ᠰᠢᠨ᠎ᠡ ᠰᠤᠳᠤᠯᠭᠠᠨ᠄ ᠨᠠᠰᠤᠲᠠᠶᠢᠴᠤᠳ ᠳᠤᠷ᠎ᠠ ᠰᠣᠨᠢᠷᠬᠠᠯ ᠲᠠᠢ ᠵᠦᠢᠯ ᠪᠠᠶᠢᠪᠠᠯ ᠠᠮᠠᠷᠬᠠᠨ ᠭᠠᠩᠰᠠᠷᠠᠬᠤ ᠦᠭᠡᠢ᠂ ᠨᠠᠩ ᠣᠷᠳᠣ ᠨᠠᠰᠤᠯᠠᠨ᠎ᠠ
ᠨᠡᠶᠢᠲᠡᠯᠡᠭᠰᠡᠨ ᠴᠠᠭ᠄
2023/10/17
    ᠡᠷᠡᠭᠦᠯ ᠴᠢᠭᠢᠷᠠᠭ ᠵᠣᠯ ᠵᠢᠷᠭᠠᠯ ᠪᠣᠯ ᠬᠥᠮᠥᠰ ᠤᠨ ᠠᠮᠢᠳᠤᠷᠠᠯ ᠳᠤ ᠬᠠᠮᠤᠭ ᠤᠨ ᠳᠥᠭᠦᠮ ᠮᠥᠷᠲᠡᠭᠡᠨ ᠬᠠᠮᠤᠭ ᠤᠨ ᠰᠠᠶᠢᠨ ᠰᠠᠶᠢᠬᠠᠨ ᠬᠠᠷᠠᠯᠲᠠ ᠶᠢᠨ ᠨᠢᠭᠡ᠃ ᠡᠷᠡᠭᠦᠯ ᠴᠢᠭᠢᠷᠠᠭ ᠵᠣᠯ ᠵᠢᠷᠭᠠᠯ ᠲᠠᠢ ᠨᠢᠭᠡ ᠨᠠᠰᠤ ᠶᠢ ᠥᠩᠭᠡᠷᠡᠭᠡᠬᠦ ᠳᠤ᠂ ᠶᠠᠮᠠᠷ ᠡᠯᠧᠮᠧᠨ᠋ᠲ ᠨᠢ ᠨᠠᠩ ᠴᠢᠬᠤᠯᠠ ᠪᠤᠢ︖ ᠲᠦᠷᠦᠭᠦᠬᠡᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠠᠯᠪᠠᠨ ᠰᠦᠯᠵᠢᠶ᠎ᠡ ᠨᠢ ᠡᠷᠬᠡ ᠰᠦᠷᠲᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ︽ᠪᠠᠶᠢᠭᠠᠯᠢ︾ᠰᠡᠳᠬᠦᠯ ᠳᠤ ᠰᠢᠯᠵᠢᠭᠦᠯᠦᠨ ᠨᠡᠶᠢᠲᠡᠯᠡᠭᠰᠡᠨ ᠨᠢᠭᠡᠨ ᠰᠤᠳᠤᠯᠭᠠᠨ ᠤ ᠰᠠᠨᠠᠭᠤᠯᠤᠮᠵᠢ ᠶᠢ ᠨᠡᠶᠢᠲᠡᠯᠡᠪᠡ᠂ ᠬᠥᠮᠥᠨ ᠥᠲᠡᠯᠪᠡᠯ ᠳᠤᠷ᠎ᠠ ᠪᠠᠬ᠎ᠠ ᠲᠠᠢ ᠪᠠᠶᠢᠬᠤ ᠬᠡᠷᠡᠭᠲᠡᠢ᠂ ᠵᠥᠪᠭᠡᠨ ᠨᠢᠭᠡ ᠯᠡ ᠪᠠᠶᠢᠭᠰᠠᠨ ᠴᠦ ᠪᠣᠯᠣᠨ᠎ᠠ᠃ ᠤᠴᠢᠷ ᠨᠢ ᠳᠤᠷ᠎ᠠ ᠪᠠᠬ᠎ᠠ ᠲᠠᠢ ᠨᠠᠰᠤᠲᠠᠨ ᠠᠮᠠᠷᠬᠠᠨ ᠭᠠᠩᠰᠠᠷᠠᠬᠤ ᠦᠭᠡᠢ᠂ ᠨᠠᠩ ᠡᠷᠡᠭᠦᠯ ᠴᠢᠭᠢᠷᠠᠭ ᠤᠷᠲᠤ ᠨᠠᠰᠤᠯᠠᠨ᠎ᠠ᠃     ᠲᠣᠰ ᠰᠤᠳᠤᠯᠭᠠᠨ ᠢ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ︽ᠪᠠᠶᠢᠭᠠᠯᠢ·ᠠᠨᠠᠭᠠᠬᠤ ᠤᠬᠠᠭᠠᠨ︾ ᠳᠡᠭᠡᠷ᠎ᠡ ᠨᠡᠶᠢᠲᠡᠯᠡᠪᠡ᠃ ᠰᠤᠳᠤᠯᠤᠭᠴᠢᠳ 16 ᠤᠯᠤᠰ ᠤᠨ 9 ᠲᠦᠮᠡ ᠭᠠᠷᠤᠢ ᠨᠠᠰᠤᠲᠠᠶᠢᠴᠤᠳ ᠤᠨ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠬᠥᠮᠥᠰ ᠨᠠᠰᠤ ᠠᠬᠢᠭᠰᠠᠨ ᠴᠤ ᠠᠵᠢᠯ ᠤᠨ ᠴᠢᠯᠦᠭᠡᠨ ᠤ ᠳᠤᠷ᠎ᠠ ᠰᠣᠨᠢᠷᠬᠠᠯ ᠲᠠᠢ ᠪᠠᠶᠢᠬᠤ ᠶᠢᠨ ᠴᠢᠬᠤᠯᠠ ᠴᠢᠨᠠᠷ ᠢ ᠵᠢᠭᠠᠵᠤ ᠭᠠᠷᠭᠠᠪᠠ᠃ ᠵᠠᠳᠠᠯᠤᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠳᠤᠷ᠎ᠠ ᠰᠣᠨᠢᠷᠬᠠᠯ ᠨᠢ ᠨᠡᠯᠢᠶᠡᠳ ᠪᠠᠭ᠎ᠠ ᠭᠠᠩᠰᠠᠷᠠᠬᠤ ᠡᠪᠡᠳᠴᠢᠨ ᠤ ᠢᠯᠡᠷᠡᠯ᠂ ᠨᠠᠩ ᠥᠨᠳᠥᠷ ᠬᠢᠷᠢ ᠲᠦᠪᠰᠢᠨ ᠪᠦᠬᠦᠢ ᠥᠪᠡᠷ ᠤᠨ ᠪᠡᠶ᠎ᠡ ᠶᠢᠨ ᠡᠷᠡᠭᠦᠯ ᠮᠡᠨᠳᠦ᠂ ᠵᠣᠯ ᠵᠢᠷᠭᠠᠯᠲᠤ ᠰᠡᠳᠬᠢᠯᠭᠡ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠬᠤᠯᠪᠤᠭ᠎ᠠ ᠲᠠᠢ᠃ ᠬᠤᠷᠸ᠎ᠠ ᠲᠠᠯ᠎ᠠ ᠠᠴᠠ ᠠᠪᠴᠤ ᠬᠡᠯᠡᠪᠡᠯ᠂ ᠳᠤᠷ᠎ᠠ ᠰᠣᠨᠢᠷᠬᠠᠯ ᠤᠨ ᠲᠦᠭᠡᠮᠡᠯ ᠴᠢᠨᠠᠷ ᠨᠢ ᠪᠠᠰᠠ ᠠᠷᠠᠳ ᠢᠷᠭᠡᠳ ᠤᠨ ᠵᠣᠯ ᠵᠢᠷᠭᠠᠯ ᠤᠨ ᠬᠢᠷᠢ ᠲᠦᠪᠰᠢᠨ ᠪᠠ ᠵᠢᠱᠢᠭᠰᠡᠨ ᠨᠠᠰᠤᠨ ᠬᠤᠲᠤᠭ ᠲᠠᠢ ᠬᠤᠯᠪᠤᠭ᠎ᠠ ᠲᠠᠢ ᠶᠤᠮ᠃     ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠠᠳᠡ ᠬᠡᠯᠡᠵᠦ ᠪᠠᠶᠢᠭ᠎ᠠ ︽ᠳᠤᠷ᠎ᠠ ᠪᠠᠬ᠎ᠠ︾ ᠭᠡᠳᠡᠭ ᠨᠢ ᠬᠥᠮᠥᠰ ᠤᠨ ᠰᠤᠯᠠ ᠰᠡᠯᠡᠭᠦᠦ ᠴᠠᠭ ᠲᠠᠭᠠᠨ ᠬᠢᠬᠦ ᠵᠤᠭ᠎ᠠ ᠴᠡᠩᠭᠡᠯ ᠤᠨ ᠠᠵᠢᠯᠯᠠᠭ᠎ᠠ᠂ ᠵᠢᠱᠢᠶᠡᠯᠡᠪᠡᠯ ᠤᠷᠠᠯᠢᠭ ᠤᠷᠤᠯᠳᠤᠬᠤ᠂ ᠭᠠᠷ ᠤᠷᠠᠯᠠᠯ ᠬᠢᠬᠦ᠂ ᠨᠣᠮ ᠤᠩᠰᠢᠬᠤ᠂ ᠲᠣᠭᠯᠠᠭᠠᠮ ᠨᠠᠭᠠᠳᠬᠤ᠂ ᠬᠥᠳᠡᠯᠭᠡᠭᠡᠨ ᠬᠢᠬᠦ᠂ ᠴᠡᠴᠡᠷᠯᠢᠭ ᠤᠨ ᠤᠷᠠᠯᠢᠭ ᠬᠢᠬᠦ᠂ ᠰᠠᠶᠢᠨ ᠳᠤᠷ᠎ᠠ ᠶᠢᠨ ᠦᠢᠯᠡᠴᠢᠯᠡᠭᠡ ᠬᠢᠬᠦ᠂ ᠡᠯ᠎ᠡ ᠵᠦᠢᠯ ᠤᠨ ᠨᠡᠶᠢᠭᠡᠮᠯᠢᠭ / ᠺᠯᠦ᠋ᠪ ᠲᠤ ᠣᠷᠤᠯᠴᠠᠬᠤ ᠵᠡᠷᠭᠡ ᠠᠵᠢᠯᠯᠠᠭ᠎ᠠ ᠪᠣᠯᠣᠨ᠎ᠠ᠃ ᠡᠳᠡᠭᠡᠷ ᠠᠵᠢᠯᠯᠠᠭᠠᠨ ᠨᠢ᠂ ᠬᠥᠮᠥᠰ ᠤᠨ ᠲᠥᠰᠥᠭᠡᠯᠡᠬᠦᠢ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠶᠢ  ᠬᠥᠭᠵᠢᠭᠡᠵᠦ᠂ ᠰᠡᠷᠡᠯ ᠤᠨ ᠡᠷᠬᠡᠲᠡᠨ ᠪᠠ ᠲᠠᠨᠢᠨ ᠮᠡᠳᠡᠬᠦᠢ ᠳᠤ ᠰᠡᠳᠡᠯᠲᠡ ᠥᠭᠴᠦ᠂ ᠬᠤᠪᠢ ᠬᠥᠮᠥᠨ ᠤ ᠥᠪᠡᠷ ᠢ ᠪᠠᠨ ᠢᠯᠡᠳᠬᠡᠬᠦ ᠶᠢ ᠠᠬᠢᠭᠤᠯᠳᠠᠭ᠃ ᠨᠡᠶᠢᠭᠡᠮ ᠤᠨ ᠬᠠᠷᠢᠯᠴᠠᠭᠠᠨ ᠤ ᠰᠢᠨᠵᠢ ᠴᠢᠨᠠᠷ ᠲᠠᠢ ᠠᠵᠢᠯᠯᠠᠭ᠎ᠠ ᠳᠤ ᠣᠷᠤᠯᠴᠠᠬᠤ ᠨᠢ ᠪᠠᠰᠠ ᠨᠡᠶᠢᠭᠡᠮ ᠤᠨ ᠳᠡᠮᠵᠢᠯᠭᠡ ᠶᠢ ᠬᠠᠩᠭᠠᠵᠤ᠂ ᠭᠠᠭᠴᠠᠭᠠᠷᠳᠠᠬᠤ ᠰᠡᠳᠬᠢᠯᠭᠡ ᠪᠠ ᠨᠡᠶᠢᠭᠡᠮ ᠤᠨ ᠭᠠᠭᠴᠠᠭᠠᠷᠳᠠᠬᠤ ᠰᠡᠳᠬᠢᠯᠭᠡ ᠶᠢ ᠪᠠᠭᠠᠰᠬᠠᠵᠤ ᠴᠢᠳᠠᠨ᠎ᠠ᠃     ᠲᠣᠰ ᠰᠤᠳᠤᠯᠭᠠᠨ ᠤ ᠲᠤᠭ᠎ᠠ ᠪᠠᠷᠢᠮᠲᠠ ᠨᠢ 5 ᠲᠣᠮᠣ ᠭᠡᠯᠪᠡᠷᠢ ᠶᠢᠨ ᠡᠩᠨᠡᠭᠡ ᠶᠢᠨ ᠰᠤᠳᠤᠯᠭᠠᠨ᠂ ᠠᠩᠭ᠍ᠯᠢ ᠶᠢᠨ ᠨᠠᠰᠤᠵᠢᠯᠲᠠ ᠶᠢᠨ ᠭᠤᠯᠳᠤ ᠴᠢᠭᠯᠡᠯ ᠤᠨ ᠰᠤᠳᠤᠯᠭᠠᠨ᠂ ᠶᠠᠫᠤᠨ ᠤ ᠨᠠᠰᠤᠲᠠᠶᠢᠴᠤᠳ ᠤᠨ ᠰᠤᠳᠤᠯᠤᠯ ᠤᠨ ᠦᠨᠡᠯᠡᠨ ᠵᠢᠱᠢᠬᠦ ᠰᠤᠳᠤᠯᠭᠠᠨ᠂ ᠠᠮᠧᠷᠢᠺᠠ ᠶᠢᠨ ᠡᠷᠡᠭᠦᠯ ᠮᠡᠨᠳᠦ ᠬᠢᠭᠡᠳ ᠠᠵᠢᠯ ᠠᠴᠠ ᠪᠠᠨ ᠠᠮᠠᠷᠠᠬᠤ ᠭᠤᠯᠳᠤ ᠴᠢᠭᠯᠡᠯ ᠤᠨ ᠰᠤᠳᠤᠯᠭᠠᠨ᠂ ᠡᠸᠦ᠋ᠷᠦᠫᠡ ᠲᠢᠪ ᠤᠨ ᠡᠷᠡᠭᠦᠯ ᠮᠡᠨᠳᠦ ᠶᠢᠨ ᠨᠠᠰᠤᠵᠢᠯᠲᠠ ᠪᠠ ᠠᠵᠢᠯ ᠠᠴᠠ ᠪᠠᠨ ᠠᠮᠠᠷᠠᠬᠤ ᠪᠠᠶᠢᠴᠠᠭᠠᠯᠲᠠ ᠪᠠ ᠳᠤᠮᠳᠠᠳᠤ ᠤᠯᠤᠰ ᠤᠨ ᠡᠷᠡᠭᠦᠯ ᠮᠡᠨᠳᠦ ᠬᠢᠭᠡᠳ ᠨᠠᠰᠤᠵᠢᠯ ᠤᠨ ᠠᠰᠠᠷᠠᠮᠵᠢ ᠶᠢᠨ ᠮᠥᠷᠳᠡᠨ ᠪᠠᠶᠢᠴᠠᠭᠠᠯᠲᠠ ᠵᠡᠷᠭᠡ ᠠᠴᠠ ᠢᠷᠡᠯᠲᠡ ᠲᠠᠢ ᠪᠠᠶᠢᠵᠤ᠂ ᠳᠤᠮᠳᠠᠳᠤ ᠤᠯᠤᠰ᠂ ᠠᠮᠧᠷᠢᠺᠠ᠂ ᠠᠩᠭ᠍ᠯᠢ᠂ ᠶᠠᠫᠤᠨ᠂ ᠳ᠋ᠠᠨ᠋ᠮᠠᠷᠺ᠂ ᠭᠧᠷᠮᠠᠨ᠂ ᠰᠸᠢᠰ᠂ ᠢᠰᠫᠠᠨᠢ ᠵᠡᠷᠭᠡ 16 ᠤᠯᠤᠰ ᠤᠨ ᠣᠷᠣᠯᠴᠠᠭᠴᠢ᠂ ᠠᠳᠠᠯᠢ ᠪᠤᠰᠤ ᠤᠯᠤᠰ ᠤᠨ ᠣᠷᠣᠯᠴᠠᠭᠴᠢ ᠶᠢᠨ ᠳᠤᠮᠳᠠᠴᠢ ᠨᠠᠰᠤ 71.7 - 75.9 ᠶᠢ ᠪᠠᠭᠲᠠᠭᠠᠨ᠎ᠠ᠃     ᠶᠡᠷᠦᠩᠬᠡᠢ ᠳᠤᠨᠢ ᠠᠪᠴᠤ ᠬᠡᠯᠡᠪᠡᠯ᠂ ᠤᠷᠮ᠎ᠠ ᠪᠠᠬ᠎ᠠ ᠪᠠ ᠭᠠᠩᠰᠠᠷᠠᠯ ᠤᠨ ᠢᠯᠡᠷᠡᠯ ᠲᠠᠢ ᠪᠠᠶᠢᠬᠤ ᠨᠢ ᠰᠥᠭᠡᠷᠭᠦ ᠢᠯᠡᠷᠡᠯ ᠲᠠᠢ ᠬᠤᠯᠪᠤᠭ᠎ᠠ ᠲᠠᠢ᠂ ᠥᠪᠡᠷ ᠢᠶᠠᠨ ᠮᠡᠳᠡᠭᠦᠯᠬᠦ ᠡᠷᠡᠭᠦᠯ ᠮᠡᠨᠳᠦ ᠶᠢᠨ ᠬᠢᠷᠢ ᠲᠦᠪᠰᠢᠨ᠂ ᠵᠣᠯ ᠵᠢᠷᠭᠠᠯᠲᠤ ᠲᠥᠷᠥᠭᠳᠡᠯ ᠪᠠ ᠠᠮᠢᠳᠤᠷᠠᠯ ᠤᠨ ᠬᠠᠨᠤᠮᠵᠢ ᠶᠢᠨ ᠬᠡᠮᠵᠢᠶ᠎ᠡ ᠲᠠᠢ ᠰᠢᠭᠤᠳ ᠬᠤᠯᠪᠤᠭ᠎ᠠ ᠲᠠᠢ ᠶᠤᠮ᠃ ᠬᠤᠷᠸ᠎ᠠ ᠳᠠᠪᠬᠤᠷᠭ᠎ᠠ ᠶᠢᠨ ᠵᠠᠳᠠᠯᠤᠯᠲᠠ ᠠᠴᠠ ᠦᠵᠡᠪᠡᠯ᠂ ᠳᠤᠷ᠎ᠠ ᠪᠠᠬ᠎ᠠ ᠲᠠᠢ ᠬᠥᠮᠥᠰ ᠤᠨ ᠬᠠᠷᠢᠴᠠᠯ ᠨᠢ ᠳᠡᠯᠡᠬᠡᠢ ᠶᠢᠨ ᠵᠣᠯ ᠵᠢᠷᠭᠠᠯ ᠤᠨ ᠵᠢᠭᠠᠯᠲᠠ ᠲᠤᠭ᠎ᠠ ᠤᠨ ᠬᠤᠪᠢ᠂ GDP ᠪᠠᠷ ᠬᠡᠮᠵᠢᠬᠦ ᠤᠯᠤᠰ ᠤᠨ ᠡᠳ᠋ ᠪᠠᠶᠠᠯᠢᠭ ᠪᠠ ᠠᠷᠠᠳ ᠲᠦᠮᠡᠨ ᠤ ᠵᠢᠱᠢᠭᠰᠡᠨ ᠨᠠᠰᠤᠨ ᠬᠤᠲᠤᠭ ᠨᠢ ᠡᠶᠡᠷᠭᠦ ᠬᠤᠯᠪᠤᠭ᠎ᠠ ᠲᠠᠢ ᠪᠠᠶᠢᠵᠤ᠂ ᠺᠢᠨ᠋ᠨᠢ ᠶᠢᠨ ᠵᠢᠭᠠᠯᠲᠠ ᠲᠤᠭ᠎ᠠ ᠲᠠᠢ ᠰᠥᠭᠡᠷᠭᠦ ᠬᠤᠯᠪᠤᠭ᠎ᠠ ᠲᠠᠢ ᠪᠠᠶᠢᠳᠠᠭ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号