ᠠᠯᠠᠱᠠ ᠠᠶᠢᠮᠠᠭ ᠤᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ ᠰᠢᠩᠭᠡᠭᠡᠵᠦ ᠰᠢᠢᠳᠪᠦᠷᠢᠯᠡᠬᠦ ᠠᠵᠢᠯ ᠤᠨ ᠲᠥᠰᠦᠯ
ᠨᠡᠶᠢᠲᠡᠯᠡᠭᠰᠡᠨ ᠴᠠᠭ᠄
2023/1/30
   ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠤᠯᠠᠮ ᠨᠢᠭᠡ ᠠᠯᠬᠤᠮ ᠠᠬᠢᠭᠤᠯᠵᠦ᠂ ᠰᠤᠯᠠ ᠪᠠᠶᠢᠭ᠎ᠠ ᠭᠠᠵᠠᠷ ᠰᠢᠷᠣᠶ ᠪᠣᠯᠤᠨ ᠵᠥᠪᠰᠢᠶᠡᠷᠡᠭᠡᠳ ᠬᠠᠩᠭᠠᠭᠰᠠᠨ ᠦᠭᠡᠶ ᠭᠠᠵᠠᠷ ᠰᠢᠷᠣᠶ ᠶᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠦᠲᠦᠮᠵᠢᠲᠡᠶ ᠲᠦᠯᠬᠢᠨ ᠠᠬᠢᠭᠤᠯᠵᠦ᠂ ᠭᠠᠵᠠᠷ ᠰᠢᠷᠣᠶ ᠶᠢᠨ ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠂ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 21 ᠳ᠋ᠣᠭᠡᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠥᠬᠡᠶ ᠰᠤᠯᠠ ᠪᠠᠶᠢᠭ᠎ᠠ ᠭᠠᠵᠠᠷ ᠰᠢᠷᠣᠶ ᠶᠢ ᠶᠡᠭᠡ ᠬᠡᠮᠵᠢᠶ᠎ᠡ ᠪᠠᠷ ᠰᠢᠩᠭᠡᠭᠡᠵᠦ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠣᠮᠠᠯᠯᠠᠨ ᠳᠠᠷᠬᠠᠭᠠᠬᠤ ᠳᠣᠬᠠᠢ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 51 ᠳ᠋ᠣᠭᠡᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠰᠦᠯᠡᠨ᠂ ᠣᠳᠣ ᠪᠦᠬᠦ ᠠᠶᠢᠮᠠᠭ ᠤᠨ ᠬᠡᠪᠴᠢᠶᠡᠨ ᠳᠤ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠶ ᠪᠠ ᠰᠤᠯᠠ ᠪᠠᠶᠢᠭ᠎ᠠ ᠭᠠᠵᠠᠷ ᠰᠢᠷᠣᠶ ᠶᠢ ᠪᠦᠬᠦᠨ ᠢ ᠰᠢᠩᠭᠡᠭᠡᠵᠦ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠲᠦᠯᠬᠢᠨ ᠠᠬᠢᠭᠤᠯᠬᠤ ᠶᠢᠨ ᠲᠤᠰᠠᠳᠠ᠂ ᠲᠤᠰ ᠠᠵᠢᠯ ᠤᠨ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠣᠶ ᠪᠣᠯᠭᠠᠵᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠠᠷᠢᠮᠲᠠᠯᠠᠵᠤ ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠪᠠᠲᠤᠯᠠᠵᠤ᠂ ︽ᠨᠡᠮᠡᠭᠳᠡᠯ ᠢ ᠴᠢᠩᠭ᠎ᠠ ᠬᠢᠵᠠᠭᠠᠷᠯᠠᠵᠤ᠂ ᠬᠠᠳᠠᠭᠠᠯᠠᠭᠳᠠᠴᠠ ᠶᠢ ᠴᠢᠯᠥᠭᠡᠲᠡᠶ ᠪᠣᠯᠭᠠᠨ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠡᠷᠦᠩᠬᠡᠶ ᠠᠵᠢᠯ ᠤᠨ ᠰᠡᠳᠬᠢᠮᠵᠢ ᠶᠢ ᠡᠵᠡᠮᠳᠡᠵᠦ᠂ ᠵᠥᠪᠰᠢᠶᠡᠷᠡᠭᠡᠳ  ᠬᠠᠩᠭᠠᠭᠰᠠᠨ ᠥᠬᠡᠶ᠂ ᠰᠤᠯᠠ ᠪᠠᠶᠢᠭ᠎ᠠ ᠭᠠᠵᠠᠷ ᠰᠢᠷᠣᠶ ᠶᠢ ᠪᠥᠬᠦ ᠲᠠᠯ᠎ᠠ ᠪᠠᠷ ᠰᠢᠩᠭᠡᠭᠡᠨ ᠰᠢᠢᠳᠪᠦᠷᠢᠯᠡᠵᠦ᠂ ᠬᠠᠳᠠᠭᠠᠯᠠᠭᠳᠠᠵᠤ ᠪᠠᠶᠢᠭ᠎ᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢ ᠴᠢᠯᠥᠭᠡᠲᠡᠶ ᠪᠣᠯᠭᠠᠨ᠂ ᠭᠠᠵᠠᠷ ᠰᠢᠷᠣᠶ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠶᠢ ᠠᠬᠢᠭᠤᠯᠬᠤ ᠳᠤ ᠢᠯᠡᠳᠲᠡ ᠦᠷ᠎ᠡ ᠪᠦᠲᠦᠮᠵᠢ ᠣᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃    ᠬᠤᠶᠠᠷ᠂ ᠠᠵᠢᠯ ᠤᠨ ᠬᠠᠷᠠᠯᠲᠠ    ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠬᠢᠨ ᠵᠥᠪᠰᠢᠶᠡᠷᠡᠬᠦ ᠴᠢᠬᠤᠯᠠᠲᠠᠢ ᠪᠠᠶᠢᠲᠠᠯ᠎ᠠ ᠬᠠᠩᠭᠠᠭᠰᠠᠨ ᠦᠭᠡᠢ᠂ 40100 ᠮᠦ ᠭᠠᠵᠠᠷ ᠰᠢᠷᠣᠢ ᠶᠢ ᠰᠤᠯᠠ ᠲᠠᠯᠪᠢᠵᠤ ᠪᠠᠶᠢᠨ᠎ᠠ᠃ᠡᠭᠦᠨ ᠳᠤ᠂ ᠵᠥᠪᠰᠢᠶᠡᠷᠡᠭᠰᠡᠨ ᠪᠣᠯᠪᠠᠴᠤ ᠥᠯᠥ ᠬᠠᠩᠭᠠᠭᠰᠠᠨ ᠭᠠᠵᠠᠷ ᠰᠢᠷᠣᠢ ᠶᠢᠨ ᠡᠭᠦᠷᠭᠡ ᠶᠢ 2009 ︱ 2019 ᠣᠨ ᠤ ᠶᠡᠷᠦᠩᠬᠡᠢ ᠬᠡᠮᠵᠢᠶ᠎ᠡ ᠶᠢᠨ 14900 ᠮᠦ ᠪᠠᠷ ᠰᠠᠭᠤᠷᠢ ᠪᠠᠷᠢᠮᠵᠢᠶ᠎ᠠ ᠪᠣᠯᠭᠠᠵᠤ᠂ 2022 ︱ 2025 ᠣᠨ ᠤ ᠲᠥᠯᠥᠪᠯᠡᠭᠡ ᠪᠠᠷ ᠵᠢᠯ ᠪᠦᠷᠢ ᠲᠣᠰ ᠲᠣᠰ 2700 ᠮᠦ᠂ 3700 ᠮᠦ᠂ 4000 ᠮᠦ᠂ 4500 ᠮᠦ ᠰᠢᠩᠭᠡᠭᠡᠨ᠎ᠡ︔ᠰᠤᠯᠠ ᠪᠠᠶᠢᠬᠤ ᠭᠠᠵᠠᠷ ᠰᠢᠷᠣᠢ ᠶᠢ ᠥᠪᠡᠷᠲᠡᠭᠡᠨ ᠵᠠᠰᠠᠬᠤ ᠣᠷᠣᠨ   ᠠᠴᠠ 25200 ᠮᠦ ᠡᠭᠦᠷᠭᠡ ᠪᠠᠭᠤᠯᠭᠠᠭᠰᠠᠨ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ 2022 ︱ 2025 ᠣᠨ ᠳᠤ ᠵᠢᠯ ᠪᠦᠷᠢ ᠶᠢᠨ ᠰᠢᠢᠳᠪᠦᠷᠢᠯᠡᠬᠦ ᠡᠭᠦᠷᠭᠡ ᠶᠢ ᠲᠣᠰ ᠲᠣᠰ 5000 ᠮᠦ᠂ 6100 ᠮᠦ᠂ 6800 ᠮᠦ᠂ 7300 ᠮᠦ ᠪᠣᠯᠭᠠᠬᠤ ᠪᠠᠷ ᠲᠥᠯᠥᠪᠯᠡᠵᠦ ᠪᠣᠶ᠃ᠳᠡᠭᠡᠷ᠎ᠡ ᠳᠤᠷᠠᠳᠤᠭᠰᠠᠨ ᠲᠥᠯᠥᠪᠯᠡᠭᠡ ᠶᠢᠨ ᠬᠠᠷᠠᠯᠲᠠ ᠶᠢ ᠰᠢᠢᠳᠪᠦᠷᠢᠯᠡᠬᠦ ᠡᠭᠦᠷᠭᠡ ᠶᠢ ᠥᠪᠡᠷᠲᠡᠭᠡᠨ ᠵᠠᠰᠠᠬᠤ ᠣᠷᠣᠨ ᠤ ᠵᠢᠯ ᠪᠦᠷᠢ ᠶᠢᠨ ᠪᠠᠭᠤᠯᠭᠠᠭᠰᠠᠨ ᠡᠭᠦᠷᠭᠡ ᠶᠢᠨ ᠬᠡᠮᠵᠢᠶ᠎ᠡ ᠪᠠ ᠰᠢᠯᠭᠠᠨ ᠬᠢᠨᠠᠬᠤ ᠳᠦᠷᠢᠮ ᠢ ᠦᠨᠳᠦᠰᠦᠯᠡᠨ ᠴᠠᠭ ᠲᠤᠬᠠᠢ ᠳᠤᠨᠢ ᠰᠢᠨᠡᠳᠬᠡᠨ ᠲᠣᠬᠢᠷᠠᠭᠤᠯᠤᠨ᠎ᠠ ︵ᠥᠪᠡᠷᠲᠡᠭᠡᠨ ᠵᠠᠰᠠᠬᠤ ᠣᠷᠣᠨ ᠠᠴᠠ ᠡᠭᠦᠷᠭᠡ ᠨᠡᠮᠡᠪᠡᠯ᠂ ᠡᠯ᠎ᠡ ᠬᠤᠰᠢᠭᠤ ᠣᠷᠣᠨ ᠳᠤ ᠲᠣᠬᠢᠷᠠᠭᠤᠯᠤᠯᠲᠠ ᠬᠢᠨ᠎ᠡ︔ᠥᠪᠡᠷᠲᠡᠭᠡᠨ ᠵᠠᠰᠠᠬᠤ ᠣᠷᠣᠨ ᠠᠴᠠ ᠡᠭᠦᠷᠭᠡ ᠶᠢ ᠲᠣᠬᠢᠷᠠᠭᠤᠯᠤᠨ ᠬᠠᠰᠣᠪᠠᠯ᠂ ᠡᠯ᠎ᠡ ᠬᠤᠰᠢᠭᠤ ᠣᠷᠣᠨ ᠤ ᠡᠭᠦᠷᠭᠡ ᠶᠢ ᠬᠤᠪᠢᠷᠠᠭᠤᠯᠬᠤ ᠦᠭᠡᠢ︶᠂ ᠡᠯ᠎ᠡ ᠬᠤᠰᠢᠭᠤ ᠣᠷᠣᠨ ᠤ ᠬᠠᠳᠠᠭᠠᠯᠠᠯᠲᠠ ᠶᠢᠨ ᠬᠡᠮᠵᠢᠶ᠎ᠡ ᠪᠠᠨ ᠤᠷᠢᠳᠴᠢᠯᠠᠨ ᠳᠠᠪᠠᠭᠤᠯᠤᠨ ᠰᠢᠩᠭᠡᠭᠡᠬᠦ ᠶᠢ ᠵᠣᠷᠢᠭᠵᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠡᠵᠡᠮᠳᠡᠨ᠎ᠡ᠃     ᠭᠤᠷᠪᠠ᠂ ᠠᠵᠢᠯ ᠤᠨ ᠠᠷᠭ᠎ᠠ ᠬᠡᠮᠵᠢᠶ᠎ᠡ     ︵ᠨᠢᠭᠡ︶ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠶᠢ ᠥᠷᠨᠢᠭᠦᠯᠦᠨ᠎ᠡ᠃ᠡᠯ᠎ᠡ ᠬᠤᠰᠢᠭᠤ ︵ᠣᠷᠣᠨ︶ ᠨᠤᠭᠤᠳ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ᠂ ᠭᠠᠵᠠᠷ ᠰᠢᠷᠣᠢ ᠶᠢᠨ ᠬᠠᠷᠢᠶ᠎ᠠ ᠶᠢᠨ ᠪᠠᠶᠢᠴᠠᠭᠠᠯᠲᠠ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠦᠢᠴᠡᠳ ᠠᠰᠢᠭᠯᠠᠵᠤ᠂ ᠣᠳᠣᠬᠠᠨ ᠤ ᠭᠠᠵᠠᠷ ᠰᠢᠷᠣᠢ ᠶᠢᠨ ᠮᠡᠳᠡᠭᠦᠯᠦᠨ ᠵᠥᠪᠰᠢᠶᠡᠷᠡᠭᠦᠯᠦᠭᠰᠡᠨ᠂ ᠬᠠᠩᠭᠠᠭᠰᠠᠨ ᠦᠷ᠎ᠡ ᠳ᠋ᠦᠩ ᠵᠡᠷᠭᠡ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠰᠤᠯᠠ ᠪᠠᠶᠢᠬᠤ ᠭᠠᠵᠠᠷ ᠰᠢᠷᠣᠢ ᠳᠤ ᠲᠣᠰ ᠲᠣᠰ ᠨᠡᠶᠢᠳᠡᠮ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠪᠠᠶᠢᠬᠤ ᠭᠠᠵᠠᠷ ᠰᠢᠷᠣᠢ ᠶᠢᠨ ᠲᠠᠯᠠᠪᠠᠶ᠂ ᠣᠷᠣᠨ ᠪᠠᠶᠢᠷᠢ᠂ ᠡᠷᠬᠡ ᠶᠢᠨ ᠬᠠᠷᠢᠶᠠᠯᠠᠯ᠂ ᠵᠥᠪᠰᠢᠶᠡᠷᠡᠭᠰᠡᠨ ᠴᠠᠭ ᠬᠤᠭᠤᠴᠠᠭ᠎ᠠ᠂ ᠲᠥᠯᠦᠪᠵᠢᠭᠦᠯᠭᠡ ᠶᠢᠨ ᠬᠡᠷᠡᠭᠴᠡᠭᠡ ᠵᠢᠴᠢ ᠪᠣᠶ ᠪᠣᠯᠤᠭᠰᠠᠨ ᠰᠢᠯᠲᠠᠭᠠᠨ ᠢ ᠪᠥᠬᠦ ᠲᠠᠯ᠎ᠠ ᠪᠠᠷ ᠡᠵᠡᠮᠰᠢᠵᠦ᠂ ᠨᠢᠭᠡᠳᠦᠯᠲᠡᠢ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ ᠤᠨ ᠲᠤᠭ᠎ᠠ ᠪᠠᠷᠢᠮᠲᠠ ᠶᠢᠨ ᠡᠬᠡ ᠲᠠᠩᠰᠠ ᠶᠢ ᠪᠣᠶ ᠪᠣᠯᠭᠠᠨ᠎ᠠ᠃    1. ᠵᠥᠪᠰᠢᠶᠡᠷᠡᠭᠰᠡᠨ ᠪᠠᠶᠢᠲᠠᠯ᠎ᠠ ᠭᠠᠵᠠᠷ ᠰᠢᠷᠣᠢ ᠶᠢ ᠡᠰᠡ ᠬᠠᠩᠭᠠᠭᠰᠠᠨ᠃2009 ︱ 2019 ᠣᠨ ᠳᠤ ᠨᠢᠭᠡᠨᠲᠡ ᠬᠢᠨᠠᠨ ᠵᠥᠪᠰᠢᠶᠡᠷᠡᠭᠡᠳ ᠬᠠᠩᠭᠠᠭᠰᠠᠨ ᠦᠭᠡᠢ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠭᠰᠠᠭᠠᠨ ᠪᠠᠶᠢᠴᠠᠭᠠᠵᠤ ᠮᠠᠭᠠᠳᠯᠠᠨ ᠲᠣᠭᠲᠠᠭᠠᠨ᠎ᠠ᠃    2. ᠰᠤᠯᠠ ᠪᠠᠶᠢᠬᠤ ᠭᠠᠵᠠᠷ ᠰᠢᠷᠣᠢ᠃ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠪᠤᠶᠤ ᠰᠢᠯᠵᠢᠭᠦᠯᠦᠨ ᠥᠭᠬᠦ ᠲᠣᠭᠲᠠᠭᠠᠯ ᠤᠨ ᠪᠢᠴᠢᠭ ᠠᠴᠠ ᠬᠡᠲᠦᠷᠡᠭᠦᠯᠦᠨ ᠪᠣᠯᠵᠣᠨ ᠲᠣᠭᠲᠠᠭᠰᠠᠨ᠂ ᠲᠣᠭᠲᠠᠭᠠᠭᠰᠠᠨ ᠨᠡᠭᠡᠭᠡᠨ ᠠᠰᠢᠭᠯᠠᠬᠤ ᠡᠳᠦᠷ ᠤᠨ ᠬᠤᠭᠤᠴᠠᠭ᠎ᠠ ᠨᠢ ᠳᠦᠭᠦᠷᠦᠭᠡᠳ 1 ᠵᠢᠯ ᠪᠣᠯᠤᠭᠰᠠᠨ ᠪᠠᠶᠢᠲᠠᠯ᠎ᠠ ᠨᠡᠭᠡᠭᠡᠨ ᠠᠰᠢᠭᠯᠠᠬᠤ ᠠᠵᠢᠯ ᠢᠶᠠᠨ ᠡᠬᠢᠯᠡᠭᠦᠯᠦᠭᠡᠳᠦᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠨᠢᠭᠡᠨᠲᠡ ᠨᠡᠭᠡᠭᠡᠨ ᠠᠰᠢᠭᠯᠠᠬᠤ ᠠᠵᠢᠯ ᠢᠶᠠᠨ ᠡᠬᠢᠯᠡᠭᠦᠯᠦᠭᠰᠡᠨ ᠪᠣᠯᠪᠠᠴᠤ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠶ ᠶᠢᠨ ᠡᠵᠡᠯᠡᠬᠦ ᠶᠣᠰᠣᠲᠠᠢ ᠨᠡᠭᠡᠭᠡᠨ ᠠᠰᠢᠭᠯᠠᠬᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠢ ᠲᠠᠯᠠᠪᠠᠶ ᠶᠢᠨ 1/3 ᠬᠦᠷᠬᠦ ᠦᠭᠡᠢ ᠪᠤᠶᠤ ᠨᠢᠭᠡᠨᠲᠡ ᠪᠡᠯᠡ ᠣᠷᠣᠭᠤᠯᠤᠭᠰᠠᠨ ᠲᠤᠭ᠎ᠠ ᠨᠢ 25% ᠬᠦᠷᠬᠦ ᠦᠭᠡᠢ ᠪᠠᠶᠢᠬᠤ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠣᠷᠭᠤᠨ ᠵᠣᠭᠰᠣᠭᠠᠭᠠᠳ ᠪᠦᠬᠦᠯᠢ 1 ᠵᠢᠯ ᠪᠣᠯᠤᠭᠰᠠᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠪᠠᠶᠢᠴᠠᠭᠠᠵᠤ ᠮᠠᠭᠠᠳᠯᠠᠨ ᠲᠣᠭᠲᠠᠭᠠᠬᠤ ᠬᠡᠷᠡᠭᠲᠡᠢ᠃     ︵ᠬᠤᠶᠠᠷ︶ ᠰᠢᠢᠳᠪᠦᠷᠢᠯᠡᠬᠦ ᠲᠥᠰᠥᠯ ᠢ ᠲᠣᠭᠲᠠᠭᠠᠨ᠎ᠠ᠃ᠡᠯ᠎ᠡ ᠬᠤᠰᠢᠭᠤ ︵ᠣᠷᠣᠨ︶ ᠨᠤᠭᠤᠳ ᠵᠢᠭᠰᠠᠭᠠᠨ ᠪᠠᠶᠢᠴᠠᠭᠠᠵᠤ ᠦᠨᠡᠯᠡᠬᠦ ᠠᠵᠢᠯ ᠤᠨ ᠰᠠᠭᠤᠷᠢᠨ ᠳᠡᠭᠡᠷ᠎ᠡ᠂ ᠭᠠᠵᠠᠷ ᠰᠢᠷᠣᠢ ᠬᠠᠩᠭᠠᠬᠤ ᠪᠠ ᠠᠰᠢᠭᠯᠠᠬᠤ ᠶᠠᠪᠤᠴᠠ ᠳᠠᠬᠢ ᠡᠯ᠎ᠡ ᠲᠥᠷᠥᠯ ᠤᠨ ᠪᠠᠶᠢᠳᠠᠯ ᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠤᠯᠠ ᠪᠠᠶᠢᠬᠤ ᠭᠠᠵᠠᠷ ᠰᠢᠷᠣᠢ ᠶᠢ ᠪᠣᠶ ᠪᠣᠯᠭᠠᠭᠰᠠᠨ ᠰᠡᠵᠢᠭᠲᠡᠢ ᠪᠠ ᠵᠥᠪᠰᠢᠶᠡᠷᠡᠭᠡᠳ ᠥᠯᠥ ᠬᠠᠩᠭᠠᠭᠰᠠᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠤ᠂ ᠭᠡᠷᠡᠴᠢᠯᠡᠬᠦ ᠮᠠᠲ᠋ᠧᠷᠢᠶᠠᠯ ᠢ ᠴᠤᠭᠯᠠᠭᠤᠯᠤᠨ᠂ ᠪᠣᠶ ᠪᠣᠯᠤᠭᠰᠠᠨ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠬᠡᠷᠡᠭᠲᠡᠢ᠃ ᠡᠯ᠎ᠡ ᠬᠤᠰᠢᠭᠤ ︵ᠣᠷᠣᠨ︶ ᠨᠤᠭᠤᠳ ᠵᠢᠭᠰᠠᠭᠠᠨ ᠪᠠᠶᠢᠴᠠᠭᠠᠵᠤ ᠦᠨᠡᠯᠡᠬᠦ ᠠᠵᠢᠯ ᠤᠨ ᠰᠠᠭᠤᠷᠢᠨ ᠳᠡᠭᠡᠷ᠎ᠡ᠂ ᠭᠠᠵᠠᠷ ᠰᠢᠷᠣᠢ ᠬᠠᠩᠭᠠᠬᠤ ᠪᠠ ᠠᠰᠢᠭᠯᠠᠬᠤ ᠶᠠᠪᠤᠴᠠ ᠳᠠᠬᠢ ᠡᠯ᠎ᠡ ᠵᠦᠢᠯ ᠤᠨ ᠪᠠᠶᠢᠳᠠᠯ ᠢ ᠵᠦᠢᠯ ᠳᠠᠷᠠᠭᠠᠯᠠᠨ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠪᠠᠶᠢᠴᠠᠭᠠᠨ ᠬᠠᠷᠭᠤᠭᠤᠯᠬᠤ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠭᠡᠷᠡᠴᠢ ᠮᠠᠲ᠋ᠧᠷᠢᠶᠠᠯ ᠴᠤᠭᠯᠠᠭᠤᠯᠤᠨ᠂ ᠪᠣᠶ ᠪᠣᠯᠤᠭᠰᠠᠨ ᠰᠢᠯᠲᠠᠭᠠᠨ ᠪᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠮᠠᠭᠠᠳᠯᠠᠬᠤ ᠬᠡᠷᠡᠭᠲᠡᠢ᠃ ᠦᠨᠡᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠦᠨᠡᠯᠡᠬᠦ ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ᠂ ︽ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠬᠥᠳᠡᠯᠦᠩᠭᠦᠢ ᠬᠢᠨᠠᠨ ᠰᠢᠨᠵᠢᠵᠦ ᠬᠢᠨᠠᠨ ᠬᠠᠮᠢᠶᠠᠷᠬᠤ ᠰᠢᠰᠲ᠋ᠧᠮ︾ ᠳᠤ ᠰᠤᠯᠠ ᠪᠠᠶᠢᠬᠤ ᠶᠢ ᠦᠨᠡᠯᠡᠬᠦ᠂ ᠳᠠᠩᠰᠠᠯᠠᠬᠤ ᠲᠠᠰ ᠳᠠᠷᠠᠭᠠᠯᠠᠯ ᠢ ᠵᠡᠷᠭᠡ ᠳᠤᠨᠢ ᠡᠬᠢᠯᠡᠭᠦᠯᠦᠨ᠎ᠡ᠃ᠰᠤᠯᠠ ᠪᠠᠶᠢᠬᠤ ᠪᠠ ᠵᠥᠪᠰᠢᠶᠡᠷᠡᠭᠰᠡᠨ ᠪᠣᠯᠪᠠᠴᠤ ᠥᠯᠥ ᠬᠠᠩᠭᠠᠭᠰᠠᠨ ᠭᠠᠵᠠᠷ ᠰᠢᠷᠣᠢ ᠶᠢᠨ ᠪᠣᠶ ᠪᠣᠯᠤᠭᠰᠠᠨ ᠰᠢᠯᠲᠠᠭᠠᠨ ᠳᠤ ᠴᠢᠭᠯᠡᠭᠦᠯᠦᠨ᠂ ︽ᠬᠡᠷᠡᠭᠯᠡᠬᠦ ᠶᠢ ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠢᠯᠭᠠᠭ᠎ᠠ ᠲᠠᠢ ᠬᠠᠨᠳᠤᠵᠤ᠂ ᠦᠨᠡᠨᠬᠦ ᠶᠠᠪᠤᠭᠳᠠᠭᠤᠰᠢᠲᠠᠢ ᠰᠢᠢᠳᠪᠦᠷᠢᠯᠡᠬᠦ ᠲᠥᠰᠥᠯ ᠢ ᠲᠣᠭᠲᠠᠭᠠᠬᠤ ᠬᠡᠷᠡᠭᠲᠡᠢ᠃    ︵ᠭᠤᠷᠪᠠ︶ ᠰᠢᠩᠭᠡᠭᠡᠵᠦ ᠰᠢᠢᠳᠪᠦᠷᠢᠯᠡᠨ᠎ᠡ᠃ ᠡᠯ᠎ᠡ ᠬᠤᠰᠢᠭᠤ ︵ᠣᠷᠣᠨ︶ ᠨᠤᠭᠤᠳ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠬᠢᠨᠠᠮᠠᠭᠠᠢ ᠰᠤᠳᠤᠯᠤᠨ ᠰᠠᠶᠢᠲᠤᠷ ᠬᠡᠷᠡᠭᠯᠡᠵᠦ᠂ ᠰᠠᠨᠠᠭᠠᠴᠢᠯᠠᠭ᠎ᠠ   ᠠᠴᠠ ᠪᠠᠨ ᠠᠵᠢᠯᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠭᠠᠵᠠᠷ ᠬᠡᠷᠡᠭᠯᠡᠬᠦ ᠨᠢᠭᠡᠴᠡ ᠳᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠤᠬᠠᠭᠤᠯᠭ᠎ᠠ ᠶᠢ ᠰᠠᠶᠢᠲᠤᠷ ᠬᠢᠵᠦ᠂ ᠰᠢᠩᠭᠡᠭᠡᠵᠦ ᠰᠢᠢᠳᠪᠦᠷᠢᠯᠡᠬᠦ ᠡᠭᠦᠷᠭᠡ ᠶᠢ ᠲᠦᠷᠬᠡᠨ ᠨᠠᠶᠢᠳᠠᠪᠤᠷᠢᠵᠢᠭᠤᠯᠬᠤ ᠬᠡᠷᠡᠭᠲᠡᠢ᠃   1. ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠤᠨ᠎ᠠ    ︵1︶ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠪᠣᠯᠪᠠᠴᠤ ᠭᠠᠵᠠᠷ ᠰᠢᠷᠣᠢ ᠶᠢ ᠥᠯᠥ ᠬᠠᠩᠭᠠᠭᠰᠠᠨ᠃     ᠨᠢᠭᠡᠨᠲᠡ ᠨᠠᠶᠢᠳᠠᠪᠤᠷᠢᠵᠢᠭᠤᠯᠤᠭᠰᠠᠨ ᠵᠦᠢᠯᠡᠰ ᠢ ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ ᠪᠣᠯ ᠠᠬᠢᠴᠠ ᠶᠢ ᠨᠢ ᠲᠦᠷᠭᠡᠳᠬᠡᠵᠦ᠂ ᠭᠠᠵᠠᠷ ᠰᠢᠷᠣᠢ ᠶᠢᠨ ᠬᠠᠩᠭᠠᠯᠭ᠎ᠠ ᠶᠢ ᠬᠤᠭᠤᠴᠠᠭ᠎ᠠ ᠲᠣᠭᠲᠠᠭᠠᠨ ᠪᠡᠶᠡᠯᠡᠭᠦᠯᠬᠦ ᠬᠡᠷᠡᠭᠲᠡᠢ᠃    ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠦᠭᠡᠢ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠤᠷᠢᠳᠠᠪᠠᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠡᠪᠴᠢᠶᠡᠨ ᠳᠤ ᠣᠷᠣᠭᠤᠯᠵᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠥᠷᠨᠢᠭᠦᠯᠦᠨ᠂ ᠴᠠᠭ ᠲᠤᠬᠠᠢ ᠳᠤᠨᠢ ᠥᠨᠳᠥᠷ ᠦᠷ᠎ᠡ ᠪᠦᠲᠦᠮᠵᠢᠲᠡᠶ ᠪᠠᠷ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃    ᠬᠠᠤᠯᠢ ᠶᠣᠰᠣᠭᠠᠷ ᠵᠥᠪᠰᠢᠶᠡᠷᠡᠭᠰᠡᠨ ᠪᠠ ᠲᠠᠲᠠᠪᠤᠷᠢᠯᠠᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠬᠤᠲᠠ ᠶᠢᠨ ᠣᠯᠠᠨ ᠨᠡᠶᠢᠲᠡ ᠶᠢᠨ ᠵᠠᠮ᠂ ᠴᠡᠴᠡᠷᠯᠢᠭ ᠤᠨ ᠵᠦᠯᠭᠡ ᠭᠠᠵᠠᠷ᠂ ᠪᠣᠷᠣᠭᠠᠨ ᠤ ᠤᠰᠤ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠱᠤᠭᠤᠮ᠂ ᠣᠯᠠᠨ ᠨᠡᠶᠢᠲᠡ ᠶᠢᠨ ᠠᠮᠠᠷᠠᠯᠲᠠ ᠶᠢᠨ ᠲᠠᠯᠠᠪᠠᠶ ᠵᠡᠷᠭᠡ ᠬᠤᠲᠠ ᠶᠢᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠲᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠰᠠᠯᠭᠠᠬᠤ ᠲᠣᠭᠲᠠᠭᠠᠯ ᠤᠨ ᠪᠢᠴᠢᠭ︾ ᠢ ᠪᠦᠲᠦᠭᠡᠨ ᠪᠠᠶᠢᠭᠤᠯᠬᠤ ᠨᠢᠭᠡᠴᠡ ᠳᠤ ᠰᠢᠭᠤᠳ ᠬᠢᠨᠠᠨ ᠣᠯᠭᠤᠵᠤ ᠪᠣᠯᠣᠨ᠎ᠠ᠃    ᠬᠡᠰᠡᠭ ᠭᠠᠵᠠᠷ ᠢᠶᠠᠷ ᠲᠤᠰᠠᠭᠠᠷ ᠬᠠᠩᠭᠠᠵᠤ ᠳᠡᠶᠢᠯᠬᠦ ᠦᠭᠡᠢ ᠵᠠᠮ ᠤᠨ ᠨᠣᠭᠤᠭᠠᠷᠠᠭᠤᠯᠤᠯᠲᠠ ᠶᠢᠨ ᠪᠦᠰᠡ ᠪᠠ ᠠᠮᠤᠷ ᠲᠦᠪᠰᠢᠨ ᠤ ᠲᠤᠰᠠᠭᠠᠷᠯᠠᠬᠤ ᠪᠦᠰᠡ ᠵᠡᠷᠭᠡ ᠣᠷᠣᠯᠠᠨ ᠲᠠᠲᠠᠪᠤᠷᠢᠯᠠᠬᠤ ᠭᠠᠵᠠᠷ ᠵᠢᠴᠢ ᠠᠰᠢᠭᠯᠠᠵᠤ ᠳᠡᠶᠢᠯᠬᠦ ᠦᠭᠡᠢ ᠥᠨᠴᠥᠭ ᠪᠤᠯᠤᠩ ᠳᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠣᠯᠭᠤᠬᠤ ᠲᠣᠭᠲᠠᠭᠠᠯ ᠤᠨ ᠪᠢᠴᠢᠭ︾ ᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠭᠤᠳ ᠬᠢᠨᠠᠨ ᠣᠯᠭᠤᠵᠤ ᠪᠣᠯᠣᠨ᠎ᠠ᠃    ᠪᠤᠰᠤᠳ ᠰᠢᠯᠲᠠᠭᠠᠨ ᠤ ᠲᠤᠬᠠᠢ᠂ ᠵᠢᠱᠢᠶᠡᠯᠡᠪᠡᠯ᠄ ᠭᠠᠵᠠᠷ ᠰᠢᠷᠣᠢ ᠶᠢᠨ ᠬᠡᠰᠡᠭ ᠳᠠᠪᠬᠤᠷᠳᠠᠭᠰᠠᠨ᠂ ᠪᠠᠶᠢᠷᠢᠰᠢᠯ ᠨᠢ ᠬᠡᠯᠪᠡᠶᠢᠭᠰᠡᠨ᠂ ᠰᠢᠭᠦᠬᠦ ᠬᠤᠷᠢᠶ᠎ᠠ ᠠᠴᠠ ᠪᠠᠶᠢᠴᠠᠭᠠᠨ ᠪᠢᠲᠡᠭᠦᠮᠵᠢᠯᠡᠭᠰᠡᠨ ᠵᠡᠷᠭᠡ ᠠᠴᠠ ᠪᠣᠯᠤᠭᠰᠠᠨ ᠵᠥᠪᠰᠢᠶᠡᠷᠡᠭᠰᠡᠨ ᠪᠣᠯᠪᠠᠴᠤ ᠭᠠᠵᠠᠷ ᠰᠢᠷᠣᠢ ᠶᠢ ᠬᠠᠩᠭᠠᠭᠰᠠᠨ ᠦᠭᠡᠢ ᠪᠠᠶᠢᠪᠠᠯ᠂ ᠦᠨᠡᠨ ᠠᠴᠠ ᠵᠥᠪ ᠢ ᠡᠷᠢᠬᠦ᠂ ︽ᠨᠢᠭᠡ ᠭᠠᠵᠠᠷ ᠲᠤ ᠨᠢᠭᠡ ᠠᠷᠭ᠎ᠠ ᠪᠣᠳᠣᠯᠭ᠎ᠠ ᠲᠠᠢ ᠪᠠᠶᠢᠯᠭᠠᠬᠤ︾ ᠵᠠᠷᠴᠢᠮ ᠢᠶᠠᠷ ᠭᠠᠵᠠᠷ ᠰᠢᠷᠣᠢ ᠬᠠᠩᠭᠠᠬᠤ ︽ᠬᠠᠷᠰᠢ ᠰᠠᠭᠠᠳ︾ ᠤᠨ ᠬᠦᠴᠦᠨ ᠵᠦᠢᠯ ᠢ ᠬᠦᠴᠦᠯᠡᠨ ᠠᠷᠢᠯᠭᠠᠵᠤ᠂ ᠰᠢᠩᠭᠡᠭᠡᠵᠦ ᠰᠢᠢᠳᠪᠦᠷᠢᠯᠡᠬᠦ ᠶᠢ ᠲᠦᠷᠭᠡᠳᠬᠡᠬᠦ ᠬᠡᠷᠡᠭᠲᠡᠢ᠃     ︵2︶ ᠬᠠᠩᠭᠠᠬᠤ ᠨᠥᠬᠦᠴᠡᠯ ᠪᠦᠷᠢᠳᠦᠭᠰᠡᠨ ᠦᠭᠡᠢ ᠪᠣᠯᠪᠠᠴᠤ ᠭᠠᠵᠠᠷ ᠰᠢᠷᠣᠢ ᠶᠢ ᠡᠰᠡ ᠬᠠᠩᠭᠠᠭᠰᠠᠨ᠃     ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠰᠢᠯᠲᠠᠭᠠᠨ ᠠᠴᠠ ᠪᠣᠯᠤᠭᠰᠠᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠳᠤ ᠴᠢᠭᠯᠡᠭᠦᠯᠦᠨ᠂ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠪᠦᠷᠬᠦᠴᠡ ᠶᠢᠨ ᠨᠤᠷᠮ᠎ᠠ ᠶᠢ ᠲᠦᠷᠭᠡᠳᠬᠡᠨ᠂ ︽ᠲᠠᠪᠤ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ᠣᠯᠠᠨ ᠲᠦᠮᠡᠨ ᠳᠤ ᠲᠥᠯᠥᠪᠦᠷᠢ ᠣᠯᠭᠤᠵᠤ ᠲᠥᠪᠬᠢᠨᠡᠭᠦᠯᠬᠦ ᠠᠰᠠᠭᠤᠳᠠᠯ ᠳᠤ᠂ ᠭᠠᠵᠠᠷ ᠰᠢᠷᠣᠢ ᠶᠢ ᠲᠠᠲᠠᠪᠤᠷᠢᠯᠠᠬᠤ ᠨᠥᠬᠦᠪᠦᠷᠢ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ︽ᠭᠠᠵᠠᠷ ᠰᠢᠷᠣᠢ ᠶᠢ ᠴᠡᠪᠡᠷᠰᠢᠭᠦᠯᠬᠦ︾ ᠨᠥᠬᠦᠴᠡᠯ ᠳᠤ ᠭᠦᠷᠦᠭᠰᠡᠨ ᠤ ᠳᠠᠷᠠᠭ᠎ᠠ ᠭᠠᠵᠠᠷ ᠰᠢᠷᠣᠢ ᠶᠢᠨ ᠬᠠᠩᠭᠠᠯᠭ᠎ᠠ ᠶᠢ ᠱᠠᠯᠠᠪᠳᠠᠨ ᠵᠣᠬᠢᠶᠠᠨ ᠪᠠᠶᠢᠭᠤᠯᠬᠤ ᠬᠡᠷᠡᠭᠲᠡᠢ᠃ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ︽ᠴᠡᠪᠡᠷ ᠭᠠᠵᠠᠷ︾ ᠤᠨ ᠱᠠᠭᠠᠷᠳᠠᠯᠭ᠎ᠠ ᠳᠤ ᠨᠡᠶᠢᠴᠡᠭᠰᠡᠨ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠦᠭᠡᠢ ︽ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ︾ ᠭᠠᠵᠠᠷ ᠰᠢᠷᠣᠢ ᠶᠢ ᠡᠯ᠎ᠡ ᠬᠤᠰᠢᠭᠤᠨ ᠤ ᠭᠠᠵᠠᠷ ᠰᠢᠷᠣᠢ ᠶᠢᠨ ᠨᠥᠭᠡᠴᠡᠯᠡᠯ ᠤᠨ ᠬᠡᠪᠴᠢᠶᠡᠨ ᠳᠤ ᠣᠷᠣᠭᠤᠯᠵᠤ᠂ ᠳᠠᠬᠢᠨ ᠠᠷᠠᠯᠵᠢᠶᠠᠯᠠᠵᠤ ᠪᠣᠯᠣᠨ᠎ᠠ᠃     ᠬᠠᠮᠢᠶ᠎ᠠ ᠪᠦᠬᠦᠢ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠭᠠᠵᠠᠷ ᠬᠠᠩᠭᠠᠬᠤ ᠨᠥᠬᠦᠴᠡᠯ ᠦᠭᠡᠢ ᠭᠠᠵᠠᠷ ᠰᠢᠷᠣᠢ ᠳᠤ ᠴᠢᠭᠯᠡᠭᠦᠯᠦᠨ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠪᠠᠷ ᠳᠡᠮᠵᠢᠨ ᠲᠠᠯᠠᠪᠤᠷ ᠤᠨ ᠲᠥᠷᠥᠯ ᠪᠣᠯᠣᠨ ᠵᠥᠪᠰᠢᠶᠡᠷᠡᠬᠦ ᠠᠴᠠ ᠡᠮᠦᠨ᠎ᠡ ᠨᠢᠭᠡᠳᠦᠯᠲᠡᠢ ᠪᠠᠶᠢᠬᠤ ᠶᠢ ᠪᠡᠶᠡᠯᠡᠭᠦᠯᠦᠭᠰᠡᠨ ᠪᠠᠶᠢᠪᠠᠯ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠶᠢᠨ ᠵᠦᠢᠯᠡᠰ ᠢ ᠰᠠᠶᠢᠲᠤᠷ ᠰᠢᠢᠳᠪᠦᠷᠢᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽︿ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︿ᠨᠡᠮᠡᠵᠦ ᠬᠠᠳᠠᠭᠠᠯᠠᠬᠤ ᠶᠢ ᠬᠤᠯᠪᠣᠭᠳᠠᠭᠤᠯᠬᠤ﹀ ᠠᠵᠢᠯ ᠳᠤ ᠲᠣᠬᠢᠷᠠᠭᠤᠯᠤᠯᠲᠠ ᠬᠢᠬᠦ ᠪᠤᠶᠤ ᠵᠥᠪᠰᠢᠶᠡᠷᠡᠯ ᠤᠨ ᠪᠢᠴᠢᠭ ᠢ ᠬᠦᠴᠦᠨ ᠦᠭᠡᠢ ᠪᠣᠯᠭᠠᠬᠤ ᠶᠢ ᠬᠢᠨᠠᠨ ᠬᠠᠷᠭᠤᠭᠤᠯᠬᠤ ᠠᠷᠭ᠎ᠠ﹀ ᠶᠢ ᠳᠠᠷᠤᠮᠠᠯᠯᠠᠨ ᠳᠠᠷᠬᠠᠭᠠᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2019﹈ 517 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠥᠪᠡᠷ ᠤᠨ ᠪᠠᠶᠢᠴᠠᠭᠠᠯᠲᠠ ᠥᠷᠨᠢᠭᠦᠯᠵᠦ᠂ ᠨᠥᠬᠦᠴᠡᠯ ᠳᠤ ᠨᠡᠶᠢᠴᠡᠪᠡᠯ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ   ᠠᠴᠠ ᠱᠠᠲᠤ ᠳᠠᠷᠠᠭᠠᠯᠠᠨ ᠳᠡᠭᠡᠭᠰᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ ᠭᠠᠵᠠᠷ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠨ ᠪᠤᠴᠠᠭᠠᠨ ᠠᠪᠬᠤ ᠪᠠᠷ ᠭᠤᠶᠤᠴᠢᠯᠠᠨ᠎ᠠ     ︵3︶ ᠲᠡᠦᠬᠡᠨ ᠠᠴᠠ ᠦᠯᠡᠳᠡᠭᠳᠡᠵᠦ ᠢᠷᠡᠭᠰᠡᠨ ︽ᠥᠴᠢᠭᠯᠡᠭᠡ ᠦᠭᠡᠢ ᠪᠠᠷ ᠬᠡᠷᠡᠭᠯᠡᠭᠦᠯᠦᠭᠰᠡᠨ︾ ᠭᠠᠵᠠᠷ ᠲᠠᠷᠢᠶ᠎ᠠ᠃     ᠠᠵᠤ ᠠᠬᠤᠶᠢᠯᠠᠯ ᠤᠨ ᠳᠤᠷ᠎ᠠ ᠪᠠᠷ ᠢᠶᠠᠨ ︽ᠬᠠᠩᠭᠠᠭᠰᠠᠨ ᠦᠭᠡᠢ ᠪᠠᠷ ᠳᠠᠷᠤᠶᠢᠬᠠᠨ ᠬᠡᠷᠡᠭᠯᠡᠬᠦ︾ ᠠᠵᠤ ᠦᠢᠯᠡᠳᠪᠦᠷᠢ᠂ ᠬᠤᠳᠠᠯᠳᠤᠭ᠎ᠠ᠂ ᠵᠤᠭ᠎ᠠ ᠴᠡᠩᠭᠡᠯ᠂ ᠲᠠᠸᠠᠷ ᠤᠨ ᠣᠷᠣᠨ ᠰᠠᠭᠤᠴᠠ ᠵᠡᠷᠭᠡ ᠡᠵᠡᠩᠨᠡᠯᠲᠡ ᠶᠢᠨ ᠴᠢᠨᠠᠷᠲᠠᠢ ᠲᠥᠷᠥᠯ ᠵᠦᠢᠯ ᠳᠤ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠨᠠᠷᠢᠨ ᠲᠠᠩᠰᠠ ᠵᠢᠭᠰᠠᠭᠠᠵᠤ᠂ ᠪᠠᠶᠢᠳᠠᠯ ᠢ ᠡᠮᠬᠢᠯᠡᠨ ᠳᠢᠭᠯᠡᠵᠦ᠂ ᠰᠢᠢᠳᠪᠦᠷᠢᠯᠡᠬᠦ ᠰᠠᠨᠠᠯ ᠢ ᠲᠣᠳᠣᠷᠬᠠᠶᠢᠯᠠᠨ᠂ ᠬᠠᠤᠯᠢ ᠲᠣᠭᠲᠠᠭᠠᠯ ᠶᠣᠰᠣᠭᠠᠷ ᠬᠤᠭᠤᠴᠠᠭ᠎ᠠ ᠬᠢᠵᠠᠭᠠᠷᠯᠠᠨ ᠭᠠᠵᠠᠷ ᠬᠠᠩᠭᠠᠬᠤ ᠭᠠᠷᠳᠠᠮ ᠢ ᠭᠦᠢᠴᠡᠳᠬᠡᠨ᠎ᠡ᠃     2. ᠬᠠᠤᠯᠢ ᠲᠣᠭᠲᠠᠭᠠᠯ ᠶᠣᠰᠣᠭᠠᠷ ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ     ︵1︶ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠦᠶᠯᠡ ᠠᠵᠢᠯᠯᠠᠭ᠎ᠠ ᠠᠴᠠ ᠪᠣᠯᠤᠭᠰᠠᠨ ᠰᠤᠯᠠ ᠪᠠᠶᠢᠬᠤ ᠭᠠᠵᠠᠷ ᠰᠢᠷᠣᠢ᠃     ᠣᠬᠤᠷ ᠬᠤᠭᠤᠴᠠᠭᠠᠨ ᠤ ᠳᠣᠲᠣᠷ᠎ᠠ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠵᠦ ᠪᠣᠯᠬᠤ ᠲᠥᠷᠥᠯ ᠵᠦᠢᠯ  ᠳᠤ ᠪᠣᠯ ᠪᠠᠷᠢᠯᠭ᠎ᠠ ᠡᠬᠢᠯᠡᠭᠦᠯᠵᠦ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠤᠭᠤᠴᠠᠭ᠎ᠠ ᠬᠢᠵᠠᠭᠠᠷ ᠢ ᠤᠷᠲᠤᠳᠬᠠᠵᠤ᠂ ᠨᠥᠬᠦᠪᠦᠷᠢ ᠵᠥᠪᠯᠡᠯᠴᠡᠭᠡᠷ ᠲᠣᠭᠲᠠᠬᠤ ᠶᠢᠨ ᠬᠠᠮᠲᠤ ᠪᠠᠷᠢᠯᠭ᠎ᠠ ᠡᠬᠢᠯᠡᠭᠦᠯᠬᠦ᠂ ᠪᠠᠷᠢᠯᠭ᠎ᠠ ᠳᠠᠭᠤᠰᠬᠠᠬᠤ ᠬᠤᠭᠤᠴᠠᠭ᠎ᠠ ᠬᠢᠵᠠᠭᠠᠷ ᠪᠣᠯᠣᠨ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠭᠲᠠᠭᠠᠯ ᠶᠣᠰᠣᠭᠠᠷ ᠲᠠᠬᠢᠨ ᠪᠣᠯᠵᠣᠨ ᠲᠣᠭᠲᠠᠵᠤ᠂ ᠪᠠᠷᠢᠯᠭ᠎ᠠ ᠡᠬᠢᠯᠡᠭᠦᠯᠬᠦ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃     ᠣᠬᠤᠷ ᠬᠤᠭᠤᠴᠠᠭᠠᠨ ᠤ ᠳᠣᠲᠣᠷ᠎ᠠ ᠪᠠᠷᠢᠯᠭ᠎ᠠ ᠡᠬᠢᠯᠡᠭᠦᠯᠦᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢᠨ ᠠᠷᠭ᠎ᠠ ᠦᠭᠡᠢ ᠲᠥᠷᠥᠯ ᠵᠦᠢᠯ ᠳᠤ ᠲᠥᠷ ᠴᠠᠭ ᠬᠡᠷᠡᠭᠯᠡᠭᠦᠯᠬᠦ ᠪᠠᠷ ᠲᠣᠬᠢᠷᠠᠭᠤᠯᠵᠤ ᠪᠣᠯᠣᠨ᠎ᠠ᠂ ᠤᠤᠯ ᠤᠨ ᠲᠥᠷᠥᠯ ᠵᠦᠢᠯ ᠨᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠤ ᠲᠠᠷᠠᠭ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠨᠢ ᠰᠢᠨ᠎ᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ ᠪᠣᠯᠣᠨ᠎ᠠ᠃ᠲᠦᠷ ᠬᠡᠷᠡᠭᠯᠡᠬᠦ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠢ᠃     ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠨᠢ ᠳᠠᠭᠢᠵᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠦᠭᠡᠢ ᠪᠣᠯ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠡᠯᠡᠯᠴᠡᠭᠡᠷ ᠢᠶᠠᠷ ᠦᠨ᠎ᠡ ᠲᠥᠯᠥᠪᠦᠷᠢ ᠲᠠᠢ ᠪᠠᠷ ᠬᠤᠷᠢᠶᠠᠨ ᠠᠪᠴᠤ᠂ ᠴᠠᠭ ᠳᠣᠬᠠᠢ ᠳᠤᠨᠢ ᠲᠣᠬᠢᠷᠠᠭᠤᠯᠤᠨ ᠳᠠᠭᠢᠵᠤ ᠬᠠᠩᠭᠠᠨ᠎ᠠ᠃     ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠢᠭᠡᠨᠲᠡ ᠲᠤᠰᠢᠶᠠᠵᠤ ᠳᠠᠭᠤᠰᠬᠠᠭᠰᠠᠨ᠂ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠭᠰᠡᠨ ᠠᠴᠠ ᠪᠣᠯᠵᠤ ᠰᠤᠯᠠ ᠲᠠᠯᠪᠢᠭᠰᠠᠨ ᠪᠠᠶᠢᠪᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠳᠤ ᠪᠤᠰᠤᠳ ᠥᠷᠲᠡᠭ ᠪᠠ ᠬᠡᠷᠡᠭᠴᠡᠭᠡ ᠨᠢ ᠠᠳᠠᠯᠢᠪᠲᠤᠷ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠣᠯᠢᠵᠤ ᠥᠭᠴᠦ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ ᠪᠣᠯᠣᠨ᠎ᠠ᠃ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠳᠤ ᠬᠤᠯᠪᠣᠭᠳᠠᠭᠰᠠᠨ ᠪᠠᠶᠢᠪᠠᠯ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠭᠡᠷ᠎ᠡ ᠶᠢ ᠰᠢᠨ᠎ᠡ ᠪᠠᠷ ᠲᠣᠭᠲᠠᠭᠠᠬᠤ ᠶᠢᠨ ᠬᠠᠮᠲᠤ ᠭᠡᠷ᠎ᠡ ᠳᠡᠭᠡᠨ ︽ᠭᠠᠵᠠᠷ ᠰᠢᠷᠣᠢ ᠶᠢ ᠰᠣᠯᠢᠬᠤ︾ ᠭᠡᠵᠦ ᠲᠣᠳᠣᠷᠬᠠᠶᠢᠯᠠᠬᠤ ᠬᠡᠷᠡᠭᠲᠡᠢ᠃ᠭᠠᠵᠠᠷ ᠰᠢᠷᠣᠢ ᠶᠢ ᠰᠣᠯᠢᠬᠤ ᠳᠤ ᠲᠣᠭᠲᠠᠭᠠᠯ ᠶᠣᠰᠣᠭᠠᠷ ᠵᠥᠪᠯᠡᠯᠴᠡᠭᠡᠷ ᠤᠨ ᠠᠷᠭ᠎ᠠ ᠮᠠᠶ᠋ᠢᠭ ᠢᠶᠠᠷ ᠰᠢᠯᠵᠢᠭᠦᠯᠦᠨ ᠬᠤᠳᠠᠯᠳᠤᠵᠤ ᠪᠣᠯᠣᠨ᠎ᠠ᠃ᠡᠨᠡᠬᠦ ᠰᠠᠭᠤᠷᠢᠨ ᠳᠡᠭᠡᠷ᠎ᠡ᠂ ᠨᠥᠬᠦᠴᠡᠯ ᠲᠠᠢ ᠭᠠᠵᠠᠷ ᠣᠷᠣᠨ ᠨᠤᠭᠤᠳ ᠵᠠᠰᠠᠭ ᠤᠨ ᠣᠷᠳᠣᠨ ᠤ ᠨᠥᠭᠡᠴᠡᠯᠡᠵᠦ ᠪᠠᠶᠢᠭ᠎ᠠ ᠭᠠᠵᠠᠷ ᠰᠢᠷᠣᠢ ᠯᠤᠭ᠎ᠠ ᠦᠨ᠎ᠡ ᠥᠷᠢᠰᠦᠯᠳᠦᠭᠦᠯᠦᠨ ᠰᠣᠯᠢᠬᠤ ᠠᠵᠢᠯ ᠢ ᠰᠦᠪᠡᠭᠴᠢᠯᠡᠨ ᠥᠷᠨᠢᠭᠦᠯᠵᠦ ᠪᠣᠯᠣᠨ᠎ᠠ᠃    ︵2︶ ᠪᠤᠰᠤᠳ ᠰᠢᠯᠲᠠᠭᠠᠨ   ᠠᠴᠠ ᠪᠣᠯᠤᠭᠰᠠᠨ ᠰᠤᠯᠠ ᠪᠠᠶᠢᠬᠤ ᠭᠠᠵᠠᠷ ᠰᠢᠷᠣᠢ᠃    ᠠᠵᠢᠯ ᠡᠬᠢᠯᠡᠭᠦᠯᠵᠦ ᠨᠡᠭᠡᠭᠡᠨ ᠠᠰᠢᠭᠯᠠᠭᠰᠠᠨ ᠦᠭᠡᠢ ᠪᠠᠷ ᠰᠤᠯᠠ ᠲᠠᠯᠪᠢᠭᠠᠳ ᠪᠦᠬᠦᠯᠢ 1 ᠵᠢᠯ ᠠᠴᠠ ᠣᠷᠳᠣ ᠬᠤᠶᠠᠷ ᠵᠢᠯ ᠪᠣᠯᠤᠭ᠎ᠠ ᠦᠭᠡᠢ ᠶᠢ ᠡᠯ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠳᠤ ︽ᠭᠠᠵᠠᠷ ᠰᠢᠷᠣᠢ ᠶᠢ ᠰᠤᠯᠠ ᠪᠠᠶᠢᠯᠭᠠᠭᠰᠠᠨ ᠰᠦᠢᠳᠬᠡᠯ ᠬᠤᠷᠢᠶᠠᠬᠤ ᠲᠣᠭᠲᠠᠭᠠᠯ ᠤᠨ ᠪᠢᠴᠢᠭ︾ ᠪᠠᠭᠤᠯᠭᠠᠵᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠪᠤᠶᠤ ᠬᠤᠪᠢᠶᠠᠷᠢᠯᠠᠨ ᠥᠭᠭᠦᠭᠰᠡᠨ ᠭᠠᠵᠠᠷ ᠰᠢᠷᠣᠢ ᠶᠢᠨ ᠦᠨ᠎ᠡ ᠶᠢᠨ ᠵᠣᠭᠤᠰ ᠤᠨ 20% ᠪᠠᠷ ᠭᠠᠵᠠᠷ ᠰᠢᠷᠣᠢ ᠶᠢ ᠰᠤᠯᠠ ᠪᠠᠶᠢᠯᠭᠠᠭᠰᠠᠨ ᠰᠦᠢᠳᠬᠡᠯ ᠲᠠᠲᠠᠪᠤᠷᠢᠯᠠᠨ᠎ᠠ᠃ᠭᠠᠵᠠᠷ ᠰᠢᠷᠣᠢ ᠬᠡᠷᠡᠭᠯᠡᠬᠦ ᠡᠷᠬᠡᠲᠦ ᠬᠥᠮᠥᠨ  ᠨᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠦᠭᠡᠢ᠂ ᠵᠠᠰᠠᠭ ᠵᠠᠬᠢᠷᠭᠠᠨ ᠤ ᠵᠠᠷᠭᠤ ᠬᠢᠭᠰᠡᠨ ᠦᠭᠡᠢ᠂ ᠭᠠᠵᠠᠷ ᠰᠢᠷᠣᠢ ᠶᠢ ᠰᠤᠯᠠ ᠪᠠᠶᠢᠯᠭᠠᠭᠰᠠᠨ ᠰᠦᠢᠳᠬᠡᠯ ᠲᠤᠰᠢᠶᠠᠬᠤ ᠶᠢ ᠲᠡᠪᠴᠢᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠯᠭ᠎ᠠ ᠪᠠᠷ ᠬᠡᠷᠡᠭᠵᠢᠭᠦᠯᠬᠦ ᠪᠠᠷ ᠭᠤᠶᠤᠴᠢᠯᠠᠵᠤ ᠪᠣᠯᠣᠨ᠎ᠠ᠃     ᠪᠠᠷᠢᠯᠭ᠎ᠠ ᠡᠬᠢᠯᠡᠭᠦᠯᠦᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠦᠭᠡᠢ ᠪᠠᠷ ᠭᠠᠵᠠᠷ ᠰᠢᠷᠣᠢ ᠶᠢ ᠰᠤᠯᠠ ᠲᠠᠯᠪᠢᠭᠠᠳ ᠪᠦᠬᠦᠯᠢ 2 ᠵᠢᠯ ᠪᠣᠯᠤᠭᠰᠠᠨ ᠪᠠᠶᠢᠪᠠᠯ᠂ ᠡᠯ᠎ᠡ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠥᠨ ᠳᠤ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠤᠷᠢᠶᠠᠨ ᠠᠪᠬᠤ ᠲᠣᠭᠲᠠᠭᠠᠯ ᠤᠨ ᠪᠢᠴᠢᠭ︾ ᠪᠠᠭᠤᠯᠭᠠᠨ᠎ᠠ᠃ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠦᠨ᠎ᠡ ᠲᠥᠯᠥᠪᠦᠷᠢ ᠦᠭᠡᠢ ᠪᠠᠷ ᠬᠤᠷᠢᠶᠠᠨ ᠠᠪᠬᠤ ᠳᠤ ᠪᠠᠷᠢᠴᠠᠭᠠᠯᠠᠬᠤ ᠡᠷᠬᠡ ᠲᠠᠢ ᠪᠠᠶᠢᠪᠠᠯ᠂ ᠬᠤᠯᠪᠣᠭᠳᠠᠯ ᠪᠦᠬᠦᠢ ᠪᠠᠷᠢᠴᠠᠭᠠᠯᠠᠬᠤ ᠡᠷᠬᠡᠲᠦ ᠬᠥᠮᠥᠨ ᠳᠤ ᠬᠠᠮᠲᠤ ᠳᠤᠨᠢ ᠬᠠᠭᠤᠯᠤᠨ ᠬᠦᠷᠭᠡᠨ᠎ᠡ᠃ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠪᠠᠷ ᠭᠤᠶᠤᠴᠢᠯᠠᠭᠰᠠᠨ ᠦᠭᠡᠢ᠂ ᠵᠠᠰᠠᠭ ᠵᠠᠬᠢᠷᠭᠠᠨ ᠤ ᠵᠠᠷᠭᠤ ᠬᠢᠭᠰᠡᠨ ᠦᠭᠡᠢ᠂ ᠬᠤᠭᠤᠴᠠᠭ᠎ᠠ ᠬᠡᠲᠦᠷᠡᠲᠡᠯ᠎ᠡ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠦᠴᠦᠨ ᠦᠭᠡᠢ ᠪᠣᠯᠭᠠᠬᠤ ᠳᠠᠩᠰᠠᠯᠠᠯᠲᠠ ᠬᠢᠯᠭᠡᠭᠰᠡᠨ ᠦᠭᠡᠢ᠂ ᠭᠠᠵᠠᠷ ᠰᠢᠷᠣᠢ ᠶᠢᠨ ᠦᠨᠡᠮᠯᠡᠯ ᠢᠶᠠᠨ ᠲᠤᠰᠢᠶᠠᠭᠰᠠᠨ ᠦᠭᠡᠢ ᠪᠠᠶᠢᠪᠠᠯ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢᠨ ᠳᠠᠩᠰᠠᠯᠠᠯᠲᠠ ᠪᠠ ᠭᠠᠵᠠᠷ ᠰᠢᠷᠣᠢ ᠶᠢᠨ ᠦᠨᠡᠮᠯᠡᠯ ᠢ ᠬᠦᠴᠦᠨ ᠦᠭᠡᠢ ᠪᠣᠯᠭᠠᠬᠤ ᠪᠠᠷ ᠰᠢᠭᠤᠳ ᠵᠠᠷᠯᠠᠨ ᠨᠡᠶᠢᠲᠡᠯᠡᠨ᠎ᠡ᠃      ᠬᠠᠤᠯᠢ ᠴᠠᠭᠠᠵᠠ ᠶᠢᠨ ᠪᠠᠶᠢᠴᠠᠭᠠᠨ ᠪᠢᠲᠡᠭᠦᠮᠵᠢᠯᠡᠯᠲᠡ ᠠᠴᠠ ᠪᠣᠯᠵᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢᠨ ᠠᠷᠭ᠎ᠠ ᠦᠭᠡᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠬᠠᠮᠵᠢᠨ ᠭᠦᠢᠴᠡᠳᠬᠡᠬᠦ ᠨᠢᠬᠡᠴᠡ ᠲᠠᠢ ᠵᠥᠪᠳᠡᠯᠴᠡᠨ ᠰᠢᠢᠳᠪᠦᠷᠢᠯᠡᠵᠦ᠂ ᠪᠠᠶᠢᠴᠠᠭᠠᠨ ᠪᠢᠲᠡᠭᠦᠮᠵᠢᠯᠡᠯᠲᠡ ᠶᠢ ᠬᠦᠴᠦᠨ ᠦᠭᠡᠢ ᠪᠣᠯᠭᠠᠭᠰᠠᠨ ᠤ ᠲᠠᠷᠠᠭ᠎ᠠ ᠬᠤᠯᠪᠣᠭᠳᠠᠯ ᠪᠦᠬᠦᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃     ᠳᠥᠷᠪᠡ᠂ ᠠᠵᠢᠯ ᠤᠨ ᠱᠠᠭᠠᠷᠳᠠᠯᠭ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠠᠵᠢᠯ ᠪᠣᠯ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠠᠬᠢᠭᠤᠯᠬᠤ ᠬᠠᠮᠲᠤ ᠶᠢᠨ ᠬᠠᠷᠢᠭᠤᠴᠠᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠬᠡᠷᠡᠭᠲᠡᠢ᠃ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃     ︵ᠬᠤᠶᠠᠷ︶ ᠯᠠᠪᠳᠠᠭᠤᠨ ᠪᠠᠲᠤᠲᠠᠢ ᠡᠮᠬᠢ ᠵᠢᠷᠤᠮ ᠲᠠᠢ ᠪᠠᠷ ᠠᠬᠢᠭᠤᠯᠤᠨ᠎ᠠ᠃ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ᠂ ᠰᠤᠯᠠ ᠪᠠᠶᠢᠬᠤ ᠭᠠᠵᠠᠷ ᠰᠢᠷᠣᠢ ᠶᠢᠨ ᠪᠣᠶ  ᠪᠣᠯᠣᠭᠰᠠᠨ ᠰᠢᠯᠲᠠᠭᠠᠨ ᠨᠢ ᠪᠤᠳᠤᠯᠢᠶᠠᠨᠲᠠᠢ᠂ ᠰᠢᠢᠳᠪᠦᠷᠢᠯᠡᠬᠦ ᠳᠤ ᠨᠡᠯᠢᠶᠡᠳ ᠬᠦᠴᠢᠷᠲᠡᠢ ᠪᠠᠶᠢᠳᠠᠭ ᠪᠣᠯᠬᠤᠷ ᠰᠢᠢᠳᠪᠦᠷᠢᠯᠡᠬᠦ ᠶᠠᠪᠤᠴᠠ ᠳᠤ ᠭᠠᠷᠴᠤ ᠮᠡᠳᠡᠬᠦ ᠵᠥᠷᠢᠴᠡᠯ ᠠᠰᠠᠭᠤᠳᠠᠯ ᠢ ᠭᠦᠢᠴᠡᠳ ᠪᠣᠳᠣᠯᠬᠢᠯᠠᠵᠤ᠂ ᠢᠳᠡᠪᠬᠢᠲᠡᠢ ᠪᠠᠷ ᠠᠷᠭᠠᠴᠠᠨ᠂ ᠲᠣᠬᠢᠲᠠᠢ ᠰᠢᠢᠳᠪᠦᠷᠢᠯᠡᠬᠦ ᠬᠡᠷᠡᠭᠲᠡᠢ᠃ᠡᠭᠦᠨ ᠤ ᠬᠠᠮᠲᠤ᠂ ᠠᠵᠢᠯ ᠤᠨ ᠭᠤᠣᠯᠳᠠᠯᠭ᠎ᠠ ᠪᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠵᠢᠭᠰᠠᠭᠠᠨ ᠪᠠᠶᠢᠴᠠᠭᠠᠬᠤ᠂ ᠮᠠᠭᠠᠳᠯᠠᠨ ᠲᠣᠭᠲᠠᠭᠠᠬᠤ᠂ ᠰᠢᠩᠭᠡᠭᠡᠵᠦ ᠰᠢᠢᠳᠪᠦᠷᠢᠯᠡᠬᠦ ᠡᠯ᠎ᠡ ᠱᠠᠲᠤ ᠦᠶ᠎ᠡ ᠶᠢᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠢ᠃ᠠᠶᠢᠮᠠᠭ ᠤᠨ ᠵᠠᠬᠢᠷᠭ᠎ᠠ ᠶᠢᠨ ᠬᠢᠨ ᠠᠵᠢᠯ ᠤᠨ ᠠᠬᠢᠴᠠ ᠪᠠᠨ ᠴᠠᠭ ᠳᠣᠬᠠᠢ ᠳᠤᠨᠢ ᠲᠣᠬᠢᠷᠠᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠯᠭᠡᠨ᠎ᠡ᠃ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠢᠨᠠᠯᠲᠠ ᠲᠠᠯᠪᠢᠵᠤ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠪᠥᠬᠦ ᠠᠶᠢᠮᠠᠭ ᠤᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ ᠰᠢᠷᠣᠢ ᠶᠢ ᠶᠡᠭᠡ ᠪᠠᠷ ᠰᠢᠩᠭᠡᠭᠡᠵᠦ ᠰᠢᠢᠳᠪᠦᠷᠢᠯᠡᠬᠦ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠢ᠃     ︵ᠭᠤᠷᠪᠠ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠷᠡᠰ ᠰᠢᠭᠤᠷᠬᠠᠢ ᠣᠪᠣᠷ ᠢᠶᠠᠷ ᠡᠭᠦᠷᠭᠡᠯᠡᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠢᠭᠰᠠᠭᠠᠨ ᠪᠠᠶᠢᠴᠠᠭᠠᠬᠤ ᠠᠵᠢᠯ ᠤᠨ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠪᠠᠶᠢᠴᠠᠭᠠᠵᠤ ᠮᠠᠭᠠᠳᠯᠠᠨ ᠲᠣᠭᠲᠠᠭᠠᠬᠤ ᠲᠠᠰ ᠳᠠᠷᠠᠭᠠᠯᠠᠯ ᠨᠢ ᠵᠢᠷᠤᠮᠵᠢᠯ ᠲᠠᠢ᠂ ᠶᠣᠰᠣ ᠲᠠᠢ᠂ ᠦᠨᠳᠦᠰᠦᠯᠡᠯ ᠲᠠᠢ ᠪᠠᠶᠢᠵᠤ᠂ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ᠂ ᠡᠷᠬᠡ ᠲᠡᠭᠰᠢ ᠲᠥᠪ ᠭᠤᠥᠯᠴᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠠᠵᠢᠯ ᠳᠠᠭᠠᠨ ᠢᠳᠡᠪᠬᠢᠲᠡᠢ ᠪᠢᠰᠢ᠂ ᠰᠠᠨᠠᠭᠠᠴᠢᠯᠠᠭ᠎ᠠ ᠲᠠᠢ ᠪᠢᠰᠢ᠂ ᠠᠬᠢᠴᠠ ᠨᠢ ᠤᠳᠠᠭᠠᠨ᠂ ᠠᠬᠢᠭᠤᠯᠤᠭᠰᠠᠨ ᠢᠶᠠᠷ ᠬᠦᠴᠦᠨ ᠦᠭᠡᠢ ᠵᠢᠴᠢ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠦᠭᠰᠡᠨ ᠦᠭᠡᠢ᠂ ᠣᠨᠣᠪᠴᠢ ᠦᠭᠡᠢ ᠶᠢ ᠨᠢ ᠵᠠᠷᠯᠠᠨ ᠰᠢᠭᠦᠮᠵᠢᠯᠡᠬᠦ ᠪᠤᠶᠤ ᠪᠣᠯᠵᠣᠨ ᠶᠠᠷᠢᠯᠴᠠᠨ᠎ᠠ︔ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠦᠭᠰᠡᠨ ᠵᠢᠴᠢ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ᠂ ᠨᠢᠭᠤᠵᠤ ᠳᠠᠯᠳᠠᠯᠠᠭᠰᠠᠨ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ︵ᠳᠥᠷᠪᠡ︶ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ᠂ ᠰᠤᠯᠠ ᠪᠠᠶᠢᠬᠤ ᠭᠠᠵᠠᠷ ᠰᠢᠷᠣᠢ ᠶᠢᠨ ᠰᠠᠭᠤᠷᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠣᠨ ᠤ ᠰᠢᠯᠭᠠᠨ ᠬᠢᠨᠠᠬᠤ ᠬᠠᠷᠠᠯᠲᠠ ᠳᠤ ᠣᠷᠣᠭᠤᠯᠤᠨ᠎ᠠ᠃ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠠᠴᠠ ᠰᠤᠯᠠ ᠪᠠᠶᠢᠬᠤ ᠭᠠᠵᠠᠷ ᠰᠢᠷᠣᠢ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠪᠠᠶᠢᠳᠠᠯ ᠢ ᠤᠯᠠᠷᠢᠯ ᠢᠶᠠᠷ ᠬᠢᠨᠠᠨ ᠬᠡᠮᠵᠢᠵᠦ ᠵᠠᠷᠯᠠᠨ ᠮᠡᠳᠡᠭᠳᠡᠨ᠎ᠡ᠃ᠱᠠᠭᠠᠷᠳᠠᠯᠭ᠎ᠠ ᠶᠣᠰᠣᠭᠠᠷ ᠣᠨ ᠤ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠦᠭᠡᠢ ᠬᠤᠰᠢᠭᠤ ᠣᠷᠣᠨ ᠢ ᠵᠠᠷᠯᠠᠨ ᠰᠢᠭᠦᠮᠵᠢᠯᠡᠬᠦ ᠪᠤᠶᠤ ᠪᠣᠯᠵᠣᠨ ᠶᠠᠷᠢᠯᠴᠠᠵᠤ᠂ ᠣᠨ ᠤ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠪᠠᠯ᠂ ᠰᠢᠯᠭᠠᠨ ᠬᠢᠨᠠᠵᠤ ᠬᠤᠪᠢ ᠨᠡᠮᠡᠵᠦ ᠱᠠᠩᠨᠠᠬᠤ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号