ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/10/19
    ᠣᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃    ︽ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ   ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ᠂ ᠠᠵᠤ ᠠᠬᠤᠢ ᠶᠢᠨ ᠪᠦᠲᠦᠴᠡ ᠳᠤ  ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ ᠢ  ᠰᠦᠪᠡᠭᠴᠢᠯᠡᠵᠦ᠂ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ  ᠪᠠᠬᠢᠯᠡᠯᠲᠡ︾ ᠶᠢ ᠪᠦᠲᠦᠭᠡᠨ ᠪᠠᠶᠢᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠵᠤ᠂ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠠ  ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠪᠠᠨ ᠦᠨᠡᠨ ᠬᠦ ᠳᠡᠭᠡᠭᠰᠢᠯᠡᠭᠦᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ  ᠳᠤ ᠦᠢᠯᠡᠴᠢᠯᠡᠨ ᠪᠠᠲᠤᠯᠠᠬᠤ ᠴᠢᠬᠤᠯᠠ ᠲᠤᠯᠭᠠᠭᠤᠷᠢᠯᠠᠯ ᠢ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃ ︽ᠰᠠᠨᠠᠯ︾ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠂ ᠭᠡᠯᠪᠡᠷᠢ ᠶᠢ ᠬᠤᠪᠢᠷᠠᠭᠤᠯᠬᠤ᠂ ᠪᠦᠲᠦᠴᠡ  ᠳᠤ ᠲᠣᠬᠢᠷᠠᠭᠤᠯᠤᠯᠲᠠ ᠬᠢᠬᠦ᠂ ᠥᠭᠡᠷᠡᠴᠢᠯᠡᠯᠲᠡ ᠨᠡᠭᠡᠭᠡᠯᠲᠡ ᠬᠢᠬᠦ᠂ ᠳᠠᠪᠠᠭᠤᠯᠢᠭ ᠢ ᠪᠤᠶ ᠪᠤᠯᠭᠠᠬᠤ᠂ ᠬᠤᠷᠢᠭ᠎ᠠ ᠱᠤᠭᠤᠮ ᠤᠨ ᠰᠡᠳᠬᠢᠬᠦᠢ᠂ ᠠᠮᠤᠷ ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠵᠡᠷᠭᠡ ᠠᠵᠢᠯ ᠤᠨ ᠵᠠᠷᠴᠢᠮ ᠢ ᠲᠣᠳᠣᠷᠬᠠᠶᠢᠯᠠᠵᠤ᠂ 2027 ᠣᠨ᠂ 2035 ᠣᠨ ᠪᠤᠯᠲᠠᠯᠠᠭᠢ ᠬᠥᠭᠵᠢᠯᠲᠡ ᠶᠢᠨ ᠬᠠᠷᠠᠯᠲᠠ ᠶᠢ ᠳᠤᠷᠠᠳᠪᠠ᠃    ︽ᠰᠠᠨᠠᠯ︾ ᠳᠤ 7 ᠲᠠᠯ᠎ᠠ ᠶᠢᠨ ᠭᠤᠣᠯ ᠡᠭᠦᠷᠭᠡ ᠶᠢ ᠪᠠᠶᠢᠷᠢᠯᠠᠭᠤᠯᠪᠠ᠃ ᠨᠢᠭᠡ ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠬᠤᠶᠠᠷ ᠲᠤ᠂ ᠠᠵᠤ ᠦᠢᠯᠡᠰ ᠤᠨ ᠪᠦᠲᠦᠴᠡ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ᠂ ᠣᠯᠠᠨ ᠡᠰᠢᠵᠢᠭᠰᠡᠨ ᠬᠥᠭᠵᠢᠯᠲᠡ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ  ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠳᠥᠷᠪᠡ ᠳᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ  ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠲᠠᠪᠤ ᠳᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂  ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠳᠣᠯᠤᠭ᠎ᠠ ᠳᠤ᠂ ᠳᠤᠮᠳᠠᠳᠤ  ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ  ᠶᠢᠨ ᠠᠮᠤᠷ ᠲᠦᠪᠰᠢᠨ ᠲᠣᠭᠲᠠᠭᠤᠨ  ᠤ ᠬᠠᠯᠬᠠᠪᠴᠢ  ᠶᠢ ᠪᠠᠲᠤ ᠪᠠᠬᠢ ᠴᠣᠭᠴᠠᠯᠠᠨ᠎ᠠ᠃    ︽ᠰᠠᠨᠠᠯ︾ ᠳᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠨᠠᠷᠢᠨ ᠲᠠᠩᠰᠠ ᠶᠢ ᠲᠣᠭᠲᠠᠭᠠᠨ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ︽ᠰᠠᠨᠠᠯ︾ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠦᠨᠳᠦᠰᠦᠯᠡᠨ᠂ ᠵᠢᠭᠠᠨ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ᠂ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠬᠤ ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠰᠠᠨᠠᠯ︾ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ ᠦᠨᠡᠯᠡᠬᠦ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号