ᠠᠯᠠᠱᠠ ᠠᠶᠢᠮᠠᠭ ᠤᠨ ᠰᠥᠨᠢ ᠶᠢᠨ ᠠᠵᠤ ᠠᠬᠤᠶ ᠶᠢᠨ ᠥᠷᠨᠢᠩᠭᠦᠶ ᠬᠥᠭᠵᠢᠯᠲᠡ ᠶᠢ ᠤᠯᠠᠮ ᠨᠢᠭᠡ ᠠᠯᠬᠤᠮ | ᠠᠬᠢᠭᠤᠯᠵᠤ᠂ ᠣᠷᠣᠨ ᠨᠤᠲᠤᠭ ᠤᠨ ᠳᠦᠷᠰᠦ ᠪᠠᠶᠢᠳᠠᠯ ᠪᠠ ᠣᠨᠴᠠᠯᠢᠭ ᠢ ᠳᠣᠪᠤᠶᠢᠯᠭᠠᠨ᠂ ᠣᠷᠣᠨ ᠨᠤᠲᠤᠭ ᠤᠨ | ᠠᠵᠤ ᠠᠬᠤᠶ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠬᠡᠷᠡᠭᠯᠡᠭᠡᠨ ᠤ ᠣᠷᠣᠨ ᠵᠠᠶ ᠶᠢ ᠥᠷᠭᠡᠳᠬᠡᠨ᠂ | ᠬᠡᠷᠡᠭᠯᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠯᠠᠱᠠ ᠠᠶᠢᠮᠠᠭ ᠤᠨ ᠠᠵᠤ ᠠᠬᠤᠶ ᠶᠢᠨ ᠡᠷᠡᠭᠦᠯ ᠢᠶᠠᠷ | ᠴᠡᠴᠡᠭᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠣᠨᠴᠠᠯᠢᠭᠲᠤ | ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠨᠢᠭᠡ ᠪᠦᠯᠦᠭ ᠰᠥᠨᠢ ᠶᠢᠨ ᠠᠵᠤ ᠠᠬᠤᠢ ᠶᠢᠨ ᠠᠴᠢᠶᠠᠯᠠᠪᠤᠷᠢ | ᠶᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠶᠠᠰᠤ ᠴᠢᠨᠠᠷ ᠲᠠᠢ ᠰᠥᠨᠢ ᠶᠢᠨ ᠬᠤᠳᠠᠯᠳᠤᠭ᠎ᠠ | ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ᠂ ᠮᠠᠨ ᠤ ᠠᠶᠢᠮᠠᠭ ᠤᠨ ᠠᠵᠤ ᠠᠬᠤᠢ ᠶᠢᠨ ᠨᠡᠭᠡᠭᠡᠯᠲᠡ | ᠶᠢᠨ ᠢᠳᠡᠪᠬᠢᠵᠢᠯ ᠤᠨ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠰᠥᠨᠢ ᠶᠢᠨ ᠠᠵᠤ ᠠᠬᠤᠢ ᠶᠢᠨ ᠰᠢᠰᠲ᠋ᠧᠮ ᠢ | ᠲᠦᠷᠭᠡᠨ ᠪᠦᠷᠢᠯᠳᠦᠭᠦᠯᠵᠦ᠂ ᠮᠠᠨ ᠤ ᠠᠶᠢᠮᠠᠭ ᠤᠨ ᠠᠵᠤ ᠠᠬᠤᠢ ᠶᠢᠨ ᠨᠡᠩ ᠰᠠᠶᠢᠨ ᠨᠡᠩ ᠲᠦᠷᠭᠡᠨ ᠬᠥᠭᠵᠢᠯᠲᠡ | ᠶᠢ ᠠᠬᠢᠭᠤᠯᠬᠤ ᠬᠡᠷᠡᠭᠲᠡᠢ᠃ | ︵ᠬᠤᠶᠠᠷ︶ ᠠᠵᠢᠯ ᠤᠨ ᠵᠠᠷᠴᠢᠮ᠃ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠵᠠᠬ᠎ᠠ | ᠳᠡᠯᠭᠡᠭᠦᠷ ᠢᠶᠠᠷ ᠲᠣᠬᠢᠷᠠᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠦᠢᠯᠡᠳᠦᠯ ᠢ | ᠪᠠᠳᠠᠷᠠᠭᠤᠯᠤᠨ᠎ᠠ︔ ᠣᠨᠴᠠᠯᠢᠭ ᠢ ᠳᠤᠪᠤᠶᠢᠯᠭᠠᠬᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠶᠢ ᠪᠠᠷᠢᠮᠲᠠᠯᠠᠵᠤ᠂ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠤᠯᠠᠨ ᠡᠰᠢᠵᠢᠬᠦᠯᠬᠦ ᠪᠠ | ᠣᠷᠣᠨ ᠪᠠᠶᠢᠷᠢ ᠰᠣᠯᠪᠢᠴᠠᠨ ᠬᠥᠭᠵᠢᠬᠦ ᠪᠠᠶᠢᠷᠢᠰᠢᠯ ᠢ ᠪᠦᠷᠢᠯᠳᠦᠬᠦᠯᠦᠨ᠎ᠡ︔ ᠶᠠᠰᠤ ᠴᠢᠨᠠᠷ ᠢ ᠲᠡᠷᠢᠭᠦᠨ ᠳᠤ ᠲᠠᠯᠪᠢᠬᠤ᠂ | ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠰᠥᠨᠢ ᠶᠢᠨ ᠬᠡᠷᠡᠭᠯᠡᠭᠡᠨ ᠤ ᠦᠢᠯᠡᠴᠢᠯᠡᠭᠡᠨ ᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠢᠷᠤᠮᠵᠢᠭᠰᠠᠨ ᠬᠠᠮᠢᠶᠠᠷᠤᠯᠲᠠ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ᠎ᠠ︔ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠠᠵᠢᠯ ᠲᠥᠷᠥᠯ ᠤᠨ ᠬᠢᠨᠠᠨ | ᠬᠠᠮᠢᠶᠠᠷᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠠᠴᠠ ᠰᠥᠨᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠢ | ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠠᠮᠵᠢᠯᠴᠠᠨ ᠬᠡᠷᠡᠭᠵᠢᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ᠃ᠬᠤᠳᠠ ᠶᠢᠨ ᠲᠥᠪ ᠲᠣᠭᠤᠷᠢᠭ ᠢᠶᠠᠷ ᠲᠤᠷᠰᠢᠯᠲᠠ ᠬᠢᠵᠦ᠂ ᠬᠥᠮᠥᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠨ᠂ ᠰᠥᠨᠢ ᠶᠢᠨ ᠬᠡᠷᠡᠭᠯᠡᠭᠡᠨ ᠤ ᠤᠬᠠᠮᠰᠠᠷ ᠢ ᠦᠨᠡᠨ ᠬᠦ ᠬᠥᠲᠥᠯᠥᠨ ᠵᠢᠯᠤᠭᠤᠳᠴᠤ᠂ | ᠰᠥᠨᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠢᠳᠡᠪᠬᠢᠲᠡᠢ ᠪᠠᠷ ᠪᠣᠶᠢᠵᠢᠭᠤᠯᠤᠨ᠂ ᠰᠥᠨᠢ ᠶᠢᠨ ᠬᠡᠷᠡᠭᠯᠡᠭᠡᠨ ᠤ | ᠲᠠᠪᠴᠠᠩ ᠢ ᠲᠦᠷᠭᠡᠪᠴᠢᠯᠡᠨ ᠪᠠᠶᠢᠭᠤᠯᠵᠤ᠂ ᠬᠤᠳᠠ ᠶᠢᠨ ᠠᠭᠤᠯᠤᠭᠳᠠᠬᠤᠨ ᠪᠠ ᠬᠡᠷᠡᠭᠯᠡᠭᠡᠨ ᠤ ᠲᠠᠲᠠᠬᠤ ᠬᠦᠴᠦᠨ ᠢ | ᠪᠠᠶᠠᠯᠢᠭᠵᠢᠭᠤᠯᠤᠨ᠎ᠠ᠃ᠰᠥᠨᠢ ᠶᠢᠨ ᠠᠵᠤ ᠠᠬᠤᠢ ᠶᠢᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠡᠯ᠎ᠡ ᠬᠤᠰᠢᠭᠤ ᠣᠷᠣᠨ ᠳᠤ ᠰᠥᠨᠢ ᠶᠢᠨ ᠠᠵᠤ | ᠠᠬᠤᠢ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠢ ᠨᠠᠭᠠᠲᠤ ᠵᠠᠬ᠎ᠠ ᠳᠠᠭᠠᠨ ᠨᠢᠭᠡ ᠪᠠᠶᠢᠭᠤᠯᠵᠤ᠂ ᠬᠤᠲᠠ ᠶᠢᠨ | ᠲᠣᠭᠤᠷᠢᠭ ᠲᠤ ᠰᠥᠨᠢ ᠪᠠᠷ ︽ᠭᠡᠷᠡᠯᠲᠦᠭᠦᠯᠬᠦ︾᠂ ᠬᠥᠮᠥᠰ ᠤᠨ ᠬᠦᠷᠢᠶᠡᠯᠡᠯ ᠢ ︽ᠴᠤᠭᠯᠠᠷᠠᠭᠤᠯᠬᠤ︾᠂ | ᠬᠤᠳᠠᠯᠳᠤᠭᠠᠨ ᠤ ᠲᠣᠭᠤᠷᠢᠭ ᠲᠤ ︽ᠬᠥᠭᠵᠢᠶᠡᠨ ᠲᠠᠢ︾᠂ ᠬᠤᠲᠠ ᠶᠢᠨ ᠠᠭᠤᠷ ᠠᠮᠢᠰᠬᠤᠯ ︽ᠥᠳᠬᠡᠨ︾ | ᠪᠣᠯᠬᠤ ᠶᠢ ᠪᠡᠶᠡᠯᠡᠭᠦᠯᠦᠨ᠎ᠡ᠃ | ᠬᠤᠶᠠᠷ᠂ ᠭᠤᠣᠯ ᠡᠭᠦᠷᠭᠡ | ᠰᠥᠨᠢ ᠶᠢᠨ ᠠᠵᠤ ᠠᠬᠤᠢ ᠳᠤ ᠢᠳᠡᠬᠦ᠂ ᠬᠤᠳᠠᠯᠳᠤᠨ ᠠᠪᠬᠤ᠂ ᠵᠤᠭ᠎ᠠ ᠴᠡᠩᠭᠡᠯ᠂ ᠵᠤᠭᠠᠴᠠᠯ᠂ ᠡᠷᠡᠭᠦᠯ | ᠴᠢᠭᠢᠷᠠᠭ᠂ ᠰᠤᠪᠢᠯᠠᠯᠲᠠ ᠵᠡᠷᠭᠡ ᠣᠯᠠᠨ ᠵᠦᠢᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠭᠲᠠᠭᠠᠵᠤ | ᠂ ᠴᠠᠭ ᠤᠨ ᠥᠩᠭᠡ ᠶᠢ ᠳᠠᠭᠠᠵᠤ ᠰᠥᠨᠢ ᠪᠠᠷ ᠬᠤᠳᠠᠯᠳᠤᠨ ᠠᠪᠬᠤ᠂ ᠠᠮᠢᠵᠢᠷᠠᠯ ᠤᠨ ᠬᠦᠴᠦᠨ ᠲᠠᠢ ᠰᠥᠨᠢ ᠶᠢᠨ | ᠵᠤᠭ᠎ᠠ ᠴᠡᠩᠭᠡᠯ᠂ ᠲᠠᠲᠠᠬᠤ ᠬᠦᠴᠦᠨ ᠲᠠᠢ ᠰᠥᠨᠢ ᠶᠢᠨ ᠵᠤᠭᠠᠴᠠᠯ᠂ ᠠᠮᠲᠠᠲᠤ ᠢᠳᠡᠭᠡᠨ ᠵᠢᠴᠢ ᠶᠡᠷᠦᠩᠬᠡᠶᠢᠯᠡᠭᠰᠡᠨ | ᠴᠢᠨᠠᠷᠲᠠᠢ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ ᠢ ᠭᠤᠣᠯᠳᠠᠯᠭ᠎ᠠ ᠲᠠᠢ ᠪᠣᠶ | ᠪᠣᠯᠭᠠᠨ᠎ᠠ᠃ | ︵ᠨᠢᠭᠡ︶ ᠰᠥᠨᠢ ᠶᠢᠨ ᠬᠡᠷᠡᠭᠯᠡᠭᠡᠨ ᠤ ᠤᠬᠠᠮᠰᠠᠷ ᠢ ᠬᠥᠲᠥᠯᠥᠨ ᠵᠢᠯᠣᠭᠤᠳᠤᠨ᠎ᠠ᠃ᠨᠢᠭᠡ ᠳᠤ᠂ ᠬᠥᠮᠥᠨ ᠢᠶᠠᠷ | ᠦᠨᠳᠦᠰᠦ ᠪᠣᠯᠭᠠᠬᠤ ᠶᠢ ᠪᠠᠷᠢᠮᠲᠠᠯᠠᠨ᠂ ᠵᠦᠷᠢᠶᠡᠴᠢᠯᠡᠭᠰᠡᠨ ᠪᠣᠳᠠᠰ ᠤᠨ ᠬᠡᠷᠡᠭᠯᠡᠭᠡ ᠪᠠ ᠰᠣᠶᠣᠯ ᠤᠨ ᠬᠡᠷᠡᠭᠯᠡᠭᠡ ᠶᠢᠨ | ᠬᠡᠷᠡᠭᠴᠡᠭᠡ ᠶᠢ ᠬᠠᠩᠭᠠᠵᠤ᠂ ᠳᠤᠷ᠎ᠠ ᠵᠣᠷᠢᠭ ᠢᠶᠠᠷ ᠢᠶᠠᠨ ᠬᠥᠭᠡᠷᠦᠯᠳᠦᠨ ᠨᠠᠷᠭᠢᠯᠳᠤᠬᠤ ᠦᠭᠡᠢ᠂ ᠵᠣᠭᠰᠣᠰᠢ ᠦᠭᠡᠢ | ᠬᠡᠷᠡᠭᠯᠡᠭᠡ ᠶᠢ ᠲᠦᠯᠬᠢᠨ ᠠᠬᠢᠭᠤᠯᠬᠤ ᠦᠭᠡᠢ᠂ ᠰᠥᠨᠢ ᠶᠢᠨ ᠠᠵᠤ ᠠᠬᠤᠢ ᠶᠢ ᠰᠠᠭᠤᠭᠠᠯᠢ ᠠᠷᠠᠳ ᠤᠨ ᠡᠳᠦᠷ | ᠲᠤᠳᠤᠮ ᠤᠨ ᠠᠮᠢᠳᠤᠷᠠᠯ ᠳᠤ ᠠᠭᠠᠵᠢᠮ ᠢᠶᠠᠷ ᠨᠡᠪᠴᠢᠭᠦᠯᠬᠦ ᠶᠢ ᠲᠦᠯᠬᠢᠨ ᠠᠬᠢᠭᠤᠯᠵᠤ᠂ ᠰᠥᠨᠢ ᠶᠢᠨ ᠠᠵᠤ | ᠠᠬᠤᠢ ᠶᠢᠨ ᠬᠥᠮᠥᠨ ᠢ ᠦᠯᠡᠳᠡᠭᠡᠵᠦ᠂ ᠬᠤᠳᠠ ᠶᠢᠨ ᠲᠣᠭᠤᠷᠢᠭ ᠤᠨ ᠰᠣᠶᠣᠯ ᠤᠨ ᠬᠥᠮᠥᠨ ᠢ ᠦᠯᠡᠳᠡᠭᠡᠨ᠎ᠡ᠃ | ᠬᠤᠶᠠᠷ ᠲᠤ᠂ ᠠᠵᠤ ᠠᠬᠤᠶᠢᠯᠠᠯ᠂ ᠡᠵᠡᠩᠨᠡᠯᠲᠡ ᠶᠢᠨ ᠭᠤᠣᠯ ᠴᠣᠭᠴᠠ ᠶᠢᠨ ᠪᠡᠶᠡᠴᠢ ᠴᠢᠳᠠᠮᠠᠭᠠᠢ ᠴᠢᠨᠠᠷ ᠢ | ᠪᠠᠳᠠᠷᠠᠭᠤᠯᠵᠤ᠂ ᠡᠯ᠎ᠡ ᠵᠦᠢᠯ ᠤᠨ ᠬᠡᠷᠡᠭᠯᠡᠭᠡᠨ ᠤ ᠠᠵᠢᠯᠯᠠᠭ᠎ᠠ ᠶᠢ ᠪᠡᠶ᠎ᠡ ᠪᠠᠨ ᠳᠠᠭᠠᠭᠠᠨ ᠥᠷᠨᠢᠭᠦᠯᠵᠦ᠂ ᠠᠳᠠᠯᠢ ᠪᠤᠰᠤ | ᠬᠥᠮᠥᠰ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂︽ᠳᠡᠭᠡᠳᠦ ᠱᠠᠲᠤᠨ ᠠᠴᠠ ᠰᠣᠳᠣᠨ ᠠᠭᠤᠯᠭ᠎ᠠ ᠲᠠᠢ᠂ ᠳᠣᠣᠷᠠᠳᠤ | ᠱᠠᠲᠤᠨ ᠠᠴᠠ ᠬᠠᠨᠳᠤᠯᠭᠠᠲᠤ ᠴᠢᠨᠠᠷᠲᠠᠢ ᠪᠦᠲᠦᠭᠡᠭᠳᠡᠬᠦᠨ︾ᠪᠦᠬᠦᠢ ᠣᠨᠴᠠᠯᠢᠭᠲᠤ ᠬᠡᠷᠡᠭᠯᠡᠭᠡ ᠶᠢ ᠡᠭᠦᠳᠴᠦ᠂ | ︽ᠰᠥᠨᠢ ᠶᠢᠨ ᠪᠠᠶᠢᠳᠠᠯ︾︾ ᠢ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠨ ᠬᠤᠪᠢᠷᠠᠭᠤᠯᠤᠨ᠎ᠠ᠃︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︔ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ᠳᠣᠷᠣᠭᠰᠢᠬᠢ ᠶᠢ ᠴᠥᠮ ᠡᠯ᠎ᠡ ᠬᠤᠰᠢᠭᠤ | ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ᠎ᠠ᠂ | ᠳᠠᠭᠢᠵᠤ ᠵᠢᠭᠰᠠᠭᠠᠬᠤ ᠦᠭᠡᠢ︶ | ︵ᠬᠤᠶᠠᠷ︶ ᠰᠥᠨᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠢ ᠪᠠᠶᠢᠭᠤᠯᠤᠨ᠎ᠠ᠃ | ᠨᠢᠭᠡ ᠳᠤ᠂ ᠡᠯ᠎ᠡ ᠬᠤᠰᠢᠭᠤ ᠣᠷᠣᠨ ᠨᠢ ᠲᠠᠯᠠᠪᠠᠶ ᠶᠢᠨ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ | ᠲᠠᠯᠠᠪᠤᠷ ᠲᠤ ᠲᠦᠰᠢᠭᠯᠡᠨ ᠰᠡᠯᠡᠭᠦᠴᠡᠨ ᠪᠠᠷᠠᠭ᠎ᠠ ᠬᠤᠳᠠᠯᠳᠤᠨ ᠠᠪᠬᠤ ᠬᠡᠯᠪᠡᠷᠢ ᠶᠢᠨ ᠰᠥᠨᠢ ᠶᠢᠨ ᠠᠵᠤ ᠠᠬᠤᠢ ᠶᠢᠨ | ᠲᠥᠪᠯᠡᠷᠡᠯ ᠤᠨ ᠣᠷᠣᠨ ᠢ ᠪᠠᠶᠢᠭᠤᠯᠤᠨ᠎ᠠ᠃ᠬᠤᠳᠠᠯᠳᠤᠭᠠᠨ ᠤ ᠬᠦᠷᠢᠶᠡᠨ ᠤ ᠨᠠᠷᠠᠲᠤ ᠲᠡᠮᠳᠡᠭᠲᠦ ᠶᠢᠨ ᠲᠠᠰ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠯ ᠤᠨ ᠰᠢᠨ᠎ᠡ ᠶᠢ ᠡᠭᠦᠳᠴᠦ᠂ | ᠨᠠᠷᠠᠲᠤ ᠲᠡᠮᠳᠡᠭᠲᠦ ᠶᠢᠨ ᠦᠨ᠎ᠡ ᠪᠠᠭᠤᠷᠠᠭᠤᠯᠬᠤ ᠳᠡᠯᠭᠡᠭᠦᠷ ᠢ ᠨᠡᠮᠡᠭᠳᠡᠭᠦᠯᠦᠨ᠂ ᠨᠠᠷᠠᠲᠤ ᠲᠡᠮᠳᠡᠭᠲᠦ ᠶᠢ ᠣᠷᠣᠭᠤᠯᠤᠨ | ᠠᠪᠴᠢᠷᠠᠬᠤ ᠡᠷᠴᠢᠮ ᠢ ᠴᠢᠩᠭᠠᠷᠠᠭᠤᠯᠣᠨ᠎ᠠ᠃ ᠬᠤᠶᠠᠷ ᠲᠤ᠂ ᠠᠶᠢᠮᠠᠭ ᠤᠨ ᠳᠣᠲᠣᠷᠠᠬᠢ ᠣᠲᠣ ᠪᠠᠶᠢᠭ᠎ᠠ | ᠬᠤᠳᠠᠯᠳᠤᠭᠠᠨ ᠤ ᠵᠡᠭᠡᠯᠢ ᠲᠣᠭᠤᠷᠢᠭ ᠲᠤ ᠲᠦᠰᠢᠭᠯᠡᠨ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ᠂ | ᠣᠨᠴᠠᠯᠢᠭᠲᠤ ᠵᠢᠵᠢᠭ ᠢᠳᠡᠭᠡᠨ᠂ ᠨᠠᠷᠠᠲᠤ ᠲᠡᠮᠳᠡᠭᠲᠦ ᠢᠳᠡᠭᠡᠨ ᠤᠮᠳᠠᠭᠠᠨ ᠵᠡᠷᠭᠡ ᠵᠡᠭᠡᠯᠢ ᠲᠣᠭᠤᠷᠢᠭ ᠢ ᠪᠣᠶ | ᠪᠣᠯᠭᠠᠵᠤ᠂ ᠣᠲᠣ ᠪᠠᠶᠢᠭ᠎ᠠ ᠵᠡᠭᠡᠯᠢ ᠲᠣᠭᠤᠷᠢᠭ ᠤᠨ ᠥᠭᠡᠷᠡᠴᠢᠯᠡᠯᠲᠡ ᠶᠢ ᠳᠡᠭᠡᠭᠰᠢᠯᠡᠭᠦᠯᠦᠨ ︵ᠠᠯᠠᠱᠠ ᠵᠡᠭᠦᠨ | ᠬᠤᠰᠢᠭᠤᠨ ᠤ ᠬᠤᠯᠠᠳᠠᠬᠢᠨ ᠢ ᠳᠣᠭᠳᠠᠭᠠᠭᠴᠢ ᠬᠤᠷᠢᠶ᠎ᠠ᠂ ᠡᠵᠡᠨ᠎ᠡ ᠬᠤᠰᠢᠭᠤᠨ ᠤ ᠵᠢᠦᠢ ᠶᠠᠨ ᠰᠣᠶᠣᠯ ᠤᠨ | ᠲᠥᠪ ᠤᠨ ᠨᠢᠭᠡ ᠵᠡᠭᠡᠯᠢ᠂ ᠠᠯᠠᠱᠠ ᠪᠠᠷᠠᠭᠤᠨ ᠬᠤᠰᠢᠭᠤᠨ ᠤ ᠮᠠᠨᠳᠠ ᠲᠠᠯᠠᠪᠠᠶ ᠵᠡᠷᠭᠡ︶᠂ ᠰᠥᠨᠢ ᠶᠢᠨ ᠬᠤᠭᠤᠯᠠᠨ ᠤ | ᠠᠮᠲᠠᠲᠤ ᠢᠳᠡᠭᠡᠨ ᠤ ᠵᠡᠭᠡᠯᠢ ᠶᠢ ᠪᠠᠶᠢᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠰᠥᠨᠢ ᠶᠢᠨ ᠬᠡᠷᠡᠭᠯᠡᠭᠡᠨ ᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠴᠡᠴᠡᠭᠯᠡᠭᠦᠯᠦᠨ | ᠬᠥᠭᠵᠢᠭᠦᠯᠦᠨ᠎ᠡ᠃ᠨᠢᠭᠡ ᠳᠤ᠂ ᠰᠥᠨᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ᠵᠡᠷᠭᠡ ᠶᠢᠨ | ᠲᠣᠭᠤᠷᠢᠨ ᠳᠤ ᠡᠯ᠎ᠡ ᠲᠦᠷᠦᠯ ᠤᠨ ᠴᠠᠭ ᠤᠨ ᠥᠩᠭᠡᠲᠦ ᠲᠠᠸᠠᠷ ᠵᠢᠴᠢ ᠣᠨᠴᠠᠯᠢᠭᠲᠤ ᠪᠦᠲᠦᠭᠡᠭᠳᠡᠬᠦᠨ ᠤ | ᠦᠵᠡᠭᠦᠯᠦᠯᠭᠡ ᠶᠢᠨ ᠲᠣᠭᠤᠷᠢᠭ᠂ ᠵᠢᠵᠢᠭ ᠲᠠᠸᠠᠷ ᠤᠨ ᠰᠥᠨᠢ ᠶᠢᠨ ᠵᠠᠬ᠎ᠠ ᠳᠡᠯᠭᠡᠭᠦᠷ ᠵᠡᠷᠭᠡ ᠶᠢ ᠲᠥᠯᠥᠪᠯᠡᠵᠦ᠂ | ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠤᠯᠠᠨ ᠲᠦᠮᠡᠨ ᠤ ᠬᠡᠷᠡᠭᠯᠡᠭᠡᠨ ᠤ ᠡᠯᠪᠡᠭ ᠪᠠᠶᠠᠯᠢᠭ ᠬᠡᠮᠵᠢᠶ᠎ᠡ ᠶᠢ | ᠳᠡᠭᠡᠭᠰᠢᠯᠡᠭᠦᠯᠵᠦ᠂ ᠬᠡᠷᠡᠭᠯᠡᠭᠴᠢᠳ ᠤᠨ ᠴᠠᠭ ᠤᠨ ᠥᠩᠭᠡᠲᠦ ᠬᠡᠷᠡᠭᠯᠡᠭᠡᠨ ᠤ ᠣᠶᠢᠯᠠᠭᠠᠯᠲᠠ ᠶᠢ ᠬᠠᠩᠭᠠᠨ᠎ᠠ᠃ᠬᠤᠶᠠᠷ ᠲᠤ | ᠂ ᠡᠯ᠎ᠡ ᠲᠣᠮᠣ ᠬᠤᠳᠠᠯᠳᠤᠭᠠᠨ ᠤ ᠳᠡᠯᠭᠡᠭᠦᠷ ᠪᠣᠯᠣᠨ ᠡᠯ᠎ᠡ ᠵᠦᠢᠯ ᠤᠨ ᠣᠨᠴᠠ ᠭᠠᠷᠤᠯᠲᠠ᠂ ᠠᠷᠠᠳ ᠤᠨ ᠵᠠᠩ | ᠦᠶᠯᠡ ᠶᠢᠨ ᠲᠠᠸᠠᠷ ᠤᠨ ᠬᠤᠳᠠᠯᠳᠤᠭᠠᠨ ᠤ ᠲᠠᠯᠠᠪᠤᠷ ᠤᠨ ᠴᠠᠭ ᠢ ᠤᠷᠲᠤᠳᠬᠠᠨ ᠡᠵᠡᠩᠨᠡᠬᠦ ᠶᠢ ᠵᠣᠷᠢᠭᠵᠢᠭᠤᠯᠤᠨ᠎ᠠ᠃ | ᠭᠤᠷᠪᠠ ᠳᠤ᠂ ᠰᠢᠨ᠎ᠡ ᠵᠢᠯ᠂ ᠴᠠᠭᠠᠨ ᠰᠠᠷ᠎ᠠ᠂ ᠬᠠᠩᠰᠢ᠂ ᠲᠠᠪᠤᠨ ᠰᠠᠷ᠎ᠠ ᠶᠢᠨ ᠨᠢᠭᠡᠨ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠵᠡᠷᠭᠡ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠤᠨ ᠬᠤᠳᠠᠯᠳᠤᠭᠠᠨ ᠤ ᠲᠣᠬᠢᠶᠠᠯ ᠢ ᠠᠳᠬᠤᠨ᠂ ᠣᠷᠣᠢ ᠶᠢᠨ ᠪᠣᠷᠤᠯᠠᠭᠤᠯᠭ᠎ᠠ ᠶᠢ | ᠠᠬᠢᠭᠤᠯᠬᠤ ᠰᠢᠷᠢᠰ ᠠᠵᠢᠯᠯᠠᠭ᠎ᠠ ᠶᠢ ᠡᠷᠭᠢᠯᠡᠵᠦ᠂ ᠪᠠᠷᠠᠭ᠎ᠠ ᠬᠤᠳᠠᠯᠳᠤᠨ ᠠᠪᠬᠤ ᠣᠷᠴᠢᠨ ᠨᠥᠬᠦᠴᠡᠯ ᠢ | ᠥᠭᠡᠷᠡᠴᠢᠯᠡᠨ ᠳᠡᠭᠡᠭᠰᠢᠯᠡᠭᠦᠯᠵᠦ᠂ ᠰᠥᠨᠢ ᠶᠢᠨ ᠬᠡᠷᠡᠭᠯᠡᠭᠡᠨ ᠤ ᠦᠨ᠎ᠡ ᠶᠢ ᠪᠠᠭᠤᠷᠠᠭᠤᠯᠤᠨ ᠠᠰᠢᠭ ᠣᠯᠭᠤᠬᠤ | ᠡᠷᠴᠢᠮ ᠢ ᠴᠢᠩᠭᠠᠷᠠᠭᠤᠯᠤᠨ᠂ ᠰᠠᠭᠤᠭᠠᠯᠢ ᠠᠷᠠᠳ ᠤᠨ ᠰᠥᠨᠢ ᠶᠢᠨ ᠪᠠᠷᠠᠭ᠎ᠠ ᠬᠤᠳᠠᠯᠳᠤᠨ ᠠᠪᠬᠤ ᠶᠢ ᠳᠠᠳᠠᠨ᠎ᠠ᠃ | ᠳᠥᠷᠪᠡ ᠳᠤ᠂ ᠨᠠᠷᠠᠲᠤ ᠲᠡᠮᠳᠡᠭ ᠤᠨ ᠬᠡᠯᠬᠢᠶᠡᠵᠢᠭᠰᠡᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | 24 ᠴᠠᠭ ᠤᠨ ᠲᠥᠬᠦᠮ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠨᠡᠮᠡᠭᠳᠡᠭᠦᠯᠵᠦ᠂ | ᠬᠤᠲᠠ ᠶᠢᠨ ᠠᠷᠠᠳ ᠤᠨ ᠵᠢᠭᠤᠯᠴᠢᠯᠠᠭᠴᠢᠳ ᠤᠨ ᠰᠥᠨᠢ ᠪᠠᠷ ᠪᠠᠷᠠᠭ᠎ᠠ ᠬᠤᠳᠠᠯᠳᠤᠨ ᠠᠪᠬᠤ ᠳᠤ ᠲᠥᠬᠦᠮ | ᠦᠵᠡᠭᠦᠯᠦᠨ᠎ᠡ᠃ 5G ᠮᠡᠷᠭᠡᠵᠢᠯ ᠢ ᠠᠰᠢᠭᠯᠠᠨ᠂ ︽ᠢᠨᠲ᠋ᠧᠷ ᠰᠦᠯᠵᠢᠶ᠎ᠡ +︾ ᠵᠢᠵᠢᠭᠯᠡᠨ ᠬᠤᠳᠠᠯᠳᠤᠬᠤ ᠰᠢᠨ᠎ᠡ | ᠵᠠᠭᠪᠤᠷ ᠳᠣᠣᠷᠠᠬᠢ ᠬᠥᠮᠥᠨ ᠦᠭᠡᠢ ᠵᠢᠵᠢᠭᠯᠡᠨ ᠬᠤᠳᠠᠯᠳᠤᠬᠤ ᠴᠡᠭ ᠢ ᠪᠣᠶ ᠪᠣᠯᠭᠠᠵᠤ᠂ ᠠᠮᠢᠳᠤᠷᠠᠯ ᠤᠨ ᠵᠢᠵᠢᠭ | ᠲᠣᠭᠤᠷᠢᠭ ᠪᠤᠶᠤ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ | ᠪᠠᠶᠢᠷᠢᠯᠠᠭᠤᠯᠤᠨ᠎ᠠ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠳᠥᠷᠪᠡ︶ ᠰᠥᠨᠢ ᠶᠢᠨ ᠠᠮᠲᠠᠲᠤ ᠢᠳᠡᠭᠡᠨ ᠢ ᠪᠣᠶ ᠪᠣᠯᠭᠠᠨ᠎ᠠ᠃ᠨᠢᠭᠡ ᠳᠤ᠂ ᠬᠤᠭᠤᠯᠠᠨ ᠲᠢᠩᠬᠢᠮ᠂ | ᠰᠥᠨᠢ ᠶᠢᠨ ᠵᠠᠬ᠎ᠠ ᠳᠡᠯᠭᠡᠭᠦᠷ᠂ ᠴᠢᠯᠦᠬᠡᠳᠡᠢ ᠵᠢᠵᠢᠭ ᠢᠳᠡᠭᠡᠨ ᠤ ᠮᠠᠰᠢᠨ ᠲᠡᠷᠭᠡ ᠵᠡᠷᠭᠡ ᠶᠢᠨ ᠤᠯᠠᠨ ᠲᠡᠰ ᠳᠠᠪᠬᠤᠷᠭ᠎ᠠ᠂ | ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠤᠯᠠᠨ ᠶᠠᠩᠵᠤ ᠶᠢᠨ ᠢᠳᠡᠭᠡᠨ ᠤᠮᠳᠠᠭᠠᠨ ᠤ ᠬᠡᠷᠡᠭᠯᠡᠭᠡᠨ ᠤ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠣᠯᠭᠠᠬᠤ ᠶᠢ ᠵᠣᠷᠢᠭᠵᠢᠭᠤᠯᠵᠤ᠂ ᠠᠳᠠᠯᠢ ᠪᠤᠰᠤ ᠬᠥᠮᠥᠰ᠂ ᠠᠳᠠᠯᠢ ᠪᠤᠰᠤ | ᠲᠠᠯᠠᠪᠤᠷ ᠲᠠᠬᠢ ᠢᠳᠡᠭᠡᠨ ᠤᠮᠳᠠᠭᠠᠨ ᠤ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ᠬᠤᠶᠠᠷ ᠲᠤ᠂ ᠵᠤᠨ ᠤ | ᠤᠯᠠᠷᠢᠯ ᠤᠨ ᠪᠠᠶᠠᠷ᠂ ᠠᠮᠲᠠᠲᠤ ᠢᠳᠡᠭᠡᠨ ᠤ ᠪᠠᠶᠠᠷ᠂ ᠰᠤᠯᠠ ᠢᠳᠡᠭᠡᠨ ᠤ ᠪᠠᠶᠠᠷ᠂ ᠫᠢᠸᠤ᠋ ᠶᠢᠨ ᠪᠠᠶᠠᠷ᠂ ᠳᠠᠭᠤᠤ | ᠬᠥᠭᠵᠢᠮ ᠤᠨ ᠪᠠᠶᠠᠷ᠂ ᠵᠢᠭᠤᠯᠴᠢᠯᠠᠯ ᠤᠨ ᠪᠠᠶᠠᠷ ᠵᠡᠷᠭᠡ ᠡᠯ᠎ᠡ ᠲᠥᠷᠥᠯ ᠤᠨ ᠭᠤᠣᠯ ᠰᠡᠳᠦᠪᠲᠦ ᠰᠥᠨᠢ ᠶᠢᠨ ᠵᠠᠬ᠎ᠠ | ᠳᠡᠯᠭᠡᠭᠦᠷ ᠡᠷᠭᠢᠯᠡᠬᠦ ᠶᠢ ᠵᠣᠷᠢᠭᠵᠢᠭᠤᠯᠤᠨ ᠰᠠᠨᠠᠭᠠᠴᠢᠯᠠᠨ᠎ᠠ᠃ᠭᠤᠷᠪᠠ ᠳᠤ᠂ ᠣᠨᠴᠠᠯᠢᠭᠲᠤ ᠬᠤᠳᠠᠯᠳᠤᠭᠠᠨ ᠤ ᠵᠡᠭᠡᠯᠢ | ᠲᠣᠭᠤᠷᠢᠭ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠲᠤᠷᠰᠢᠯᠭ᠎ᠠ ᠶᠢ ᠰᠤᠷᠤᠯᠴᠠᠵᠤ᠂ ᠰᠣᠳᠣᠨ ᠢᠳᠡᠭᠡᠨ | ᠤᠮᠳᠠᠭᠠᠨ ᠢ ᠣᠷᠣᠭᠤᠯᠤᠨ ᠠᠪᠴᠢᠷᠠᠵᠤ᠂ ᠨᠤᠲᠤᠭ ᠤᠨ ᠣᠨᠴᠠᠯᠢᠭᠲᠤ ᠵᠢᠵᠢᠭ ᠢᠳᠡᠭᠡᠨ ᠢ ᠰᠠᠶᠢᠲᠤᠷ ᠬᠢᠭᠰᠡᠨ | ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠣᠨᠴᠠᠯᠢᠭᠲᠤ ᠵᠢᠵᠢᠭ ᠢᠳᠡᠭᠡᠨ ᠢ ᠣᠷᠣᠭᠤᠯᠤᠨ ᠠᠪᠴᠢᠷᠠᠵᠤ᠂ ᠣᠨᠴᠠᠯᠢᠭᠲᠤ | ᠠᠷᠠᠳ ᠤᠨ ᠠᠮᠲᠠᠲᠤ ᠢᠳᠡᠭᠡᠨ ᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠲᠤᠰ ᠭᠠᠵᠠᠷ ᠤᠨ ᠣᠨᠴᠠ | ᠭᠠᠷᠤᠯᠲᠠ ᠶᠢᠨ ᠠᠮᠲᠠᠲᠤ ᠢᠳᠡᠭᠡᠨ ᠢ ᠢᠳᠡᠪᠬᠢᠲᠡᠢ ᠳᠡᠯᠭᠡᠷᠡᠭᠦᠯᠵᠦ᠂ ᠦᠢᠯᠡᠳᠬᠦ ᠲᠡᠰ ᠳᠠᠷᠠᠭᠠᠯᠠᠯ ᠢ ᠳᠡᠯᠭᠡᠨ | ᠦᠵᠡᠭᠦᠯᠵᠦ᠂ ᠢᠳᠡᠭᠡᠨ ᠤ ᠮᠠᠲ᠋ᠧᠷᠢᠶᠠᠯ ᠢ ᠨᠠᠷᠢᠯᠢᠭ ᠡᠵᠡᠮᠳᠡᠵᠦ᠂ ᠲᠤᠰ ᠭᠠᠵᠠᠷ ᠤᠨ ᠣᠨᠴᠠᠯᠢᠭᠲᠤ ᠲᠦᠷᠦᠯ ᠲᠡᠮᠳᠡᠭ ᠢ | ᠡᠭᠦᠳᠦᠨ᠎ᠡ᠃ᠳᠥᠷᠪᠡ ᠳᠤ᠂ ᠨᠡᠷᠡᠳᠦ ᠲᠡᠮᠳᠡᠭᠲᠦ ᠢᠳᠡᠭᠡᠨ ᠤᠮᠳᠠᠭᠠᠨ ᠤ ᠰᠢᠯᠭᠠᠷᠠᠭᠤᠯᠤᠯᠲᠠ ᠶᠢ ᠥᠷᠨᠢᠭᠦᠯᠵᠦ᠂ ᠵᠡᠭᠡᠯᠢ | ᠲᠣᠭᠤᠷᠢᠭ ᠲᠠᠬᠢ ᠣᠨᠴᠠᠯᠢᠭᠲᠤ ᠢᠳᠡᠭᠡᠨ ᠤᠮᠳᠠᠭᠠᠨ ᠤ ᠴᠡᠭ ᠤᠨ ᠡᠵᠡᠩᠨᠡᠯᠲᠡ ᠶᠢᠨ ᠴᠠᠭ ᠢ ᠤᠷᠲᠤᠳᠬᠠᠬᠤ᠂ | ᠡᠵᠡᠩᠨᠡᠯᠲᠡ ᠶᠢᠨ ᠲᠦᠷᠦᠯ ᠵᠦᠢᠯ ᠢ ᠪᠠᠶᠠᠯᠢᠭᠵᠢᠭᠤᠯᠬᠤ᠂ ᠦᠢᠯᠡᠴᠢᠯᠡᠭᠡᠨ ᠤ ᠲᠡᠰ ᠢ ᠳᠡᠭᠡᠭᠰᠢᠯᠡᠭᠦᠯᠬᠦ ᠶᠢ ᠬᠥᠲᠥᠯᠥᠨ | ᠵᠢᠯᠤᠭᠤᠳᠴᠤ᠂ ᠢᠯᠡ ᠲᠣᠭᠤᠭ᠎ᠠ ᠶᠢ ᠨᠡᠭᠡᠭᠡᠬᠦ ᠶᠢ ᠵᠣᠷᠢᠭᠵᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠵᠤ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ᠰᠥᠨᠢ ᠶᠢᠨ ᠠᠵᠤ ᠠᠬᠤᠢ ᠶᠢ ᠪᠤᠵᠠᠭᠠᠶᠢᠷᠠᠭᠤᠯᠤᠨ | ᠠᠮᠢᠳᠤᠯᠢᠭ ᠪᠣᠯᠭᠠᠨ᠎ᠠ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠥᠪᠡᠷᠮᠢᠴᠡ ᠣᠨᠴᠠᠯᠢᠭ ᠲᠠᠢ ᠠᠮᠢᠵᠢᠷᠠᠯ ᠤᠨ ᠬᠦᠴᠦᠨ ᠲᠠᠢ ᠰᠥᠨᠢ ᠶᠢᠨ ᠵᠤᠭ᠎ᠠ ᠴᠡᠩᠭᠡᠯ ᠢ ᠪᠣᠢ | ᠪᠣᠯᠭᠠᠨ᠎ᠠ᠃ ᠨᠢᠭᠡ ᠳᠤ᠂ ᠺᠢᠨᠣ᠋ ᠶᠢᠨ ᠬᠦᠷᠢᠶᠡᠯᠡᠩ᠂ ᠰᠣᠶᠣᠯ ᠦᠵᠡᠰᠬᠦᠯᠡᠩ ᠤᠨ ᠣᠷᠳᠣᠨ᠂ ᠨᠣᠮ ᠤᠨ ᠳᠡᠯᠭᠡᠭᠦᠷ | ᠵᠡᠷᠭᠡ ᠪᠠᠷ ᠠᠴᠢᠶᠠᠯᠠᠪᠤᠷᠢ ᠪᠣᠯᠭᠠᠵᠤ᠂ ᠢᠳᠡᠭᠡᠨ ᠤᠮᠳᠠᠭᠠᠨ ᠤ ᠠᠮᠠᠷᠠᠯᠲᠠ ᠶᠢᠨ ᠲᠣᠭᠤᠷᠢᠭ ᠪᠠ ᠨᠣᠮ ᠤᠩᠰᠢᠬᠤ | ᠪᠤᠯᠤᠩ ᠨᠡᠮᠡᠵᠦ᠂ ᠰᠥᠨᠢ ᠶᠢᠨ ᠲᠣᠭᠯᠠᠯᠲᠠ ᠶᠢᠨ ᠺᠢᠨᠣ᠋ ᠨᠡᠪᠲᠡᠷᠡᠭᠦᠯᠬᠦ ᠲᠠᠯᠠᠪᠤᠷ ᠤᠳᠠᠭ᠎ᠠ ᠶᠢ ᠨᠡᠮᠡᠭᠳᠡᠭᠦᠯᠦᠨ᠎ᠡ᠃ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠰᠣᠶᠣᠯ ᠤᠨ ᠣᠷᠳᠣᠨ ᠵᠡᠷᠭᠡ ᠰᠣᠶᠣᠯ ᠪᠡᠶ᠎ᠡ ᠶᠢᠨ | ᠲᠠᠮᠢᠷ ᠤᠨ ᠲᠠᠯᠠᠪᠤᠷ ᠭᠠᠵᠠᠷ ᠤᠨ ᠵᠤᠨ ᠤ ᠤᠯᠠᠷᠢᠯ ᠤᠨ ᠨᠡᠭᠡᠭᠡᠬᠦ ᠴᠠᠭ ᠢ ᠵᠣᠬᠢᠰᠲᠠᠢ ᠪᠠᠷ ᠤᠷᠲᠤᠳᠬᠠᠵᠤ᠂ | ᠰᠣᠶᠣᠯ ᠤᠨ ᠬᠡᠷᠡᠭᠯᠡᠭᠡ ᠳᠤ ᠰᠡᠳᠡᠯᠲᠡ ᠥᠭᠴᠦ᠂ ᠤᠯᠠᠨ ᠲᠦᠮᠡᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ | ᠬᠠᠩᠭᠠᠨ᠎ᠠ᠃ ᠬᠤᠶᠠᠷ ᠲᠤ᠂ ᠤᠯᠠᠨ ᠵᠦᠢᠯ ᠤᠨ ᠬᠡᠯᠪᠡᠷᠢ ᠶᠢᠨ ᠰᠣᠶᠣᠯ ᠲᠠᠮᠢᠷ ᠤᠨ ᠲᠣᠭᠯᠠᠯᠲᠠ ᠶᠢᠨ ᠠᠵᠢᠯᠯᠠᠭ᠎ᠠ ᠶᠢ | ᠥᠷᠨᠢᠭᠦᠯᠵᠦ᠂ ᠲᠤᠰᠬᠠᠢ ᠮᠡᠷᠭᠡᠵᠢᠯ ᠤᠨ ᠪᠠ ᠠᠵᠢᠯ ᠤᠨ ᠴᠢᠯᠦᠭᠡᠨ ᠤ ᠤᠳᠬ᠎ᠠ ᠤᠷᠠᠯᠢᠭ ᠤᠨ ᠪᠦᠯᠬᠦᠮ ᠤᠨ | ᠰᠥᠨᠢ ᠶᠢᠨ ᠠᠭᠤᠳᠠᠮ ᠲᠠᠯᠠᠪᠠᠢ ᠶᠢᠨ ᠰᠣᠶᠣᠯ ᠤᠨ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠵᠤ᠂ ᠠᠭᠤᠳᠠᠮ | ᠲᠠᠯᠠᠪᠠᠢ ᠶᠢᠨ ᠰᠣᠶᠣᠯ ᠤᠨ ᠠᠵᠢᠯᠯᠠᠭ᠎ᠠ ᠶᠢᠨ ᠤᠯᠠᠨ ᠶᠠᠩᠵᠤᠴᠢᠯᠠᠯᠳᠡ ᠶᠢ ᠠᠬᠢᠭᠤᠯᠤᠨ᠎ᠠ᠃ᠭᠤᠷᠪᠠ ᠳᠤ᠂ ᠤᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠴᠡᠴᠡᠷᠯᠢᠭ᠂ ᠠᠭᠤᠳᠠᠮ ᠲᠠᠯᠠᠪᠠᠢ᠂ ᠪᠡᠶ᠎ᠡ ᠴᠢᠭᠢᠷᠠᠭᠵᠢᠭᠤᠯᠬᠤ ᠭᠡᠷ ᠵᠡᠷᠭᠡ ᠲᠠᠯᠠᠪᠤᠷ ᠢ ᠭᠦᠢᠴᠡᠳ | ᠠᠰᠢᠭᠯᠠᠵᠤ᠂ ᠨᠡᠶᠢᠭᠡᠮ ᠤᠨ ᠤᠯᠠᠨ ᠲᠦᠮᠡᠨ ᠤ ᠣᠷᠣᠢ ᠶᠢᠨ ᠤᠷᠤᠯᠳᠤᠭᠠᠨ ᠳᠤ ᠣᠷᠤᠯᠴᠠᠬᠤ ᠳᠤ ᠲᠣᠬᠢᠷᠠᠬᠤ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠢᠳᠡᠪᠬᠢᠲᠡᠢ ᠡᠷᠬᠢᠯᠡᠵᠦ᠂ ᠤᠯᠠᠨ ᠲᠦᠮᠡᠨ ᠤ ᠤᠷᠤᠯᠳᠤᠭᠠᠨ ᠤ | ᠠᠵᠢᠯᠯᠠᠭ᠎ᠠ ᠶᠢᠨ ᠬᠠᠩᠭᠠᠯᠭ᠎ᠠ ᠶᠢ ᠥᠷᠭᠡᠳᠬᠡᠨ᠎ᠡ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠣᠶᠣᠯ ᠵᠢᠭᠤᠯᠴᠢᠯᠠᠯ | ᠷᠠᠳᠢᠣ᠋ ᠲᠧᠯᠸᠢᠰ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠣᠨᠴᠠᠯᠢᠭᠲᠤ ᠰᠥᠨᠢ ᠶᠢᠨ ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠨ᠎ᠠ᠃ᠠᠯᠠᠱᠠ | ᠠᠶᠢᠮᠠᠭ ᠤᠨ ᠬᠤᠲᠠ ᠶᠢᠨ ᠥᠩᠭᠡ ᠦᠵᠡᠮᠵᠢ᠂ ᠬᠥᠮᠥᠨ ᠰᠣᠶᠣᠯ ᠤᠨ ᠣᠨᠴᠠᠯᠢᠭ᠂ ᠪᠠᠶᠢᠭᠠᠯᠢ ᠶᠢᠨ ᠦᠵᠡᠮᠵᠢ ᠲᠠᠢ | ᠤᠶᠠᠯᠳᠤᠭᠤᠯᠤᠨ᠂ ᠬᠤᠯᠳᠠᠬᠢᠨ ᠢ ᠳᠣᠭᠳᠠᠭᠠᠭᠴᠢ ᠬᠤᠷᠢᠶ᠎ᠠ᠂ ᠬᠤᠯᠠᠨ ᠤ ᠲᠠᠯ᠎ᠠ᠂ ᠡᠯᠡᠰᠦᠨ ᠴᠥᠯ ᠤᠨ ᠬᠠᠴᠢᠨ | ᠴᠢᠯᠠᠭᠤᠲᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠠᠯᠠᠱᠠ ᠶᠢᠨ ᠬᠦᠰᠡᠯᠡᠩᠲᠦ ᠡᠯᠡᠰᠦᠨ ᠴᠥᠯ ᠤᠨ | ᠮᠠᠰᠢᠨ ᠳᠡᠷᠭᠡ ᠠᠭᠠᠷ ᠠᠶᠠᠯᠠᠯ ᠤᠨ ᠴᠡᠩᠭᠡᠯ ᠤᠨ ᠬᠦᠷᠢᠶᠡᠯᠡᠩ᠂ ᠣᠪᠣᠭᠠᠨ ᠠᠭᠤᠯᠠ᠂ ᠲᠣᠣᠷᠠᠢ ᠶᠢᠨ ᠰᠥᠨᠢ ᠶᠢᠨ | ᠦᠵᠡᠮᠵᠢ᠂ ᠨᠤᠭᠤ ᠭᠠᠵᠠᠷ ᠤᠨ ᠴᠡᠴᠡᠷᠯᠢᠭ᠂ ᠲᠡᠭᠷᠢ ᠡᠯᠡᠰᠦᠨ ᠴᠥᠯ ᠤᠨ ᠬᠤᠸᠠᠷᠠᠨ ᠤ ᠣᠳᠣᠨ ᠰᠤᠳᠤᠯᠤᠯ᠂ | ᠲᠡᠭᠷᠢ ᠡᠯᠡᠰᠦ ᠶᠢᠨ ︽ ᠳᠣᠩᠬᠤ ᠶᠢᠨ ᠵᠤᠭᠠᠴᠠᠯ︾ ᠵᠡᠷᠭᠡ ᠣᠯᠠᠨ ᠡᠰᠢᠲᠦ ᠰᠥᠨᠢ ᠶᠢᠨ ᠵᠤᠭᠠᠴᠠᠯ ᠤᠨ ᠲᠥᠷᠥᠯ | ᠵᠦᠢᠯ ᠢ ᠠᠰᠢᠭᠯᠠᠨ᠂ ᠰᠥᠨᠢ ᠶᠢᠨ ᠵᠢᠭᠤᠯᠴᠢᠯᠠᠯ ᠤᠨ ᠨᠢᠭᠡ ᠪᠦᠯᠦᠭ ᠰᠣᠳᠣᠨ ᠵᠠᠮ ᠱᠤᠭᠤᠮ ᠢ ᠪᠣᠶ ᠪᠣᠯᠭᠠᠨ᠎ᠠ᠃︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠠᠷᠢᠮᠵᠢᠶ᠎ᠠ ᠶᠢ ᠳᠣᠷᠣᠭᠰᠢᠯᠠᠭᠤᠯᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠨ᠎ᠡ᠃ | ᠨᠢᠭᠡ ᠳᠤ᠂ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠬᠢᠨᠠᠨ ᠵᠥᠪᠰᠢᠶᠡᠷᠡᠬᠦ ᠵᠦᠢᠯᠡᠰ | ᠪᠠ ᠵᠠᠩᠭᠢᠯᠠᠭ᠎ᠠ ᠶᠢ ᠪᠠᠭᠠᠰᠬᠠᠨ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠥᠪᠰᠢᠶᠡᠷᠡᠬᠦ ᠬᠡᠪᠴᠢᠶᠡᠨ ᠳᠣᠲᠣᠷ᠎ᠠ᠂ | ᠰᠥᠨᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠶᠢ ᠪᠠᠭᠤᠷᠠᠭᠤᠯᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠳᠥᠭᠦᠮᠴᠢᠯᠡᠨ᠎ᠡ᠃ | ᠬᠤᠶᠠᠷ ᠲᠤ᠂ ᠣᠨᠴᠠᠯᠢᠭᠲᠤ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠡᠭᠡᠯᠢ ᠲᠣᠭᠤᠷᠢᠭ ᠲᠤ | ᠡᠵᠡᠩᠨᠡᠵᠦ ᠪᠠᠶᠢᠭ᠎ᠠ ᠡᠵᠡᠩᠨᠡᠭᠴᠢᠳ ᠤᠨ ᠨᠥᠬᠦᠴᠡᠯ ᠳᠤ ᠨᠡᠶᠢᠴᠡᠬᠦ᠂ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ | ᠭᠡᠷᠡᠴᠢ ᠦᠨᠡᠮᠯᠡᠯ ᠢ ᠨᠢ ᠲᠡᠷᠡ ᠳᠠᠷᠤᠢ ᠳᠤᠨᠢ ᠭᠦᠢᠴᠡᠳᠬᠡᠨ᠎ᠡ᠃ᠭᠤᠷᠪᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠶᠠᠷ︶ ᠡᠮᠬᠢ ᠵᠢᠷᠤᠮ ᠲᠠᠢ ᠪᠠᠷ ᠬᠠᠮᠢᠶᠠᠷᠴᠤ᠂ ᠳᠡᠯᠭᠡᠨ ᠬᠤᠳᠠᠯᠳᠤᠬᠤ ᠶᠢᠨ ᠵᠠᠬᠢᠷᠤᠨ ᠬᠠᠮᠢᠶᠠᠷᠤᠯᠲᠠ ᠶᠢ | ᠠᠭᠤᠵᠢᠭᠤ ᠲᠠᠯᠪᠢᠨ᠎ᠠ᠃ ᠦᠷᠭᠡᠨ ᠢᠶᠠᠷ ᠡᠵᠡᠩᠨᠡᠬᠦ ᠶᠢ ᠵᠣᠷᠢᠭᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠶᠤᠯ ᠦᠭᠡᠢ ᠦᠢᠯᠡᠳᠪᠦᠷᠢᠯᠡᠯ᠂ ᠭᠠᠯ ᠤᠨᠲᠠᠷᠠᠭᠠᠬᠤ ᠠᠮᠤᠷ | ᠲᠦᠪᠰᠢᠨ ᠵᠡᠷᠭᠡ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ᠂ ᠠᠷᠠᠳ ᠢ ᠬᠠᠷᠰᠢᠯᠠᠬᠤ ᠦᠭᠡᠢ᠂ ᠵᠠᠮ | ᠬᠠᠷᠢᠯᠴᠠᠭᠠᠨ ᠤ ᠡᠮᠬᠢ ᠳᠢᠭᠯᠢᠮ ᠢ ᠨᠥᠯᠥᠭᠡᠯᠡᠬᠦ ᠦᠭᠡᠢ᠂ ᠲᠡᠷᠭᠡᠨ ᠵᠠᠮ ᠢ ᠡᠵᠡᠯᠡᠬᠦ ᠦᠭᠡᠢ ᠵᠡᠷᠭᠡ ᠤᠷᠢᠲᠠᠯ ᠳᠣᠣᠷ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠬᠡᠰᠡᠭ ᠲᠤᠷᠰᠢᠯᠲᠠ ᠶᠢᠨ ᠣᠷᠣᠨ ᠪᠦᠰᠡ᠂ | ᠵᠠᠮ ᠤᠨ ᠬᠡᠰᠡᠭ ᠲᠤ᠂ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢᠨ ᠶᠠᠪᠠᠭᠠᠨ ᠬᠥᠮᠥᠨ ᠤ ᠵᠠᠮ ᠤᠨ ᠬᠤᠶᠠᠷ | ᠬᠠᠵᠠᠭᠤ ᠪᠠᠷ ᠵᠡᠭᠡᠯᠢ ᠭᠤᠳᠤᠮᠵᠢ ᠶᠢᠨ ᠣᠷᠣᠨ ᠵᠠᠢ ᠶᠢ ᠠᠰᠢᠭᠯᠠᠨ ᠳᠦᠷᠢ ᠲᠥᠷᠬᠦ ᠪᠠᠨ ᠳᠡᠯᠭᠡᠨ ᠦᠵᠡᠭᠦᠯᠬᠦ ᠪᠠ | ᠦᠢᠯᠡᠳᠬᠦᠨ ᠤ ᠦᠢᠯᠡᠴᠢᠯᠡᠭᠡᠨ ᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠶᠢ ᠵᠥᠪᠰᠢᠶᠡᠷᠡᠨ᠎ᠡ᠃︵ᠬᠠᠷᠢᠭᠤᠴᠠᠯᠭᠠᠲᠤ | ᠨᠢᠭᠡᠴᠡ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠳᠡᠯᠭᠡᠭᠡ ᠮᠠᠶᠢᠮᠠᠢ ᠶᠢᠨ ᠡᠵᠡᠩᠨᠡᠯᠲᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ | ᠵᠢᠷᠤᠮᠵᠢᠭᠤᠯᠤᠨ᠎ᠠ᠃ᠨᠢᠭᠡ ᠳᠤ᠂ ᠣᠲᠣ ᠶᠢᠨ ᠪᠠᠶᠢᠭ᠎ᠠ ᠰᠥᠨᠢ ᠶᠢᠨ ᠬᠤᠭᠤᠯᠠ ᠶᠢᠨ ᠳᠡᠯᠭᠡᠭᠦᠷ ᠲᠤ ᠴᠢᠬᠤᠯᠠ ᠪᠦᠬᠦᠢ | ᠵᠥᠪᠰᠢᠶᠡᠷᠡᠯ ᠤᠨ ᠦᠢᠯᠡᠴᠢᠯᠡᠭᠡ ᠬᠠᠩᠭᠠᠵᠤ᠂ ᠵᠠᠳᠠᠭᠠᠢ ᠳᠡᠯᠭᠡᠭᠦᠷ ᠢ ᠥᠭᠡᠷᠡᠴᠢᠯᠡᠨ ᠲᠠᠰ ᠳᠡᠪᠰᠢᠭᠦᠯᠬᠦ ᠶᠢ | ᠬᠥᠲᠥᠯᠥᠨ ᠵᠢᠯᠤᠭᠤᠳᠴᠤ ᠵᠣᠷᠢᠭᠵᠢᠭᠤᠯᠤᠨ᠎ᠠ᠃ ᠬᠤᠶᠠᠷ ᠲᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠦᠢᠯᠡᠴᠢᠯᠡᠭᠡᠨ ᠤ | ᠬᠥᠲᠥᠯᠥᠨ ᠵᠢᠯᠤᠭᠤᠳᠬᠤ ᠶᠢ ᠳᠡᠭᠡᠭᠰᠢᠯᠡᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠬᠡᠷᠡᠭᠯᠡᠬᠦ ᠬᠤᠭᠤᠯᠠᠨ ᠤ | ᠪᠠᠭᠠᠵᠢ ᠬᠡᠷᠡᠭᠰᠡᠯ ᠢ ᠤᠬᠢᠶᠠᠨ ᠴᠡᠪᠡᠷᠯᠡᠵᠦ ᠠᠷᠢᠭᠤᠳᠬᠠᠬᠤ ᠶᠢ ᠴᠢᠩᠭᠠᠳᠬᠠᠨ᠂ ᠨᠢᠭᠡ ᠯᠡ ᠤᠳᠠᠭ᠎ᠠ ᠬᠡᠷᠡᠭᠯᠡᠬᠦ | ᠬᠤᠭᠤᠯᠠᠨ ᠤ ᠪᠠᠭᠠᠵᠢ ᠬᠡᠷᠡᠭᠰᠡᠯ ᠬᠡᠷᠡᠭᠯᠡᠬᠦ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠬᠡᠷᠡᠭᠯᠡᠬᠦ ᠶᠢ | ᠵᠣᠷᠢᠭᠵᠢᠭᠤᠯᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ᠪᠦᠷᠢᠯᠭᠡᠨ ᠰᠦᠢᠳᠬᠡᠬᠦ ᠶᠢ | ᠡᠰᠡᠷᠭᠦᠴᠡᠨ᠂ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢ ᠪᠡᠶᠡᠯᠡᠭᠦᠯᠦᠨ᠎ᠡ᠃︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠳᠥᠷᠪᠡ︶ ᠦᠢᠯᠡᠴᠢᠯᠡᠭᠡ ᠪᠠᠨ ᠲᠡᠭᠦᠯᠳᠡᠷᠵᠢᠭᠦᠯᠵᠦ᠂ ᠰᠥᠨᠢ ᠶᠢᠨ ᠪᠠᠲᠤᠯᠠᠭ᠎ᠠ ᠶᠢᠨ ᠲᠣᠭᠲᠠᠴᠠ ᠶᠢ | ᠪᠦᠷᠢᠨᠰᠢᠭᠦᠯᠦᠨ᠎ᠡ᠃ ᠨᠢᠭᠡ ᠳᠤ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ᠂ | ᠲᠡᠷᠭᠡ ᠵᠣᠭᠰᠤᠭᠠᠬᠤ ᠦᠢᠯᠡᠴᠢᠯᠡᠭᠡ ᠵᠡᠷᠭᠡ ᠢᠵᠢ ᠪᠦᠷᠢᠳᠦᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ | ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ᠰᠥᠨᠢ ᠶᠢᠨ ᠠᠮᠤᠷ ᠢ ᠬᠠᠮᠠᠭᠠᠯᠠᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠰᠥᠨᠢ ᠶᠢᠨ ᠠᠮᠤᠷ ᠢ ᠬᠠᠮᠠᠭᠠᠯᠠᠬᠤ | ᠪᠠᠲᠤᠯᠠᠭ᠎ᠠ ᠶᠢᠨ ᠪᠠᠶᠢᠭᠤᠯᠤᠯ ᠢ ᠪᠣᠢ ᠪᠣᠯᠭᠠᠨ᠎ᠠ᠃ ᠬᠤᠶᠠᠷ ᠲᠤ᠂ ᠤᠰᠤ ᠴᠠᠬᠢᠯᠭᠠᠨ ᠬᠡᠢ ᠶᠢᠨ ᠬᠠᠩᠭᠠᠯᠭ᠎ᠠ᠂ ᠪᠣᠬᠢᠷ | ᠤᠰᠤ ᠶᠢ ᠴᠤᠭᠯᠠᠭᠤᠯᠤᠨ ᠭᠠᠳᠠᠭᠰᠢᠯᠠᠭᠤᠯᠬᠤ᠂ ᠢᠳᠡᠭᠡᠨ ᠤᠮᠳᠠᠭᠠᠨ ᠤ ᠲᠤᠰᠤᠨ ᠤᠲᠤᠭ᠎ᠠ ᠶᠢ ᠰᠢᠢᠳᠪᠦᠷᠢᠯᠡᠬᠦ᠂ | ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ︵ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ︶᠂ | ᠨᠡᠶᠢᠲᠡ ᠶᠢᠨ ᠬᠡᠷᠡᠭᠯᠡᠭᠡᠨ ᠤ ᠠᠷᠢᠭᠤᠨ ᠴᠡᠪᠡᠷ ᠤᠨ ᠲᠠᠰᠤᠯᠭ᠎ᠠ ᠶᠢ ᠪᠠᠶᠢᠷᠢᠯᠠᠭᠤᠯᠬᠤ ︵ᠬᠠᠩᠭᠠᠬᠤ︶ ᠵᠡᠷᠭᠡ ᠢᠵᠢ | ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠭᠤᠷᠪᠠ ᠳᠤ᠂ ᠰᠥᠨᠢ ᠶᠢᠨ ᠠᠵᠤ ᠠᠬᠤᠢ ᠶᠢᠨ ᠵᠢᠱᠢᠶ᠎ᠡ | ᠦᠵᠡᠭᠦᠯᠬᠦ ᠵᠡᠭᠡᠯᠢ ᠲᠣᠭᠤᠷᠢᠭ ᠤᠨ ᠡᠷᠬᠢᠨ ᠲᠣᠭᠤᠷᠢᠨ ᠤ ᠲᠡᠷᠭᠡ ᠵᠣᠭᠰᠣᠬᠤ ᠡᠮᠬᠢ ᠵᠢᠷᠤᠮ ᠤᠨ ᠬᠠᠮᠢᠶᠠᠷᠤᠯᠲᠠ ᠶᠢ | ᠰᠢᠯᠢᠳᠡᠭᠵᠢᠭᠦᠯᠦᠨ᠎ᠡ᠃ᠣᠯᠠᠨ ᠨᠡᠶᠢᠲᠡ ᠶᠢᠨ ᠲᠡᠷᠭᠡ ᠵᠣᠭᠰᠤᠭᠠᠬᠤ ᠡᠬᠢ ᠪᠠᠶᠠᠯᠢᠭ ᠢᠶᠠᠷ ᠬᠠᠷᠢᠴᠠᠩᠭᠤᠢ ᠳᠤᠲᠠᠮᠠᠭ | ᠣᠷᠣᠨ ᠪᠦᠰᠡ ᠳᠤ᠂ ᠨᠥᠬᠦᠴᠡᠯ ᠲᠠᠢ ᠪᠣᠯ ᠵᠠᠮ ᠤᠨ ᠳᠣᠲᠣᠷ᠎ᠠ᠂ ᠵᠠᠮ ᠤᠨ ᠬᠠᠵᠠᠭᠤ ᠶᠢᠨ ᠲᠡᠷᠭᠡ ᠵᠣᠭᠰᠤᠭᠠᠬᠤ | ᠭᠠᠵᠠᠷ ᠢ ᠰᠢᠨ᠎ᠡ ᠪᠠᠷ ᠨᠡᠮᠡᠭᠳᠡᠭᠦᠯᠬᠦ᠂ ᠴᠢᠯᠦᠬᠡᠳᠡᠢ ᠵᠣᠭᠰᠣᠭᠠᠯ ᠭᠠᠷᠭᠠᠬᠤ ᠪᠠ ᠰᠥᠨᠢ ᠶᠢᠨ ᠵᠣᠭᠰᠣᠭᠠᠯ ᠢ ᠰᠢᠨ᠎ᠡ ᠪᠠᠷ | ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠡᠵᠡᠩᠨᠡᠭᠴᠢ᠂ ᠬᠡᠷᠡᠭᠯᠡᠭᠴᠢᠳ ᠲᠤ ᠲᠥᠬᠦᠮ ᠦᠵᠡᠭᠦᠯᠦᠨ᠎ᠡ᠃︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠠᠯᠠᠱᠠ ᠶᠢᠨ ᠴᠠᠬᠢᠯᠭᠠᠨ ᠬᠠᠩᠭᠠᠬᠤ | ᠺᠣᠮᠫᠠᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠡᠮᠬᠢ ᠳᠢᠭᠯᠢᠮ ᠢ ᠬᠠᠮᠠᠭᠠᠯᠠᠨ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ | ᠴᠢᠩᠭᠠᠳᠬᠠᠨ᠎ᠠ᠃ ᠨᠢᠭᠡ ᠳᠤ᠂ ᠬᠠᠷᠢᠶ᠎ᠠ ᠣᠷᠣᠨ ᠤ ᠳᠣᠲᠣᠷ᠎ᠠ ᠪᠠᠨ ᠰᠥᠨᠢ ᠶᠢᠨ ᠠᠵᠤ ᠠᠬᠤᠢ ᠶᠢᠨ ᠦᠢᠯᠡᠳᠬᠦᠨ ᠢ | ᠦᠢᠯᠡᠳᠪᠦᠷᠢᠯᠡᠬᠦ ᠳᠤ ᠬᠤᠯᠪᠣᠭᠳᠠᠬᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠲᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠥᠨᠢ ᠶᠢᠨ ᠡᠵᠡᠩᠨᠡᠯᠲᠡ ᠶᠢᠨ ᠡᠯ᠎ᠡ ᠲᠥᠷᠥᠯ ᠬᠡᠯᠪᠡᠷᠢ ᠶᠢᠨ ᠵᠤᠭ᠎ᠠ | ᠴᠡᠩᠭᠡᠯ ᠤᠨ ᠪᠡᠯᠡᠳᠬᠡᠮᠵᠢ ᠶᠢᠨ ᠵᠢᠯᠣᠭᠤᠳᠤᠯᠭ᠎ᠠ ᠪᠠ ᠦᠢᠯᠡᠴᠢᠯᠡᠭᠡ ᠶᠢ ᠴᠢᠩᠭᠠᠳᠬᠠᠨ᠂ ᠬᠡᠷᠡᠭᠯᠡᠬᠦ ᠨᠢᠭᠡᠴᠡ ᠶᠢ | ᠰᠢᠮᠳᠠᠭᠤᠯᠵᠤ ᠪᠠᠶᠢᠭᠠᠳ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠰᠥᠨᠢ ᠶᠢᠨ ᠠᠵᠢᠯᠯᠠᠭᠠᠨ ᠤ ᠨᠥᠬᠦᠴᠡᠯ ᠳᠤ ᠨᠡᠶᠢᠴᠡᠭᠦᠯᠬᠦ ᠬᠡᠷᠡᠭᠲᠡᠢ᠃ ᠬᠤᠶᠠᠷ ᠲᠤ᠂ ᠬᠡᠷᠡᠭᠯᠡᠭᠡ ᠶᠢᠨ ᠡᠷᠬᠡ ᠪᠠᠨ | ᠬᠠᠮᠠᠭᠠᠯᠠᠬᠤ᠂ ᠨᠡᠶᠢᠭᠡᠮ ᠤᠨ ᠬᠠᠮᠲᠤ ᠪᠠᠷ ᠵᠠᠰᠠᠬᠤ ᠪᠠᠶᠢᠷᠢᠰᠢᠯ ᠢ ᠪᠤᠶ ᠪᠣᠯᠭᠠᠬᠤ ᠶᠠᠪᠤᠳᠠᠯ ᠢ ᠲᠦᠯᠬᠢᠨ ᠠᠬᠢᠭᠤᠯᠵᠤ | ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ ᠠᠴᠠ ᠪᠤᠶ ᠪᠣᠯᠤᠭᠰᠠᠨ ᠬᠡᠷᠡᠭᠯᠡᠭᠴᠢᠳ ᠤᠨ ᠵᠠᠭᠠᠯᠳᠤᠯᠭ᠎ᠠ | ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠬᠡᠷᠡᠭᠯᠡᠭᠴᠢᠳ ᠤᠨ ᠬᠠᠤᠯᠢ ᠶᠣᠰᠣᠨ ᠤ | ᠡᠷᠬᠡ ᠠᠰᠢᠭ ᠪᠣᠯᠣᠨ ᠡᠵᠡᠩᠨᠡᠭᠴᠢᠳ ᠤᠨ ᠵᠦᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠨ᠎ᠠ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠵᠢᠷᠭᠤᠭ᠎ᠠ︶ ᠳᠡᠮᠵᠢᠯᠭᠡ ᠪᠠᠨ ᠴᠢᠩᠭᠠᠷᠠᠭᠤᠯᠵᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ᠱᠠᠭᠠᠷᠳᠠᠯᠭ᠎ᠠ ᠶᠣᠰᠣᠭᠠᠷ ᠤᠯᠤᠰ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠬᠠᠮᠲᠤᠯᠢᠭ ᠲᠤ ᠦᠵᠡᠭᠦᠯᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠡᠭᠦᠯ ᠢᠶᠠᠷ ᠬᠥᠭᠵᠢᠬᠦ ᠳᠤ | ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃︵ | ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠰᠠᠭᠤᠷᠢ ᠪᠡᠯᠡᠳᠬᠡᠮᠵᠢ ᠶᠢᠨ | ᠲᠥᠬᠦᠷᠵᠢᠭᠦᠯᠦᠯᠲᠡ ᠶᠢ ᠲᠡᠭᠦᠯᠳᠡᠷᠵᠢᠭᠦᠯᠦᠨ᠎ᠡ᠃ ᠨᠢᠭᠡ ᠳᠤ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠭᠰᠠᠨ᠂ | ᠪᠣᠶᠢᠵᠢᠭᠤᠯᠤᠭᠰᠠᠨ ᠰᠥᠨᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠢ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ ᠪᠠ ᠨᠣᠭᠤᠭᠠᠷᠠᠭᠤᠯᠬᠤ ᠠᠵᠢᠯ ᠤᠨ ᠣᠨ ᠤ ᠭᠤᠣᠯᠳᠠᠯᠭ᠎ᠠ ᠳᠤ ᠣᠷᠣᠭᠤᠯᠵᠤ᠂ ᠴᠡᠪᠡᠷᠰᠢᠭᠦᠯᠬᠦ᠂ | ᠨᠣᠭᠤᠭᠠᠷᠠᠭᠤᠯᠬᠤ᠂ ᠭᠤᠶᠣᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠬᠤᠶᠠᠷ ᠲᠤ᠂ ᠵᠡᠭᠡᠯᠢ ᠭᠤᠳᠤᠮᠵᠢ᠂ | ᠰᠥᠨᠢ ᠶᠢᠨ ᠵᠠᠬ᠎ᠠ ᠳᠡᠯᠭᠡᠭᠦᠷ ᠤᠨ ᠵᠠᠮ ᠤᠨ ᠳ᠋ᠧᠩ ᠵᠢᠴᠢ ᠭᠡᠷᠡᠯᠲᠦᠭᠦᠯᠭᠡ ᠶᠢᠨ ᠳ᠋ᠧᠩ ᠢᠶᠠᠨ ᠠᠰᠠᠭᠠᠬᠤ ᠴᠠᠭ ᠢ | ᠵᠣᠬᠢᠰᠲᠠᠢ ᠲᠣᠬᠢᠷᠠᠭᠤᠯᠵᠤ᠂ ᠨᠡᠶᠢᠲᠡ ᠶᠢᠨ ᠵᠣᠷᠯᠣᠩ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠵᠣᠬᠢᠰᠲᠠᠢ | ᠲᠣᠬᠢᠷᠠᠭᠤᠯᠵᠤ᠂ ᠰᠥᠨᠢ ᠶᠢᠨ ᠠᠵᠤ ᠠᠬᠤᠢ ᠶᠢᠨ ᠵᠡᠭᠡᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ | ︵ᠨᠠᠢᠮᠠ︶ ᠭᠠᠵᠠᠷ ᠰᠢᠷᠣᠢ ᠶᠢᠨ ᠬᠠᠩᠭᠠᠯᠭ᠎ᠠ ᠶᠢ ᠲᠦᠷᠭᠡᠳᠬᠡᠵᠦ᠂ ᠭᠠᠵᠠᠷ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ | ᠨᠢᠭᠡ ᠳᠤ᠂ ᠰᠥᠨᠢ ᠶᠢᠨ ᠠᠵᠤ ᠠᠬᠤᠢ ᠶᠢᠨ ᠵᠦᠢᠯᠡᠰ ᠲᠤ ᠬᠡᠷᠡᠭᠯᠡᠬᠦ ᠭᠠᠵᠠᠷ ᠢ ᠣᠨ ᠤ ᠭᠠᠵᠠᠷ ᠰᠢᠷᠣᠢ ᠶᠢᠨ | ᠬᠠᠩᠭᠠᠯᠭ᠎ᠠ ᠶᠢᠨ ᠲᠥᠯᠥᠪᠯᠡᠭᠡ ᠳᠤ ᠣᠷᠣᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ | ᠬᠡᠷᠡᠭᠯᠡᠬᠦ ᠶᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠬᠡᠷᠡᠭ ᠭᠦᠢᠴᠡᠳᠬᠡᠬᠦ ᠲᠠᠰ | ᠳᠠᠷᠠᠭᠠᠯᠠᠯ ᠢ ᠳᠥᠭᠦᠮᠴᠢᠯᠡᠨ᠂ ᠭᠦᠢᠴᠡᠳᠬᠡᠬᠦ ᠴᠠᠭ ᠢ ᠪᠣᠭᠤᠨᠢᠰᠬᠠᠨ᠎ᠠ᠃ ᠬᠤᠶᠠᠷ ᠲᠤ᠂ ᠰᠥᠨᠢ ᠶᠢᠨ ᠠᠵᠤ | ᠠᠬᠤᠢ ᠶᠢ ᠬᠥᠭᠵᠢᠭᠦᠯᠬᠦ ᠳᠤ ᠬᠡᠷᠡᠭᠰᠡᠬᠦ ᠵᠠᠮ᠂ ᠴᠡᠴᠡᠷᠯᠢᠭ᠂ ᠲᠡᠷᠭᠡᠨ ᠵᠣᠭᠰᠣᠭᠠᠯ᠂ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ᠂ ᠳᠥᠭᠦᠮ ᠳᠥᠲᠡ ᠨᠡᠶᠢᠲᠡ ᠶᠢᠨ ᠬᠡᠷᠡᠭᠯᠡᠭᠡᠨ ᠤ ᠠᠷᠢᠭᠤᠨ ᠴᠡᠪᠡᠷ ᠤᠨ ᠲᠠᠰᠤᠯᠭ᠎ᠠ ᠵᠡᠷᠭᠡ | ᠣᠯᠠᠨ ᠨᠡᠶᠢᠲᠡ ᠶᠢᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠠᠩᠭᠠᠨ᠎ᠠ︔ | ᠡᠵᠡᠩᠨᠡᠯᠲᠡ ᠶᠢᠨ ᠴᠢᠨᠠᠷᠲᠠᠢ ᠭᠠᠵᠠᠷ ᠬᠡᠷᠡᠭᠯᠡᠬᠦ ᠳᠤ᠂ ᠢᠯᠡ ᠪᠠᠷ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢᠶᠠᠷ | ᠬᠠᠩᠭᠠᠵᠤ᠂ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ ᠪᠣᠯᠣᠨ᠎ᠠ᠃︵ᠬᠠᠷᠢᠭᠤᠴᠠᠬᠤ ᠨᠢᠭᠡᠴᠡ᠄ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ᠡᠯ᠎ᠡ ᠬᠤᠰᠢᠭᠤ ᠣᠷᠣᠨ | ᠂ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ | ᠠᠵᠢᠯ ᠤᠨ ᠲᠣᠭᠲᠠᠴᠠ ᠶᠢ ᠪᠠᠶᠢᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠥᠨᠢ ᠶᠢᠨ ᠠᠵᠤ ᠠᠬᠤᠢ ᠶᠢ ᠬᠥᠭᠵᠢᠭᠦᠯᠦᠨ ᠴᠡᠴᠡᠭᠯᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠨ | ᠬᠡᠷᠡᠭᠵᠢᠭᠦᠯᠵᠦ᠂ ᠰᠥᠨᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠂ ᠡᠯ᠎ᠡ ᠬᠤᠰᠢᠭᠤ ᠣᠷᠣᠨ ᠳᠤ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠬᠦ ᠬᠡᠷᠡᠭᠲᠡᠢ᠃ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠰᠥᠨᠢ ᠶᠢᠨ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ᠰᠥᠨᠢ ᠶᠢᠨ ᠠᠵᠤ | ᠠᠬᠤᠢ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠮᠵᠢᠯᠳᠠ ᠪᠣᠯᠭᠠᠵᠤ᠂ ᠰᠠᠭᠤᠭᠠᠯᠢ ᠠᠷᠠᠳ ᠤᠨ | ᠬᠡᠷᠡᠭᠯᠡᠭᠡᠨ ᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ | ︵ᠬᠤᠶᠠᠷ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ᠭᠤᠣᠯᠳᠠᠯᠭ᠎ᠠ ᠲᠠᠢ ᠰᠥᠨᠢ ᠶᠢᠨ ᠠᠵᠤ | ᠠᠬᠤᠢ ᠶᠢᠨ ᠵᠡᠭᠡᠯᠢ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠵᠤ᠂ ᠨᠢᠭᠡᠳᠦᠯᠲᠡᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠰᠢᠭᠤᠯᠤᠯᠲᠠ ᠶᠢ | ᠨᠢᠭᠡᠳᠬᠡᠨ᠂ ᠨᠢᠭᠡᠳᠦᠯᠲᠡᠢ ᠵᠣᠬᠢᠴᠠᠭᠤᠯᠤᠨ ᠬᠠᠮᠢᠶᠠᠷᠤᠨ᠎ᠠ᠃ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠡᠯ᠎ᠡ ᠵᠦᠢᠯ ᠤᠨ ᠠᠵᠢᠯ ᠢᠶᠠᠨ ᠪᠦᠬᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠎ᠠ᠃ᠡᠯ᠎ᠡ ᠰᠠᠯᠠᠭ᠎ᠠ ᠮᠥᠴᠢᠷ ᠤᠳ | ᠲᠣᠰ ᠠᠵᠢᠯ ᠲᠥᠷᠥᠯ᠂ ᠲᠣᠰ ᠨᠢᠭᠡᠴᠡ ᠶᠢᠨ ᠢᠶᠠᠨ ᠰᠥᠨᠢ ᠶᠢᠨ ᠠᠵᠤ ᠠᠬᠤᠢ ᠶᠢᠨ ᠬᠠᠮᠢᠶ᠎ᠠ ᠪᠦᠬᠦᠢ ᠠᠵᠢᠯ ᠢ | ᠲᠦᠯᠬᠢᠨ ᠠᠬᠢᠭᠤᠯᠬᠤ ᠬᠥᠳᠡᠯᠦᠩᠭᠦᠢ ᠮᠡᠳᠡᠭᠡ ᠵᠠᠩᠭᠢ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠤᠬᠠᠭᠤᠯᠭ᠎ᠠ ᠶᠢᠨ ᠴᠢᠭᠯᠡᠯ ᠢ ᠨᠢᠭᠡᠳᠦᠯᠲᠡᠢ | ᠲᠥᠯᠥᠪᠯᠡᠨ᠂ ᠴᠠᠭ ᠲᠤᠬᠠᠢ ᠳᠤᠨᠢ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠤ ᠰᠣᠨᠢᠨ | ᠮᠡᠳᠡᠭᠡᠨ ᠤ ᠰᠦᠪᠡᠭᠴᠢ ᠬᠠᠩᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠠᠶᠢᠮᠠᠭ | ᠬᠤᠰᠢᠭᠤ ᠬᠤᠶᠠᠷ ᠱᠠᠲᠤᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠥᠬᠦ | ᠠᠶᠢᠮᠠᠭ ᠤᠨ ᠰᠥᠨᠢ ᠶᠢᠨ ᠠᠵᠤ ᠠᠬᠤᠢ ᠶᠢᠨ ᠰᠠᠶᠢᠨ ᠠᠷᠭ᠎ᠠ ᠬᠢᠳᠡᠯ᠂ ᠰᠠᠶᠢᠨ ᠨᠡᠶᠢᠲᠡᠯᠢᠭ ᠵᠢᠱᠢᠶ᠎ᠡ ᠳᠤ ᠵᠥᠪ | ᠲᠠᠯ᠎ᠠ ᠶᠢᠨ ᠤᠬᠠᠭᠤᠯᠭ᠎ᠠ ᠮᠡᠳᠡᠭᠡᠯᠡᠯ ᠬᠢᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠠᠵᠢᠯ ᠢ ᠴᠠᠭ ᠲᠤᠨᠢ | ᠲᠣᠬᠢᠷᠠᠭᠤᠯᠤᠨ ᠥᠷᠨᠢᠭᠦᠯᠦᠨ᠎ᠡ᠃ | | |