ᠭᠤᠷᠪᠠᠨ ᠰᠠᠯᠠᠭ᠎ᠠ ᠮᠥᠴᠢᠷ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/10/24
    ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠠᠬᠢᠭᠤᠯᠬᠤ ᠨᠢ ᠨᠢᠯᠬ᠎ᠠ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠠᠰᠢᠭᠲᠠᠢ᠂ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠵᠢᠷᠤᠮᠵᠢᠭᠤᠯᠬᠤ ᠳᠤ ᠠᠰᠢᠭᠲᠠᠢ ᠶᠤᠮ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠵᠡᠷᠭᠡ ᠭᠤᠷᠪᠠᠨ ᠰᠠᠯᠠᠭ᠎ᠠ ᠮᠥᠴᠢᠷ ᠣᠶᠢᠷ᠎ᠠ ᠳᠤ ᠬᠠᠮᠲᠤᠷᠠᠨ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠪᠠ᠃     ᠬᠡᠦᠬᠡᠳ ᠰᠠᠭᠠᠲᠠᠭᠤᠯᠬᠤ ᠦᠢᠯᠡᠴᠢᠯᠡᠭᠡ ᠪᠣᠯ ᠠᠮᠢ ᠨᠠᠰᠤᠨ ᠤ ᠪᠦᠭᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠬᠠᠮᠢᠶᠠᠷᠤᠯᠲᠠ ᠶᠢᠨ ᠴᠢᠬᠤᠯᠠ ᠠᠭᠤᠯᠭ᠎ᠠ ᠮᠥᠨ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠣᠶᠢᠷ᠎ᠠ ᠶᠢᠨ ᠵᠢᠯ ᠳᠤ᠂ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠶᠢ ᠢᠳᠡᠪᠬᠢᠲᠡᠢ ᠪᠠᠷ ᠵᠣᠷᠢᠭᠵᠢᠭᠤᠯᠵᠤ᠂ ᠨᠢᠯᠬ᠎ᠠ ᠬᠡᠦᠬᠡᠳ ᠤᠨ ᠬᠤᠭᠤᠯᠠ ᠤᠮᠳᠠ ᠶᠢᠨ ᠰᠢᠮ᠎ᠡ ᠲᠡᠵᠢᠭᠡᠯ᠂ ᠪᠡᠶ᠎ᠡ ᠮᠠᠬᠠᠪᠤᠳ ᠤᠨ ᠪᠤᠶᠢᠵᠢᠯᠲᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠪᠣᠶᠢᠵᠢᠭᠤᠯᠤᠨ ᠬᠥᠮᠥᠵᠢᠭᠦᠯᠵᠦ ᠬᠠᠷᠠᠭᠠᠯᠵᠠᠨ ᠠᠰᠠᠷᠠᠬᠤ ᠵᠡᠷᠭᠡ ᠲᠠᠯ᠎ᠠ  ᠪᠠᠷ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯᠲᠠᠨ ᠤ ᠪᠣᠯᠪᠠᠰᠤᠷᠠᠯ ᠢ ᠴᠢᠩᠭᠠᠳᠬᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠬᠰᠡᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠨᠢᠯᠬ᠎ᠠ ᠬᠡᠦᠬᠡᠳ ᠤᠨ ᠭᠡᠷ ᠤᠨ ᠠᠬᠠᠮᠠᠳ ᠪᠠ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠡᠷᠬᠢᠯᠡᠭᠰᠡᠳ ᠤᠨ ᠰᠠᠶᠢᠨ ᠦᠨᠡᠯᠡᠯᠲᠡ ᠶᠢ ᠣᠯᠵᠠᠢ ᠭᠡᠵᠦ ᠲᠠᠨᠢᠯᠴᠠᠭᠤᠯᠪᠠ᠃     ᠵᠢᠯᠤᠭᠤᠳᠬᠤ ᠰᠠᠨᠠᠯ ᠤᠨ ᠭᠤᠣᠯ ᠠᠭᠤᠯᠭ᠎ᠠ ᠳᠤ᠄ ᠵᠠᠬᠢᠶᠠᠯᠠᠭ᠎ᠠ ᠪᠠᠷ ᠭᠡᠷ᠎ᠡ ᠲᠣᠭᠲᠠᠬᠤ ᠦᠢᠯᠡᠴᠢᠯᠡᠭᠡ ᠶᠢ ᠥᠷᠨᠢᠭᠦᠯᠵᠦ᠂ ᠬᠡᠦᠬᠡᠳ ᠢ ᠬᠠᠷᠠᠭᠠᠯᠵᠠᠨ ᠠᠰᠠᠷᠠᠬᠤ ᠵᠢᠯᠣᠭᠤᠳᠤᠯᠭ᠎ᠠ ᠶᠢ ᠴᠢᠩᠭᠠᠳᠬᠠᠨ᠂ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠯᠪᠣᠭᠳᠠᠯ ᠪᠦᠬᠦᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠵᠡᠷᠭᠡ ᠪᠠᠭᠲᠠᠨ᠎ᠠ᠃     ᠡᠭᠦᠨ ᠳᠤ᠂ ᠵᠠᠬᠢᠶᠠᠯᠠᠭ᠎ᠠ ᠪᠠᠷ ᠭᠡᠷ᠎ᠡ ᠲᠣᠭᠲᠠᠬᠤ ᠦᠢᠯᠡᠴᠢᠯᠡᠭᠡ ᠶᠢ ᠥᠷᠨᠢᠭᠦᠯᠬᠦ ᠲᠠᠯ᠎ᠠ ᠪᠠᠷ᠂ ᠵᠢᠯᠤᠭᠤᠳᠬᠤ ᠰᠠᠨᠠᠯ ᠳᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠴᠢᠳᠠᠮᠵᠢᠲᠤ ᠨᠡᠶᠢᠭᠡᠮ ᠲᠣᠭᠤᠷᠢᠭ ᠤᠨ ᠭᠡᠷ᠎ᠡ ᠲᠣᠭᠲᠠᠬᠤ ᠡᠲᠡᠭᠡᠳ ᠪᠤᠯᠭᠠᠵᠤ᠂ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠲᠣᠭᠤᠷᠢᠨ ᠵᠢᠯᠤᠭᠤᠳᠬᠤ ᠪᠤᠶᠤ ᠵᠥᠪᠯᠡᠯᠴᠡᠭᠡᠷ ᠢᠶᠠᠷ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠬᠡᠦᠬᠡᠳ ᠢ ᠬᠠᠷᠠᠭᠠᠯᠵᠠᠨ ᠠᠰᠠᠷᠠᠬᠤ ᠵᠢᠯᠣᠭᠤᠳᠤᠯᠭ᠎ᠠ ᠶᠢ ᠴᠢᠩᠭᠠᠳᠬᠠᠬᠤ ᠲᠠᠯ᠎ᠠ  ᠪᠠᠷ᠂ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠯᠤᠭ᠎ᠠ ᠬᠠᠷᠢᠯᠴᠠᠭ᠎ᠠ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠭᠡᠷ ᠲᠤᠨᠢ ᠬᠦᠷᠴᠦ ᠵᠣᠯᠭᠠᠭᠤᠯᠬᠤ ᠪᠠ ᠵᠢᠯᠤᠭᠤᠳᠬᠤ ᠶᠢ ᠵᠣᠷᠢᠭᠵᠢᠭᠤᠯᠤᠨ᠎ᠠ ᠭᠡᠵᠦ ᠳᠤᠷᠠᠳᠪᠠ᠃     ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠤᠬᠠᠭᠤᠯᠤᠨ ᠲᠠᠶᠢᠯᠪᠤᠷᠢᠯᠠᠬᠤ᠂ ᠠᠵᠢᠯᠲᠠᠨ ᠤ ᠪᠣᠯᠪᠠᠰᠤᠷᠠᠯ ᠪᠠ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠬᠤ ᠵᠡᠷᠭᠡ ᠠᠵᠢᠯ ᠢᠶᠠᠨ ᠴᠢᠩᠭᠠᠳᠬᠠᠵᠤ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠢᠯᠤᠭᠤᠳᠬᠤ ᠰᠠᠨᠠᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号