ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠰᠢᠨ᠎ᠡ ᠲᠣᠭᠲᠠᠭᠠᠯ ᠨᠡᠶᠢᠲᠡᠯᠡᠵᠦ ᠰᠦᠯᠵᠢᠶ᠎ᠡ ᠪᠠᠷ ᠪᠣᠷᠣᠯᠠᠭᠤᠯᠬᠤ ᠣᠨᠴᠠᠭᠠᠶ ᠢᠳᠡᠭᠡᠨ ᠤ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2023/10/26
    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 19 ᠤ ᠡᠳᠦᠷ ︽ᠰᠦᠯᠵᠢᠶ᠎ᠡ ᠪᠠᠷ ᠣᠨᠴᠠᠭᠠᠶ ᠢᠳᠡᠭᠡᠨ ᠪᠣᠷᠣᠯᠠᠭᠤᠯᠬᠤ ᠲᠣᠭᠲᠠᠭᠠᠯ ᠳᠤ ᠨᠡᠶᠢᠴᠡᠬᠦ ᠵᠦᠭᠯᠡᠭᠦᠷ︾ ᠢ ᠨᠡᠶᠢᠲᠡᠯᠡᠵᠦ᠂ ᠰᠦᠯᠵᠢᠶ᠎ᠡ ᠪᠠᠷ ᠢᠳᠡᠭᠡᠨ ᠠᠷᠠᠯᠵᠢᠶᠠᠯᠠᠬᠤ ᠭᠤᠷᠪᠠᠳᠠᠭᠢ ᠡᠲᠡᠭᠡᠳ ᠤᠨ ᠲᠠᠪᠴᠠᠩ ᠪᠠ ᠰᠦᠯᠵᠢᠶᠡᠨ ᠳᠤ ᠭᠠᠷᠤᠭᠰᠠᠨ ᠢᠳᠡᠭᠡᠨ ᠤ ᠡᠵᠡᠩᠨᠡᠭᠴᠢ ᠶᠢᠨ ᠣᠨᠴᠠᠭᠠᠶ ᠢᠳᠡᠭᠡᠨ ᠪᠣᠷᠣᠯᠠᠭᠤᠯᠬᠤ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠤᠨ᠂ ᠲᠣᠭᠲᠠᠭᠠᠯ ᠳᠤ ᠨᠡᠶᠢᠴᠡᠭᠦᠯᠬᠦ ᠤᠬᠠᠮᠰᠠᠷ ᠢ ᠨᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠦᠯᠵᠢᠶ᠎ᠡ ᠪᠠᠷ ᠪᠣᠷᠣᠯᠠᠭᠤᠯᠬᠤ ᠣᠨᠴᠠᠭᠠᠶ ᠢᠳᠡᠭᠡᠨ ᠤ ᠠᠮᠤᠷ ᠲᠦᠪᠰᠢᠨ ᠢ ᠪᠠᠲᠤᠯᠠᠵᠤ ᠪᠤᠢ᠃     ᠣᠨᠴᠠᠭᠠᠶ ᠢᠳᠡᠭᠡᠨ ᠳᠤ ᠡᠷᠡᠭᠦᠯᠵᠢᠯ ᠤᠨ ᠢᠳᠡᠭᠡᠨ᠂ ᠣᠨᠴᠠᠭᠠᠶ ᠠᠨᠠᠭᠠᠬᠤ ᠤᠬᠠᠭᠠᠨ ᠤ ᠬᠡᠷᠡᠭᠴᠡᠭᠡᠨ ᠤ ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ ᠪᠠᠭᠲᠠᠵᠤ᠂ ︽ᠨᠠᠰᠤᠲᠠᠨ ᠨᠢᠯᠬᠠᠰ︾ ᠵᠡᠷᠭᠡ ᠭᠤᠣᠯᠳᠠᠯᠭ᠎ᠠ ᠲᠠᠢ ᠬᠥᠮᠥᠰ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠳᠤ᠂ ᠰᠦᠯᠵᠢᠶᠡᠨ ᠤ ᠣᠨᠴᠠᠭᠠᠶ ᠢᠳᠡᠭᠡᠨ ᠤ ᠵᠦᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠰᠦᠯᠵᠢᠶᠡᠨ ᠤ ᠪᠣᠷᠤᠯᠠᠭᠤᠯᠭ᠎ᠠ ᠶᠢᠨ ᠲᠦᠭᠰᠢᠭᠦᠷᠢ ᠨᠡᠯᠢᠶᠡᠳ ᠥᠨᠳᠥᠷ ᠪᠠᠶᠢᠵᠤ᠂ ᠠᠵᠢᠯ ᠲᠥᠷᠥᠯ ᠤᠨ ᠬᠥᠭᠵᠢᠯᠲᠡ ᠶᠢ ᠲᠣᠭᠲᠠᠭᠠᠯ ᠳᠤ ᠨᠡᠶᠢᠴᠡᠭᠦᠯᠦᠨ ᠵᠢᠯᠤᠭᠤᠳᠬᠤ ᠴᠢᠬᠤᠯᠠᠲᠠᠢ ᠪᠠᠶᠢᠨ᠎ᠠ᠃     ᠵᠦᠭᠯᠡᠭᠦᠷ ᠲᠤ ᠭᠤᠣᠯᠳᠠᠭᠤ ︽ᠲᠣᠮᠢᠶᠠᠯᠠᠯ ᠬᠢᠭᠡᠳ ᠬᠦᠷᠢᠶ᠎ᠡ ᠬᠡᠪᠴᠢᠶ᠎ᠡ︾᠂ ︽ᠪᠣᠷᠤᠯᠠᠭᠤᠯᠭ᠎ᠠ ᠶᠢᠨ ᠡᠩ ᠤᠨ ᠱᠠᠭᠠᠷᠳᠠᠯᠭ᠎ᠠ︾᠂ ︽ᠰᠦᠯᠵᠢᠶᠡᠨ ᠤ ᠪᠣᠷᠤᠯᠠᠭᠤᠯᠭ᠎ᠠ ᠶᠢᠨ ᠣᠨᠴᠠᠭᠠᠶ ᠱᠠᠭᠠᠷᠳᠠᠯᠭ᠎ᠠ︾ ᠭᠡᠬᠦ ᠭᠤᠷᠪᠠᠨ ᠬᠡᠰᠡᠭ ᠢ ᠪᠠᠭᠲᠠᠭᠠᠨ᠎ᠠ᠃ ᠰᠦᠯᠵᠢᠶ᠎ᠡ ᠪᠠ ᠪᠣᠳᠠᠲᠤ ᠴᠣᠭᠴᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠢ ᠵᠢᠷᠤᠮᠯᠠᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠬᠡᠷᠡᠭᠯᠡᠭᠡᠨ ᠳᠤ ᠲᠣᠬᠢᠷᠠᠬᠤ ᠰᠡᠵᠢᠭᠯᠡᠯ ᠪᠠᠶᠢᠬᠤ ᠪᠤᠶᠤ ᠲᠣᠭᠲᠠᠭᠠᠯ ᠤᠨ ᠬᠤᠭᠤᠷᠣᠨᠳᠤ ᠬᠠᠷᠭᠤᠯᠳᠤᠯ ᠤᠨ ᠬᠠᠷᠢᠴᠠᠭ᠎ᠠ ᠣᠷᠣᠰᠢᠵᠤ ᠪᠠᠶᠢᠬᠤ ᠪᠠᠶᠢᠳᠠᠯ ᠳᠤ ᠵᠢᠯᠣᠭᠤᠳᠤᠮᠵᠢ ᠶᠢᠨ ᠴᠢᠨᠠᠷᠲᠠᠢ ᠲᠣᠳᠣᠷᠬᠠᠶᠢᠯᠠᠯᠲᠠ ᠬᠢᠵᠦ᠂ ᠴᠢᠬᠤᠯᠠ ᠵᠦᠢᠯ ᠵᠤᠷᠪᠤᠰ ᠲᠤ ᠴᠢᠬᠤᠯᠠᠴᠢᠯᠠᠬᠤ ᠴᠢᠨᠠᠷᠲᠠᠢ ᠲᠣᠳᠣᠷᠬᠠᠶᠢᠯᠠᠯᠲᠠ ᠬᠢᠵᠦ᠂ ᠣᠨᠴᠠᠭᠠᠶ ᠢᠳᠡᠭᠡᠨ ᠤ ᠰᠦᠯᠵᠢᠶᠡᠨ ᠪᠣᠷᠣᠯᠠᠭᠤᠯᠤᠭᠴᠢ ᠳᠤ ᠬᠠᠤᠯᠢ ᠴᠠᠭᠠᠵᠠ ᠬᠠᠤᠯᠢ ᠲᠣᠭᠲᠠᠭᠠᠯ ᠨᠢ ᠬᠠᠷᠢᠴᠠᠩᠭᠤᠢ ᠲᠥᠪᠯᠡᠷᠡᠭᠰᠡᠨ᠂ ᠪᠣᠳᠠᠲᠠᠢ ᠬᠡᠷᠡᠭᠯᠡᠬᠦ ᠳᠦᠷᠢᠮ ᠨᠢ ᠨᠠᠩ ᠲᠣᠳᠣᠷᠬᠠᠢ ᠪᠣᠯᠤᠭᠰᠠᠨ ᠵᠠᠰᠠᠭ ᠵᠠᠬᠢᠷᠭᠠᠨ ᠤ ᠵᠢᠯᠣᠭᠤᠳᠤᠮᠵᠢ ᠶᠢᠨ ᠴᠢᠨᠠᠷᠲᠠᠢ ᠰᠠᠨᠠᠯ ᠢ ᠬᠠᠩᠭᠠᠭᠰᠠᠨ ᠪᠠᠶᠢᠨ᠎ᠠ᠃     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠣᠨᠴᠠᠭᠠᠶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠣᠳᠣ ᠶᠢᠨ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠢᠴᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠳᠠᠬᠢ ᠣᠨᠴᠠᠭᠠᠶ ᠢᠳᠡᠭᠡᠨ ᠢ ᠰᠦᠯᠵᠢᠶ᠎ᠡ ᠪᠠᠷ ᠪᠣᠷᠣᠯᠠᠭᠤᠯᠬᠤ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠡᠮᠬᠢᠯᠡᠨ ᠬᠤᠷᠢᠶᠠᠩᠭᠤᠶᠢᠯᠠᠵᠤ᠂ ᠭᠤᠣᠯᠳᠠᠯᠭ᠎ᠠ  ᠲᠠᠢ ᠵᠦᠢᠯ ᠵᠤᠷᠪᠤᠰ ᠲᠤ ᠲᠠᠶᠢᠯᠤᠮᠵᠢ ᠬᠢᠵᠦ᠂ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠲᠠᠪᠴᠠᠩᠳᠤ ᠠᠵᠤ ᠠᠬᠤᠶᠢᠯᠠᠯ᠂ ᠣᠨᠴᠠᠭᠠᠶ ᠢᠳᠡᠭᠡᠨ ᠤ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠣᠯ ᠴᠣᠭᠴᠠ ᠪᠠ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠤ ᠳᠠᠷᠠᠭ᠎ᠠ ᠲᠣᠰ ᠵᠦᠭᠯᠡᠭᠦᠷ ᠢ ᠲᠣᠭᠲᠠᠭᠠᠪᠠ ᠭᠡᠵᠦ ᠲᠠᠨᠢᠯᠴᠠᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号