ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠤᠯᠠᠮ ᠨᠢᠭᠡ ᠠᠯᠬᠤᠮ | ᠠᠬᠢᠭᠤᠯᠵᠦ᠂ ᠰᠤᠯᠠ ᠪᠠᠶᠢᠭ᠎ᠠ ᠭᠠᠵᠠᠷ ᠰᠢᠷᠣᠶ ᠪᠣᠯᠤᠨ ᠵᠥᠪᠰᠢᠶᠡᠷᠡᠭᠡᠳ ᠬᠠᠩᠭᠠᠭᠰᠠᠨ ᠦᠭᠡᠶ ᠭᠠᠵᠠᠷ ᠰᠢᠷᠣᠶ ᠶᠢ | ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠲᠦᠮᠵᠢᠲᠡᠶ ᠲᠦᠯᠬᠢᠨ ᠠᠬᠢᠭᠤᠯᠵᠦ᠂ ᠭᠠᠵᠠᠷ | ᠰᠢᠷᠣᠶ ᠶᠢᠨ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶᠢᠯᠡᠨ ᠠᠰᠢᠭᠯᠠᠬᠤ | ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠂ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢ ᠶᠡᠷᠦᠩᠬᠡᠶᠢᠯᠡᠨ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 21 ᠳ᠋ᠣᠭᠡᠷ ᠲᠣᠭᠠᠲᠤ︶ ︽ᠥᠪᠡᠷᠲᠡᠭᠡᠨ | ᠵᠠᠰᠠᠬᠤ ᠣᠷᠣᠨ ᠤ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ | ᠬᠡᠮᠵᠢᠶ᠎ᠡ ᠪᠠᠷ ᠰᠢᠩᠭᠡᠭᠡᠵᠦ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠣᠮᠠᠯᠯᠠᠨ ᠳᠠᠷᠬᠠᠭᠠᠬᠤ ᠳᠣᠬᠠᠢ | ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 51 ᠳ᠋ᠣᠭᠡᠷ ᠲᠣᠭᠠᠲᠤ︶ ᠤᠨ ᠬᠤᠯᠪᠣᠭᠳᠠᠯ | ᠪᠥᠬᠦᠶ ᠱᠠᠭᠠᠷᠳᠠᠯᠭ᠎ᠠ ᠶᠢ ᠦᠨᠳᠰᠦᠯᠡᠨ᠂ ᠣᠳᠣ ᠪᠦᠬᠦ ᠠᠶᠢᠮᠠᠭ ᠤᠨ ᠬᠡᠪᠴᠢᠶᠡᠨ ᠳᠤ ᠵᠥᠪᠰᠢᠶᠡᠷᠡᠭᠰᠡᠨ ᠪᠠᠶᠢᠲᠠᠯ᠎ᠠ | ᠬᠠᠩᠭᠠᠭᠠᠳᠤᠶ ᠪᠠ ᠰᠤᠯᠠ ᠪᠠᠶᠢᠭ᠎ᠠ ᠭᠠᠵᠠᠷ ᠰᠢᠷᠣᠶ ᠶᠢ ᠪᠦᠬᠦᠨ ᠢ ᠰᠢᠩᠭᠡᠭᠡᠵᠦ ᠰᠢᠢᠳᠪᠦᠷᠢᠯᠡᠬᠦ ᠠᠵᠢᠯ ᠢ | ᠦᠷᠨᠢᠬᠦᠯᠦᠨ᠎ᠡ᠃ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠲᠦᠯᠬᠢᠨ | ᠠᠬᠢᠭᠤᠯᠬᠤ ᠶᠢᠨ ᠲᠤᠰᠠᠳᠠ᠂ ᠲᠤᠰ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ | ᠪᠣᠶ ᠪᠣᠯᠭᠠᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠠᠷᠢᠮᠲᠠᠯᠠᠵᠤ | ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠪᠠᠲᠤᠯᠠᠵᠤ᠂ ︽ | ᠨᠡᠮᠡᠭᠳᠡᠯ ᠢ ᠴᠢᠩᠭ᠎ᠠ ᠬᠢᠵᠠᠭᠠᠷᠯᠠᠵᠤ᠂ ᠬᠠᠳᠠᠭᠠᠯᠠᠭᠳᠠᠴᠠ ᠶᠢ ᠴᠢᠯᠥᠭᠡᠲᠡᠶ ᠪᠣᠯᠭᠠᠨ᠂ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ︾ ᠶᠡᠷᠦᠩᠬᠡᠶ ᠠᠵᠢᠯ ᠤᠨ ᠰᠡᠳᠬᠢᠮᠵᠢ ᠶᠢ ᠡᠵᠡᠮᠳᠡᠵᠦ᠂ ᠵᠥᠪᠰᠢᠶᠡᠷᠡᠭᠡᠳ | ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠪᠥᠬᠦ ᠲᠠᠯ᠎ᠠ ᠪᠠᠷ ᠰᠢᠩᠭᠡᠭᠡᠨ ᠰᠢᠢᠳᠪᠦᠷᠢᠯᠡᠵᠦ᠂ | ᠬᠠᠳᠠᠭᠠᠯᠠᠭᠳᠠᠵᠤ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠴᠢᠯᠥᠭᠡᠲᠡᠶ ᠪᠣᠯᠭᠠᠨ᠂ | ᠭᠠᠵᠠᠷ ᠰᠢᠷᠣᠶ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ | ᠬᠡᠷᠡᠭᠯᠡᠬᠦ ᠶᠢ ᠠᠬᠢᠭᠤᠯᠬᠤ ᠳᠤ ᠢᠯᠡᠳᠲᠡ ᠦᠷ᠎ᠡ ᠪᠦᠲᠦᠮᠵᠢ ᠣᠯᠵᠤ᠂ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠬᠤᠶᠠᠷ᠂ ᠠᠵᠢᠯ ᠤᠨ ᠬᠠᠷᠠᠯᠲᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠬᠢᠨ ᠵᠥᠪᠰᠢᠶᠡᠷᠡᠬᠦ | ᠴᠢᠬᠤᠯᠠᠲᠠᠢ ᠪᠠᠶᠢᠲᠠᠯ᠎ᠠ ᠬᠠᠩᠭᠠᠭᠰᠠᠨ ᠦᠭᠡᠢ᠂ 40100 ᠮᠦ ᠭᠠᠵᠠᠷ ᠰᠢᠷᠣᠢ ᠶᠢ ᠰᠤᠯᠠ ᠲᠠᠯᠪᠢᠵᠤ ᠪᠠᠶᠢᠨ᠎ᠠ᠃ | ᠡᠭᠦᠨ ᠳᠤ᠂ ᠵᠥᠪᠰᠢᠶᠡᠷᠡᠭᠰᠡᠨ ᠪᠣᠯᠪᠠᠴᠤ ᠥᠯᠥ ᠬᠠᠩᠭᠠᠭᠰᠠᠨ ᠭᠠᠵᠠᠷ ᠰᠢᠷᠣᠢ ᠶᠢᠨ ᠡᠭᠦᠷᠭᠡ ᠶᠢ 2009 ︱ | 2019 ᠣᠨ ᠤ ᠶᠡᠷᠦᠩᠬᠡᠢ ᠬᠡᠮᠵᠢᠶ᠎ᠡ ᠶᠢᠨ 14900 ᠮᠦ ᠪᠠᠷ ᠰᠠᠭᠤᠷᠢ ᠪᠠᠷᠢᠮᠵᠢᠶ᠎ᠠ ᠪᠣᠯᠭᠠᠵᠤ᠂ 2022 ︱ | 2025 ᠣᠨ ᠤ ᠲᠥᠯᠥᠪᠯᠡᠭᠡ ᠪᠠᠷ ᠵᠢᠯ ᠪᠦᠷᠢ ᠲᠣᠰ ᠲᠣᠰ 2700 ᠮᠦ᠂ 3700 ᠮᠦ᠂ 4000 ᠮᠦ᠂ | 4500 ᠮᠦ ᠰᠢᠩᠭᠡᠭᠡᠨ᠎ᠡ︔ᠰᠤᠯᠠ ᠪᠠᠶᠢᠬᠤ ᠭᠠᠵᠠᠷ ᠰᠢᠷᠣᠢ ᠶᠢ ᠥᠪᠡᠷᠲᠡᠭᠡᠨ ᠵᠠᠰᠠᠬᠤ ᠣᠷᠣᠨ ᠠᠴᠠ 25200 | ᠮᠦ ᠡᠭᠦᠷᠭᠡ ᠪᠠᠭᠤᠯᠭᠠᠭᠰᠠᠨ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ 2022 ︱ 2025 ᠣᠨ ᠳᠤ ᠵᠢᠯ | ᠪᠦᠷᠢ ᠶᠢᠨ ᠰᠢᠢᠳᠪᠦᠷᠢᠯᠡᠬᠦ ᠡᠭᠦᠷᠭᠡ ᠶᠢ ᠲᠣᠰ ᠲᠣᠰ 5000 ᠮᠦ᠂ 6100 ᠮᠦ᠂ 6800 ᠮᠦ᠂ 7300 ᠮᠦ | ᠪᠣᠯᠭᠠᠬᠤ ᠪᠠᠷ ᠲᠥᠯᠥᠪᠯᠡᠵᠦ ᠪᠣᠶ᠃ᠳᠡᠭᠡᠷ᠎ᠡ ᠳᠤᠷᠠᠳᠤᠭᠰᠠᠨ ᠲᠥᠯᠥᠪᠯᠡᠭᠡ ᠶᠢᠨ ᠬᠠᠷᠠᠯᠲᠠ ᠶᠢ ᠰᠢᠢᠳᠪᠦᠷᠢᠯᠡᠬᠦ | ᠡᠭᠦᠷᠭᠡ ᠶᠢ ᠥᠪᠡᠷᠲᠡᠭᠡᠨ ᠵᠠᠰᠠᠬᠤ ᠣᠷᠣᠨ ᠤ ᠵᠢᠯ ᠪᠦᠷᠢ ᠶᠢᠨ ᠪᠠᠭᠤᠯᠭᠠᠭᠰᠠᠨ ᠡᠭᠦᠷᠭᠡ ᠶᠢᠨ ᠬᠡᠮᠵᠢᠶ᠎ᠡ ᠪᠠ ᠰᠢᠯᠭᠠᠨ | ᠬᠢᠨᠠᠬᠤ ᠳᠦᠷᠢᠮ ᠢ ᠦᠨᠳᠦᠰᠦᠯᠡᠨ ᠴᠠᠭ ᠲᠤᠬᠠᠢ ᠳᠤᠨᠢ ᠰᠢᠨᠡᠳᠬᠡᠨ ᠲᠣᠬᠢᠷᠠᠭᠤᠯᠤᠨ᠎ᠠ ︵ᠥᠪᠡᠷᠲᠡᠭᠡᠨ ᠵᠠᠰᠠᠬᠤ | ᠣᠷᠣᠨ ᠠᠴᠠ ᠡᠭᠦᠷᠭᠡ ᠨᠡᠮᠡᠪᠡᠯ᠂ ᠡᠯ᠎ᠡ ᠬᠤᠰᠢᠭᠤ ᠣᠷᠣᠨ ᠳᠤ ᠲᠣᠬᠢᠷᠠᠭᠤᠯᠤᠯᠲᠠ ᠬᠢᠨ᠎ᠡ︔ᠥᠪᠡᠷᠲᠡᠭᠡᠨ ᠵᠠᠰᠠᠬᠤ | ᠣᠷᠣᠨ ᠠᠴᠠ ᠡᠭᠦᠷᠭᠡ ᠶᠢ ᠲᠣᠬᠢᠷᠠᠭᠤᠯᠤᠨ ᠬᠠᠰᠣᠪᠠᠯ᠂ ᠡᠯ᠎ᠡ ᠬᠤᠰᠢᠭᠤ ᠣᠷᠣᠨ ᠤ ᠡᠭᠦᠷᠭᠡ ᠶᠢ ᠬᠤᠪᠢᠷᠠᠭᠤᠯᠬᠤ | ᠦᠭᠡᠢ︶᠂ ᠡᠯ᠎ᠡ ᠬᠤᠰᠢᠭᠤ ᠣᠷᠣᠨ ᠤ ᠬᠠᠳᠠᠭᠠᠯᠠᠯᠲᠠ ᠶᠢᠨ ᠬᠡᠮᠵᠢᠶ᠎ᠡ ᠪᠠᠨ ᠤᠷᠢᠳᠴᠢᠯᠠᠨ ᠳᠠᠪᠠᠭᠤᠯᠤᠨ | ᠰᠢᠩᠭᠡᠭᠡᠬᠦ ᠶᠢ ᠵᠣᠷᠢᠭᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠡᠵᠡᠮᠳᠡᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠶᠢ ᠥᠷᠨᠢᠭᠦᠯᠦᠨ᠎ᠡ᠃ᠡᠯ᠎ᠡ ᠬᠤᠰᠢᠭᠤ ︵ | ᠣᠷᠣᠨ︶ ᠨᠤᠭᠤᠳ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠷᠪᠠᠳᠤᠭᠠᠷ ᠤᠳᠠᠭᠠᠨ ᠤ | ᠭᠠᠵᠠᠷ ᠰᠢᠷᠣᠢ ᠶᠢᠨ ᠪᠠᠶᠢᠴᠠᠭᠠᠯᠲᠠ᠂ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ᠂ ᠠᠵᠤ ᠦᠢᠯᠡᠳᠪᠦᠷᠢ ᠳᠤ | ᠬᠡᠷᠡᠭᠯᠡᠬᠦ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ᠂ ᠣᠳᠣᠬᠠᠨ ᠤ | ᠭᠠᠵᠠᠷ ᠰᠢᠷᠣᠢ ᠶᠢᠨ ᠮᠡᠳᠡᠭᠦᠯᠦᠨ ᠵᠥᠪᠰᠢᠶᠡᠷᠡᠭᠦᠯᠦᠭᠰᠡᠨ᠂ ᠬᠠᠩᠭᠠᠭᠰᠠᠨ ᠦᠷ᠎ᠡ ᠳ᠋ᠦᠩ ᠵᠡᠷᠭᠡ ᠲᠤᠭ᠎ᠠ ᠪᠠᠷᠢᠮᠲᠠ ᠶᠢᠨ | ᠦᠷ᠎ᠡ ᠪᠦᠲᠦᠭᠡᠯ ᠲᠠᠢ ᠤᠶᠠᠯᠳᠤᠭᠤᠯᠤᠨ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠰᠤᠯᠠ ᠪᠠᠶᠢᠬᠤ ᠭᠠᠵᠠᠷ | ᠰᠢᠷᠣᠢ ᠳᠤ ᠲᠣᠰ ᠲᠣᠰ ᠨᠡᠶᠢᠳᠡᠮ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠵᠥᠪᠰᠢᠶᠡᠷᠡᠭᠰᠡᠨ ᠪᠣᠯᠪᠠᠴᠤ | ᠬᠠᠩᠭᠠᠭᠠᠳᠤᠢ ᠪᠠ ᠰᠤᠯᠠ ᠪᠠᠶᠢᠬᠤ ᠭᠠᠵᠠᠷ ᠰᠢᠷᠣᠢ ᠶᠢᠨ ᠲᠠᠯᠠᠪᠠᠶ᠂ ᠣᠷᠣᠨ ᠪᠠᠶᠢᠷᠢ᠂ ᠡᠷᠬᠡ ᠶᠢᠨ ᠬᠠᠷᠢᠶᠠᠯᠠᠯ᠂ | ᠵᠥᠪᠰᠢᠶᠡᠷᠡᠭᠰᠡᠨ ᠴᠠᠭ ᠬᠤᠭᠤᠴᠠᠭ᠎ᠠ᠂ ᠲᠥᠯᠦᠪᠵᠢᠭᠦᠯᠭᠡ ᠶᠢᠨ ᠬᠡᠷᠡᠭᠴᠡᠭᠡ ᠵᠢᠴᠢ ᠪᠣᠶ ᠪᠣᠯᠤᠭᠰᠠᠨ ᠰᠢᠯᠲᠠᠭᠠᠨ ᠢ | ᠪᠥᠬᠦ ᠲᠠᠯ᠎ᠠ ᠪᠠᠷ ᠡᠵᠡᠮᠰᠢᠵᠦ᠂ ᠨᠢᠭᠡᠳᠦᠯᠲᠡᠢ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠤᠨ ᠲᠤᠭ᠎ᠠ ᠪᠠᠷᠢᠮᠲᠠ ᠶᠢᠨ | ᠡᠬᠡ ᠲᠠᠩᠰᠠ ᠶᠢ ᠪᠣᠶ ᠪᠣᠯᠭᠠᠨ᠎ᠠ᠃ | 1. ᠵᠥᠪᠰᠢᠶᠡᠷᠡᠭᠰᠡᠨ ᠪᠠᠶᠢᠲᠠᠯ᠎ᠠ ᠭᠠᠵᠠᠷ ᠰᠢᠷᠣᠢ ᠶᠢ ᠡᠰᠡ ᠬᠠᠩᠭᠠᠭᠰᠠᠨ᠃2009 ︱ 2019 ᠣᠨ ᠳᠤ | ᠨᠢᠭᠡᠨᠲᠡ ᠬᠢᠨᠠᠨ ᠵᠥᠪᠰᠢᠶᠡᠷᠡᠭᠡᠳ ᠬᠠᠩᠭᠠᠭᠰᠠᠨ ᠦᠭᠡᠢ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠨ᠎ᠠ᠃ | 2. ᠰᠤᠯᠠ ᠪᠠᠶᠢᠬᠤ ᠭᠠᠵᠠᠷ ᠰᠢᠷᠣᠢ᠃ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡᠲᠦ ᠬᠥᠮᠥᠨ ᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠪᠤᠶᠤ ᠰᠢᠯᠵᠢᠭᠦᠯᠦᠨ ᠥᠭᠬᠦ ᠲᠣᠭᠲᠠᠭᠠᠯ ᠤᠨ | ᠪᠢᠴᠢᠭ ᠠᠴᠠ ᠬᠡᠲᠦᠷᠡᠭᠦᠯᠦᠨ ᠪᠣᠯᠵᠣᠨ ᠲᠣᠭᠲᠠᠭᠰᠠᠨ᠂ ᠲᠣᠭᠲᠠᠭᠠᠭᠰᠠᠨ ᠨᠡᠭᠡᠭᠡᠨ ᠠᠰᠢᠭᠯᠠᠬᠤ ᠡᠳᠦᠷ ᠤᠨ | ᠬᠤᠭᠤᠴᠠᠭ᠎ᠠ ᠨᠢ ᠳᠦᠭᠦᠷᠦᠭᠡᠳ 1 ᠵᠢᠯ ᠪᠣᠯᠤᠭᠰᠠᠨ ᠪᠠᠶᠢᠲᠠᠯ᠎ᠠ ᠨᠡᠭᠡᠭᠡᠨ ᠠᠰᠢᠭᠯᠠᠬᠤ ᠠᠵᠢᠯ ᠢᠶᠠᠨ ᠡᠬᠢᠯᠡᠭᠦᠯᠦᠭᠡᠳᠦᠢ | ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠨᠢᠭᠡᠨᠲᠡ ᠨᠡᠭᠡᠭᠡᠨ ᠠᠰᠢᠭᠯᠠᠬᠤ | ᠠᠵᠢᠯ ᠢᠶᠠᠨ ᠡᠬᠢᠯᠡᠭᠦᠯᠦᠭᠰᠡᠨ ᠪᠣᠯᠪᠠᠴᠤ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠲᠠᠯᠠᠪᠠᠶ ᠶᠢᠨ ᠡᠵᠡᠯᠡᠬᠦ ᠶᠣᠰᠣᠲᠠᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠶᠡᠷᠦᠩᠬᠡᠢ ᠲᠠᠯᠠᠪᠠᠶ ᠶᠢᠨ 1/3 ᠬᠦᠷᠬᠦ ᠦᠭᠡᠢ ᠪᠤᠶᠤ ᠨᠢᠭᠡᠨᠲᠡ ᠪᠡᠯᠡ ᠣᠷᠣᠭᠤᠯᠤᠭᠰᠠᠨ ᠲᠤᠭ᠎ᠠ ᠨᠢ 25% ᠬᠦᠷᠬᠦ | ᠦᠭᠡᠢ ᠪᠠᠶᠢᠬᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠣᠷᠭᠤᠨ ᠵᠣᠭᠰᠣᠭᠠᠭᠠᠳ ᠪᠦᠬᠦᠯᠢ 1 ᠵᠢᠯ | ᠪᠣᠯᠤᠭᠰᠠᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠪᠠᠶᠢᠴᠠᠭᠠᠵᠤ | ᠮᠠᠭᠠᠳᠯᠠᠨ ᠲᠣᠭᠲᠠᠭᠠᠬᠤ ᠬᠡᠷᠡᠭᠲᠡᠢ᠃ | ︵ᠬᠤᠶᠠᠷ︶ ᠰᠢᠢᠳᠪᠦᠷᠢᠯᠡᠬᠦ ᠲᠥᠰᠥᠯ ᠢ ᠲᠣᠭᠲᠠᠭᠠᠨ᠎ᠠ᠃ᠡᠯ᠎ᠡ ᠬᠤᠰᠢᠭᠤ ︵ᠣᠷᠣᠨ︶ ᠨᠤᠭᠤᠳ ᠵᠢᠭᠰᠠᠭᠠᠨ | ᠪᠠᠶᠢᠴᠠᠭᠠᠵᠤ ᠦᠨᠡᠯᠡᠬᠦ ᠠᠵᠢᠯ ᠤᠨ ᠰᠠᠭᠤᠷᠢᠨ ᠳᠡᠭᠡᠷ᠎ᠡ᠂ ᠭᠠᠵᠠᠷ ᠰᠢᠷᠣᠢ ᠬᠠᠩᠭᠠᠬᠤ ᠪᠠ ᠠᠰᠢᠭᠯᠠᠬᠤ ᠶᠠᠪᠤᠴᠠ ᠳᠠᠬᠢ | ᠡᠯ᠎ᠡ ᠲᠥᠷᠥᠯ ᠤᠨ ᠪᠠᠶᠢᠳᠠᠯ ᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠰᠤᠯᠠ ᠪᠠᠶᠢᠬᠤ ᠭᠠᠵᠠᠷ ᠰᠢᠷᠣᠢ ᠶᠢ ᠪᠣᠶ ᠪᠣᠯᠭᠠᠭᠰᠠᠨ ᠰᠡᠵᠢᠭᠲᠡᠢ ᠪᠠ ᠵᠥᠪᠰᠢᠶᠡᠷᠡᠭᠡᠳ ᠥᠯᠥ ᠬᠠᠩᠭᠠᠭᠰᠠᠨ | ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠤ᠂ ᠭᠡᠷᠡᠴᠢᠯᠡᠬᠦ ᠮᠠᠲ᠋ᠧᠷᠢᠶᠠᠯ ᠢ ᠴᠤᠭᠯᠠᠭᠤᠯᠤᠨ᠂ ᠪᠣᠶ | ᠪᠣᠯᠤᠭᠰᠠᠨ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠬᠡᠷᠡᠭᠲᠡᠢ᠃ | ᠡᠯ᠎ᠡ ᠬᠤᠰᠢᠭᠤ ︵ᠣᠷᠣᠨ︶ ᠨᠤᠭᠤᠳ ᠵᠢᠭᠰᠠᠭᠠᠨ ᠪᠠᠶᠢᠴᠠᠭᠠᠵᠤ ᠦᠨᠡᠯᠡᠬᠦ ᠠᠵᠢᠯ ᠤᠨ ᠰᠠᠭᠤᠷᠢᠨ ᠳᠡᠭᠡᠷ᠎ᠡ᠂ ᠭᠠᠵᠠᠷ | ᠰᠢᠷᠣᠢ ᠬᠠᠩᠭᠠᠬᠤ ᠪᠠ ᠠᠰᠢᠭᠯᠠᠬᠤ ᠶᠠᠪᠤᠴᠠ ᠳᠠᠬᠢ ᠡᠯ᠎ᠡ ᠵᠦᠢᠯ ᠤᠨ ᠪᠠᠶᠢᠳᠠᠯ ᠢ ᠵᠦᠢᠯ ᠳᠠᠷᠠᠭᠠᠯᠠᠨ ᠡᠮᠬᠢᠯᠡᠨ | ᠳᠢᠭᠯᠡᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠪᠠᠶᠢᠴᠠᠭᠠᠨ ᠬᠠᠷᠭᠤᠭᠤᠯᠬᠤ ᠠᠵᠢᠯ ᠢ ᠨᠠᠷᠢᠨ ᠬᠢᠨᠠᠮᠠᠭᠠᠢ | ᠥᠷᠨᠢᠭᠦᠯᠵᠦ᠂ ᠭᠡᠷᠡᠴᠢ ᠮᠠᠲ᠋ᠧᠷᠢᠶᠠᠯ ᠴᠤᠭᠯᠠᠭᠤᠯᠤᠨ᠂ ᠪᠣᠶ ᠪᠣᠯᠤᠭᠰᠠᠨ ᠰᠢᠯᠲᠠᠭᠠᠨ ᠪᠠ ᠣᠷᠣᠰᠢᠵᠤ ᠪᠠᠶᠢᠭ᠎ᠠ | ᠠᠰᠠᠭᠤᠳᠠᠯ ᠢ ᠰᠤᠳᠤᠯᠤᠨ ᠮᠠᠭᠠᠳᠯᠠᠬᠤ ᠬᠡᠷᠡᠭᠲᠡᠢ᠃ ᠦᠨᠡᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠦᠨᠡᠯᠡᠬᠦ | ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ᠂ ︽ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ | ᠬᠥᠳᠡᠯᠦᠩᠭᠦᠢ ᠬᠢᠨᠠᠨ ᠰᠢᠨᠵᠢᠵᠦ ᠬᠢᠨᠠᠨ ᠬᠠᠮᠢᠶᠠᠷᠬᠤ ᠰᠢᠰᠲ᠋ᠧᠮ︾ ᠳᠤ ᠰᠤᠯᠠ ᠪᠠᠶᠢᠬᠤ ᠶᠢ ᠦᠨᠡᠯᠡᠬᠦ᠂ ᠳᠠᠩᠰᠠᠯᠠᠬᠤ | ᠲᠠᠰ ᠳᠠᠷᠠᠭᠠᠯᠠᠯ ᠢ ᠵᠡᠷᠭᠡ ᠳᠤᠨᠢ ᠡᠬᠢᠯᠡᠭᠦᠯᠦᠨ᠎ᠡ᠃ᠰᠤᠯᠠ ᠪᠠᠶᠢᠬᠤ ᠪᠠ ᠵᠥᠪᠰᠢᠶᠡᠷᠡᠭᠰᠡᠨ ᠪᠣᠯᠪᠠᠴᠤ ᠥᠯᠥ | ᠬᠠᠩᠭᠠᠭᠰᠠᠨ ᠭᠠᠵᠠᠷ ᠰᠢᠷᠣᠢ ᠶᠢᠨ ᠪᠣᠶ ᠪᠣᠯᠤᠭᠰᠠᠨ ᠰᠢᠯᠲᠠᠭᠠᠨ ᠳᠤ ᠴᠢᠭᠯᠡᠭᠦᠯᠦᠨ᠂ ︽ᠬᠡᠷᠡᠭᠯᠡᠬᠦ ᠶᠢ ᠲᠡᠷᠢᠭᠦᠨ ᠳᠤ | ᠲᠠᠯᠪᠢᠬᠤ︾ ᠵᠠᠷᠴᠢᠮ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠢᠯᠭᠠᠭ᠎ᠠ ᠲᠠᠢ | ᠬᠠᠨᠳᠤᠵᠤ᠂ ᠦᠨᠡᠨᠬᠦ ᠶᠠᠪᠤᠭᠳᠠᠭᠤᠰᠢᠲᠠᠢ ᠰᠢᠢᠳᠪᠦᠷᠢᠯᠡᠬᠦ ᠲᠥᠰᠥᠯ ᠢ ᠲᠣᠭᠲᠠᠭᠠᠬᠤ ᠬᠡᠷᠡᠭᠲᠡᠢ᠃ | ︵ᠭᠤᠷᠪᠠ︶ ᠰᠢᠩᠭᠡᠭᠡᠵᠦ ᠰᠢᠢᠳᠪᠦᠷᠢᠯᠡᠨ᠎ᠡ᠃ ᠡᠯ᠎ᠡ ᠬᠤᠰᠢᠭᠤ ︵ᠣᠷᠣᠨ︶ ᠨᠤᠭᠤᠳ ᠲᠥᠷᠥ ᠶᠢᠨ | ᠪᠣᠳᠣᠯᠭ᠎ᠠ ᠶᠢᠨ ᠦᠨᠳᠦᠰᠦᠯᠡᠯ ᠢ ᠬᠢᠨᠠᠮᠠᠭᠠᠢ ᠰᠤᠳᠤᠯᠤᠨ ᠰᠠᠶᠢᠲᠤᠷ ᠬᠡᠷᠡᠭᠯᠡᠵᠦ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠭᠠᠵᠠᠷ ᠬᠡᠷᠡᠭᠯᠡᠬᠦ ᠨᠢᠭᠡᠴᠡ ᠳᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠤᠬᠠᠭᠤᠯᠭ᠎ᠠ ᠶᠢ ᠰᠠᠶᠢᠲᠤᠷ ᠬᠢᠵᠦ᠂ ᠰᠢᠩᠭᠡᠭᠡᠵᠦ ᠰᠢᠢᠳᠪᠦᠷᠢᠯᠡᠬᠦ ᠡᠭᠦᠷᠭᠡ ᠶᠢ ᠲᠦᠷᠬᠡᠨ | ᠨᠠᠶᠢᠳᠠᠪᠤᠷᠢᠵᠢᠭᠤᠯᠬᠤ ᠬᠡᠷᠡᠭᠲᠡᠢ᠃ | 1. ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠵᠤ᠂ ᠵᠥᠪᠰᠢᠶᠡᠷᠡᠭᠰᠡᠨ | ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ | ︵1︶ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯᠪᠠᠴᠤ ᠭᠠᠵᠠᠷ ᠰᠢᠷᠣᠢ ᠶᠢ ᠥᠯᠥ ᠬᠠᠩᠭᠠᠭᠰᠠᠨ᠃ | ᠨᠢᠭᠡᠨᠲᠡ ᠨᠠᠶᠢᠳᠠᠪᠤᠷᠢᠵᠢᠭᠤᠯᠤᠭᠰᠠᠨ ᠵᠦᠢᠯᠡᠰ ᠢ ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ | ᠪᠣᠯ ᠠᠬᠢᠴᠠ ᠶᠢ ᠨᠢ ᠲᠦᠷᠭᠡᠳᠬᠡᠵᠦ᠂ ᠭᠠᠵᠠᠷ ᠰᠢᠷᠣᠢ ᠶᠢᠨ ᠬᠠᠩᠭᠠᠯᠭ᠎ᠠ ᠶᠢ ᠬᠤᠭᠤᠴᠠᠭ᠎ᠠ ᠲᠣᠭᠲᠠᠭᠠᠨ ᠪᠡᠶᠡᠯᠡᠭᠦᠯᠬᠦ | ᠬᠡᠷᠡᠭᠲᠡᠢ᠃ | ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠦᠭᠡᠢ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ | ᠤᠷᠢᠳᠠᠪᠠᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠡᠪᠴᠢᠶᠡᠨ ᠳᠤ ᠣᠷᠣᠭᠤᠯᠵᠤ᠂ ᠲᠥᠪᠯᠡᠷᠡᠭᠦᠯᠦᠨ ᠬᠢᠨᠠᠨ | ᠵᠥᠪᠰᠢᠶᠡᠷᠡᠬᠦ ᠶᠢ ᠥᠷᠨᠢᠭᠦᠯᠦᠨ᠂ ᠴᠠᠭ ᠲᠤᠬᠠᠢ ᠳᠤᠨᠢ ᠥᠨᠳᠥᠷ ᠦᠷ᠎ᠡ ᠪᠦᠲᠦᠮᠵᠢᠲᠡᠶ ᠪᠠᠷ ᠬᠠᠩᠭᠠᠬᠤ ᠶᠢ ᠦᠨᠡᠨᠬᠦ | ᠪᠠᠲᠤᠯᠠᠬᠤ ᠬᠡᠷᠡᠭᠲᠡᠢ᠃ | ᠬᠠᠤᠯᠢ ᠶᠣᠰᠣᠭᠠᠷ ᠵᠥᠪᠰᠢᠶᠡᠷᠡᠭᠰᠡᠨ ᠪᠠ ᠲᠠᠲᠠᠪᠤᠷᠢᠯᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ | ᠬᠤᠲᠠ ᠶᠢᠨ ᠣᠯᠠᠨ ᠨᠡᠶᠢᠲᠡ ᠶᠢᠨ ᠵᠠᠮ᠂ ᠴᠡᠴᠡᠷᠯᠢᠭ ᠤᠨ ᠵᠦᠯᠭᠡ ᠭᠠᠵᠠᠷ᠂ ᠪᠣᠷᠣᠭᠠᠨ ᠤ ᠤᠰᠤ ᠪᠣᠬᠢᠷ ᠤᠰᠤ | ᠭᠠᠳᠠᠭᠰᠢᠯᠠᠭᠤᠯᠬᠤ ᠬᠤᠭᠤᠯᠠᠢ ᠱᠤᠭᠤᠮ᠂ ᠣᠯᠠᠨ ᠨᠡᠶᠢᠲᠡ ᠶᠢᠨ ᠠᠮᠠᠷᠠᠯᠲᠠ ᠶᠢᠨ ᠲᠠᠯᠠᠪᠠᠶ ᠵᠡᠷᠭᠡ ᠬᠤᠲᠠ ᠶᠢᠨ | ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠲᠤ ︽ | ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ | ᠲᠣᠭᠲᠠᠭᠠᠯ ᠤᠨ ᠪᠢᠴᠢᠭ︾ ᠢ ᠪᠦᠲᠦᠭᠡᠨ ᠪᠠᠶᠢᠭᠤᠯᠬᠤ ᠨᠢᠭᠡᠴᠡ ᠳᠤ ᠰᠢᠭᠤᠳ ᠬᠢᠨᠠᠨ ᠣᠯᠭᠤᠵᠤ ᠪᠣᠯᠣᠨ᠎ᠠ᠃ | ᠬᠡᠰᠡᠭ ᠭᠠᠵᠠᠷ ᠢᠶᠠᠷ ᠲᠤᠰᠠᠭᠠᠷ ᠬᠠᠩᠭᠠᠵᠤ ᠳᠡᠶᠢᠯᠬᠦ ᠦᠭᠡᠢ ᠵᠠᠮ ᠤᠨ ᠨᠣᠭᠤᠭᠠᠷᠠᠭᠤᠯᠤᠯᠲᠠ ᠶᠢᠨ ᠪᠦᠰᠡ ᠪᠠ | ᠠᠮᠤᠷ ᠲᠦᠪᠰᠢᠨ ᠤ ᠲᠤᠰᠠᠭᠠᠷᠯᠠᠬᠤ ᠪᠦᠰᠡ ᠵᠡᠷᠭᠡ ᠣᠷᠣᠯᠠᠨ ᠲᠠᠲᠠᠪᠤᠷᠢᠯᠠᠬᠤ ᠭᠠᠵᠠᠷ ᠵᠢᠴᠢ ᠠᠰᠢᠭᠯᠠᠵᠤ ᠳᠡᠶᠢᠯᠬᠦ | ᠦᠭᠡᠢ ᠥᠨᠴᠥᠭ ᠪᠤᠯᠤᠩ ᠳᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠬᠤᠪᠢᠶᠠᠷᠢᠯᠠᠨ ᠣᠯᠭᠤᠬᠤ ᠲᠣᠭᠲᠠᠭᠠᠯ ᠤᠨ ᠪᠢᠴᠢᠭ︾ ᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠰᠢᠭᠤᠳ ᠬᠢᠨᠠᠨ ᠣᠯᠭᠤᠵᠤ ᠪᠣᠯᠣᠨ᠎ᠠ᠃ | ᠪᠤᠰᠤᠳ ᠰᠢᠯᠲᠠᠭᠠᠨ ᠤ ᠲᠤᠬᠠᠢ᠂ ᠵᠢᠱᠢᠶᠡᠯᠡᠪᠡᠯ᠄ ᠭᠠᠵᠠᠷ ᠰᠢᠷᠣᠢ ᠶᠢᠨ ᠬᠡᠰᠡᠭ ᠳᠠᠪᠬᠤᠷᠳᠠᠭᠰᠠᠨ᠂ ᠪᠠᠶᠢᠷᠢᠰᠢᠯ ᠨᠢ | ᠬᠡᠯᠪᠡᠶᠢᠭᠰᠡᠨ᠂ ᠰᠢᠭᠦᠬᠦ ᠬᠤᠷᠢᠶ᠎ᠠ ᠠᠴᠠ ᠪᠠᠶᠢᠴᠠᠭᠠᠨ ᠪᠢᠲᠡᠭᠦᠮᠵᠢᠯᠡᠭᠰᠡᠨ ᠵᠡᠷᠭᠡ ᠠᠴᠠ ᠪᠣᠯᠤᠭᠰᠠᠨ ᠵᠥᠪᠰᠢᠶᠡᠷᠡᠭᠰᠡᠨ | ᠪᠣᠯᠪᠠᠴᠤ ᠭᠠᠵᠠᠷ ᠰᠢᠷᠣᠢ ᠶᠢ ᠬᠠᠩᠭᠠᠭᠰᠠᠨ ᠦᠭᠡᠢ ᠪᠠᠶᠢᠪᠠᠯ᠂ ᠦᠨᠡᠨ ᠠᠴᠠ ᠵᠥᠪ ᠢ ᠡᠷᠢᠬᠦ᠂ ︽ᠨᠢᠭᠡ ᠭᠠᠵᠠᠷ ᠲᠤ | ᠨᠢᠭᠡ ᠠᠷᠭ᠎ᠠ ᠪᠣᠳᠣᠯᠭ᠎ᠠ ᠲᠠᠢ ᠪᠠᠶᠢᠯᠭᠠᠬᠤ︾ ᠵᠠᠷᠴᠢᠮ ᠢᠶᠠᠷ ᠭᠠᠵᠠᠷ ᠰᠢᠷᠣᠢ ᠬᠠᠩᠭᠠᠬᠤ ︽ᠬᠠᠷᠰᠢ ᠰᠠᠭᠠᠳ︾ ᠤᠨ | ᠬᠦᠴᠦᠨ ᠵᠦᠢᠯ ᠢ ᠬᠦᠴᠦᠯᠡᠨ ᠠᠷᠢᠯᠭᠠᠵᠤ᠂ ᠰᠢᠩᠭᠡᠭᠡᠵᠦ ᠰᠢᠢᠳᠪᠦᠷᠢᠯᠡᠬᠦ ᠶᠢ ᠲᠦᠷᠭᠡᠳᠬᠡᠬᠦ ᠬᠡᠷᠡᠭᠲᠡᠢ᠃ | ︵2︶ ᠬᠠᠩᠭᠠᠬᠤ ᠨᠥᠬᠦᠴᠡᠯ ᠪᠦᠷᠢᠳᠦᠭᠰᠡᠨ ᠦᠭᠡᠢ ᠪᠣᠯᠪᠠᠴᠤ ᠭᠠᠵᠠᠷ ᠰᠢᠷᠣᠢ ᠶᠢ ᠡᠰᠡ ᠬᠠᠩᠭᠠᠭᠰᠠᠨ᠃ | ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ ᠭᠠᠵᠠᠷ ᠰᠢᠷᠣᠢ ᠳᠤ ᠴᠢᠭᠯᠡᠭᠦᠯᠦᠨ᠂ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ | ᠪᠦᠷᠬᠦᠴᠡ ᠶᠢᠨ ᠨᠤᠷᠮ᠎ᠠ ᠶᠢ ᠲᠦᠷᠭᠡᠳᠬᠡᠨ᠂ ︽ᠲᠠᠪᠤ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ᠣᠯᠠᠨ ᠲᠦᠮᠡᠨ ᠳᠤ ᠲᠥᠯᠥᠪᠦᠷᠢ ᠣᠯᠭᠤᠵᠤ | ᠲᠥᠪᠬᠢᠨᠡᠭᠦᠯᠬᠦ ᠠᠰᠠᠭᠤᠳᠠᠯ ᠳᠤ᠂ ᠭᠠᠵᠠᠷ ᠰᠢᠷᠣᠢ ᠶᠢ ᠲᠠᠲᠠᠪᠤᠷᠢᠯᠠᠬᠤ ᠨᠥᠬᠦᠪᠦᠷᠢ ᠶᠢᠨ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ︽ᠭᠠᠵᠠᠷ ᠰᠢᠷᠣᠢ ᠶᠢ ᠴᠡᠪᠡᠷᠰᠢᠭᠦᠯᠬᠦ︾ | ᠨᠥᠬᠦᠴᠡᠯ ᠳᠤ ᠭᠦᠷᠦᠭᠰᠡᠨ ᠤ ᠳᠠᠷᠠᠭ᠎ᠠ ᠭᠠᠵᠠᠷ ᠰᠢᠷᠣᠢ ᠶᠢᠨ ᠬᠠᠩᠭᠠᠯᠭ᠎ᠠ ᠶᠢ ᠱᠠᠯᠠᠪᠳᠠᠨ ᠵᠣᠬᠢᠶᠠᠨ ᠪᠠᠶᠢᠭᠤᠯᠬᠤ | ᠬᠡᠷᠡᠭᠲᠡᠢ᠃ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ︽ᠴᠡᠪᠡᠷ ᠭᠠᠵᠠᠷ︾ ᠤᠨ | ᠱᠠᠭᠠᠷᠳᠠᠯᠭ᠎ᠠ ᠳᠤ ᠨᠡᠶᠢᠴᠡᠭᠰᠡᠨ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠦᠭᠡᠢ ︽ᠵᠥᠪᠰᠢᠶᠡᠷᠡᠭᠰᠡᠨ ᠪᠣᠯᠪᠠᠴᠤ | ᠬᠠᠩᠭᠠᠭᠰᠠᠨ ᠦᠭᠡᠢ︾ ᠭᠠᠵᠠᠷ ᠰᠢᠷᠣᠢ ᠶᠢ ᠡᠯ᠎ᠡ ᠬᠤᠰᠢᠭᠤᠨ ᠤ ᠭᠠᠵᠠᠷ ᠰᠢᠷᠣᠢ ᠶᠢᠨ ᠨᠥᠭᠡᠴᠡᠯᠡᠯ ᠤᠨ | ᠬᠡᠪᠴᠢᠶᠡᠨ ᠳᠤ ᠣᠷᠣᠭᠤᠯᠵᠤ᠂ ᠳᠠᠬᠢᠨ ᠠᠷᠠᠯᠵᠢᠶᠠᠯᠠᠵᠤ ᠪᠣᠯᠣᠨ᠎ᠠ᠃ | ᠬᠠᠮᠢᠶ᠎ᠠ ᠪᠦᠬᠦᠢ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠭᠠᠵᠠᠷ ᠬᠠᠩᠭᠠᠬᠤ | ᠨᠥᠬᠦᠴᠡᠯ ᠦᠭᠡᠢ ᠭᠠᠵᠠᠷ ᠰᠢᠷᠣᠢ ᠳᠤ ᠴᠢᠭᠯᠡᠭᠦᠯᠦᠨ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠵᠣᠬᠢᠶᠠᠨ ᠪᠠᠶᠢᠭᠤᠯᠤᠯᠲᠠ ᠪᠠᠷ ᠳᠡᠮᠵᠢᠨ ᠲᠠᠯᠠᠪᠤᠷ ᠤᠨ ᠲᠥᠷᠥᠯ ᠪᠣᠯᠣᠨ ᠵᠥᠪᠰᠢᠶᠡᠷᠡᠬᠦ ᠠᠴᠠ ᠡᠮᠦᠨ᠎ᠡ ᠨᠢᠭᠡᠳᠦᠯᠲᠡᠢ | ᠪᠠᠶᠢᠬᠤ ᠶᠢ ᠪᠡᠶᠡᠯᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠵᠦᠢᠯᠡᠰ ᠢ | ᠰᠠᠶᠢᠲᠤᠷ ᠰᠢᠢᠳᠪᠦᠷᠢᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ︽︿ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︿ᠨᠡᠮᠡᠵᠦ ᠬᠠᠳᠠᠭᠠᠯᠠᠬᠤ ᠶᠢ | ᠬᠤᠯᠪᠣᠭᠳᠠᠭᠤᠯᠬᠤ﹀ ᠠᠵᠢᠯ ᠳᠤ ᠲᠣᠬᠢᠷᠠᠭᠤᠯᠤᠯᠲᠠ ᠬᠢᠬᠦ ᠪᠤᠶᠤ ᠵᠥᠪᠰᠢᠶᠡᠷᠡᠯ ᠤᠨ ᠪᠢᠴᠢᠭ ᠢ ᠬᠦᠴᠦᠨ ᠦᠭᠡᠢ | ᠪᠣᠯᠭᠠᠬᠤ ᠶᠢ ᠬᠢᠨᠠᠨ ᠬᠠᠷᠭᠤᠭᠤᠯᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠢ ᠮᠡᠳᠡᠭᠳᠡᠯ︾ ︵ᠥᠪᠥᠷ | ᠪᠠᠶᠢᠭᠠᠯᠢ ᠡᠬᠢ ᠥᠰᠥᠭ ﹇2019﹈ 517 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠥᠪᠡᠷ ᠤᠨ | ᠪᠠᠶᠢᠴᠠᠭᠠᠯᠲᠠ ᠥᠷᠨᠢᠭᠦᠯᠵᠦ᠂ ᠨᠥᠬᠦᠴᠡᠯ ᠳᠤ ᠨᠡᠶᠢᠴᠡᠪᠡᠯ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠠᠴᠠ ᠱᠠᠲᠤ ᠳᠠᠷᠠᠭᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ | ᠮᠡᠳᠡᠭᠦᠯᠵᠦ ᠭᠠᠵᠠᠷ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠪᠤᠴᠠᠭᠠᠨ ᠠᠪᠬᠤ ᠪᠠᠷ ᠭᠤᠶᠤᠴᠢᠯᠠᠨ᠎ᠠ | ᠃ | ︵3︶ ᠲᠡᠦᠬᠡᠨ ᠠᠴᠠ ᠦᠯᠡᠳᠡᠭᠳᠡᠵᠦ ᠢᠷᠡᠭᠰᠡᠨ ︽ᠥᠴᠢᠭᠯᠡᠭᠡ ᠦᠭᠡᠢ ᠪᠠᠷ ᠬᠡᠷᠡᠭᠯᠡᠭᠦᠯᠦᠭᠰᠡᠨ︾ ᠭᠠᠵᠠᠷ ᠲᠠᠷᠢᠶ᠎ᠠ᠃ | | ᠠᠵᠤ ᠠᠬᠤᠶᠢᠯᠠᠯ ᠤᠨ ᠳᠤᠷ᠎ᠠ ᠪᠠᠷ ᠢᠶᠠᠨ ︽ᠬᠠᠩᠭᠠᠭᠰᠠᠨ ᠦᠭᠡᠢ ᠪᠠᠷ ᠳᠠᠷᠤᠶᠢᠬᠠᠨ ᠬᠡᠷᠡᠭᠯᠡᠬᠦ︾ ᠠᠵᠤ | ᠦᠢᠯᠡᠳᠪᠦᠷᠢ᠂ ᠬᠤᠳᠠᠯᠳᠤᠭ᠎ᠠ᠂ ᠵᠤᠭ᠎ᠠ ᠴᠡᠩᠭᠡᠯ᠂ ᠲᠠᠸᠠᠷ ᠤᠨ ᠣᠷᠣᠨ ᠰᠠᠭᠤᠴᠠ ᠵᠡᠷᠭᠡ ᠡᠵᠡᠩᠨᠡᠯᠲᠡ ᠶᠢᠨ | ᠴᠢᠨᠠᠷᠲᠠᠢ ᠲᠥᠷᠥᠯ ᠵᠦᠢᠯ ᠳᠤ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠠᠴᠠ ᠨᠠᠷᠢᠨ ᠲᠠᠩᠰᠠ ᠵᠢᠭᠰᠠᠭᠠᠵᠤ᠂ ᠪᠠᠶᠢᠳᠠᠯ ᠢ ᠡᠮᠬᠢᠯᠡᠨ ᠳᠢᠭᠯᠡᠵᠦ᠂ | ᠰᠢᠢᠳᠪᠦᠷᠢᠯᠡᠬᠦ ᠰᠠᠨᠠᠯ ᠢ ᠲᠣᠳᠣᠷᠬᠠᠶᠢᠯᠠᠨ᠂ ᠬᠠᠤᠯᠢ ᠲᠣᠭᠲᠠᠭᠠᠯ ᠶᠣᠰᠣᠭᠠᠷ ᠬᠤᠭᠤᠴᠠᠭ᠎ᠠ ᠬᠢᠵᠠᠭᠠᠷᠯᠠᠨ ᠭᠠᠵᠠᠷ | ᠬᠠᠩᠭᠠᠬᠤ ᠭᠠᠷᠳᠠᠮ ᠢ ᠭᠦᠢᠴᠡᠳᠬᠡᠨ᠎ᠡ᠃ | 2. ᠬᠠᠤᠯᠢ ᠲᠣᠭᠲᠠᠭᠠᠯ ᠶᠣᠰᠣᠭᠠᠷ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ | ︵1︶ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠦᠶᠯᠡ ᠠᠵᠢᠯᠯᠠᠭ᠎ᠠ ᠠᠴᠠ ᠪᠣᠯᠤᠭᠰᠠᠨ ᠰᠤᠯᠠ ᠪᠠᠶᠢᠬᠤ ᠭᠠᠵᠠᠷ ᠰᠢᠷᠣᠢ᠃ | ᠣᠬᠤᠷ ᠬᠤᠭᠤᠴᠠᠭᠠᠨ ᠤ ᠳᠣᠲᠣᠷ᠎ᠠ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠵᠦ ᠪᠣᠯᠬᠤ ᠲᠥᠷᠥᠯ ᠵᠦᠢᠯ | ᠳᠤ ᠪᠣᠯ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠤᠭᠤᠴᠠᠭ᠎ᠠ ᠬᠢᠵᠠᠭᠠᠷ ᠢ | ᠤᠷᠲᠤᠳᠬᠠᠵᠤ᠂ ᠨᠥᠬᠦᠪᠦᠷᠢ ᠵᠥᠪᠯᠡᠯᠴᠡᠭᠡᠷ ᠲᠣᠭᠲᠠᠬᠤ ᠶᠢᠨ ᠬᠠᠮᠲᠤ ᠪᠠᠷᠢᠯᠭ᠎ᠠ ᠡᠬᠢᠯᠡᠭᠦᠯᠬᠦ᠂ ᠪᠠᠷᠢᠯᠭ᠎ᠠ ᠳᠠᠭᠤᠰᠬᠠᠬᠤ | ᠬᠤᠭᠤᠴᠠᠭ᠎ᠠ ᠬᠢᠵᠠᠭᠠᠷ ᠪᠣᠯᠣᠨ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠭᠲᠠᠭᠠᠯ ᠶᠣᠰᠣᠭᠠᠷ ᠲᠠᠬᠢᠨ | ᠪᠣᠯᠵᠣᠨ ᠲᠣᠭᠲᠠᠵᠤ᠂ ᠪᠠᠷᠢᠯᠭ᠎ᠠ ᠡᠬᠢᠯᠡᠭᠦᠯᠬᠦ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 1 ᠵᠢᠯ ᠠᠴᠠ | ᠬᠡᠲᠦᠷᠡᠭᠦᠯᠵᠦ ᠪᠣᠯᠬᠤ ᠦᠭᠡᠢ᠃ | ᠣᠬᠤᠷ ᠬᠤᠭᠤᠴᠠᠭᠠᠨ ᠤ ᠳᠣᠲᠣᠷ᠎ᠠ ᠪᠠᠷᠢᠯᠭ᠎ᠠ ᠡᠬᠢᠯᠡᠭᠦᠯᠦᠨ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠶᠢᠨ ᠠᠷᠭ᠎ᠠ ᠦᠭᠡᠢ ᠲᠥᠷᠥᠯ ᠵᠦᠢᠯ ᠳᠤ ᠲᠥᠷ ᠴᠠᠭ ᠬᠡᠷᠡᠭᠯᠡᠭᠦᠯᠬᠦ ᠪᠠᠷ ᠲᠣᠬᠢᠷᠠᠭᠤᠯᠵᠤ ᠪᠣᠯᠣᠨ᠎ᠠ᠂ | ᠤᠤᠯ ᠤᠨ ᠲᠥᠷᠥᠯ ᠵᠦᠢᠯ ᠨᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠤ | ᠲᠠᠷᠠᠭ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠨᠢ ᠰᠢᠨ᠎ᠡ ᠪᠠᠷ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠵᠤ ᠪᠣᠯᠣᠨ᠎ᠠ᠃ᠲᠦᠷ ᠬᠡᠷᠡᠭᠯᠡᠬᠦ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 2 | ᠵᠢᠯ ᠠᠴᠠ ᠬᠡᠲᠦᠷᠡᠭᠦᠯᠵᠦ ᠪᠣᠯᠬᠤ ᠦᠭᠡᠢ᠃ | ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠨᠢ ᠳᠠᠭᠢᠵᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠦᠭᠡᠢ ᠪᠣᠯ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠬᠡᠯᠡᠯᠴᠡᠭᠡᠷ ᠢᠶᠠᠷ ᠦᠨ᠎ᠡ ᠲᠥᠯᠥᠪᠦᠷᠢ ᠲᠠᠢ ᠪᠠᠷ ᠬᠤᠷᠢᠶᠠᠨ ᠠᠪᠴᠤ᠂ ᠴᠠᠭ ᠳᠣᠬᠠᠢ ᠳᠤᠨᠢ ᠲᠣᠬᠢᠷᠠᠭᠤᠯᠤᠨ ᠳᠠᠭᠢᠵᠤ | ᠬᠠᠩᠭᠠᠨ᠎ᠠ᠃ | ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠢᠭᠡᠨᠲᠡ ᠲᠤᠰᠢᠶᠠᠵᠤ ᠳᠠᠭᠤᠰᠬᠠᠭᠰᠠᠨ᠂ ᠲᠥᠷᠥᠯ ᠵᠦᠢᠯ ᠤᠨ | ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠭᠰᠡᠨ ᠠᠴᠠ | ᠪᠣᠯᠵᠤ ᠰᠤᠯᠠ ᠲᠠᠯᠪᠢᠭᠰᠠᠨ ᠪᠠᠶᠢᠪᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ | ᠬᠥᠮᠥᠨ ᠳᠤ ᠪᠤᠰᠤᠳ ᠥᠷᠲᠡᠭ ᠪᠠ ᠬᠡᠷᠡᠭᠴᠡᠭᠡ ᠨᠢ ᠠᠳᠠᠯᠢᠪᠲᠤᠷ ᠤᠯᠤᠰ ᠤᠨ ᠥᠮᠴᠢᠯᠡᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠣᠯᠢᠵᠤ ᠥᠭᠴᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ | ᠪᠣᠯᠣᠨ᠎ᠠ᠃ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠬᠤᠯᠪᠣᠭᠳᠠᠭᠰᠠᠨ ᠪᠠᠶᠢᠪᠠᠯ᠂ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠭᠡᠷ᠎ᠡ ᠶᠢ ᠰᠢᠨ᠎ᠡ ᠪᠠᠷ ᠲᠣᠭᠲᠠᠭᠠᠬᠤ ᠶᠢᠨ ᠬᠠᠮᠲᠤ ᠭᠡᠷ᠎ᠡ ᠳᠡᠭᠡᠨ ︽ᠭᠠᠵᠠᠷ ᠰᠢᠷᠣᠢ ᠶᠢ | ᠰᠣᠯᠢᠬᠤ︾ ᠭᠡᠵᠦ ᠲᠣᠳᠣᠷᠬᠠᠶᠢᠯᠠᠬᠤ ᠬᠡᠷᠡᠭᠲᠡᠢ᠃ᠭᠠᠵᠠᠷ ᠰᠢᠷᠣᠢ ᠶᠢ ᠰᠣᠯᠢᠬᠤ ᠳᠤ ᠲᠣᠭᠲᠠᠭᠠᠯ ᠶᠣᠰᠣᠭᠠᠷ | ᠵᠥᠪᠯᠡᠯᠴᠡᠭᠡᠷ ᠤᠨ ᠠᠷᠭ᠎ᠠ ᠮᠠᠶ᠋ᠢᠭ ᠢᠶᠠᠷ ᠰᠢᠯᠵᠢᠭᠦᠯᠦᠨ ᠬᠤᠳᠠᠯᠳᠤᠵᠤ ᠪᠣᠯᠣᠨ᠎ᠠ᠃ᠡᠨᠡᠬᠦ ᠰᠠᠭᠤᠷᠢᠨ ᠳᠡᠭᠡᠷ᠎ᠡ᠂ | ᠨᠥᠬᠦᠴᠡᠯ ᠲᠠᠢ ᠭᠠᠵᠠᠷ ᠣᠷᠣᠨ ᠨᠤᠭᠤᠳ ᠵᠠᠰᠠᠭ ᠤᠨ ᠣᠷᠳᠣᠨ ᠤ ᠨᠥᠭᠡᠴᠡᠯᠡᠵᠦ ᠪᠠᠶᠢᠭ᠎ᠠ ᠭᠠᠵᠠᠷ ᠰᠢᠷᠣᠢ ᠯᠤᠭ᠎ᠠ | ᠦᠨ᠎ᠡ ᠥᠷᠢᠰᠦᠯᠳᠦᠭᠦᠯᠦᠨ ᠰᠣᠯᠢᠬᠤ ᠠᠵᠢᠯ ᠢ ᠰᠦᠪᠡᠭᠴᠢᠯᠡᠨ ᠥᠷᠨᠢᠭᠦᠯᠵᠦ ᠪᠣᠯᠣᠨ᠎ᠠ᠃ | ︵2︶ ᠪᠤᠰᠤᠳ ᠰᠢᠯᠲᠠᠭᠠᠨ ᠠᠴᠠ ᠪᠣᠯᠤᠭᠰᠠᠨ ᠰᠤᠯᠠ ᠪᠠᠶᠢᠬᠤ ᠭᠠᠵᠠᠷ ᠰᠢᠷᠣᠢ᠃ | ᠠᠵᠢᠯ ᠡᠬᠢᠯᠡᠭᠦᠯᠵᠦ ᠨᠡᠭᠡᠭᠡᠨ ᠠᠰᠢᠭᠯᠠᠭᠰᠠᠨ ᠦᠭᠡᠢ ᠪᠠᠷ ᠰᠤᠯᠠ ᠲᠠᠯᠪᠢᠭᠠᠳ ᠪᠦᠬᠦᠯᠢ 1 ᠵᠢᠯ ᠠᠴᠠ ᠣᠷᠳᠣ | ᠬᠤᠶᠠᠷ ᠵᠢᠯ ᠪᠣᠯᠤᠭ᠎ᠠ ᠦᠭᠡᠢ ᠶᠢ ᠡᠯ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ | ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠳᠤ ︽ᠭᠠᠵᠠᠷ ᠰᠢᠷᠣᠢ ᠶᠢ ᠰᠤᠯᠠ | ᠪᠠᠶᠢᠯᠭᠠᠭᠰᠠᠨ ᠰᠦᠢᠳᠬᠡᠯ ᠬᠤᠷᠢᠶᠠᠬᠤ ᠲᠣᠭᠲᠠᠭᠠᠯ ᠤᠨ ᠪᠢᠴᠢᠭ︾ ᠪᠠᠭᠤᠯᠭᠠᠵᠤ᠂ ᠭᠠᠵᠠᠷ ᠰᠢᠷᠣᠢ ᠶᠢ ᠰᠢᠯᠵᠢᠭᠦᠯᠦᠨ | ᠬᠤᠳᠠᠯᠳᠤᠭᠰᠠᠨ ᠪᠤᠶᠤ ᠬᠤᠪᠢᠶᠠᠷᠢᠯᠠᠨ ᠥᠭᠭᠦᠭᠰᠡᠨ ᠭᠠᠵᠠᠷ ᠰᠢᠷᠣᠢ ᠶᠢᠨ ᠦᠨ᠎ᠡ ᠶᠢᠨ ᠵᠣᠭᠤᠰ ᠤᠨ 20% ᠪᠠᠷ | ᠭᠠᠵᠠᠷ ᠰᠢᠷᠣᠢ ᠶᠢ ᠰᠤᠯᠠ ᠪᠠᠶᠢᠯᠭᠠᠭᠰᠠᠨ ᠰᠦᠢᠳᠬᠡᠯ ᠲᠠᠲᠠᠪᠤᠷᠢᠯᠠᠨ᠎ᠠ᠃ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ | ᠨᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ | ᠭᠤᠶᠤᠴᠢᠯᠠᠭᠰᠠᠨ ᠦᠭᠡᠢ᠂ ᠵᠠᠰᠠᠭ ᠵᠠᠬᠢᠷᠭᠠᠨ ᠤ ᠵᠠᠷᠭᠤ ᠬᠢᠭᠰᠡᠨ ᠦᠭᠡᠢ᠂ ᠭᠠᠵᠠᠷ ᠰᠢᠷᠣᠢ ᠶᠢ ᠰᠤᠯᠠ ᠪᠠᠶᠢᠯᠭᠠᠭᠰᠠᠨ | ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ | ᠬᠡᠷᠡᠭᠵᠢᠭᠦᠯᠬᠦ ᠪᠠᠷ ᠭᠤᠶᠤᠴᠢᠯᠠᠵᠤ ᠪᠣᠯᠣᠨ᠎ᠠ᠃ | ᠪᠠᠷᠢᠯᠭ᠎ᠠ ᠡᠬᠢᠯᠡᠭᠦᠯᠦᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠦᠭᠡᠢ ᠪᠠᠷ ᠭᠠᠵᠠᠷ ᠰᠢᠷᠣᠢ ᠶᠢ | ᠰᠤᠯᠠ ᠲᠠᠯᠪᠢᠭᠠᠳ ᠪᠦᠬᠦᠯᠢ 2 ᠵᠢᠯ ᠪᠣᠯᠤᠭᠰᠠᠨ ᠪᠠᠶᠢᠪᠠᠯ᠂ ᠡᠯ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠠᠴᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ | ᠬᠥᠮᠥᠨ ᠳᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠬᠤᠷᠢᠶᠠᠨ ᠠᠪᠬᠤ ᠲᠣᠭᠲᠠᠭᠠᠯ ᠤᠨ ᠪᠢᠴᠢᠭ︾ ᠪᠠᠭᠤᠯᠭᠠᠨ᠎ᠠ᠃ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠦᠨ᠎ᠡ | ᠲᠥᠯᠥᠪᠦᠷᠢ ᠦᠭᠡᠢ ᠪᠠᠷ ᠬᠤᠷᠢᠶᠠᠨ ᠠᠪᠬᠤ ᠳᠤ ᠪᠠᠷᠢᠴᠠᠭᠠᠯᠠᠬᠤ ᠡᠷᠬᠡ ᠲᠠᠢ ᠪᠠᠶᠢᠪᠠᠯ᠂ ᠬᠤᠯᠪᠣᠭᠳᠠᠯ ᠪᠦᠬᠦᠢ | ᠪᠠᠷᠢᠴᠠᠭᠠᠯᠠᠬᠤ ᠡᠷᠬᠡᠲᠦ ᠬᠥᠮᠥᠨ ᠳᠤ ᠬᠠᠮᠲᠤ ᠳᠤᠨᠢ ᠬᠠᠭᠤᠯᠤᠨ ᠬᠦᠷᠭᠡᠨ᠎ᠡ᠃ᠭᠠᠵᠠᠷ ᠰᠢᠷᠣᠢ ᠶᠢᠨ ᠬᠡᠷᠡᠭᠯᠡᠬᠦ ᠡᠷᠬᠡᠲᠦ | ᠬᠥᠮᠥᠨ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠳᠠᠪᠲᠠᠨ | ᠶᠠᠷᠢᠯᠴᠠᠭᠤᠯᠬᠤ ᠪᠠᠷ ᠭᠤᠶᠤᠴᠢᠯᠠᠭᠰᠠᠨ ᠦᠭᠡᠢ᠂ ᠵᠠᠰᠠᠭ ᠵᠠᠬᠢᠷᠭᠠᠨ ᠤ ᠵᠠᠷᠭᠤ ᠬᠢᠭᠰᠡᠨ ᠦᠭᠡᠢ᠂ ᠬᠤᠭᠤᠴᠠᠭ᠎ᠠ | ᠬᠡᠲᠦᠷᠡᠲᠡᠯ᠎ᠡ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠦᠴᠦᠨ ᠦᠭᠡᠢ ᠪᠣᠯᠭᠠᠬᠤ ᠳᠠᠩᠰᠠᠯᠠᠯᠲᠠ ᠬᠢᠯᠭᠡᠭᠰᠡᠨ ᠦᠭᠡᠢ᠂ | ᠭᠠᠵᠠᠷ ᠰᠢᠷᠣᠢ ᠶᠢᠨ ᠦᠨᠡᠮᠯᠡᠯ ᠢᠶᠠᠨ ᠲᠤᠰᠢᠶᠠᠭᠰᠠᠨ ᠦᠭᠡᠢ ᠪᠠᠶᠢᠪᠠᠯ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ | ᠳᠠᠩᠰᠠᠯᠠᠯᠲᠠ ᠪᠠ ᠭᠠᠵᠠᠷ ᠰᠢᠷᠣᠢ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠪᠠᠷ ᠰᠢᠭᠤᠳ ᠵᠠᠷᠯᠠᠨ ᠨᠡᠶᠢᠲᠡᠯᠡᠨ᠎ᠡ᠃ | ᠬᠠᠤᠯᠢ ᠴᠠᠭᠠᠵᠠ ᠶᠢᠨ ᠪᠠᠶᠢᠴᠠᠭᠠᠨ ᠪᠢᠲᠡᠭᠦᠮᠵᠢᠯᠡᠯᠲᠡ ᠠᠴᠠ ᠪᠣᠯᠵᠤ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢᠨ ᠠᠷᠭ᠎ᠠ ᠦᠭᠡᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠠᠤᠯᠢ | ᠴᠠᠭᠠᠵᠠ ᠶᠢᠨ ᠪᠠᠶᠢᠭᠤᠯᠭ᠎ᠠ ᠵᠡᠷᠭᠡ ᠬᠠᠮᠵᠢᠨ ᠭᠦᠢᠴᠡᠳᠬᠡᠬᠦ ᠨᠢᠬᠡᠴᠡ ᠲᠠᠢ ᠵᠥᠪᠳᠡᠯᠴᠡᠨ ᠰᠢᠢᠳᠪᠦᠷᠢᠯᠡᠵᠦ᠂ ᠪᠠᠶᠢᠴᠠᠭᠠᠨ | ᠪᠢᠲᠡᠭᠦᠮᠵᠢᠯᠡᠯᠲᠡ ᠶᠢ ᠬᠦᠴᠦᠨ ᠦᠭᠡᠢ ᠪᠣᠯᠭᠠᠭᠰᠠᠨ ᠤ ᠲᠠᠷᠠᠭ᠎ᠠ ᠬᠤᠯᠪᠣᠭᠳᠠᠯ ᠪᠦᠬᠦᠢ ᠰᠢᠢᠳᠪᠦᠷᠢᠯᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠵᠥᠪᠰᠢᠶᠡᠷᠡᠭᠰᠡᠨ ᠪᠠᠶᠢᠲᠠᠯ᠎ᠠ | ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠠᠵᠢᠯ ᠪᠣᠯ ᠭᠠᠵᠠᠷ | ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠨᠢᠭᠡ ᠵᠦᠢᠯ ᠤᠨ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠭᠠᠶᠢᠯᠢ ᠶᠢᠨ ᠶᠠᠪᠤᠳᠠᠯ | ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠭᠠᠵᠠᠷ | ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠠᠬᠢᠭᠤᠯᠬᠤ ᠬᠠᠮᠲᠤ ᠶᠢᠨ ᠬᠠᠷᠢᠭᠤᠴᠠᠯᠭ᠎ᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠬᠡᠷᠡᠭᠲᠡᠢ᠃ᠬᠠᠮᠢᠶ᠎ᠠ ᠪᠦᠬᠦᠢ ᠨᠢᠭᠡᠴᠡ ᠶᠢᠨ ᠭᠤᠣᠯ | ᠬᠠᠷᠢᠭᠤᠴᠠᠯᠭᠠᠲᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠶ᠎ᠡ ᠪᠠᠷ ᠢᠶᠠᠨ | ᠲᠣᠬᠢᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ | ︵ᠬᠤᠶᠠᠷ︶ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠠᠬᠢᠭᠤᠯᠤᠨ᠎ᠠ᠃ᠵᠥᠪᠰᠢᠶᠡᠷᠡᠭᠰᠡᠨ ᠪᠠᠶᠢᠲᠠᠯ᠎ᠠ | ᠬᠠᠩᠭᠠᠭᠠᠳᠤᠢ᠂ ᠰᠤᠯᠠ ᠪᠠᠶᠢᠬᠤ ᠭᠠᠵᠠᠷ ᠰᠢᠷᠣᠢ ᠶᠢᠨ ᠪᠣᠶ ᠪᠣᠯᠣᠭᠰᠠᠨ ᠰᠢᠯᠲᠠᠭᠠᠨ ᠨᠢ ᠪᠤᠳᠤᠯᠢᠶᠠᠨᠲᠠᠢ᠂ | ᠰᠢᠢᠳᠪᠦᠷᠢᠯᠡᠬᠦ ᠳᠤ ᠨᠡᠯᠢᠶᠡᠳ ᠬᠦᠴᠢᠷᠲᠡᠢ ᠪᠠᠶᠢᠳᠠᠭ ᠪᠣᠯᠬᠤᠷ ᠰᠢᠢᠳᠪᠦᠷᠢᠯᠡᠬᠦ ᠶᠠᠪᠤᠴᠠ ᠳᠤ ᠭᠠᠷᠴᠤ ᠮᠡᠳᠡᠬᠦ | ᠵᠥᠷᠢᠴᠡᠯ ᠠᠰᠠᠭᠤᠳᠠᠯ ᠢ ᠭᠦᠢᠴᠡᠳ ᠪᠣᠳᠣᠯᠬᠢᠯᠠᠵᠤ᠂ ᠢᠳᠡᠪᠬᠢᠲᠡᠢ ᠪᠠᠷ ᠠᠷᠭᠠᠴᠠᠨ᠂ ᠲᠣᠬᠢᠲᠠᠢ ᠰᠢᠢᠳᠪᠦᠷᠢᠯᠡᠬᠦ | ᠬᠡᠷᠡᠭᠲᠡᠢ᠃ᠡᠭᠦᠨ ᠤ ᠬᠠᠮᠲᠤ᠂ ᠠᠵᠢᠯ ᠤᠨ ᠭᠤᠣᠯᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠰᠠᠶᠢᠲᠤᠷ ᠡᠵᠡᠮᠳᠡᠵᠦ᠂ ᠵᠢᠭᠰᠠᠭᠠᠨ ᠪᠠᠶᠢᠴᠠᠭᠠᠬᠤ᠂ ᠮᠠᠭᠠᠳᠯᠠᠨ ᠲᠣᠭᠲᠠᠭᠠᠬᠤ᠂ ᠰᠢᠩᠭᠡᠭᠡᠵᠦ ᠰᠢᠢᠳᠪᠦᠷᠢᠯᠡᠬᠦ ᠡᠯ᠎ᠡ | ᠱᠠᠲᠤ ᠦᠶ᠎ᠡ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠪᠥᠭᠡᠳ ᠡᠮᠬᠢ | ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠢ᠃ᠠᠶᠢᠮᠠᠭ ᠤᠨ ᠵᠠᠬᠢᠷᠭ᠎ᠠ ᠶᠢᠨ ᠬᠢᠨ ᠠᠵᠢᠯ ᠤᠨ ᠠᠬᠢᠴᠠ ᠪᠠᠨ ᠴᠠᠭ | ᠳᠣᠬᠠᠢ ᠳᠤᠨᠢ ᠲᠣᠬᠢᠷᠠᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠴᠤ᠂ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ | ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠯᠭᠡᠨ᠎ᠡ᠃ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠢᠨᠠᠯᠲᠠ ᠲᠠᠯᠪᠢᠵᠤ ᠵᠢᠯᠤᠭᠤᠳᠬᠤ ᠦᠢᠯᠡᠳᠦᠯ ᠢᠶᠠᠨ | ᠪᠠᠳᠠᠷᠠᠭᠤᠯᠵᠤ᠂ ᠪᠥᠬᠦ ᠠᠶᠢᠮᠠᠭ ᠤᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ | ᠰᠢᠷᠣᠢ ᠶᠢ ᠶᠡᠭᠡ ᠪᠠᠷ ᠰᠢᠩᠭᠡᠭᠡᠵᠦ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠪᠥᠬᠦ | ᠲᠠᠯ᠎ᠠ ᠪᠠᠷ ᠡᠵᠡᠮᠰᠢᠬᠦ ᠬᠡᠷᠡᠭᠲᠡᠢ᠃ | ︵ᠭᠤᠷᠪᠠ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ᠳᠡᠭᠡᠳᠦ ᠬᠡᠮᠵᠢᠶᠡᠨ ᠤ ᠬᠠᠷᠢᠭᠤᠴᠠᠯᠭᠠᠲᠤ | ᠰᠡᠳᠬᠢᠯᠭᠡ ᠪᠠ ᠡᠷᠡᠰ ᠰᠢᠭᠤᠷᠬᠠᠢ ᠣᠪᠣᠷ ᠢᠶᠠᠷ ᠡᠭᠦᠷᠭᠡᠯᠡᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠨ᠂ ᠵᠢᠭᠰᠠᠭᠠᠨ ᠪᠠᠶᠢᠴᠠᠭᠠᠬᠤ ᠠᠵᠢᠯ ᠤᠨ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ ᠪᠠᠶᠢᠬᠤ ᠶᠢ | ᠦᠨᠡᠨᠬᠦ ᠪᠠᠲᠤᠯᠠᠵᠤ᠂ ᠪᠠᠶᠢᠴᠠᠭᠠᠵᠤ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠨᠢ ᠵᠢᠷᠤᠮᠵᠢᠯ ᠲᠠᠢ᠂ ᠶᠣᠰᠣ ᠲᠠᠢ᠂ | ᠦᠨᠳᠦᠰᠦᠯᠡᠯ ᠲᠠᠢ ᠪᠠᠶᠢᠵᠤ᠂ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ | ᠭᠤᠥᠯᠴᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠠᠵᠢᠯ ᠳᠠᠭᠠᠨ ᠢᠳᠡᠪᠬᠢᠲᠡᠢ ᠪᠢᠰᠢ᠂ ᠰᠠᠨᠠᠭᠠᠴᠢᠯᠠᠭ᠎ᠠ ᠲᠠᠢ | ᠪᠢᠰᠢ᠂ ᠠᠬᠢᠴᠠ ᠨᠢ ᠤᠳᠠᠭᠠᠨ᠂ ᠠᠬᠢᠭᠤᠯᠤᠭᠰᠠᠨ ᠢᠶᠠᠷ ᠬᠦᠴᠦᠨ ᠦᠭᠡᠢ ᠵᠢᠴᠢ ᠪᠠᠶᠢᠳᠠᠯ ᠢᠶᠠᠨ ᠴᠠᠭ ᠲᠤᠬᠠᠢ ᠳᠤᠨᠢ | ᠮᠡᠳᠡᠭᠦᠯᠦᠭᠰᠡᠨ ᠦᠭᠡᠢ᠂ ᠣᠨᠣᠪᠴᠢ ᠦᠭᠡᠢ ᠶᠢ ᠨᠢ ᠵᠠᠷᠯᠠᠨ ᠰᠢᠭᠦᠮᠵᠢᠯᠡᠬᠦ ᠪᠤᠶᠤ ᠪᠣᠯᠵᠣᠨ ᠶᠠᠷᠢᠯᠴᠠᠨ᠎ᠠ︔ | ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠦᠭᠰᠡᠨ ᠵᠢᠴᠢ ᠬᠤᠳᠠᠯ ᠬᠡᠯᠡᠵᠦ | ᠬᠠᠭᠤᠷᠮᠠᠭ ᠢᠶᠠᠷ ᠦᠢᠯᠡᠳᠦᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠨᠢᠭᠤᠵᠤ | ᠳᠠᠯᠳᠠᠯᠠᠭᠰᠠᠨ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ᠵᠥᠪᠰᠢᠶᠡᠷᠡᠭᠰᠡᠨ | ᠪᠠᠶᠢᠲᠠᠯ᠎ᠠ ᠬᠠᠩᠭᠠᠭᠠᠳᠤᠢ᠂ ᠰᠤᠯᠠ ᠪᠠᠶᠢᠬᠤ ᠭᠠᠵᠠᠷ ᠰᠢᠷᠣᠢ ᠶᠢᠨ ᠰᠠᠭᠤᠷᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ | ᠣᠨ ᠤ ᠰᠢᠯᠭᠠᠨ ᠬᠢᠨᠠᠬᠤ ᠬᠠᠷᠠᠯᠲᠠ ᠳᠤ ᠣᠷᠣᠭᠤᠯᠤᠨ᠎ᠠ᠃ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠰᠤᠯᠠ ᠪᠠᠶᠢᠬᠤ ᠭᠠᠵᠠᠷ ᠰᠢᠷᠣᠢ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ | ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠪᠠᠶᠢᠳᠠᠯ ᠢ ᠤᠯᠠᠷᠢᠯ ᠢᠶᠠᠷ ᠬᠢᠨᠠᠨ ᠬᠡᠮᠵᠢᠵᠦ ᠵᠠᠷᠯᠠᠨ ᠮᠡᠳᠡᠭᠳᠡᠨ᠎ᠡ᠃ | ᠱᠠᠭᠠᠷᠳᠠᠯᠭ᠎ᠠ ᠶᠣᠰᠣᠭᠠᠷ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠦᠭᠡᠢ ᠬᠤᠰᠢᠭᠤ ᠣᠷᠣᠨ ᠢ ᠵᠠᠷᠯᠠᠨ | ᠰᠢᠭᠦᠮᠵᠢᠯᠡᠬᠦ ᠪᠤᠶᠤ ᠪᠣᠯᠵᠣᠨ ᠶᠠᠷᠢᠯᠴᠠᠵᠤ᠂ ᠣᠨ ᠤ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠪᠠᠯ᠂ | ᠰᠢᠯᠭᠠᠨ ᠬᠢᠨᠠᠵᠤ ᠬᠤᠪᠢ ᠨᠡᠮᠡᠵᠦ ᠱᠠᠩᠨᠠᠬᠤ ᠬᠡᠷᠡᠭᠲᠡᠢ᠃ | | | | | | |