ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ | ᠪᠠ ︽ᠥᠪᠡᠷᠲᠡᠭᠡᠨ ᠵᠠᠰᠠᠬᠤ ᠣᠷᠣᠨ ᠤ ︿ᠬᠠᠭᠠᠰ ᠳᠤᠲᠠᠭᠤ﹀ ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯ ᠤᠨ | ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ | 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠦᠬᠦ ᠠᠶᠢᠮᠠᠭ ᠤᠨ ᠬᠡᠪᠴᠢᠶᠡᠨ ᠳᠤ ︽ᠬᠠᠭᠠᠰ ᠳᠤᠲᠠᠭᠤ︾ | ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠃ ᠡᠳᠦᠭᠡ ᠠᠯᠠᠱᠠ | ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠶᠡᠷᠦᠩᠬᠡᠶ ᠱᠦᠵᠢ ᠰᠢ ᠶᠢᠨ ᠫᠢᠩ ᠤᠨ ᠠᠷᠪᠢᠯᠠᠨ ᠭᠠᠮᠨᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ᠂ ᠠᠷᠪᠢᠯᠠᠨ ᠭᠠᠮᠨᠠᠬᠤ | ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠦ᠂ ᠦᠯᠡᠳᠡᠭᠡᠯ ᠬᠥᠷᠥᠩᠭᠡ ᠶᠢ ᠴᠢᠯᠥᠭᠡᠲᠡᠶ ᠪᠠᠶᠢᠯᠭᠠᠬᠤ | ᠳᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ | ᠶᠣᠰᠣᠭᠠᠷ᠂ ︽ᠬᠡᠨ ᠡᠷᠬᠢᠯᠡᠨ ᠬᠠᠮᠢᠶᠠᠷᠪᠠᠯ᠂ ᠬᠡᠨ ᠬᠠᠷᠢᠭᠤᠴᠠᠬᠤ︾ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ | ᠪᠠ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠶᠢ ᠤᠶᠠᠯᠳᠤᠭᠤᠯᠬᠤ ᠵᠠᠷᠴᠢᠮ ᠢ ᠪᠠᠷᠢᠮᠳᠠᠯᠠᠨ᠂ ᠠᠶᠢᠮᠠᠭ | ᠬᠤᠰᠢᠭᠤ ︵ᠣᠷᠣᠨ︶ ᠬᠤᠶᠠᠷ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠪᠦᠷᠢᠯᠳᠦᠭᠰᠡᠨ | ᠡᠯ᠎ᠡ ᠲᠥᠷᠥᠯ ᠤᠨ ︽ᠬᠠᠭᠠᠰ ᠳᠤᠲᠠᠭᠤ︾ ᠢᠨᠵᠧᠨᠧᠷᠢᠩ ᠳᠤ ᠴᠢᠭᠯᠡᠭᠦᠯᠦᠨ ᠶᠡᠭᠡ ᠡᠬᠢᠯᠡᠯᠳᠡ ᠶᠢᠨ ᠠᠵᠢᠯᠯᠠᠭ᠎ᠠ | ᠦᠷᠨᠢᠬᠦᠯᠦᠨ᠂ ᠬᠠᠤᠯᠢ ᠲᠦᠷᠢᠮ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ | ᠰᠢᠢᠳᠪᠦᠷᠢᠯᠡᠨ᠂ ᠳᠤᠲᠠᠭᠤ ᠲᠤᠷᠭᠤᠨ ᠢᠨᠵᠧᠨᠧᠷᠢᠩ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠦ᠂ | ︽ᠬᠠᠭᠠᠰ ᠳᠤᠲᠠᠭᠤ︾ ᠢᠨᠵᠧᠨᠧᠷᠢᠩ ᠤᠨ ᠠᠰᠠᠭᠤᠳᠠᠯ ᠢ ᠡᠷᠡᠰ ᠬᠤᠷᠢᠭᠯᠠᠨ᠂ ᠠᠷᠪᠢᠯᠠᠨ ᠭᠠᠮᠨᠠᠵᠤ ᠡᠷᠴᠢᠮᠵᠢᠭᠦᠯᠦᠨ | ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠨ᠎ᠠ᠃ | ᠬᠤᠶᠠᠷ᠂ ᠠᠵᠢᠯ ᠤᠨ ᠬᠠᠷᠠᠯᠲᠠ | ᠲᠣᠰ ᠤᠳᠠᠭᠠᠨ ᠤ ᠶᠡᠭᠡ ᠠᠵᠢᠯᠯᠠᠭ᠎ᠠ ᠶᠢ 2022 ᠣᠨ ᠤ 7 ᠰᠠᠷ᠎ᠠ ᠠᠴᠠ ᠡᠬᠢᠯᠡᠵᠦ᠂ ᠡᠯ᠎ᠡ ᠬᠤᠰᠢᠭᠤ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠠᠭᠠᠰ | ᠳᠤᠲᠠᠭᠤ︾ ᠢᠨᠵᠧᠨᠧᠷᠢᠩ ᠤᠨ ᠣᠷᠣᠰᠢᠵᠤ ᠪᠠᠶᠢᠭ᠎ᠠ ᠠᠰᠠᠭᠤᠳᠠᠯ ᠢ ᠪᠦᠬᠦᠨ ᠢ ᠰᠢᠢᠳᠪᠦᠷᠢᠯᠡᠵᠦ᠂ ᠪᠠᠷᠢᠨ | ᠬᠡᠷᠡᠭᠵᠢᠭᠦᠯᠵᠦ ᠪᠠᠷᠢᠨ ᠥᠭᠡᠷᠡᠴᠢᠯᠡᠬᠦ ᠬᠡᠷᠡᠭᠲᠡᠶ᠃ ︽ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ᠵᠠᠷᠴᠢᠮ | ᠶᠣᠰᠣᠭᠠᠷ᠂ ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ | ᠰᠢᠢᠳᠪᠦᠷᠢᠯᠡᠨ᠂ ︽ᠬᠠᠭᠠᠰ ᠳᠤᠲᠠᠭᠤ︾ ᠢᠨᠵᠧᠨᠧᠷᠢᠩ ᠤᠨ ᠡᠷᠲᠡᠬᠡᠨ ᠠᠮᠢᠳᠤᠯᠢᠭᠵᠢᠭᠤᠯᠵᠤ᠂ ᠠᠰᠢᠭᠯᠠᠯᠲᠠ ᠳᠤ | ᠣᠷᠣᠭᠤᠯᠬᠤ ᠶᠢ ᠠᠬᠢᠭᠤᠯᠬᠤ ᠶᠢᠨ ᠬᠠᠮᠲᠤ᠂ ᠬᠠᠮᠢᠶᠠᠷᠤᠯᠲᠠ ᠨᠢ ᠪᠦᠳᠦᠭᠦᠯᠢᠭ ᠪᠠᠭᠤᠷᠠᠶ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠵᠠᠩᠭᠢᠯᠠᠭ᠎ᠠ ᠶᠢ ᠣᠨᠣᠪᠴᠢᠲᠠᠶ ᠡᠷᠢᠨ ᠣᠯᠵᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠠᠶᠢᠭᠤᠯᠤᠨ᠂ ︽ᠬᠠᠭᠠᠰ | ᠳᠤᠲᠠᠭᠤ︾ ᠢᠨᠵᠧᠨᠧᠷᠢᠩ ᠤᠨ ᠠᠰᠠᠭᠤᠳᠠᠯ ᠢ ᠡᠷᠡᠰ ᠬᠤᠷᠢᠭᠯᠠᠵᠤ᠂ ᠨᠡᠶᠢᠭᠡᠮ ᠤᠨ ᠬᠢᠨᠠᠯᠲᠠ ᠶᠢ ᠪᠥᠬᠦ ᠲᠠᠯ᠎ᠠ ᠪᠠᠷ | ᠬᠦᠯᠢᠶᠡᠬᠦ ᠬᠡᠷᠡᠭᠲᠡᠶ᠃ | ᠭᠤᠷᠪᠠ᠂ ᠰᠠᠭᠤᠷᠢ ᠲᠠᠯᠪᠢᠬᠤ ᠬᠡᠪᠴᠢᠶ᠎ᠡ | ︵ᠨᠢᠭᠡ︶ ︽ᠬᠠᠭᠠᠰ ᠳᠤᠲᠠᠭᠤ︾ ᠢᠨᠵᠧᠨᠧᠷᠢᠩ᠃ᠡᠭᠦᠨ ᠳᠤ ᠭᠤᠣᠯᠳᠠᠭᠤ 2 ᠲᠥᠷᠥᠯ ᠪᠠᠭᠲᠠᠨ᠎ᠠ᠄ | ᠨᠢᠭᠡ ᠳᠤ ᠪᠠᠷᠢᠯᠭ᠎ᠠ ᠶᠢᠨ ᠠᠵᠢᠯ ᠳᠠᠭᠤᠰᠤᠭᠠᠳᠤᠢ᠂ ᠡᠯ᠎ᠡ ᠵᠦᠢᠯ ᠤᠨ ᠬᠦᠴᠦᠨ ᠵᠦᠢᠯ ᠠᠴᠠ ᠪᠣᠯᠵᠤ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠲᠥᠷᠥᠯ ᠵᠦᠢᠯ ᠨᠢ ᠵᠣᠭᠰᠣᠭᠰᠠᠨ︔ᠬᠤᠶᠠᠷ ᠲᠤ ᠪᠠᠷᠢᠯᠭ᠎ᠠ ᠶᠢᠨ | ᠠᠵᠢᠯ ᠨᠢᠭᠡᠨᠲᠡ ᠳᠠᠭᠤᠰᠤᠭᠰᠠᠨ ᠪᠣᠯᠪᠠᠴᠤ ᠶᠠᠮᠠᠷ ᠨᠢᠭᠡᠨ ᠰᠢᠯᠲᠠᠭᠠᠨ ᠠᠴᠠ ᠪᠣᠯᠵᠤ ᠠᠰᠢᠭᠯᠠᠯᠲᠠ ᠶᠢᠨ ᠵᠦᠢᠯᠡᠰ ᠲᠤ | ᠬᠡᠪ ᠤᠨ ᠪᠠᠶᠢᠳᠠᠯ ᠢᠶᠠᠷ ᠣᠷᠣᠭᠤᠯᠵᠤ ᠴᠢᠳᠠᠬᠤ ᠦᠭᠡᠢ ᠪᠠᠶᠢᠬᠤ᠃ | ︵ᠬᠤᠶᠠᠷ︶ ᠡᠬᠢᠯᠡᠯᠲᠡ ᠶᠢᠨ ᠬᠦᠷᠢᠶ᠎ᠡ ᠬᠡᠪᠴᠢᠶ᠎ᠡ᠃2016 ᠣᠨ ᠠᠴᠠ ᠣᠲᠣ ᠪᠣᠯᠲᠠᠯ᠎ᠠ ᠠᠶᠢᠮᠠᠭ ᠬᠤᠰᠢᠭᠤ | ︵ᠣᠷᠣᠨ︶ ᠶᠢᠨ ᠬᠤᠶᠠᠷ ᠱᠠᠲᠤᠨ ᠤ ᠬᠢᠨᠠᠨ ᠵᠥᠪᠰᠢᠶᠡᠷᠡᠭᠰᠡᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ | ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ᠎ᠠ᠃ | ᠡᠭᠦᠨ ᠳᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠠᠯᠪᠠᠨ ᠬᠡᠷᠡᠭᠯᠡᠭᠡᠨ ᠤ ᠭᠡᠷ᠂ ᠲᠤᠬᠠᠶᠢᠯᠠᠭᠰᠠᠨ | ᠠᠵᠢᠯ ᠮᠡᠷᠭᠡᠵᠢᠯ ᠤᠨ ᠬᠡᠷᠡᠭᠯᠡᠭᠡᠨ ᠤ ᠭᠡᠷ ︵ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ | ᠬᠤᠷᠢᠶ᠎ᠠ᠂ ᠬᠠᠤᠯᠢ ᠴᠠᠭᠠᠵᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠡᠳ᠋ ᠪᠣᠳᠠᠰ ᠤᠨ ᠨᠥᠭᠡᠴᠡ | ᠵᠡᠷᠭᠡ︶᠂ ᠰᠤᠷᠭᠠᠨ ᠬᠥᠮᠦᠵᠢᠯ ︵ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ᠂ ᠳᠣᠮᠳᠠᠳᠣ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ | ᠬᠥᠮᠦᠵᠢᠯ᠂ ᠬᠡᠦᠬᠡᠳ ᠤᠨ ᠴᠡᠴᠡᠷᠯᠢᠭ ᠵᠡᠷᠭᠡ ᠰᠤᠷᠭᠠᠭᠤᠯᠢ︶᠂ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ︵ | ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠠᠵᠢᠯ ᠣᠯᠭᠤᠬᠤ ᠵᠢᠯᠣᠭᠤᠳᠤᠮᠵᠢ | ᠲᠥᠬᠦᠭᠡᠷᠦᠮᠵᠢ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠪ ᠵᠡᠷᠭᠡ︶᠂ ᠡᠮ ᠡᠮᠨᠡᠯᠭᠡ ᠡᠷᠡᠭᠦᠯ | ᠬᠠᠮᠠᠭᠠᠯᠠᠯ ︵ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ | ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶᠂ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠵᠡᠷᠭᠡ︶᠂ | ᠨᠠᠰᠤᠵᠢᠯ ᠤᠨ ᠠᠰᠠᠷᠠᠮᠵᠢ ︵ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ︶᠂ ᠣᠷᠣᠨ ᠰᠠᠭᠤᠴᠠ ᠶᠢᠨ ᠪᠠᠲᠤᠯᠠᠭ᠎ᠠ ︵ | ᠨᠡᠶᠢᠲᠡ ᠶᠢᠨ ᠲᠦᠷᠢᠶᠡᠰᠦᠨ ᠭᠡᠷ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ | ᠵᠡᠷᠭᠡ︶᠂ ᠰᠣᠶᠣᠯ ᠪᠡᠶ᠎ᠡ ᠶᠢᠨ ᠲᠠᠮᠢᠷ ︵ᠰᠠᠭᠤᠷᠢ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠷᠠᠳᠢᠣ᠋ | ᠲᠧᠯᠸᠢᠰ ᠬᠤᠷᠢᠶ᠎ᠠ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠠᠶ᠂ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠵᠠᠮ᠂ | ᠮᠠᠯᠴᠢᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠬᠡ ᠣᠷᠣᠨᠴᠢ | ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠮᠦᠽᠧᠢ᠂ ᠦᠵᠡᠰᠬᠦᠯᠡᠩ ᠤᠨ ᠣᠷᠳᠣᠨ᠂ | ᠤᠷᠠᠨ ᠵᠢᠷᠤᠭ ᠤᠨ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ ᠵᠡᠷᠭᠡ︶᠂ ᠨᠡᠶᠢᠭᠡᠮ ᠤᠨ ᠦᠢᠯᠡᠴᠢᠯᠡᠭᠡᠨ | ︵ᠵᠡᠮᠳᠡᠭᠴᠦᠳ ᠤᠨ ᠦᠢᠯᠡᠴᠢᠯᠡᠭᠡᠨ ᠤ ᠪᠡᠯᠡᠳᠬᠡᠮᠵᠢ᠂ ᠨᠠᠰᠤᠨ ᠳᠤ ᠥᠯᠥ ᠬᠥᠷᠥᠭᠰᠡᠳ ᠢ ᠬᠠᠮᠠᠭᠠᠯᠠᠬᠤ ᠪᠡᠯᠡᠳᠬᠡᠮᠵᠢ᠂ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠭᠠᠮᠰᠢᠭ ᠠᠴᠠ ᠠᠪᠤᠷᠠᠬᠤ ᠪᠡᠯᠡᠳᠬᠡᠮᠵᠢ᠂ ᠤᠶᠤᠨ ᠤ ᠡᠷᠡᠭᠦᠯ | ᠬᠠᠮᠠᠭᠠᠯᠠᠯ ᠠᠰᠠᠷᠠᠮᠵᠢ ᠶᠢᠨ ᠪᠡᠯᠡᠳᠬᠡᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ | ᠦᠢᠯᠡᠴᠢᠯᠡᠭᠡᠨ ᠤ ᠪᠡᠯᠡᠳᠬᠡᠮᠵᠢ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ᠂ ᠠᠰᠠᠷᠠᠨ | ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠬᠦᠷᠢᠶᠡᠯᠡᠩ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠪᠡᠯᠡᠳᠬᠡᠮᠵᠢ ᠵᠡᠷᠭᠡ︶᠂ ᠮᠡᠳᠡᠭᠡ ᠵᠠᠩᠭᠢᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃ ᠬᠤᠰᠢᠭᠤ ︵ | ᠣᠷᠣᠨ︶ ᠶᠢᠨ ᠬᠢᠨᠠᠨ ᠵᠥᠪᠰᠢᠶᠡᠷᠡᠬᠦ ᠨᠥᠯᠥᠭᠡ ᠪᠠᠷ ᠨᠡᠯᠢᠶᠡᠳ ᠶᠡᠭᠡ ︽ᠬᠠᠭᠠᠰ ᠳᠤᠲᠠᠭᠤ︾ ᠢᠨᠵᠧᠨᠧᠷᠢᠩ ᠢ | ᠬᠠᠮᠲᠤ ᠳᠤᠨᠢ ᠳᠠᠭᠤᠰᠬᠠᠨ᠎ᠠ᠃ | ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ | ᠲᠠᠷᠢᠶᠠᠯᠠᠩ ᠮᠠᠯ ᠠᠵᠤ ᠠᠬᠤᠢ ᠣᠶ ᠰᠢᠭᠤᠢ ᠡᠪᠡᠰᠦ ᠪᠡᠯᠴᠢᠭᠡᠷ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠬᠤᠲᠠ ᠶᠢᠨ ᠶᠠᠪᠤᠳᠠᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠵᠡᠷᠭᠡ ᠬᠦᠷᠢᠶᠡᠨ ᠳᠤ ᠪᠣᠶ ᠪᠣᠯᠤᠭᠰᠠᠨ ︽ᠬᠠᠭᠠᠰ ᠳᠤᠲᠠᠭᠤ︾ ᠢᠨᠵᠧᠨᠧᠷᠢᠩ ᠤᠨ ᠲᠥᠷᠥᠯ ᠵᠦᠢᠯ ᠢ | ᠬᠠᠮᠲᠤ ᠳᠤᠨᠢ ᠡᠬᠢᠯᠡᠭᠦᠯᠦᠨ᠎ᠡ᠃ᠤᠯᠤᠰ ᠲᠦᠷᠦ ᠬᠠᠤᠯᠢ ᠴᠠᠭᠠᠵᠠ ᠵᠡᠷᠭᠡ ᠨᠢᠭᠤᠴᠠ ᠳᠤ ᠬᠤᠯᠪᠣᠭᠳᠠᠬᠤ ᠵᠦᠢᠯᠡᠰ ᠢ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠥᠪᠡᠰᠦᠪᠡᠨ ᠡᠬᠢᠯᠡᠵᠦ ᠰᠢᠢᠳᠪᠦᠷᠢᠯᠡᠨ᠎ᠡ᠃ | ᠳᠥᠷᠪᠡ᠂ ᠠᠵᠢᠯ ᠤᠨ ᠡᠭᠦᠷᠭᠡ | ︵ᠨᠢᠭᠡ︶ ᠡᠬᠡ ᠲᠠᠩᠰᠠ ᠪᠠᠶᠢᠭᠤᠯᠤᠨ᠎ᠠ᠃ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ | 2016 ᠣᠨ ᠠᠴᠠ ᠣᠲᠣ ᠪᠣᠯᠲᠠᠯ᠎ᠠ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠢᠶᠠᠷ ᠳᠡᠮᠵᠢᠨ | ᠲᠥᠷᠥᠯ ᠵᠦᠢᠯ ᠲᠣᠭᠲᠠᠭᠠᠭᠰᠠᠨ ᠠᠶᠢᠮᠠᠭ ᠤᠨ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠠᠩᠭᠠᠨ᠎ᠠ᠃ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠡᠯ᠎ᠡ ᠬᠤᠰᠢᠭᠤ ︵ᠣᠷᠣᠨ︶ ᠲᠠᠢ ᠬᠠᠮᠲᠤᠷᠠᠨ ᠲᠣᠰ ᠠᠵᠢᠯ ᠲᠥᠷᠥᠯ ᠤᠨ ᠢᠶᠠᠨ | ︽ᠬᠠᠭᠠᠰ ᠳᠤᠲᠠᠭᠤ︾ ᠢᠨᠵᠧᠨᠧᠷᠢᠩ ᠢ ᠲᠥᠷᠥᠯ ᠬᠤᠪᠢᠶᠠᠨ ᠡᠮᠬᠢᠯᠡᠵᠦ᠂ ᠡᠬᠡ ᠲᠠᠩᠰᠠ ᠪᠠᠶᠢᠭᠤᠯᠵᠤ᠂ | ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ | ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠭᠤᠣᠯ | ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠲᠣᠭᠲᠠᠭᠠᠨ᠎ᠠ᠂ ᠡᠬᠡ ᠲᠠᠩᠰᠠ ᠶᠢ | ᠲᠣᠭᠲᠠᠭᠠᠮᠠᠭᠴᠠ᠂ 1 ᠶᠢ ᠠᠮᠢᠳᠤᠯᠢᠭ ᠪᠣᠯᠭᠠᠵᠤ 1 ᠳ᠋ᠤᠭᠠᠷ ᠢ ᠨᠢ ᠬᠠᠰᠤᠵᠤ᠂ ᠳᠤᠷ᠎ᠠ ᠪᠠᠷ ᠢᠶᠠᠨ ᠲᠣᠬᠢᠷᠠᠭᠤᠯᠤᠨ | ᠬᠠᠰᠤᠵᠤ ᠪᠣᠯᠬᠤ ᠦᠭᠡᠢ᠃ᠬᠤᠰᠢᠭᠤ ︵ᠣᠷᠣᠨ︶ ᠶᠢᠨ ᠬᠢᠨᠠᠨ ᠵᠥᠪᠰᠢᠶᠡᠷᠡᠭᠰᠡᠨ ︽ᠬᠠᠭᠠᠰ ᠳᠤᠲᠠᠭᠤ︾ ᠲᠥᠷᠥᠯ | ᠵᠦᠢᠯ ᠤᠨ ᠢᠨᠵᠧᠨᠧᠷᠢᠩ ᠤᠨ ᠡᠬᠡ ᠲᠠᠩᠰᠠ ᠶᠢ ᠠᠶᠢᠮᠠᠭ ᠤᠨ ᠱᠠᠲᠤ ᠪᠠᠷ ᠯᠠᠪᠯᠠᠯᠲᠠ ᠪᠣᠯᠭᠠᠨ ᠪᠠᠶᠢᠭᠤᠯᠤᠨ᠎ᠠ᠃ | ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠨ᠎ᠡ᠃ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠶᠢᠨ ᠠᠷᠠᠳ ᠤᠨ | ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠲᠣᠰ ᠠᠵᠢᠯ ᠲᠥᠷᠥᠯ᠂ ᠲᠣᠰ ᠭᠠᠵᠠᠷ ᠣᠷᠣᠨ ᠤ ᠪᠠᠨ | ︽ᠬᠠᠭᠠᠰ ᠳᠤᠲᠠᠭᠤ︾ ᠢᠨᠵᠧᠨᠧᠷᠢᠩ ᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ︽ | ᠬᠡᠨ ᠭᠤᠣᠯᠴᠢᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦᠭᠦᠯᠡᠨ ᠡᠬᠢᠯᠡᠯᠲᠡ ᠶᠢᠨ ᠬᠦᠷᠢᠶ᠎ᠡ ᠬᠡᠪᠴᠢᠶ᠎ᠡ ᠲᠠᠢ | ᠬᠠᠷᠢᠴᠠᠭᠤᠯᠤᠨ ︽ᠬᠠᠭᠠᠰ ᠳᠤᠲᠠᠭᠤ︾ ᠢᠨᠵᠧᠨᠧᠷᠢᠩ ᠢ ᠶᠡᠭᠡ ᠪᠠᠷ ᠡᠬᠢᠯᠡᠬᠦᠯᠦᠨ᠎ᠡ᠃ ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠬᠦᠷᠢᠶ᠎ᠡ ᠶᠢᠨ ᠢᠶᠠᠨ ︽ᠬᠠᠭᠠᠰ ᠳᠤᠲᠠᠭᠤ︾ | ᠢᠨᠵᠧᠨᠧᠷᠢᠩ ᠤᠨ ᠪᠠᠷᠢᠮᠵᠢᠶ᠎ᠠ ᠶᠢ ᠳᠤᠷᠠᠳᠴᠤ᠂ ︽ᠬᠠᠭᠠᠰ ᠳᠤᠲᠠᠭᠤ︾ ᠢᠨᠵᠧᠨᠧᠷᠢᠩ ᠤᠨ ᠲᠥᠷᠥᠯ ᠵᠦᠢᠯ ᠤᠨ | ᠰᠢᠢᠳᠪᠦᠷᠢᠯᠡᠬᠦ ᠡᠲᠡᠭᠡᠳ᠂ ᠬᠠᠷᠢᠭᠤᠴᠠᠯᠭᠠᠲᠤ ᠰᠠᠯᠠᠭ᠎ᠠ ᠮᠥᠴᠢᠷ᠂ ᠰᠢᠢᠳᠪᠦᠷᠢᠯᠡᠬᠦ ᠵᠠᠷᠴᠢᠮ᠂ ᠰᠢᠢᠳᠪᠦᠷᠢᠯᠡᠬᠦ | ᠶᠠᠪᠤᠴᠠ᠂ ᠰᠢᠢᠳᠪᠦᠷᠢᠯᠡᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠲᠣᠰ ᠠᠵᠢᠯ | ᠲᠥᠷᠥᠯ ᠤᠨ ᠢᠶᠠᠨ ᠡᠬᠢᠯᠡᠯᠲᠡ ᠶᠢ ᠵᠢᠯᠤᠭᠤᠳᠴᠤ᠂ ᠵᠢᠯ ᠤᠨ ᠳᠣᠲᠣᠷ᠎ᠠ ᠠᠮᠢᠳᠤᠯᠢᠭ ᠪᠣᠯᠭᠠᠬᠤ ᠪᠠ ᠳ᠋ᠤᠭᠠᠷ ᠢ ᠨᠢ | ᠬᠠᠰᠤᠬᠤ ᠪᠠᠷ ᠴᠢᠷᠮᠠᠶᠢᠬᠤ ᠬᠡᠷᠡᠭᠲᠡᠢ᠃ | 1. ᠭᠠᠷᠳᠠᠮ ᠢ ᠲᠦᠷᠭᠡᠬᠡᠨ ᠳᠡᠬᠦᠯᠳᠡᠷᠵᠢᠬᠦᠯᠦᠨ᠎ᠡ᠃ ᠲᠥᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠬᠦ | ᠮᠥᠷᠲᠡᠭᠡᠨ ᠨᠢᠭᠡᠨᠲᠡ ᠪᠠᠶᠢᠭᠤᠯᠵᠤ ᠳᠠᠭᠤᠰᠬᠠᠭᠰᠠᠨ ᠪᠣᠯᠪᠠᠴᠤ ᠪᠠᠷᠢᠯᠭ᠎ᠠ ᠶᠢᠨ ᠭᠠᠷ ᠭᠦᠢᠴᠡᠳᠬᠡᠯ ᠨᠢ ᠪᠦᠷᠢᠨ ᠪᠤᠰᠤ | ᠪᠠᠷᠢᠯᠭ᠎ᠠ ᠳᠤ᠂ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠪᠠᠷᠢᠯᠭ᠎ᠠ ᠶᠢᠨ ᠠᠵᠢᠯ ᠳᠠᠭᠤᠰᠤᠭᠰᠠᠨ ᠮᠡᠷᠭᠡᠵᠢᠯ ᠤᠨ | ᠴᠢᠨᠠᠷᠲᠠᠢ ᠰᠢᠯᠭᠠᠨ ᠠᠪᠬᠤ ᠶᠢ ᠤᠷᠢᠳᠠᠪᠠᠷ ᠵᠣᠬᠢᠶᠠᠨ ᠪᠠᠶᠢᠭᠤᠯᠵᠤ᠂ ᠵᠣᠬᠢᠬᠤ ᠭᠠᠷ ᠭᠦᠢᠴᠡᠳᠬᠡᠯ ᠢ ᠨᠥᠬᠦᠪᠦᠷᠢᠯᠡᠵᠦ᠂ | ᠬᠠᠮᠢᠶ᠎ᠠ ᠪᠦᠬᠦᠢ ᠵᠠᠷᠤᠳᠠᠯ ᠢ ᠲᠤᠰᠢᠶᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠲᠡᠭᠦᠨ ᠳᠤ ᠵᠣᠬᠢᠬᠤ ᠰᠢᠯᠭᠠᠨ ᠠᠪᠬᠤ ᠭᠠᠷ ᠭᠦᠢᠴᠡᠳᠬᠡᠯ ᠢ ᠨᠥᠬᠦᠨ ᠭᠦᠢᠴᠡᠳᠬᠡᠵᠦ᠂ ᠬᠠᠤᠯᠢ | ᠶᠣᠰᠣᠭᠠᠷ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠬᠦ ᠶᠢ ᠵᠥᠪᠰᠢᠶᠡᠷᠡᠨ᠎ᠡ᠃ᠲᠥᠪ ᠪᠤᠶᠤ ᠤᠯᠤᠰ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠲᠤ ᠤᠯᠤᠰ ᠤᠨ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠱᠠᠯᠠᠪᠳᠠᠨ ᠭᠦᠢᠴᠡᠳᠬᠡᠬᠦ | ᠬᠡᠷᠡᠭᠲᠡᠢ᠃ | 2. ᠠᠵᠢᠯ ᠢᠶᠠᠨ ᠰᠡᠷᠭᠦᠭᠡᠵᠦ ᠦᠷᠭᠦᠯᠵᠢᠯᠡᠨ ᠪᠠᠶᠢᠭᠤᠯᠬᠤ ᠶᠢ ᠳᠡᠮᠵᠢᠨ᠎ᠡ᠃ᠦᠷᠭᠦᠯᠵᠢᠯᠡᠨ ᠪᠦᠲᠦᠭᠡᠨ | ᠪᠠᠶᠢᠭᠤᠯᠬᠤ ᠴᠢᠳᠠᠪᠤᠷᠢ ᠲᠠᠢ ᠪᠥᠭᠡᠳ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠢᠳᠡᠪᠬᠢᠲᠡᠢ | ᠬᠠᠮᠵᠢᠯᠴᠠᠭᠰᠠᠨ ᠪᠠᠷᠢᠯᠭ᠎ᠠ ᠳᠤ ᠲᠡᠭᠦᠨ ᠤ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠥᠨ ᠨᠢ ᠭᠡᠷ ᠪᠠᠶᠢᠰᠢᠩ ᠤᠨ | ᠪᠠᠷᠢᠯᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠲᠤ ᠦᠨᠡᠯᠡᠨ ᠵᠢᠱᠢᠵᠦ ᠬᠢᠨᠠᠨ ᠲᠣᠭᠲᠠᠭᠠᠯᠲᠠ ᠬᠢᠵᠦ᠂ ᠣᠲᠣ ᠶᠢᠨ | ᠬᠡᠷᠡᠭᠵᠢᠭᠦᠯᠵᠦ ᠪᠠᠶᠢᠭ᠎ᠠ ᠲᠥᠯᠦᠪᠵᠢᠭᠦᠯᠭᠡ᠂ ᠪᠠᠷᠢᠯᠭ᠎ᠠ ᠶᠢᠨ ᠠᠮᠤᠷ ᠲᠦᠪᠰᠢᠨ᠂ ᠠᠮᠢ ᠠᠬᠤᠢ ᠶᠢᠨ ᠤᠯᠠᠭᠠᠨ | ᠱᠤᠭᠤᠮ ᠢ ᠬᠠᠮᠢᠶᠠᠷᠤᠨ ᠡᠵᠡᠮᠳᠡᠬᠦ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠪᠠᠷᠢᠯᠭ᠎ᠠ ᠶᠢᠨ ᠠᠵᠢᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠠᠯᠠᠭᠰᠠᠨ ᠤ ᠳᠠᠷᠠᠭ᠎ᠠ᠂ ᠰᠠᠶ᠋ᠢ ᠤᠤᠯ ᠤᠨ ᠪᠠᠷᠢᠯᠭ᠎ᠠ ᠶᠢ | ᠨᠤᠷᠠᠭᠠᠬᠤ ᠦᠭᠡᠢ ᠰᠠᠭᠤᠷᠢᠨ ᠳᠡᠭᠡᠷ᠎ᠡ ᠦᠷᠭᠦᠯᠵᠢᠯᠡᠨ ᠪᠠᠶᠢᠭᠤᠯᠵᠤ᠂ ᠦᠷᠭᠦᠯᠵᠢᠯᠡᠨ ᠪᠠᠶᠢᠭᠤᠯᠬᠤ ᠲᠥᠰᠥᠯ ᠢ ᠵᠡᠷᠭᠡ | ᠳᠤᠨᠢ ᠲᠣᠭᠲᠠᠭᠠᠵᠤ᠂ ᠦᠷᠭᠦᠯᠵᠢᠯᠡᠨ ᠪᠠᠶᠢᠭᠤᠯᠬᠤ ᠭᠤᠣᠯ ᠴᠣᠭᠴᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ | ᠳᠠᠭᠤᠰᠬᠠᠬᠤ ᠴᠠᠭ ᠤᠨ ᠬᠢᠵᠠᠭᠠᠷ ᠢ ᠠᠮᠠᠯᠠᠵᠤ ᠪᠣᠯᠣᠨ᠎ᠠ᠃ | 3. ᠢᠳᠡᠪᠬᠢᠲᠡᠢ ᠪᠠᠷ ᠬᠥᠲᠥᠯᠥᠨ ᠵᠢᠯᠤᠭᠤᠳᠴᠤ ᠠᠮᠢᠳᠤᠯᠢᠭ ᠪᠣᠯᠭᠠᠨ᠎ᠠ᠃ᠪᠡᠯᠡ ᠮᠥᠩᠭᠦ | ᠳᠤᠲᠠᠭᠳᠠᠭᠰᠠᠨ ᠠᠴᠠ ᠪᠣᠯᠣᠭᠠᠳ ᠦᠨᠡᠨᠬᠦ ᠦᠷᠭᠦᠯᠵᠢᠯᠡᠨ ᠪᠠᠶᠢᠭᠤᠯᠬᠤ ᠴᠢᠳᠠᠯ ᠦᠭᠡᠢ ᠪᠠᠷᠢᠯᠭ᠎ᠠ ᠳᠤ ᠪᠣᠯ ᠥᠷᠢ | ᠥᠭᠴᠡᠭᠡ ᠶᠢ ᠲᠠᠬᠢᠨ ᠵᠣᠬᠢᠶᠠᠨ ᠪᠠᠶᠢᠭᠤᠯᠬᠤ᠂ ᠳᠠᠮᠫᠤᠷᠠᠭᠤᠯᠵᠤ ᠢᠯᠭᠠᠷᠠᠭᠤᠯᠤᠨ ᠪᠤᠳᠤᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠥᠷᠢ ᠥᠭᠴᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠨᠡᠶᠢᠭᠡᠮ ᠤᠨ ᠬᠥᠷᠥᠩᠭᠡ ᠶᠢᠨ | ᠬᠤᠷᠰᠢᠯᠴᠠᠭ᠎ᠠ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠨᠥᠬᠦᠴᠡᠯ ᠲᠠᠢ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠤᠨ ᠬᠤᠳᠠᠯᠳᠤᠨ ᠠᠪᠬᠤ᠂ ᠦᠷᠭᠦᠯᠵᠢᠯᠡᠨ ᠪᠠᠶᠢᠭᠤᠯᠬᠤ᠂ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ | ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠲᠥᠷᠥ ᠶᠢᠨ ᠪᠣᠳᠣᠯᠭ᠎ᠠ ᠶᠢᠨ | ᠮᠥᠩᠭᠦᠨ ᠭᠦᠢᠯᠭᠡᠭᠡᠨ ᠤ ᠪᠠᠭᠠᠵᠢ ᠶᠢ ᠵᠦᠢ ᠵᠣᠬᠢᠰᠲᠠᠢ ᠠᠰᠢᠭᠯᠠᠨ ︽ᠬᠠᠭᠠᠰ ᠳᠤᠲᠠᠭᠤ︾ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ | 4. ᠬᠠᠤᠯᠢ ᠴᠠᠭᠠᠵᠠ ᠶᠢᠨ ᠰᠢᠢᠳᠪᠦᠷᠢᠯᠡᠯᠲᠡ ᠶᠢ ᠲᠦᠷᠭᠡᠳᠬᠡᠨ᠎ᠡ᠃ᠠᠪᠴᠠᠭ᠎ᠠ ᠥᠭᠴᠡᠭᠡ ᠨᠢ ᠪᠤᠳᠤᠯᠢᠶᠠᠨᠲᠠᠢ᠂ | ᠵᠣᠬᠢᠴᠠᠭᠤᠯᠬᠤ ᠳᠤ ᠪᠡᠷᠬᠡᠲᠡᠢ ᠢᠨᠵᠧᠨᠧᠷᠢᠩ ᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠭᠤᠯᠤᠨ ᠰᠢᠭᠦᠬᠦ | ᠬᠤᠷᠢᠶ᠎ᠠ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠰᠢᠢᠳᠪᠦᠷᠢᠯᠡᠨ᠎ᠡ᠃ᠰᠢᠭᠦᠬᠦ ᠬᠤᠷᠢᠶᠠᠨ ᠤ ᠲᠠᠰᠤᠯᠤᠯᠲᠠ ᠪᠠᠷ | ᠳᠠᠮᠵᠢᠨ ᠠᠪᠴᠠᠭ᠎ᠠ ᠥᠭᠴᠡᠭᠡ ᠶᠢᠨ ᠬᠠᠷᠢᠴᠠᠭ᠎ᠠ ᠶᠢ ᠨᠤᠲᠠᠯᠠᠭᠰᠠᠨ ᠪᠠᠶᠢᠪᠠᠯ᠂ ᠰᠢᠭᠦᠬᠦ ᠬᠤᠷᠢᠶᠠᠨ ᠤ ᠲᠠᠰᠤᠯᠤᠯᠲᠠ ᠶᠢ | ᠦᠨᠳᠦᠰᠦᠯᠡᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠲᠦᠷᠭᠡᠪᠴᠢᠯᠡᠨ ᠭᠦᠢᠴᠡᠳᠬᠡᠵᠦ᠂ ᠪᠡᠯᠡ | ᠣᠷᠣᠭᠤᠯᠤᠯᠲᠠ ᠶᠢᠨ ᠪᠡᠶᠡᠴᠢ ᠴᠣᠭᠴᠠ ᠶᠢ ᠲᠣᠳᠣᠷᠬᠠᠶᠢᠯᠠᠵᠤ᠂ ᠵᠦᠢᠯᠡᠰ ᠤᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠣᠨ᠎ᠠ︔ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠨᠢᠭᠡᠴᠡ ᠶᠢᠨ ᠭᠤᠣᠯ ᠴᠣᠭᠴᠠ ᠨᠢ ᠬᠦᠴᠦᠨ | ᠦᠬᠡᠢ ᠪᠣᠯᠪᠠᠯ᠂ ᠠᠪᠴᠠᠭ᠎ᠠ ᠥᠭᠴᠡᠭᠡ ᠵᠡᠷᠭᠡ ᠡᠳ᠋ ᠬᠥᠷᠥᠩᠭᠡ ᠨᠢ ᠲᠣᠳᠣᠷᠬᠠᠢ ᠪᠠᠶᠢᠬᠤ ᠤᠷᠢᠲᠠᠯ ᠳᠣᠣᠷ᠎ᠠ᠂ | ᠬᠠᠤᠯᠢ ᠶᠣᠰᠣᠭᠠᠷ ︽ᠬᠠᠭᠠᠰ ᠳᠤᠲᠠᠭᠤ︾ ᠪᠠᠷᠢᠯᠭ᠎ᠠ ᠶᠢᠨ ᠲᠥᠷᠥᠯ ᠵᠦᠢᠯ ᠤᠨ ᠡᠳ᠋ ᠬᠥᠷᠥᠩᠭᠡ ᠶᠢ ᠦᠨ᠎ᠡ ᠬᠠᠶᠠᠨ | ᠬᠤᠳᠠᠯᠳᠤᠵᠤ᠂ ᠦᠨ᠎ᠡ ᠬᠠᠶᠠᠨ ᠬᠤᠳᠠᠯᠳᠤᠭᠠᠳ ᠣᠯᠣᠭᠰᠠᠨ ᠪᠡᠯᠡ ᠮᠥᠩᠭᠦ ᠶᠢ ᠲᠣᠰ ᠲᠥᠷᠥᠯ ᠵᠦᠢᠯ ᠤᠨ ᠨᠢᠭᠡᠨᠲᠡ | ᠡᠭᠦᠰᠦᠭᠰᠡᠨ ᠥᠷᠢ ᠥᠭᠴᠡᠭᠡ ᠶᠢ ᠰᠢᠢᠳᠪᠦᠷᠢᠯᠡᠬᠦ ᠳᠤ ᠬᠡᠷᠡᠭᠯᠡᠨ᠎ᠡ︔ᠠᠪᠴᠠᠭ᠎ᠠ ᠥᠭᠴᠡᠭᠡ ᠨᠢ ᠨᠠᠷᠢᠨ ᠪᠤᠳᠤᠯᠢᠶᠠᠨᠲᠠᠢ᠂ | ᠵᠣᠬᠢᠴᠠᠭᠤᠯᠤᠨ ᠵᠠᠯᠭᠠᠬᠤ ᠳᠤ ᠪᠡᠷᠬᠡᠲᠡᠢ ︽ᠬᠠᠭᠠᠰ ᠳᠤᠲᠠᠭᠤ ᠪᠠᠷᠢᠯᠭ᠎ᠠ︾ ᠶᠢᠨ ᠢᠨᠵᠧᠨᠧᠷᠢᠩ ᠤᠨ ᠵᠦᠢᠯᠡᠰ ᠢ | ︽ᠠᠷᠠᠳ ᠤᠨ ᠡᠶᠡᠳᠡᠭᠦᠯᠭᠡ + ᠬᠠᠤᠯᠢ ᠴᠠᠭᠠᠵᠠ ᠶᠢᠨ ᠨᠤᠲᠠᠯᠠᠯᠲᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ | ᠲᠣᠬᠢᠲᠠᠢ ᠰᠢᠢᠳᠪᠦᠷᠢᠯᠡᠨ᠎ᠡ᠃ | 5. ᠬᠠᠤᠯᠢ ᠲᠣᠭᠲᠠᠭᠠᠯ ᠶᠣᠰᠣᠭᠠᠷ ᠨᠤᠷᠠᠭᠠᠨ᠎ᠠ᠃ᠨᠤᠷᠠᠭᠠᠵᠤ ᠨᠡᠭᠦᠯᠭᠡᠵᠦ ᠲᠥᠪᠬᠢᠨᠡᠭᠦᠯᠬᠦ ᠳᠤ ᠬᠤᠯᠪᠣᠭᠳᠠᠬᠤ | ᠦᠭᠡᠢ᠂ ᠬᠤᠳᠠ ᠶᠢᠨ ᠦᠵᠡᠮᠵᠢ ᠶᠢ ᠬᠦᠨᠳᠦ ᠨᠣᠴᠢᠲᠠᠢ ᠨᠥᠯᠥᠭᠡᠯᠡᠭᠰᠡᠨ᠂ ᠪᠦᠲᠦᠭᠡᠨ ᠪᠠᠶᠢᠭᠤᠯᠬᠤ ᠭᠠᠷᠳᠠᠮ ᠢ | ᠨᠥᠬᠦᠪᠦᠷᠢᠯᠡᠬᠦ ᠶᠢᠨ ᠠᠷᠭ᠎ᠠ ᠦᠭᠡᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠲᠥᠯᠦᠪᠵᠢᠭᠦᠯᠭᠡ᠂ ᠪᠠᠷᠢᠯᠭ᠎ᠠ ᠶᠢᠨ ᠠᠮᠤᠷ | ᠲᠦᠪᠰᠢᠨ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠦᠭᠡᠢ︽ᠳᠤᠲᠠᠭᠤ ᠲᠤᠷᠭᠤᠨ︾ | ᠪᠠᠷᠢᠯᠭ᠎ᠠ ᠶᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠵᠠᠰᠠᠬᠤ ᠪᠤᠶᠤ ᠨᠤᠷᠠᠭᠠᠬᠤ ᠬᠡᠷᠡᠭᠲᠡᠢ᠃ | ︵ᠭᠤᠷᠪᠠ︶ ᠳᠦᠷᠢᠮ ᠲᠣᠭᠲᠠᠭᠠᠯ ᠳᠣᠭᠳᠠᠭᠠᠨ᠎ᠠ᠃ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠨᠤᠭᠤᠳ ᠳᠦᠷᠢᠮ ᠤᠨ ᠲᠣᠭᠲᠠᠴᠠ ᠪᠠᠨ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠰᠤᠳᠤᠯᠭᠠᠨ ᠢ | ᠴᠢᠩᠭᠠᠳᠬᠠᠨ᠂ ᠪᠡᠯᠡ ᠮᠥᠩᠭᠦ ᠶᠢᠨ ᠢᠷᠡᠯᠲᠡ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠨ ᠵᠢᠱᠢᠬᠦ ᠶᠢ ᠤᠷᠢᠳᠴᠢᠯᠠᠨ ᠥᠷᠨᠢᠭᠦᠯᠬᠦ ᠬᠡᠷᠡᠭᠲᠡᠢ᠃ᠡᠯ᠎ᠡ ᠠᠵᠢᠯ ᠲᠥᠷᠥᠯ ᠤᠨ ᠰᠠᠯᠠᠭ᠎ᠠ | ᠮᠥᠴᠢᠷ ᠤᠳ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠬᠠᠮᠢᠶ᠎ᠠ ᠪᠦᠬᠦᠢ ᠳᠦᠷᠢᠮ ᠢ ᠲᠣᠭᠲᠠᠭᠠᠨ | ᠵᠢᠷᠤᠮᠵᠢᠭᠤᠯᠵᠤ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠨ ᠬᠠᠮᠢᠶᠠᠷᠤᠭᠴᠢ ᠨᠢ ᠦᠨᠡᠨᠬᠦ ᠬᠢᠨᠠᠨ | ᠵᠥᠪᠰᠢᠶᠡᠷᠡᠭᠰᠡᠨ ᠪᠠᠶᠢᠳᠠᠯ ᠤᠨ ᠶᠣᠰᠣᠭᠠᠷ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠬᠢᠵᠦ᠂ ᠰᠢᠢᠳᠪᠦᠷᠢᠲᠦ | ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠨᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠵᠤ᠂ ᠲᠣᠭᠲᠠᠭᠠᠭᠰᠠᠨ ᠤ ᠳᠠᠷᠠᠭᠠᠬᠢ ᠢᠨᠵᠧᠨᠧᠷᠢᠩ ᠤᠨ ᠲᠥᠷᠥᠯ ᠵᠦᠢᠯ ᠢ ᠳᠤᠷ᠎ᠠ ᠪᠠᠷ ᠢᠶᠠᠨ | ᠥᠭᠡᠷᠡᠴᠢᠯᠡᠵᠦ ᠲᠣᠬᠢᠷᠠᠭᠤᠯᠵᠤ ᠪᠣᠯᠬᠤ ᠦᠭᠡᠢ ᠪᠥᠭᠡᠳ ︽ᠬᠠᠭᠠᠰ ᠳᠤᠲᠠᠭᠤ︾ ᠢᠨᠵᠧᠨᠧᠷᠢᠩ ᠤᠨ ᠦᠷᠭᠦᠯᠵᠢᠯᠡᠨ | ᠠᠬᠢᠭᠤᠯᠵᠤ ᠪᠠᠶᠢᠭ᠎ᠠ ᠪᠠᠶᠢᠳᠠᠯ ᠳᠤ ᠴᠠᠭ ᠲᠤᠬᠠᠢ ᠳᠤᠨᠢ ︽ᠡᠷᠭᠢᠵᠦ ᠦᠵᠡᠬᠦ︾ ᠶᠢ ᠥᠷᠨᠢᠭᠦᠯᠬᠦ ᠬᠡᠷᠡᠭᠲᠡᠢ᠃ | ︵ᠳᠥᠷᠪᠡ︶ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠶᠢ ᠲᠣᠬᠢᠷᠠᠭᠤᠯᠤᠨ᠎ᠠ᠃12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠳᠤ ︽ᠬᠠᠭᠠᠰ ᠳᠤᠲᠠᠭᠤ︾ | ᠢᠨᠵᠧᠨᠧᠷᠢᠩ ᠤᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠨᠡᠮᠡᠨ ᠪᠠᠶᠢᠭᠤᠯᠵᠤ᠂ ᠠᠷᠠᠳ | ᠣᠯᠠᠨ ᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ᠂ ᠲᠣᠰ ᠭᠠᠵᠠᠷ ᠣᠷᠣᠨ ᠤ | ᠬᠠᠷᠢᠭᠤᠴᠠᠨ ᠰᠢᠢᠳᠪᠦᠷᠢᠯᠡᠬᠦ ᠵᠦᠢᠯᠡᠰ ᠢ ᠳᠠᠭᠠᠭᠤᠯᠤᠨ ᠭᠦᠢᠴᠡᠳᠬᠡᠵᠦ᠂ ᠱᠠᠭᠠᠷᠳᠠᠯᠭ᠎ᠠ ᠶᠣᠰᠣᠭᠠᠷ ᠡᠯ᠎ᠡ ᠰᠠᠯᠠᠭ᠎ᠠ | ᠮᠥᠴᠢᠷ᠂ ᠡᠯ᠎ᠡ ᠭᠠᠵᠠᠷ ᠣᠷᠣᠨ ᠤ ᠭᠦᠢᠴᠡᠳᠬᠡᠭᠰᠡᠨ ᠪᠠᠶᠢᠳᠠᠯ ᠢ ᠬᠢᠨᠠᠨ ᠰᠢᠯᠭᠠᠨ᠎ᠠ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︽ᠬᠠᠭᠠᠰ ᠳᠤᠲᠠᠭᠤ︾ ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯᠯᠠᠭ᠎ᠠ ᠶᠢᠨ ᠪᠣᠳᠠᠲᠤ ᠦᠷ᠎ᠡ | ᠪᠦᠲᠦᠮᠵᠢ ᠣᠯᠬᠤ ᠶᠢ ᠪᠠᠲᠤᠯᠠᠬᠤ ᠶᠢᠨ ᠲᠤᠰᠠᠳᠠ᠂ ᠠᠯᠠᠱᠠ ᠠᠶᠢᠮᠠᠭ ᠤᠨ ︽ᠬᠠᠭᠠᠰ ᠳᠤᠲᠠᠭᠤ︾ | ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ | ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠪᠠ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦ ᠰᠢᠶᠠᠨ ᠳ᠋ᠧ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠡᠳ᠋ ᠳᠠᠷᠤᠭ᠎ᠠ ︵ᠳᠡᠳ᠋ ᠡᠷᠬᠢᠯᠡᠭᠴᠢ︶ ᠡᠭᠦᠷᠭᠡᠯᠡᠨ᠎ᠡ᠃ | ᠠᠯᠪᠠᠨ ᠭᠡᠷ ᠨᠢ ᠢᠨᠵᠧᠨᠧᠷᠢᠩ ᠤᠨ ᠲᠥᠷᠥᠯ ᠵᠦᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠬᠦ ᠶᠢ ᠬᠠᠷᠢᠭᠤᠴᠠᠵᠤ᠂ ᠪᠥᠬᠦ ᠠᠶᠢᠮᠠᠭ ᠤᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠡᠯ᠎ᠡ ᠲᠥᠷᠥᠯ ᠤᠨ ︽ᠬᠠᠭᠠᠰ ᠳᠤᠲᠠᠭᠤ︾ | ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠶᠢ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠬᠤᠷᠰᠢᠨ ᠨᠡᠭᠡᠭᠡᠨ ᠬᠥᠭᠵᠢᠭᠦᠯᠬᠦ᠂ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ | ᠰᠢᠯᠵᠢᠭᠦᠯᠦᠨ ᠥᠭᠴᠦ ᠦᠨ᠎ᠡ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠳᠠᠷᠤᠭᠠᠰᠤ︾ | ᠶᠢ ᠡᠳ᠋ ᠪᠠᠶᠠᠯᠢᠭ ᠪᠣᠯᠭᠠᠨ ᠬᠤᠪᠢᠷᠠᠭᠤᠯᠤᠨ᠎ᠠ︔ᠦᠨᠳᠦᠰᠦᠨ ᠵᠦᠢᠯ ᠢ ᠵᠢᠭᠰᠠᠭᠠᠨ ᠪᠠᠶᠢᠴᠠᠭᠠᠬᠤ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠳᠤ ᠡᠬᠡ ᠲᠠᠩᠰᠠ ᠪᠠᠶᠢᠭᠤᠯᠤᠨ᠂ ᠨᠠᠷᠢᠨ ᠲᠠᠩᠰᠠ ᠵᠢᠭᠰᠠᠭᠠᠵᠤ᠂ ᠥᠪᠡᠷ ᠢᠶᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠳᠠᠷᠤᠶᠢᠬᠠᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ | ᠠᠶᠢᠮᠠᠭ ᠤᠨ ᠤᠳᠤᠷᠢᠳᠬᠤ ᠳᠤᠭᠤᠶᠢᠯᠠᠩ ᠳᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢᠶᠠᠨ | ᠬᠠᠷᠢᠭᠤ ᠮᠡᠳᠡᠭᠦᠯᠬᠦ ᠬᠡᠷᠡᠭᠲᠡᠢ︔ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠬᠤᠰᠢᠭᠤ ᠣᠷᠣᠨ ᠠᠴᠠ | ᠲᠤᠬᠠᠶᠢᠯᠠᠭᠰᠠᠨ ᠠᠵᠢᠯ ᠤᠨ ᠨᠢᠷᠤᠭᠤᠪᠴᠢ ᠬᠦᠴᠦᠨ ᠢ ᠲᠠᠲᠠᠵᠤ ᠠᠵᠢᠯ ᠤᠨ ᠲᠤᠰᠬᠠᠢ ᠠᠩᠭᠢ ᠪᠠᠶᠢᠭᠤᠯᠵᠤ᠂ ︽ | ᠬᠠᠭᠠᠰ ᠳᠤᠲᠠᠭᠤ︾ ᠢᠨᠵᠧᠨᠧᠷᠢᠩ ᠤᠨ ᠡᠳᠦᠷ ᠲᠤᠲᠤᠮ ᠤᠨ ᠲᠣᠬᠢᠷᠠᠭᠤᠯᠭ᠎ᠠ᠂ ᠬᠢᠨᠠᠨ ᠵᠢᠯᠤᠭᠤᠳᠴᠤ ᠮᠡᠳᠡᠭᠡᠯᠡᠬᠦ᠂ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠬᠠᠷᠢᠭᠤᠴᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠥᠪᠯᠡᠷᠡᠭᠦᠯᠦᠨ ᠠᠵᠢᠯᠯᠠᠬᠤ ᠶᠢ ᠥᠷᠨᠢᠭᠦᠯᠦᠨ᠎ᠡ︔ᠠᠶᠢᠮᠠᠭ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ | ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ᠵᠢᠷᠭᠤᠭ᠎ᠠ᠂ ᠴᠠᠭ ᠤᠨ ᠲᠣᠬᠢᠷᠠᠭᠤᠯᠤᠯᠲᠠ | ︵ᠨᠢᠭᠡ︶ ᠪᠠᠶᠢᠷᠢᠯᠠᠭᠤᠯᠬᠤ ᠱᠠᠲᠤ ᠦᠶ᠎ᠡ ︵2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠠᠴᠠ | ᠡᠮᠦᠨ᠎ᠡ︶᠃︽ᠠᠯᠠᠱᠠ ᠠᠶᠢᠮᠠᠭ ᠤᠨ ︿ᠬᠠᠭᠠᠰ ᠳᠣᠳᠠᠭᠤ﹀ ᠢᠨᠵᠧᠨᠧᠷᠢᠩ ᠤᠨ ᠦᠨᠳᠦᠰᠦᠨ ᠱᠠᠲᠤᠨ ᠤ ᠠᠵᠢᠯ ᠤᠨ | ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠳᠤᠷᠢᠳᠬᠤ ᠳᠤᠭᠤᠶᠢᠯᠠᠩ ᠢ ᠪᠠᠶᠢᠭᠤᠯᠣᠨ᠎ᠠ᠃ᠠᠶᠢᠮᠠᠭ ᠤᠨ ᠰᠢᠭᠤᠳ | ᠬᠠᠷᠢᠶ᠎ᠠ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠠᠢ ᠠᠵᠢᠯ ᠤᠨ | ᠲᠥᠰᠥᠯ ᠲᠣᠭᠲᠠᠭᠠᠵᠤ᠂ ᠲᠣᠰ ᠠᠵᠢᠯ ᠲᠥᠷᠥᠯ ᠤᠨ ᠢᠶᠠᠨ ︽ᠬᠠᠭᠠᠰ ᠳᠤᠲᠠᠭᠤ︾ ᠢᠨᠵᠧᠨᠧᠷᠢᠩ ᠢ | ᠢᠯᠭᠠᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠢ᠃ᠡᠯ᠎ᠡ ᠬᠤᠰᠢᠭᠤ ︵ᠣᠷᠣᠨ︶ ᠲᠣᠰ ᠭᠠᠵᠠᠷ | ᠣᠷᠣᠨ ᠤ ᠪᠠᠨ ︽ᠬᠠᠭᠠᠰ ᠳᠤᠲᠠᠭᠤ︾ ᠢᠨᠵᠧᠨᠧᠷᠢᠩ ᠤᠨ ᠦᠨᠳᠦᠰᠦᠨ ᠱᠠᠲᠤᠨ ᠤ ᠠᠵᠢᠯ ᠤᠨ ᠲᠥᠰᠥᠯ ᠢ ᠵᠡᠷᠭᠡ | ᠳᠤᠨᠢ ᠲᠣᠭᠲᠠᠭᠠᠨ᠎ᠠ᠃ | ︵ᠬᠤᠶᠠᠷ︶ ᠪᠠᠶᠢᠳᠠᠯ ᠢ ᠣᠶᠢᠯᠠᠭᠠᠬᠤ ᠱᠠᠲᠤ ︵2022 ᠣᠨ ᠤ 8 ᠰᠠᠷ᠎ᠠ ᠶᠢᠨ 11 ᠤ ᠡᠳᠦᠷ ᠠᠴᠠ | 31 ᠤ ᠡᠳᠦᠷ ᠪᠣᠯᠲᠠᠯ᠎ᠠ︶᠃︽ᠬᠠᠭᠠᠰ ᠳᠤᠲᠠᠭᠤ︾ ᠢᠨᠵᠧᠨᠧᠷᠢᠩ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ | 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠨᠢ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠲᠤ ᠠᠶᠢᠮᠠᠭ ᠤᠨ ᠱᠠᠲᠤ᠂ ᠡᠯ᠎ᠡ ᠬᠤᠰᠢᠭᠤ ︵ᠣᠷᠣᠨ︶ ᠶᠢᠨ ︽ᠬᠠᠭᠠᠰ ᠳᠤᠲᠠᠭᠤ︾ | ᠢᠨᠵᠧᠨᠧᠷᠢᠩ ᠤᠨ ᠡᠬᠡ ᠲᠠᠩᠰᠠ ᠶᠢ ᠮᠡᠳᠡᠭᠦᠯᠦᠨ ᠬᠦᠷᠭᠡᠬᠦ ᠬᠡᠷᠡᠭᠲᠡᠢ᠃ | ︵ᠭᠤᠷᠪᠠ︶ ᠰᠢᠢᠳᠪᠦᠷᠢᠯᠡᠬᠦ ᠲᠥᠰᠥᠯ ᠪᠠ ᠰᠠᠨᠠᠯ ᠳᠤᠷᠠᠳᠤᠨ᠎ᠠ ︵2022 ᠣᠨ ᠤ 9 ᠰᠠᠷ᠎ᠠ ᠶᠢᠨ 1 ᠤ | ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ︶᠃︽ᠨᠢᠭᠡ ᠲᠥᠷᠥᠯ ᠵᠦᠢᠯ ᠨᠢᠭᠡ ᠲᠥᠰᠥᠯ︾ ᠤᠨ | ᠱᠠᠭᠠᠷᠳᠠᠯᠭ᠎ᠠ ᠶᠣᠰᠣᠭᠠᠷ᠂ ᠰᠢᠢᠳᠪᠦᠷᠢᠯᠡᠬᠦ ᠲᠥᠰᠥᠯ ᠪᠠ ᠰᠠᠨᠠᠯ ᠢ ᠨᠢᠭᠡᠳ ᠨᠢᠭᠡ ᠪᠠᠷ ᠳᠤᠷᠠᠳᠴᠤ᠂ ᠰᠢᠢᠳᠪᠦᠷᠢᠯᠡᠬᠦ | ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠬᠤᠭᠤᠴᠠᠭ᠎ᠠ᠂ ᠬᠠᠷᠢᠭᠤᠴᠠᠬᠤ ᠨᠢᠭᠡᠴᠡ ᠪᠠ ᠬᠠᠷᠢᠭᠤᠴᠠᠯᠭᠠᠲᠠᠨ ᠢ | ᠲᠣᠳᠣᠷᠬᠠᠶᠢᠯᠠᠬᠤ ᠬᠡᠷᠡᠭᠲᠡᠢ᠃ | ︵ᠳᠥᠷᠪᠡ︶ ᠲᠥᠪᠯᠡᠷᠡᠭᠦᠯᠦᠨ ᠰᠢᠢᠳᠪᠦᠷᠢᠯᠡᠬᠦ ᠱᠠᠲᠤ ᠦᠶ᠎ᠡ ︵2022 ᠣᠨ ᠤ 11 ᠰᠠᠷ᠎ᠠ ᠶᠢᠨ 1 ᠤ | ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶᠃ᠠᠶᠢᠮᠠᠭ ᠤᠨ ᠰᠢᠭᠤᠳ | ᠬᠠᠷᠢᠶ᠎ᠠ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠤᠰᠢᠭᠤ ︵ᠣᠷᠣᠨ︶ ᠲᠠᠢ ᠬᠠᠮᠲᠤᠷᠠᠨ ︽ᠬᠠᠭᠠᠰ | ᠳᠤᠲᠠᠭᠤ︾ ᠢᠨᠵᠧᠨᠧᠷᠢᠩ ᠢ ᠲᠥᠪᠯᠡᠷᠡᠭᠦᠯᠦᠨ ᠰᠢᠢᠳᠪᠦᠷᠢᠯᠡᠵᠦ᠂ ᠰᠢᠪᠲᠤᠯᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠠᠭᠠᠰ ᠳᠤᠲᠠᠭᠤ︾ | ᠢᠨᠵᠧᠨᠧᠷᠢᠩ ᠢ ᠠᠮᠢᠳᠤᠯᠢᠭ ᠪᠣᠯᠭᠠᠬᠤ ᠶᠢ ᠠᠬᠢᠭᠤᠯᠤᠨ᠎ᠠ᠃ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ | ᠲᠥᠷᠥᠯ ᠤᠨ ᠰᠠᠯᠠᠭ᠎ᠠ ᠮᠥᠴᠢᠷ ᠤᠳ ᠲᠣᠰ ᠠᠵᠢᠯ ᠲᠥᠷᠥᠯ ᠤᠨ ᠢᠶᠠᠨ ︽ᠬᠠᠭᠠᠰ ᠳᠤᠲᠠᠭᠤ︾ ᠢᠨᠵᠧᠨᠧᠷᠢᠩ ᠤᠨ | ᠳ᠋ᠤᠭᠠᠷᠯᠠᠯ ᠢ ᠬᠠᠰᠤᠬᠤ ᠠᠵᠢᠯ ᠢ ᠬᠠᠷᠢᠭᠤᠴᠠᠵᠤ᠂ ᠨᠢᠭᠡ ᠶᠢ ᠠᠮᠢᠳᠤᠯᠢᠭ ᠪᠣᠯᠭᠠᠵᠤ ᠨᠢᠭᠡ ᠶᠢ ᠬᠠᠰᠤᠬᠤ ᠶᠢᠨ ᠬᠠᠮᠲᠤ | ︽ᠬᠠᠭᠠᠰ ᠳᠤᠲᠠᠭᠤ︾ ᠢᠨᠵᠧᠨᠧᠷᠢᠩ ᠢ ᠠᠬᠢᠭᠤᠯᠬᠤ ᠠᠵᠢᠯ ᠤᠨ ᠲᠤᠷᠰᠢᠯᠭ᠎ᠠ ᠶᠢ ᠳ᠋ᠦᠩᠨᠡᠨ᠎ᠡ᠃ᠡᠯ᠎ᠡ ᠬᠤᠰᠢᠭᠤ ︵ | ᠣᠷᠣᠨ︶ ᠶᠢᠨ ︽ᠬᠠᠭᠠᠰ ᠳᠣᠳᠠᠭᠤ︾ ᠢᠨᠵᠧᠨᠧᠷᠢᠩ ᠢ ᠰᠢᠢᠳᠪᠦᠷᠢᠯᠡᠬᠦ ᠳᠤ ᠠᠶᠢᠮᠠᠭ ᠤᠨ ᠱᠠᠲᠤ ᠪᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠡᠯ᠎ᠡ ᠬᠤᠰᠢᠭᠤ ᠣᠷᠣᠨ᠂ | ᠡᠯ᠎ᠡ ᠰᠠᠯᠠᠭ᠎ᠠ ᠮᠥᠴᠢᠷ ᠤᠳ ︽ᠬᠠᠭᠠᠰ ᠳᠤᠲᠠᠭᠤ︾ ᠢᠨᠵᠧᠨᠧᠷᠢᠩ ᠢ ᠢᠯᠭᠠᠷᠠᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ᠂ ᠡᠭᠦᠷᠭᠡ ᠪᠠᠨ ᠨᠠᠷᠢᠯᠢᠭᠵᠢᠭᠤᠯᠵᠤ᠂ | ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠥᠷᠥᠯ ᠬᠤᠪᠢᠶᠠᠨ ᠭᠦᠢᠴᠡᠳᠬᠡᠵᠦ᠂ ᠴᠠᠭ ᠲᠤᠬᠠᠢ ᠳᠤᠨᠢ ᠳᠠᠭᠠᠵᠤ᠂ | ᠲᠣᠭᠲᠠᠭᠰᠠᠨ ᠬᠤᠭᠤᠴᠠᠭᠠᠨ ᠳᠠᠭᠠᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠶᠢᠮᠠᠭ ᠤᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ | ᠬᠤᠰᠢᠭᠤ ︵ ᠣᠷᠣᠨ︶ ᠨᠢ 2022 ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ ᠬᠠᠭᠠᠰ ᠰᠠᠷ᠎ᠠ᠂ 9 | ᠰᠠᠷ᠎ᠠ ᠶᠢᠨ 30 ᠤ ᠡᠳᠦᠷ ᠠᠴᠠ ᠰᠡᠭᠦᠯᠡᠷ ᠰᠠᠷ᠎ᠠ ᠪᠦᠷᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠰᠢᠢᠳᠪᠦᠷᠢᠯᠡᠭᠰᠡᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠪᠠᠨ ᠮᠡᠳᠡᠭᠦᠯᠦᠨ | ᠬᠦᠷᠭᠡᠬᠦ ᠬᠡᠷᠡᠭᠲᠡᠢ᠃ᠠᠶᠢᠮᠠᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠪᠡᠯᠡᠳᠬᠡᠯ ᠲᠥᠰᠥᠯ ᠢ | ᠲᠣᠭᠲᠠᠭᠠᠬᠤ ᠠᠵᠢᠯ ᠢ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ︵ᠣᠷᠣᠨ︶ ᠶᠢ ᠵᠢᠯᠣᠭᠤᠳᠤᠨ | ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ | ︵ᠬᠤᠶᠠᠷ︶ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠣᠨ᠎ᠠ᠃︽ᠬᠠᠭᠠᠰ ᠳᠤᠲᠠᠭᠤ︾ ᠢᠨᠵᠧᠨᠧᠷᠢᠩ ᠤᠨ | ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠤᠨ ᠲᠡᠭᠦᠯᠳᠡᠷᠵᠢᠭᠦᠯᠵᠦ᠂ | ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠳ ᠤᠷᠢᠳᠠᠪᠠᠷ ᠭᠦᠢᠴᠡᠳᠬᠡᠬᠦ᠂ ᠣᠨᠴᠣᠭᠤᠢ ᠶᠠᠪᠤᠳᠠᠯ ᠢ ᠣᠨᠴᠣᠭᠤᠶᠢᠯᠠᠨ ᠭᠦᠢᠴᠡᠳᠬᠡᠬᠦ᠂ | ᠬᠠᠮᠲᠤᠷᠠᠨ ᠬᠢᠨᠠᠵᠤ ᠬᠠᠮᠲᠤᠷᠠᠨ ᠭᠦᠢᠴᠡᠳᠬᠡᠬᠦ ᠵᠠᠷᠴᠢᠮ ᠶᠣᠰᠣᠭᠠᠷ᠂ ᠰᠢᠭᠤᠳ ᠰᠢᠯᠤᠭᠤᠨ᠂ ᠪᠤᠰᠢᠭᠤ ᠲᠦᠷᠭᠡᠨ | ᠬᠠᠮᠲᠤᠷᠠᠨ ᠬᠥᠳᠡᠯᠦᠯᠴᠡᠬᠦ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ ᠢᠨᠵᠧᠨᠧᠷᠢᠩ ᠤᠨ ᠭᠠᠷᠳᠠᠮ ᠢ | ᠲᠦᠷᠬᠡᠨ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ | ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ᠡᠯ᠎ᠡ ᠬᠤᠰᠢᠭᠤ ᠣᠷᠣᠨ᠂ ᠡᠯ᠎ᠡ ᠰᠠᠯᠠᠭ᠎ᠠ | ᠮᠥᠴᠢᠷ ᠤᠳ ᠰᠠᠭᠤᠷᠢ ᠠᠵᠢᠯ ᠤᠨ ᠠᠬᠢᠴᠠ ᠶᠢ ᠦᠨᠳᠦᠰᠦᠯᠡᠨ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠴᠠᠭ ᠲᠤᠬᠠᠢ ᠳᠤᠨᠢ ︽ᠬᠠᠭᠠᠰ ᠳᠤᠲᠠᠭᠤ︾ ᠢᠨᠵᠧᠨᠧᠷᠢᠩ ᠤᠨ ᠰᠢᠢᠳᠪᠦᠷᠢᠯᠡᠯᠲᠡ ᠶᠢᠨ ︽ᠡᠷᠬᠢᠨ ᠬᠠᠷᠠᠬᠤ︾ ᠶᠢ | ᠥᠷᠨᠢᠭᠦᠯᠵᠦ᠂ ᠠᠵᠢᠯ ᠤᠨ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠲᠤ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠡᠯᠡᠬᠦ ᠪᠠ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠨ᠎ᠡ᠃ᠠᠶᠢᠮᠠᠭ ᠤᠨ ᠵᠠᠬᠢᠷᠭ᠎ᠠ ᠶᠢᠨ | ᠰᠢᠮᠳᠠᠭᠤᠯᠤᠨ ᠪᠠᠶᠢᠴᠠᠭᠠᠬᠤ ᠲᠠᠰᠤᠭ ᠴᠠᠭ ᠳᠣᠬᠠᠢ ᠳᠤᠨᠢ ᠲᠣᠬᠢᠷᠠᠭᠤᠯᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠠᠢ ᠬᠠᠮᠲᠤᠷᠠᠨ ︽ᠬᠠᠭᠠᠰ ᠳᠤᠲᠠᠭᠤ︾ ᠢᠨᠵᠧᠨᠧᠷᠢᠩ ᠢ ᠰᠢᠢᠳᠪᠦᠷᠢᠯᠡᠬᠦ ᠠᠵᠢᠯ ᠤᠨ ᠲᠤᠰᠬᠠᠢ ᠰᠢᠮᠳᠠᠭᠤᠯᠤᠨ | ᠪᠠᠶᠢᠴᠠᠭᠠᠬᠤ ᠠᠵᠢᠯ ᠢ ᠥᠷᠨᠢᠭᠦᠯᠦᠨ᠎ᠡ᠃ | | |