ᠲᠥᠷᠥ ᠶᠢᠨ ᠶᠠᠪᠤᠳᠠᠯ ᠤᠨ ᠬᠤᠷᠢᠶ᠎ᠠ ︽ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/10/18
    ᠲᠦᠷᠦ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠢᠷᠡᠭᠡᠳᠦᠢ ᠶᠢᠨ ᠲᠠᠪᠤᠨ ᠵᠢᠯ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠲᠣᠳᠣᠷᠬᠠᠶᠢᠯᠠᠵᠤ᠂ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠳᠤᠷᠠᠳᠴᠠᠢ᠃    ︽ᠬᠡᠷᠡᠭᠵᠢᠭᠦᠯᠬᠦ ᠰᠠᠨᠠᠯ︾ ᠳᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢ ᠪᠠᠷᠢᠮᠲᠠᠯᠠᠵᠤ᠂ ᠢᠷᠡᠭᠡᠳᠦᠢ ᠶᠢᠨ ᠲᠠᠪᠤᠨ ᠵᠢᠯ ᠳᠤ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠦᠨᠳᠦᠰᠦᠨ ᠮᠥᠩᠭᠦᠨ ᠭᠦᠢᠯᠭᠡᠭᠡ ᠶᠢᠨ ᠦᠢᠯᠡᠴᠢᠯᠡᠭᠡ ᠶᠢ ᠨᠠᠩ ᠢᠯᠡᠭᠦᠦ ᠲᠦᠭᠡᠮᠡᠯᠵᠢᠭᠦᠯᠬᠦ᠂ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠬᠤᠷᠠᠮᠳᠤᠭᠤᠯᠭ᠎ᠠ ᠶᠢ ᠨᠠᠩ ᠲᠥᠭᠦᠮ ᠪᠤᠯᠭᠠᠬᠤ᠂ ᠮᠥᠩᠭᠦᠨ ᠭᠦᠢᠯᠭᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠠᠵᠢᠯ ᠢ ᠨᠠᠩ ᠬᠦᠴᠦᠲᠡᠢ ᠪᠤᠯᠭᠠᠬᠤ᠂ ᠮᠥᠩᠭᠦᠨ ᠭᠦᠢᠯᠭᠡᠭᠡ ᠶᠢᠨ ᠬᠡᠷᠡᠭᠯᠡᠭᠴᠢᠳ ᠤᠨ ᠬᠥᠮᠦᠵᠢᠯ ᠪᠠ ᠬᠠᠮᠠᠭᠠᠯᠠᠯᠲᠠ ᠶᠢᠨ ᠲᠣᠭᠲᠠᠴᠠ ᠶᠢ ᠨᠠᠩ ᠪᠦᠷᠢᠨᠰᠢᠭᠦᠯᠬᠦ᠂ ᠮᠥᠩᠭᠦᠨ ᠭᠦᠢᠯᠭᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠡᠩ ᠪᠦᠲᠦᠮᠵᠢᠲᠡᠢ ᠪᠤᠯᠭᠠᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠢᠵᠢ ᠪᠦᠷᠢᠳᠦᠭᠦᠯᠬᠦ ᠲᠣᠭᠲᠠᠴᠠ ᠶᠢ ᠨᠠᠩ ᠲᠡᠭᠦᠯᠳᠡᠷᠵᠢᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ︽ᠬᠡᠷᠡᠭᠵᠢᠭᠦᠯᠬᠦ ᠰᠠᠨᠠᠯ︾ ᠳᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠪᠦᠲᠦᠭᠡᠭᠳᠡᠬᠦᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠵᠢᠵᠢᠭ ᠪᠢᠴᠢᠯ ᠡᠵᠡᠩᠨᠡᠯᠲᠡ ᠶᠢᠨ ᠭᠤᠣᠯ ᠴᠣᠭᠴᠠ ᠶᠢᠨ ᠦᠷᠭᠦᠯᠵᠢᠯᠡᠬᠦ ᠬᠥᠭᠵᠢᠯᠲᠡ ᠶᠢ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠬᠡᠷᠡᠭᠵᠢᠭᠦᠯᠬᠦ ᠳᠤ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠮᠥᠩᠭᠦᠨ ᠭᠦᠢᠯᠭᠡᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠪᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠮᠥᠩᠭᠦᠨ ᠭᠦᠢᠯᠭᠡᠭᠡ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠠᠰ ᠳᠠᠪᠬᠤᠷᠭ᠎ᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠦᠨ᠂ ᠡᠯ᠎ᠡ ᠲᠥᠷᠥᠯ ᠤᠨ ᠪᠠᠩᠬᠢ ᠶᠢᠨ ᠪᠠᠶᠢᠭᠤᠯᠤᠮᠵᠢ ᠶᠢᠨ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ᠂ ᠡᠷᠡᠭᠦᠯ ᠥᠷᠢᠰᠦᠯᠳᠦᠭᠡᠨ ᠢ ᠪᠠᠷᠢᠮᠲᠠᠯᠠᠬᠤ ᠶᠢ ᠬᠥᠲᠥᠯᠥᠨ ᠵᠢᠯᠤᠭᠤᠳᠴᠤ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠬᠥᠷᠥᠩᠭᠡ ᠶᠢᠨ ᠵᠠᠬ᠎ᠠ ᠳᠡᠯᠭᠡᠭᠦᠷ ᠠᠴᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠳᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡ ᠶᠢᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠳᠤᠮᠳᠠ ᠵᠢᠵᠢᠭ ᠪᠠᠩᠬᠢ ᠶᠢᠨ ᠥᠭᠡᠷᠡᠴᠢᠯᠡᠯᠲᠡ ᠪᠠ ᠠᠶᠤᠯ ᠲᠦᠭᠰᠢᠭᠦᠷᠢ ᠶᠢ ᠠᠷᠢᠯᠭᠠᠬᠤ ᠶᠢ ᠲᠦᠷᠭᠡᠳᠬᠡᠬᠦ᠂ ᠳᠤᠮᠳᠠ ᠵᠢᠵᠢᠭ ᠪᠠᠩᠬᠢ ᠶᠢᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠬᠠᠤᠯᠢ ᠪᠤᠰᠤ ᠮᠥᠩᠭᠦᠨ ᠭᠦᠢᠯᠭᠡᠭᠡ ᠶᠢᠨ ᠠᠵᠢᠯᠯᠠᠭ᠎ᠠ ᠳᠤ ᠡᠷᠡᠰ ᠴᠣᠬᠢᠯᠲᠠ ᠥᠭᠬᠦ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡ ᠶᠢᠨ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠡᠶᠢᠭᠡᠮ ᠤᠨ ᠤᠯᠠᠨ ᠨᠡᠶᠢᠲᠡ ᠶᠢᠨ ᠮᠥᠩᠭᠦᠨ ᠭᠦᠢᠯᠭᠡᠭᠡ ᠶᠢᠨ ᠬᠡᠪ ᠪᠣᠯᠪᠠᠰᠤᠷᠠᠯ ᠪᠣᠯᠣᠨ ᠮᠥᠩᠭᠦᠨ ᠭᠦᠢᠯᠭᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠥᠩᠭᠦᠨ ᠭᠦᠢᠯᠭᠡᠭᠡ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠦᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠤᠯᠭ᠎ᠠ ᠪᠣᠯᠣᠨ ᠵᠠᠰᠠᠯᠲᠠ ᠶᠢᠨ ᠬᠠᠮᠵᠢᠯᠴᠠᠭ᠎ᠠ ᠶᠢ ᠴᠢᠩᠭᠠᠳᠬᠠᠨ᠂ ᠭᠤᠣᠯᠳᠠᠯᠭ᠎ᠠ ᠲᠠᠢ ᠬᠦᠷᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠤᠪᠢᠶᠠᠯᠴᠠᠬᠤ᠂ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠵᠦ ᠨᠥᠬᠦᠪᠦᠷᠢᠯᠡᠬᠦ ᠵᠡᠷᠭᠡ ᠲᠣᠭᠲᠠᠴᠠ ᠶᠢ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠵᠤ ᠥᠭᠬᠦ ᠬᠡᠷᠡᠭᠲᠡᠢ ᠭᠡᠵᠦ ᠳᠤᠷᠠᠳᠴᠠᠢ᠃    ︽ᠬᠡᠷᠡᠭᠵᠢᠭᠦᠯᠬᠦ ᠰᠠᠨᠠᠯ︾ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠵᠤ᠂ ᠦᠨᠡᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠭᠦᠯᠭᠦ ᠶᠢ ᠠᠬᠢᠭᠤᠯᠵᠤ᠂ ᠪᠣᠯᠪᠠᠰᠤᠷᠠᠩᠭᠤᠢ ᠲᠤᠷᠰᠢᠯᠭ᠎ᠠ ᠶᠢ ᠢᠳᠡᠪᠬᠢᠲᠡᠢ ᠯᠠᠪᠳᠠᠭᠤᠨ ᠢᠶᠠᠷ ᠳᠡᠯᠭᠡᠷᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠦᠨ᠂ ᠲᠥᠪ ᠤᠨ ᠪᠠ ᠣᠷᠣᠨ ᠨᠤᠲᠤᠭ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号