︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠳᠦᠷᠢᠮ︾ ᠢ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/10/27
   10 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ  ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠳᠤ ᠲᠠᠶᠢᠯᠤᠮᠵᠢ ᠬᠢᠯᠭᠡᠬᠦ ᠶᠢᠨ ᠳᠠᠭᠠᠤ ᠰᠤᠷᠪᠤᠯᠵᠢᠯᠠᠬᠴᠢ  ᠶᠢᠨ ᠠᠰᠠᠭᠤᠯᠲᠠ ᠶᠢ ᠬᠠᠷᠢᠭᠤᠯᠪᠠ᠃    ︽ᠳᠦᠷᠢᠮ︾ ᠢ 2023 ᠣᠨ ᠤ 9 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯ ᠠᠴᠠ ᠪᠠᠲᠤᠯᠠᠵᠠᠢ᠃ ᠨᠡᠶᠢᠲᠡ ᠵᠢᠷᠭᠤᠭᠠᠨ ᠪᠦᠯᠦᠭ ᠲᠠᠪᠢᠨ ᠬᠤᠶᠠᠷ ᠵᠤᠷᠪᠤᠰ ᠠᠭᠤᠯᠭ᠎ᠠ ᠲᠠᠢ᠂ ᠭᠤᠣᠯᠳᠠᠭᠤ ᠮᠠᠨ ᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠪᠠᠶᠢᠭᠤᠯᠤᠮᠵᠢ ᠲᠣᠭᠲᠠᠴᠠ᠂ ᠲᠤᠰᠬᠠᠢ ᠠᠰᠢᠭ ᠢ ᠠᠬᠢᠭᠤᠯᠬᠤ᠂ ᠲᠤᠰᠬᠠᠢ ᠠᠰᠢᠭ ᠢ ᠬᠠᠮᠠᠭᠠᠯᠠᠬᠤ᠂ ᠲᠤᠰᠬᠠᠢ ᠠᠰᠢᠭ  ᠤᠨ ᠦᠢᠯᠡᠴᠢᠯᠡᠭᠡ ᠪᠠ ᠬᠠᠮᠢᠶᠠᠷᠤᠯᠲᠠ ᠵᠢᠴᠢ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠳᠤ ᠪᠣᠳᠠᠲᠠᠢ ᠲᠣᠭᠲᠠᠭᠠᠯ ᠭᠠᠷᠭᠠᠭᠰᠠᠨ ᠪᠠᠶᠢᠨ᠎ᠠ᠃ ᠲᠤᠰ ︽ᠳᠦᠷᠢᠮ︾ ᠢ 2023 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃    ︽ᠳᠦᠷᠢᠮ︾ ᠳᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠠᠯᠢ ᠤᠯᠠᠨ ᠳᠦᠷᠢᠮ ᠲᠣᠭᠲᠠᠭᠠᠵᠤ᠂ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠤᠷᠮᠠᠰᠢᠭᠤᠯᠤᠨ᠂ ᠲᠤᠰᠬᠠᠢ ᠠᠰᠢᠭ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠰᠬᠠᠢ ᠠᠰᠢᠭ ᠤᠨ ᠦᠷ᠎ᠡ ᠪᠦᠲᠦᠭᠡᠯ ᠤᠨ ᠤᠨᠳᠤᠤᠰᠢᠭᠤᠯᠤᠯᠲᠠ ᠶᠢ ᠠᠬᠢᠭᠤᠯᠤᠨ᠂ ᠡᠭᠦᠳᠦᠨ ᠪᠦᠲᠦᠭᠡᠭᠴᠢ ᠶᠢᠨ ᠡᠷᠬᠡ ᠠᠰᠢᠭ ᠢ ᠬᠠᠮᠠᠭᠠᠯᠠᠨ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠨᠡᠶᠢᠭᠡᠮ ᠤᠨ ᠲᠠᠪᠰᠢᠯᠳᠠ᠂ ᠠᠵᠤ ᠠᠬᠤᠢ ᠶᠢᠨ ᠬᠥᠭᠵᠢᠯᠲᠡ ᠪᠠ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠭᠦ ᠪᠣᠯᠣᠨ᠎ᠠ᠃ ᠲᠤᠰ ︽ᠳᠦᠷᠢᠮ︾  ᠢ ᠨᠡᠶᠢᠲᠡᠯᠡᠭᠰᠡᠨ ᠨᠢ ᠮᠠᠨ ᠤ ᠣᠷᠣᠨ ᠤ ᠣᠲᠣ ᠶᠢᠨ ᠥᠨᠳᠥᠷ ᠥᠷᠲᠡᠭᠲᠦ ᠲᠤᠰᠬᠠᠢ ᠠᠰᠢᠭ ᠪᠠᠭ᠎ᠠ᠂ ᠲᠤᠰᠬᠠᠢ ᠠᠰᠢᠭ ᠤᠨ ᠦᠷ᠎ᠡ ᠪᠦᠲᠦᠭᠡᠯ ᠢ ᠣᠨᠳᠣᠣᠰᠢᠭᠤᠯᠤᠨ ᠠᠰᠢᠭᠯᠠᠬᠤ ᠨᠣᠷᠮ᠎ᠠ ᠳᠣᠣᠷ᠎ᠠ ᠵᠡᠷᠭᠡ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号