᠳᠤ ᠵᠥᠪᠯᠡᠯᠭᠡ ᠥᠭᠬᠦ᠂ ᠮᠠᠲ᠋ᠧᠷᠢᠶᠠᠯ ᠭᠥᠯᠢᠶᠡᠨ ᠠᠪᠬᠤ᠂ ᠲᠥᠪ ᠲᠤ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠠᠷᠤ ᠲᠠᠪᠴᠠᠩ ᠳᠤ ᠬᠢᠨᠠᠨ ᠵᠥᠪᠰᠢᠶᠡᠷᠡᠬᠦ᠂ ᠬᠦᠢᠴᠡᠳᠭᠡᠬᠦ᠂ ᠬᠠᠷᠢᠭᠤ ᠲᠤᠰᠬᠠᠬᠤ ᠵᠡᠷᠭᠡ ᠠᠵᠢᠯ ᠢ ᠲᠥᠷᠥᠯ ᠬᠤᠪᠢᠶᠠᠨ ᠪᠡᠶᠡᠯᠡᠭᠦᠯᠦᠨ᠎ᠡ᠃ ᠳᠣᠣᠷ᠎ᠠ ᠳᠠᠪᠲᠠᠮᠵᠢᠲᠤ ᠵᠦᠢᠯᠡᠰ ᠤᠨ ᠡᠮᠦᠨ᠎ᠡ ᠲᠠᠪᠴᠠᠩ ᠳᠤ ᠯᠠᠪᠯᠠᠯᠭ᠎ᠠ ᠬᠢᠬᠦ᠂ ᠬᠦᠯᠢᠶᠡᠨ ᠠᠪᠬᠤ ᠪᠠ ᠡᠷᠭᠢᠯᠳᠦᠭᠦᠯᠬᠦ᠂ ᠠᠷᠤ ᠲᠠᠯ᠎ᠠ ᠳᠤᠨᠢ ᠬᠦᠯᠢᠶᠡᠨ ᠠᠪᠴᠤ ᠭᠦᠢᠴᠡᠳᠬᠡᠬᠦ᠂ ᠬᠢᠨᠠᠨ ᠵᠥᠪᠰᠢᠶᠡᠷᠡᠬᠦ᠂ ᠬᠠᠷᠢᠭᠤ ᠲᠤᠰᠬᠠᠬᠤ ᠵᠡᠷᠭᠡ ᠠᠵᠢᠯ ᠢ ᠬᠢᠨ᠎ᠡ᠃ ᠤᠴᠢᠷ ᠶᠠᠪᠤᠳᠠᠯ ᠢ ᠡᠮᠬᠢᠯᠡᠨ ᠳᠢᠭᠯᠡᠬᠦ᠂ ᠠᠵᠢᠯ ᠶᠠᠪᠤᠳᠠᠯ ᠬᠦᠢᠴᠡᠳᠭᠡᠬᠦ ᠵᠢᠯᠣᠭᠤᠳᠣᠮᠵᠢ᠂ ᠬᠢᠨᠠᠨ ᠪᠠᠶᠢᠴᠠᠭᠠᠬᠤ ᠭᠤᠤᠯᠳᠠᠯᠭ᠎ᠠ ᠵᠡᠷᠭᠡ ᠪᠦᠷᠢᠨ ᠪᠤᠰᠤ ᠠᠴᠠ ᠪᠣᠯᠵᠣ ᠴᠣᠩᠬᠤᠪᠴᠢ ᠪᠠᠷ ᠪᠤᠷᠤᠭᠤ ᠭᠥᠯᠢᠶᠡᠨ ᠠᠪᠴᠤ ᠰᠢᠢᠳᠪᠦᠷᠢᠯᠡᠬᠦ ᠪᠠᠶᠢᠳᠠᠯ ᠢ ᠪᠣᠶ ᠪᠣᠯᠭᠠᠭᠰᠠᠨ ᠪᠠᠶᠢᠪᠠᠯ᠂ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠡᠭᠦᠷᠭᠡᠯᠡᠨ᠎ᠡ᠃ ᠶᠡᠷᠦᠩᠬᠡᠶᠢᠯᠡᠭᠰᠡᠨ ᠴᠣᠩᠬᠤᠪᠴᠢ ᠨᠢ ᠰᠠᠯᠠᠭ᠎ᠠ ᠮᠥᠴᠢᠷ ᠤᠨ ᠬᠡᠷᠡᠭ ᠡᠷᠬᠢᠯᠡᠬᠦ ᠵᠢᠯᠣᠭᠤᠳᠣᠮᠵᠢ ᠪᠠ ᠬᠢᠨᠠᠨ ᠪᠠᠶᠢᠴᠠᠭᠠᠬᠤ ᠭᠤᠣᠯ ᠠᠭᠤᠯᠭ᠎ᠠ ᠶᠣᠰᠣᠭᠠᠷ ᠬᠦᠯᠢᠶᠡᠨ ᠠᠪᠤᠭᠰᠠᠨ ᠦᠭᠡᠶ ᠠᠴᠠ ᠪᠣᠯᠵᠤ᠂ ᠴᠣᠩᠬᠤᠪᠴᠢ ᠶᠢᠨ ᠠᠵᠢᠯᠲᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠣᠷᠣᠵᠤ ᠰᠠᠭᠤᠬᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ᠡᠷᠬᠡᠪᠰᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠪᠣᠳᠠᠲᠠᠶ ᠠᠵᠢᠯᠯᠠᠭᠤᠯᠵᠤ᠂ ᠡᠯ᠎ᠡ ᠰᠠᠯᠠᠭ᠎ᠠ ᠮᠥᠴᠢᠷ ᠤᠳ ︽ᠢᠯᠡ ᠪᠠᠷ ᠣᠷᠣᠭᠤᠯᠵᠤ ᠳᠠᠯᠳᠠᠭᠤᠷ ᠣᠷᠣᠭᠤᠯᠬᠤ ᠥᠬᠡᠶ︾ ᠪᠠᠶᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠭᠰᠡᠨ ᠡᠷᠬᠡ ᠣᠯᠭᠤᠭᠰᠠᠨ ︽ᠲᠦᠷᠦᠭᠦᠦ ᠬᠡᠷᠡᠭ ᠶᠠᠪᠤᠳᠠᠯ ᠤᠨ ᠲᠥᠯᠥᠭᠡᠯᠡᠭᠴᠢ ᠶᠢᠨ ᠲᠦᠷᠢᠮ︾ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠠᠩ ᠣᠯᠠᠨ ᠵᠦᠢᠯᠡᠰ ᠢ ᠲᠤᠬᠠᠶ ᠶᠢᠨ ᠲᠠᠯᠠᠪᠤᠷ ᠲᠤᠨᠢ ᠬᠦᠢᠴᠡᠳᠭᠡᠬᠦ᠂ ᠲᠥᠬᠦᠮ ᠵᠦᠢᠯᠡᠰ ᠢ ᠲᠡᠷᠡ ᠳᠠᠷᠤᠶ ᠳᠤᠨᠢ ᠬᠦᠢᠴᠡᠳᠬᠡᠵᠦ ᠳᠠᠭᠤᠰᠬᠠᠬᠤ ᠶᠢ ᠠᠬᠢᠭᠤᠯᠤᠨ᠎ᠠ᠃    ᠨᠢᠭᠡ ᠯᠡ ᠳᠡᠭᠡᠷ᠎ᠡ ᠮᠡᠳᠡᠭᠳᠡᠬᠦ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠴᠣᠩᠬᠤᠪᠴᠢ ᠪᠠᠷ ᠰᠢᠯᠵᠢᠭᠦᠯᠦᠨ ᠬᠦᠢᠴᠡᠳᠭᠡᠬᠦᠯᠬᠦ ᠵᠦᠢᠯᠡᠰ ᠢ ᠶᠡᠷᠦᠩᠬᠡᠶᠢᠯᠡᠨ ᠬᠦᠯᠢᠶᠡᠨ ᠠᠪᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠨᠢ ᠪᠦᠷᠢᠨ ᠭᠦᠢᠴᠡᠳ ᠪᠠᠶᠢᠪᠠᠯ᠂ ᠠᠮᠠᠯᠳᠠᠭᠰᠠᠨ ᠴᠠᠭ ᠬᠤᠭᠤᠴᠠᠭ᠎ᠠ ᠶᠣᠰᠣᠭᠠᠷ ᠴᠢᠩᠭ᠎ᠠ ᠭᠦᠢᠴᠡᠳᠬᠡᠨ ᠳᠠᠭᠤᠰᠬᠠᠬᠤ ᠬᠡᠷᠡᠭᠲᠡᠶ︔ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠳᠤ ᠲᠡᠷᠡ ᠳᠣᠣᠷ᠎ᠠ ᠨᠢ ᠠᠯᠳᠠᠭ᠎ᠠ ᠪᠤᠷᠤᠭᠤ ᠪᠠᠨ ᠵᠠᠯᠠᠷᠠᠭᠤᠯᠵᠤ ᠪᠣᠯᠬᠤ ᠪᠠᠶᠢᠪᠠᠯ᠂ ᠬᠦᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠠᠴᠠ ᠭᠤᠶᠤᠴᠢᠯᠠᠨ ᠰᠢᠳᠬᠡᠭᠴᠢ ᠳᠤ ᠲᠡᠷᠡ ᠳᠣᠣᠷ᠎ᠠ ᠨᠢ ᠵᠠᠯᠠᠷᠠᠭᠤᠯᠬᠤ ᠶᠢ ᠮᠡᠳᠡᠭᠳᠡᠨ᠎ᠡ︔ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠬᠦᠢᠴᠡᠳ ᠥᠬᠡᠶ ᠪᠤᠶᠤ ᠬᠠᠤᠯᠢ ᠪᠠᠷ ᠲᠣᠭᠲᠠᠭᠠᠭᠰᠠᠨ ᠬᠡᠯᠪᠡᠷᠢ ᠳᠤ ᠨᠡᠶᠢᠴᠡᠬᠦ ᠥᠬᠡᠶ ᠪᠠᠶᠢᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠣᠰᠣᠭᠠᠷ ᠭᠤᠶᠤᠴᠢᠯᠠᠨ ᠬᠦᠢᠴᠡᠳᠭᠡᠭᠴᠢ ᠳᠤ ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ ᠪᠥᠬᠦ ᠠᠭᠤᠯᠭ᠎ᠠ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃ ᠶᠠᠮᠠᠷᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠭᠡᠳ ᠶᠠᠮᠠᠷᠪᠠ ᠰᠢᠯᠲᠠᠭᠠᠨ᠂ ᠶᠠᠮᠠᠷᠪᠠ ᠰᠢᠯᠲᠠᠭ ᠢᠶᠠᠷ ᠬᠢᠨᠠᠨ ᠵᠥᠪᠰᠢᠶᠡᠷᠡᠬᠦ ᠴᠢᠬᠤᠯᠠ ᠨᠥᠬᠦᠴᠡᠯ ᠨᠡᠮᠡᠬᠦ ᠪᠤᠶᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠬᠤᠶᠢᠰᠢᠯᠠᠭᠤᠯᠵᠤ ᠪᠣᠯᠬᠤ ᠦᠭᠡᠶ᠃    ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠭᠦᠨᠵᠡᠭᠡᠶᠢᠷᠡᠭᠦᠯᠵᠦ᠂ ᠠᠵᠢᠯ ᠶᠠᠪᠤᠳᠠᠯ ᠬᠦᠢᠴᠡᠳᠭᠡᠬᠦ ᠭᠤᠭᠴᠤᠭ᠎ᠠ ᠶᠢ ᠴᠣᠮᠬᠠᠳᠬᠠᠬᠤ ᠪᠠ ᠴᠤᠪᠤᠷᠠᠯ ᠢ ᠳᠠᠬᠢᠨ ᠵᠣᠬᠢᠶᠠᠬᠤ ᠡᠷᠴᠢᠮ ᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠵᠦᠢᠯᠡᠰ ᠢ ᠰᠦᠯᠵᠢᠶ᠎ᠡ ᠪᠠᠷ ᠬᠦᠢᠴᠡᠳᠭᠡᠬᠦ ᠭᠦᠨᠴᠡ ᠶᠢ ᠳᠡᠭᠡᠭᠰᠢᠯᠡᠭᠦᠯᠵᠦ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ ᠲᠣᠭᠲᠠᠭᠠᠬᠤ᠂ ᠦᠷ᠎ᠡ ᠳ᠋ᠦᠩ ᠢ ᠨᠢ ᠬᠦᠷᠭᠡᠬᠦ ᠵᠡᠷᠭᠡ ᠪᠥᠬᠦ ᠴᠤᠪᠤᠷᠠᠯ᠂ ᠪᠦᠷᠢᠨ ᠪᠢᠲᠡᠭᠦᠮᠵᠢᠯᠡᠭᠰᠡᠨ ᠰᠦᠯᠵᠢᠶ᠎ᠡ ᠪᠠᠷ ᠦᠢᠯᠡᠴᠢᠯᠡᠬᠦ ᠶᠢ ᠬᠠᠩᠭᠠᠵᠤ᠂ ᠰᠦᠯᠵᠢᠶ᠎ᠡ ᠪᠠᠷ  ᠬᠦᠢᠴᠡᠳᠭᠡᠬᠦ ᠳᠤ ᠳᠣᠭᠢᠷᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ᠰᠦᠯᠵᠢᠶ᠎ᠡ ᠪᠠᠷ ᠬᠦᠢᠴᠡᠳᠬᠡᠬᠦ ᠠᠴᠠ ᠪᠥᠬᠦ ᠶᠠᠪᠤᠴᠠ ᠪᠠᠷ ᠰᠦᠯᠵᠢᠶ᠎ᠡ ᠪᠠᠷ  ᠬᠦᠢᠴᠡᠳᠭᠡᠬᠦ᠂ ᠰᠠᠶᠢᠨ ᠬᠦᠢᠴᠡᠳᠭᠡᠬᠦ ᠪᠠ ᠲᠥᠬᠦᠮ ᠬᠦᠢᠴᠡᠳᠭᠡᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢᠨ ᠠᠵᠢᠯ ᠢ ᠰᠢᠯᠤᠭᠤᠳᠬᠠᠭᠰᠠᠨ ᠤ ᠳᠠᠷᠠᠭ᠎ᠠ᠂ ᠰᠠᠯᠠᠭ᠎ᠠ ᠮᠥᠴᠢᠷ ᠤᠨ ᠵᠦᠢᠯᠡᠰ ᠢ ᠴᠥᠮ ᠰᠦᠯᠵᠢᠶᠡᠨ ᠳᠡᠭᠡᠷ᠎ᠡ ᠬᠦᠢᠴᠡᠳᠭᠡᠬᠦ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠤ ᠳᠠᠷᠠᠭ᠎ᠠ ᠂ ᠠᠯᠬᠤᠮ ᠠᠯᠬᠤᠮ ᠢᠶᠠᠷ ᠤᠬᠤᠷᠢᠨ ᠭᠠᠷᠴᠤ ᠪᠣᠯᠤᠨ᠎ᠠ᠃    ᠨᠢᠭᠡ ᠴᠣᠩᠬᠤᠪᠴᠢ ᠪᠠᠷ ᠭᠡᠷᠡᠴᠢ ᠭᠠᠷᠭᠠᠬᠤ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠢᠭᠡᠳᠦᠯᠲᠡᠶ ᠭᠡᠷᠡᠴᠢ ᠭᠠᠷᠭᠠᠬᠤ ᠴᠣᠩᠬᠤᠪᠴᠢ ᠭᠠᠷᠭᠠᠵᠤ᠂ ᠭᠡᠷᠡᠴᠢ ᠦᠨᠡᠮᠯᠡᠯ ᠤᠨ ᠪᠢᠴᠢᠭ ᠬᠠᠷ᠎ᠠ ᠶᠢ ᠬᠤᠷᠢᠶᠠᠵᠤ ᠲᠠᠷᠬᠠᠭᠠᠬᠤ ᠠᠵᠢᠯ ᠢ ᠬᠠᠷᠢᠭᠤᠴᠠᠬᠤ ᠬᠡᠷᠡᠭᠲᠡᠶ᠃ ᠠᠵᠤ ᠠᠬᠤᠶᠢᠯᠠᠯ ᠣᠯᠠᠨ ᠲᠦᠮᠡᠨ ᠤ ᠬᠦᠢᠴᠡᠳᠭᠡᠬᠦ ᠪᠠᠷ ᠭᠤᠶᠤᠴᠢᠯᠠᠭᠰᠠᠨ  ᠵᠦᠢᠯᠡᠰ ᠢ ᠬᠦᠢᠴᠡᠳᠭᠡᠭᠰᠡᠨ ᠤ ᠳᠠᠷᠠᠭ᠎ᠠ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠠᠮᠠᠯᠠᠯᠲᠠ ᠶᠢᠨ ᠴᠠᠭ ᠬᠤᠭᠤᠴᠠᠭ᠎ᠠ ᠶᠢᠨ ᠳᠣᠲᠣᠷ᠎ᠠ ᠬᠢᠨᠠᠨ ᠵᠥᠪᠰᠢᠶᠡᠷᠡᠭᠰᠡᠨ ᠭᠡᠷᠡᠴᠢ ᠦᠨᠡᠮᠯᠡᠯ ᠤᠨ ᠪᠢᠴᠢᠭ ᠬᠠᠷ᠎ᠠ ᠶᠢ ᠭᠡᠷᠡᠴᠢ ᠭᠠᠷᠭᠠᠬᠤ ᠴᠣᠩᠬᠤᠪᠴᠢ ᠳᠤ ᠬᠦᠷᠭᠡᠬᠦ ᠪᠤᠶᠤ ᠭᠡᠷᠡᠴᠢ ᠭᠠᠷᠭᠠᠬᠤ ᠴᠣᠩᠬᠤᠪᠴᠢ ᠠᠴᠠ ᠨᠢᠭᠡᠳᠦᠯᠲᠡᠶ ᠭᠡᠷᠡᠴᠢ ᠦᠢᠯᠡᠳᠬᠦ ᠶᠢ ᠰᠣᠩᠭᠤᠬᠤ ᠶᠢᠨ ᠬᠠᠮᠲᠤ᠂ ᠲᠡᠷᠡ ᠳᠠᠷᠤᠶ ᠳᠤᠨᠢ ᠬᠦᠢᠴᠡᠳᠭᠡᠬᠦ ᠪᠠᠷ ᠭᠤᠶᠤᠴᠢᠯᠠᠭᠴᠢ ᠳᠤ ᠭᠠᠷ ᠤᠨ ᠥᠰᠥᠭ ᠵᠢᠷᠤᠵᠤ ᠠᠪᠬᠤ ᠪᠤᠶᠤ ᠲᠦᠷᠭᠡᠨ ᠢᠯᠡᠭᠡᠯᠲᠡ ᠪᠠᠷ ᠦᠨ᠎ᠡ ᠲᠥᠯᠥᠪᠦᠷᠢ ᠥᠬᠡᠶ ᠪᠠᠷ ᠬᠦᠷᠭᠡᠵᠦ ᠥᠭᠬᠦ ᠶᠢ ᠮᠡᠳᠡᠭᠳᠡᠨ᠎ᠡ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ᠂ ᠠᠯᠠᠱᠠ ᠵᠡᠭᠦᠨ ᠬᠤᠰᠢᠭᠤᠨ ᠤ ᠱᠠᠲᠤ ᠠᠯᠣᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠄    ᠳᠤᠭᠤᠶᠢᠯᠠᠩ ᠤᠨ ᠳᠠᠷᠤᠭ᠎ᠠ᠄ ᠲᠦᠷ ᠬᠤᠭᠤᠰᠣᠨ      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠵᠣᠣ ᠲᠢᠶᠠᠨ ᠶᠤᠸᠠᠨ   ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠤᠣ ᠳ᠋ᠦᠩ    ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ    ᠪᠦᠷᠢᠯᠳᠦᠬᠦᠨ ᠨᠢᠭᠡᠴᠡ᠄ ᠠᠶᠢᠮᠠᠭ᠂ ᠠᠯᠠᠱᠠ ᠵᠡᠭᠦᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ    ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠳᠤ ᠳᠣᠭᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠴᠣᠩᠬᠤᠪᠴᠢ ᠶᠢ ᠳᠣᠭᠢᠷᠠᠭᠤᠯᠬᠤ᠂ ᠣᠷᠣᠵᠤ ᠰᠠᠭᠤᠬᠤ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠪᠣᠯᠪᠠᠰᠤᠷᠠᠭᠤᠯᠤᠯ ᠵᠡᠷᠭᠡ ᠶᠢ ᠵᠣᠬᠢᠴᠠᠭᠤᠯᠤᠨ᠎ᠠ᠃    ︵ᠬᠤᠶᠠᠷ︶ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢᠨ ᠤᠬᠠᠮᠰᠠᠷ᠂ ᠬᠠᠮᠵᠢᠯᠴᠠᠬᠤ ᠤᠬᠠᠮᠰᠠᠷ ᠢᠶᠠᠨ ᠴᠢᠩᠭᠠᠳᠬᠠᠵᠤ᠂ ︽ᠨᠢᠭᠡ ᠴᠣᠩᠬᠤᠪᠴᠢ ᠮᠠᠶ᠋ᠢᠭ︾ ᠤᠨ ᠥᠭᠡᠷᠡᠴᠢᠯᠡᠯᠲᠡ ᠶᠢ ᠠᠬᠢᠭᠤᠯᠬᠤ ᠲᠠᠢ ᠢᠳᠡᠪᠬᠢᠲᠡᠢ ᠬᠠᠮᠵᠢᠯᠴᠠᠨ᠂ ᠲᠤᠬᠠᠶᠢᠯᠠᠭᠰᠠᠨ ᠠᠵᠢᠯ ᠤᠨ ᠰᠢᠯᠢᠳᠡᠭ ᠭᠤᠣᠯᠯᠠᠭᠴᠢ ᠶᠢ ᠰᠣᠩᠭᠤᠨ ᠲᠣᠮᠢᠯᠠᠵᠤ᠂ ᠲᠥᠪ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠵᠢᠯᠣᠭᠤᠳᠬᠤ ᠠᠵᠢᠯ ᠢ ᠬᠠᠷᠢᠭᠤᠴᠠᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠭᠦᠷᠭᠡᠯᠡᠵᠦ ᠪᠦᠬᠦᠢ ᠠᠵᠢᠯᠲᠠᠳ ᠬᠠᠷᠢᠴᠠᠩᠭᠤᠢ ᠪᠠᠷ ᠲᠣᠭᠲᠠᠭᠤᠨ ᠪᠠᠶᠢᠬᠤ ᠶᠢ ᠪᠠᠲᠤᠯᠠᠵᠤ᠂ ᠠᠵᠢᠯᠯᠠᠬᠤ ᠬᠤᠭᠤᠴᠠᠭ᠎ᠠ ᠨᠢ ᠠᠳᠠᠭ ᠲᠠᠭᠠᠨ 3 ᠵᠢᠯ ᠪᠠᠶᠢᠵᠤ᠂ ᠲᠣᠬᠢᠷᠠᠭᠤᠯᠤᠯᠲᠠ ᠬᠢᠬᠦ ᠴᠢᠬᠤᠯᠠᠲᠠᠢ ᠪᠣᠯ ᠤᠷᠢᠳᠠᠪᠠᠷ ᠠᠶᠢᠮᠠᠭ᠂ ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠂ ᠡᠯ᠎ᠡ ᠣᠷᠣᠵᠤ ᠰᠠᠭᠤᠬᠤ ᠰᠠᠯᠠᠭ᠎ᠠ ᠮᠥᠴᠢᠷ ᠠᠴᠠ ᠡᠷᠬᠡ ᠣᠯᠭᠤᠬᠤ ᠪᠠᠨ ᠴᠠᠭ ᠲᠤᠬᠠᠢ ᠳᠤᠨᠢ ᠬᠤᠪᠢᠷᠠᠭᠤᠯᠬᠤ ᠬᠡᠷᠡᠭᠲᠡᠢ᠃    ︵ᠭᠤᠷᠪᠠ︶ ᠴᠣᠩᠬᠤᠪᠴᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠲᠤ ᠬᠤᠪᠢᠶᠠᠷᠢᠯᠠᠨ ᠰᠢᠯᠵᠢᠭᠦᠯᠦᠭᠰᠡᠨ ᠠᠵᠢᠯᠲᠠᠨ ᠤ ᠲᠤᠰᠢᠶᠠᠯ ᠮᠡᠷᠭᠡᠵᠢᠯ ᠤᠨ ᠴᠣᠯᠠ ᠶᠢᠨ ᠬᠠᠷᠠᠭᠠᠯᠵᠠᠯ ᠢ ᠬᠤᠪᠢᠷᠠᠭᠤᠯᠬᠤ ᠥᠬᠡᠶ᠃ ︽ᠶᠡᠷᠦᠩᠬᠡᠶᠢᠯᠡᠭᠰᠡᠨ ᠴᠣᠩᠬᠤᠪᠴᠢ︾ ᠳᠤ 3 ᠵᠢᠯ ᠳᠠᠷᠠᠭᠠᠯᠠᠨ ᠰᠢᠯᠭᠠᠨ ᠬᠢᠨᠠᠬᠤ ᠶᠢ ᠭᠥᠷᠳᠡᠭᠰᠡᠨ ᠰᠢᠯᠢᠳᠡᠭ ᠠᠵᠢᠯᠲᠠᠨ ᠢ ᠠᠳᠠᠯᠢ ᠨᠥᠬᠦᠴᠡᠯ ᠢᠶᠠᠷ ᠤᠷᠢᠳᠠᠪᠠᠷ ᠬᠡᠷᠡᠭᠯᠡᠵᠦ᠂ ᠮᠡᠷᠭᠡᠵᠢᠯ ᠤᠨ ᠴᠣᠯᠠ ᠲᠣᠭᠲᠠᠭᠠᠬᠤ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠳᠤ ᠴᠣᠩᠬᠤᠪᠴᠢ ᠶᠢᠨ ᠰᠢᠯᠢᠳᠡᠭ ᠠᠵᠢᠯᠲᠠᠨ ᠳᠠᠰᠢ ᠬᠡᠯᠪᠠᠶᠢᠯᠭᠡᠬᠦ ᠬᠡᠷᠡᠭᠲᠡᠶ᠃ ᠳᠡᠪᠰᠢᠭᠦᠯᠦᠨ ᠬᠡᠷᠡᠭᠯᠡᠬᠦ ᠳᠤ᠂ ᠴᠣᠩᠬᠤᠪᠴᠢ ᠪᠠᠷ ᠠᠵᠢᠯᠯᠠᠭᠰᠠᠨ ᠥᠩᠭᠡᠷᠡᠯᠲᠡ ᠪᠠ ᠢᠯᠡᠷᠡᠯ ᠢ ᠨᠢ ᠰᠢᠯᠭᠠᠨ ᠬᠢᠨᠠᠵᠤ ᠰᠢᠨᠵᠢᠯᠡᠨ ᠪᠠᠶᠢᠴᠠᠭᠠᠬᠤ ᠶᠢᠨ ᠴᠢᠬᠤᠯᠠ ᠯᠠᠪᠯᠠᠯᠲᠠ ᠪᠣᠯᠭᠠᠬᠤ ᠶᠢᠨ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠤᠨ ᠦᠨᠡᠯᠡᠯᠲᠡ ᠪᠠ ᠰᠠᠨᠠᠯ ᠢ ᠰᠣᠨᠣᠰᠤᠨ᠎ᠠ᠃    ︵ᠳᠥᠷᠪᠡ︶ ᠰᠢᠰᠲ᠋ᠧᠮ ᠤᠨ ᠲᠠᠪᠴᠠᠩ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠢ ᠬᠡᠷᠡᠭᠯᠡᠨ᠂ ᠠᠯᠠᠱᠠ ᠠᠶᠢᠮᠠᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠳᠤ ᠲᠦᠰᠢᠭᠯᠡᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠶᠢ ᠠᠬᠢᠭᠤᠯᠵᠤ᠂ ᠠᠶᠢᠮᠠᠭ ᠤᠨ ᠳᠣᠲᠣᠷᠠᠬᠢ ᠥᠪᠡᠰᠦᠪᠡᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠦᠢᠴᠡᠳᠭᠡᠬᠦ  ᠵᠦᠢᠯᠡᠰ ᠲᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠯᠦᠭᠡ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠵᠦᠢᠯᠡᠰ ᠢ ᠶᠡᠷᠦᠩᠬᠡᠶᠢᠯᠡᠭᠰᠡᠨ ᠴᠣᠩᠬᠤᠪᠴᠢ ᠳᠤ ᠭᠥᠯᠢᠶᠡᠨ ᠠᠪᠬᠤ ᠪᠠ ᠪᠢᠴᠢᠭ ᠮᠠᠲ᠋ᠧᠷᠢᠶᠠᠯ ᠭᠠᠷᠭᠠᠬᠤ ᠶᠢ ᠪᠡᠶᠡᠯᠡᠭᠦᠯᠦᠨ᠎ᠡ᠃    ︵ᠲᠠᠪᠤ︶ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠳᠠᠯᠠᠨ᠎ᠠ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠰᠢᠯᠭᠠᠨ ᠬᠢᠨᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠬᠡᠨ ᠤ ᠪᠠᠶᠢᠳᠠᠯ᠂ ᠭᠥᠯᠢᠶᠡᠨ ᠠᠪᠤᠭᠰᠠᠨ ᠪᠠᠶᠢᠳᠠᠯ᠂ ᠪᠤᠴᠠᠭᠠᠨ ᠶᠠᠪᠤᠭᠤᠯᠤᠭᠰᠠᠨ ᠪᠠᠶᠢᠳᠠᠯ᠂ ᠰᠠᠶᠢᠨ ᠮᠠᠭᠤ ᠦᠨᠡᠯᠡᠯᠲᠡ ᠵᠡᠷᠭᠡ ᠶᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠯᠲᠡ ᠬᠢᠵᠦ᠂ ᠦᠢᠯᠡᠴᠢᠯᠡᠬᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠵᠢᠯ ᠨᠢ ᠬᠦᠴᠦᠨ ᠥᠬᠡᠶ᠂ ᠠᠯᠪᠠ ᠬᠠᠰᠢᠵᠤ ᠠᠮᠠ ᠪᠥᠭᠯᠡᠭᠰᠡᠨ᠂ ᠥᠭᠡᠷᠡᠴᠢᠯᠡᠯᠲᠡ ᠶᠢᠨ ᠡᠭᠦᠷᠭᠡ ᠶᠢᠨ ᠤᠷᠤᠭᠰᠢᠲᠠᠶ ᠶᠠᠪᠤᠭᠳᠠᠬᠤ ᠶᠢ ᠨᠥᠯᠥᠭᠡᠯᠡᠭᠰᠡᠨ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号