ᠸᠠᠩ ᠯᠢ ᠰᠢᠶᠠ ᠲᠤᠭ᠎ᠠ ᠪᠦᠷᠢᠳᠭᠡᠯ ᠪᠤᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠭᠡᠯᠡᠭᠰᠡᠨ ᠨᠢ ᠠᠵᠢᠯ ᠢᠶᠠᠨ ᠡᠭᠢᠯᠡᠬᠦᠯᠤᠮᠡᠭᠴᠨ ᠪᠤᠰᠢᠭᠤ ᠱᠠᠯᠠᠮᠠᠭᠠᠢ ᠰᠢᠭᠤᠷᠬᠠᠶᠢᠯᠠᠨ ᠠᠵᠢᠯᠯᠠᠬᠤ ᠭᠡᠷᠡᠭᠳᠠᠢ
ᠨᠡᠶᠢᠲᠡᠯᠡᠭᠰᠡᠨ ᠴᠠᠭ᠄
2023/1/30
   1 ᠰᠠᠷ᠎ᠠ ᠶᠢᠨ 28 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠲᠦᠷᠦᠭᠦᠦ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠬᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠪᠠ᠃    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠳᠤ᠂ ᠸᠠᠩ ᠯᠢ ᠰᠢᠶᠠ ᠲᠤᠭ᠎ᠠ ᠪᠦᠷᠢᠳᠭᠡᠯ ᠤᠨ ︽ᠨᠢᠭᠡ ᠬᠠᠭᠤᠳᠠᠰᠤ ᠵᠢᠷᠤᠭ ᠤᠨ ᠬᠦᠰᠦᠨᠦᠭᠲᠦ︾ ᠵᠡᠷᠭᠡ ᠬᠠᠮᠢᠶ᠎ᠠ ᠪᠥᠬᠦᠶ ᠠᠵᠢᠯ ᠢ ᠨᠠᠷᠢᠨ ᠣᠶᠢᠯᠠᠭᠠᠵᠤ᠂ ᠲᠤᠭ᠎ᠠ ᠪᠠᠷᠢᠮᠲᠠ ᠢᠢ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠤᠨᠳᠤᠬᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠲᠤᠭ᠎ᠠ ᠪᠠᠷᠢᠮᠲᠠ ᠶᠢ ᠬᠤᠯᠪᠣᠭᠠᠯᠠᠨ ᠬᠠᠮᠲᠤ ᠪᠠᠷ ᠡᠳ᠋ᠯᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠤᠯᠤᠰ ᠤᠨ ᠲᠤᠭ᠎ᠠ ᠪᠦᠷᠢᠳᠭᠡᠯ ᠤᠨ ᠲᠣᠪᠴᠢᠶᠠᠨ ᠤ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ ᠳᠤ᠂ ᠲᠡᠷᠡ᠂ ᠤᠯᠤᠰ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠠᠵᠢᠯ ᠠᠮᠢᠳᠤᠷᠠᠯ ᠳᠤᠮᠳᠠᠬᠢ ᠪᠣᠳᠠᠲᠠᠢ ᠬᠦᠴᠢᠷᠳᠡᠯ ᠢ ᠨᠢ ᠢᠯᠡᠭᠦᠬᠡᠨ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ᠂ ᠲᠡᠷᠡ ᠲᠥᠷᠥᠯ ᠵᠦᠢᠯ ᠤᠨ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠪᠠ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠸᠠᠩ ᠯᠢ ᠰᠢᠶᠠ᠂ ᠨᠢᠭᠡ ᠬᠤᠪᠢ ᠶᠢᠨ ᠪᠠᠶᠢᠷᠢᠯᠠᠭᠤᠯᠤᠯᠲᠠ ᠶᠢ ᠵᠢᠰᠦᠨ ᠬᠤᠪᠢ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠬᠦ ᠳᠤ ᠡᠷᠬᠡᠪᠰᠢ ᠴᠦᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ ᠪᠠᠲᠤᠯᠠᠵᠤ᠂ ᠡᠬᠢᠯᠡᠮᠡᠭᠴᠡ ᠪᠠᠨ ᠬᠤᠷᠳᠤᠴᠠ ᠪᠠᠨ ᠲᠦᠷᠭᠡᠳᠬᠡᠵᠦ᠂ ᠠᠵᠢᠯ ᠳᠠᠭᠠᠨ ᠭᠠᠷᠤᠮᠠᠭᠴᠠ ᠪᠠᠨ ᠬᠥᠳᠡᠯᠦᠯᠴᠡᠵᠦ᠂ ᠪᠤᠰᠢᠭᠤᠯᠠᠵᠤ᠂ ᠠᠬᠢᠴᠠ ᠪᠠᠨ ᠲᠦᠷᠭᠡᠳᠬᠡᠬᠦ ᠬᠡᠷᠡᠭᠳᠡᠢ᠃ ᠨᠢᠭᠡ ᠳᠤ᠂ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠨ ᠤ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠰᠢᠨ᠎ᠡ ᠶᠢ ᠡᠭᠦᠳᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠡᠵᠡᠮᠳᠡᠵᠦ᠂ ︽ᠲᠣᠭᠲᠠᠭᠤᠨ ᠡᠬᠢᠯᠡᠯᠲᠡ︾ ᠶᠢ ᠪᠠᠶᠡᠯᠡᠭᠦᠯᠬᠦ ᠪᠠᠷ ᠪᠠᠷᠠᠬᠤ ᠥᠬᠡᠶ᠂ ᠡᠷᠬᠡᠪᠰᠢ ︽ᠰᠠᠶᠢᠨ ᠡᠬᠢᠯᠡᠯᠲᠡ︾ ᠢᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ ᠂ ᠡᠨᠡ ᠵᠢᠯ ᠮᠠᠯ ᠠᠵᠤ ᠠᠬᠤᠶ ᠲᠠᠷᠢᠶᠠᠯᠠᠩ ᠤᠨ ᠨᠡᠮᠡᠭᠳᠡᠯ ᠥᠷᠲᠡᠭ ᠢ 5% ᠠᠴᠠ ᠳᠡᠭᠡᠭᠰᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 8% ᠠᠴᠠ ᠳᠡᠭᠡᠭᠰᠢ ᠨᠡᠮᠡᠭᠳᠡᠭᠦᠯᠵᠦ᠂ ᠦᠢᠯᠡᠴᠢᠯᠡᠭᠡᠨ ᠤ ᠦᠢᠯᠡᠰ ᠤᠨ ᠰᠢᠪᠲᠤᠯᠤᠯᠲᠠ ᠶᠢᠨ ᠴᠢᠨᠠᠷᠲᠠᠶ ᠨᠡᠮᠡᠭᠳᠡᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠭᠤᠷᠪᠠ ᠳᠤ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠡᠭᠦᠷᠭᠡ ᠶᠢ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠳᠥᠷᠪᠡ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠠᠯᠠ ᠮᠥᠩᠭᠦ ᠡᠷᠢᠨ ᠦᠭᠴᠦ᠂ ᠲᠦᠭᠦᠬᠡᠶ ᠮᠠᠲ᠋ᠧᠷᠢᠶᠠᠯ ᠡᠷᠢᠨ ᠦᠭᠴᠦ᠂ ᠠᠵᠢᠯᠴᠢᠨ ᠡᠷᠢᠨ ᠦᠭᠴᠦ᠂ ᠵᠠᠬ᠎ᠠ ᠳᠡᠯᠭᠡᠭᠦᠷ ᠡᠷᠢᠨ ᠦᠭᠴᠦ᠂ ᠠᠵᠤ ᠠᠬᠤᠶᠢᠯᠠᠯ ᠤᠨ ᠬᠠᠮᠲᠤ ᠪᠠᠷ ︽ᠬᠤᠷᠳᠤᠴᠠ ᠪᠠᠨ ᠲᠦᠷᠭᠡᠳᠭᠡᠬᠦ︾ ᠶᠢ ᠲᠠᠶᠢᠴᠢᠯᠠᠨ ᠠᠬᠢᠭᠤᠯᠬᠤ ᠬᠡᠷᠡᠭᠲᠡᠢ᠃ ᠲᠠᠪᠤ ᠳᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠠᠶᠢᠮᠠᠭ ᠬᠤᠲᠠ ᠶᠢ ᠬᠠᠪᠰᠤᠷᠤᠨ ᠶᠠᠭᠠᠬᠢᠵᠤ ᠬᠢᠬᠦ᠂ ᠶᠠᠭᠠᠬᠢᠵᠤ ᠰᠠᠶᠢᠲᠤᠷ ᠬᠢᠬᠦ᠂ ᠶᠠᠭᠠᠬᠢᠵᠤ ᠲᠦᠷᠭᠡᠨ ᠬᠢᠬᠦ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠳᠠᠬᠤ ᠶᠢᠨ ᠲᠤᠲᠤᠷ᠎ᠠ ᠲᠦᠷᠭᠡᠨ ᠰᠢᠢᠳᠪᠦᠷᠢᠯᠡᠵᠦ᠂ ︽ᠬᠤᠨᠤᠭ ᠥ ᠩᠭᠡᠷᠡᠭᠡᠬᠦ ᠦᠭᠡᠶ᠂ ᠭᠠᠷ ᠲᠠᠮᠵᠢᠬᠤ ᠦᠭᠡᠢ᠂ ᠭᠠᠷᠠᠭ ᠠᠯᠤᠰᠯᠠᠬᠤ ᠦᠭᠡᠶ︾ ᠪᠠᠶᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号