ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠠᠰ ᠲᠥᠷᠥᠯ ᠬᠤᠪᠢᠶᠠᠨ ᠰᠠᠶᠢᠲᠤᠷ ᠬᠢᠬᠦ ᠲᠤᠬᠠᠢ ᠰᠠᠨᠠᠯ︾ ᠢ ᠳᠠᠮᠵᠢᠭᠤᠯᠤᠨ ᠲᠠᠷᠬᠠᠭᠠᠪᠠ
ᠨᠡᠶᠢᠲᠡᠯᠡᠭᠰᠡᠨ ᠴᠠᠭ᠄
2023/10/30
   ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠠᠷᠠᠳ ᠤᠨ ᠶᠠᠪᠤᠳᠠᠯ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ︽ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ  ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠲᠠᠰ ᠲᠥᠷᠥᠯ ᠬᠤᠪᠢᠶᠠᠨ ᠰᠠᠶᠢᠲᠤᠷ ᠬᠢᠬᠦ ᠲᠤᠬᠠᠢ ᠰᠠᠨᠠᠯ︾ ︵ᠳᠣᠷᠣᠭᠰᠢ ︽ᠰᠠᠨᠠᠯ ᠭᠡᠵᠦ ᠳᠥᠭᠦᠮᠴᠢᠯᠡᠨ᠎ᠡ︶ ᠢ ᠳᠠᠮᠵᠢᠭᠤᠯᠤᠨ ᠲᠠᠷᠬᠠᠭᠠᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ  ᠴᠢᠨᠠᠭᠰᠢᠳᠠ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠠᠰ ᠲᠥᠷᠥᠯ ᠬᠤᠪᠢᠶᠠᠭᠰᠠᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠢ ᠪᠠᠶᠢᠷᠢᠰᠢᠭᠤᠯᠪᠠ᠃    ︽ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠲᠤᠬᠠᠢ ᠨᠠᠮ ᠤᠨ ᠲᠥᠪ ᠬᠤᠷᠢᠶ᠎ᠠ᠂  ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠲᠤᠰᠬᠠᠢ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯᠲᠡᠢ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠣᠯ ᠴᠣᠭᠴᠠ ᠪᠤᠯᠭᠠᠬᠰᠠᠨ᠂ ᠨᠡᠶᠢᠭᠡᠮ ᠤᠨ ᠬᠦᠴᠦᠨ ᠣᠷᠤᠯᠴᠠᠬᠤ ᠪᠠᠷ ᠨᠥᠬᠦᠪᠦᠷᠢ ᠪᠤᠯᠭᠠᠬᠰᠠᠨ ᠲᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠂ ᠠᠪᠤᠷᠠᠨ ᠲᠤᠰᠠᠯᠠᠬᠤ ᠮᠡᠳᠡᠭᠡ ᠵᠠᠩᠭᠢ ᠶᠢ ᠲᠥᠪᠯᠡᠷᠡᠭᠦᠯᠦᠨ ᠬᠠᠮᠲᠤ ᠪᠠᠷ ᠡᠳ᠋ᠯᠡᠬᠦ᠂ ᠠᠪᠤᠷᠠᠨ ᠲᠤᠰᠠᠯᠠᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠭᠦ ᠶᠢ ᠪᠡᠶᠡᠯᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠨᠠᠩ ᠡᠷᠬᠡ ᠲᠡᠭᠰᠢ ᠪᠠᠷ ᠬᠦᠴᠢᠷᠳᠡᠯᠲᠡᠢ ᠣᠯᠠᠨ ᠲᠦᠮᠡᠨ ᠳᠤ ᠬᠦᠷᠲᠡᠭᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠣᠨᠣᠪᠴᠢᠲᠠᠢ ᠰᠠᠶᠢᠲᠤᠷ ᠪᠠᠲᠤᠯᠠᠬᠤ ᠬᠡᠷᠡᠭᠲᠡᠢ ᠭᠡᠵᠦ ᠳᠤᠷᠠᠳᠪᠠ᠃    ︽ᠰᠠᠨᠠᠯ︾ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠤᠶᠢᠷᠠᠳᠴᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ᠂ ᠵᠠᠪᠠᠯ ᠵᠠᠷᠤᠴᠠᠭᠤᠯᠬᠤ ᠵᠠᠷᠤᠯᠭ᠎ᠠ  ᠪᠠᠨ ᠭᠠᠷᠭᠠᠬᠤ ᠳᠤ ᠬᠦᠴᠢᠷᠳᠡᠯᠲᠡᠢ ᠭᠡᠷ ᠪᠦᠯᠢ ᠶᠢᠨ ᠪᠦᠷᠢᠯᠳᠦᠭᠦᠨ ᠵᠢᠴᠢ ᠪᠤᠰᠤᠳ ᠬᠦᠴᠢᠷᠳᠡᠯᠲᠡᠢ ᠬᠥᠮᠥᠰ ᠢ ᠪᠠᠭᠲᠠᠭᠠᠭᠰᠠᠨ ᠬᠠᠪᠰᠤᠷᠤᠨ ᠲᠡᠳᠬᠦᠬᠦ ᠴᠢᠬᠤᠯᠠᠲᠠᠢ ᠣᠷᠣᠯᠭ᠎ᠠ ᠪᠠᠭᠠᠲᠠᠢ ᠬᠥᠮᠥᠨ ᠠᠮᠠ ᠶᠢᠨ ᠬᠡᠪᠴᠢᠶ᠎ᠡ ᠶᠢ ᠲᠣᠭᠲᠠᠭᠠᠭᠰᠠᠨ ᠪᠥᠭᠡᠳ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ ᠲᠡᠰ ᠬᠤᠪᠢᠶᠠᠪᠠ᠃    ︽ᠰᠠᠨᠠᠯ︾ ᠳᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ  ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠬᠦ ᠭᠡᠷᠡᠭᠲᠡᠶ᠃ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠶᠢᠨ ᠬᠠᠷᠢᠴᠠᠭᠤᠯᠤᠯ ᠢ ᠥᠷᠨᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠦᠴᠢᠷᠳᠡᠯ ᠪᠠ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠬᠢᠨᠠᠨ ᠬᠡᠮᠵᠢᠵᠦ ᠢᠯᠡᠷᠡᠭᠦᠯᠦᠨ᠂ ᠰᠡᠷᠡᠮᠵᠢᠯᠡᠭᠦᠯᠭᠦ ᠮᠡᠳᠡᠭᠡ ᠵᠠᠩᠭᠢ ᠶᠢ ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠢ ᠭᠡᠵᠦ ᠳᠤᠷᠠᠳᠪᠠ᠃    ︽ᠰᠠᠨᠠᠯ︾ ᠳᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ  ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ ᠶᠢ ᠦᠨᠳᠦᠰᠦᠯᠡᠨ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠲᠥᠷᠥᠯ ᠭᠡᠯᠪᠡᠷᠢ ᠶᠢ ᠦᠨᠳᠦᠰᠦᠯᠡᠨ᠂ ᠲᠠᠰ ᠲᠥᠷᠥᠯ ᠬᠤᠪᠢᠶᠠᠨ ᠪᠠᠶᠢᠩᠭᠤᠵᠢᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠲᠡᠢ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠢ ᠬᠥᠮᠥᠨ ᠠᠮᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠤᠶᠢᠷᠠᠳᠴᠤ ᠪᠠᠶᠢᠭ᠎ᠠ ᠭᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠵᠡᠷᠭᠡ ᠣᠨᠴᠠ ᠬᠦᠴᠢᠷᠳᠡᠯᠲᠡᠢ ᠬᠥᠮᠥᠰ ᠢ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠨᠥᠬᠦᠴᠡᠯ ᠳᠤ ᠨᠡᠶᠢᠴᠡᠭᠰᠡᠨ  ᠳᠤᠨᠢ ᠡᠮ ᠡᠮᠨᠡᠯᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ᠂ ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ ᠵᠡᠷᠭᠡ ᠲᠤᠰᠬᠠᠢ ᠠᠪᠤᠷᠠᠨ ᠲᠤᠰᠠᠯᠠᠯᠲᠠ ᠣᠯᠭᠤᠬᠤ ᠭᠡᠷᠡᠭᠲᠡᠶ᠃ ᠭᠡᠨᠡᠳᠲᠡ ᠶᠢᠨ ᠴᠢᠨᠠᠷᠲᠠᠢ᠂ ᠲᠤᠯᠭᠠᠮ ᠴᠢᠨᠠᠷᠲᠠᠢ᠂ ᠭᠠᠢ ᠭᠠᠮᠰᠢᠭ ᠤᠨ ᠴᠢᠨᠠᠷᠲᠠᠢ ᠬᠦᠴᠢᠷᠳᠡᠯ ᠳᠤ ᠤᠴᠠᠷᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ ᠬᠥᠮᠥᠰ ᠲᠤ᠂ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ᠂ ᠣᠷᠣᠰᠢᠨ ᠰᠠᠭᠤᠭ᠎ᠠ ᠭᠠᠵᠠᠷ ᠤᠨ ᠭᠤᠶᠤᠴᠢᠯᠠᠯ ᠤᠨ ᠬᠢᠵᠠᠭᠠᠷᠯᠠᠯ ᠢ ᠬᠦᠴᠦᠨ ᠦᠭᠡᠢ ᠪᠤᠯᠭᠠᠵᠤ᠂ ᠪᠠᠴᠢᠮ ᠬᠦᠴᠢᠷᠳᠡᠯᠲᠡᠢ ᠪᠣᠯᠤᠭᠰᠠᠨ ᠭᠠᠵᠠᠷ ᠲᠤᠨᠢ ᠲᠣᠭᠲᠠᠭᠠᠯ ᠶᠣᠰᠣᠭᠠᠷ ᠲᠦᠷ ᠴᠠᠭ ᠠᠪᠤᠷᠠᠨ ᠲᠤᠰᠠᠯᠠᠬᠤ ᠪᠤᠶᠤ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠤᠰᠠᠯᠠᠬᠤ ᠪᠠᠷ ᠲᠠᠮᠵᠢᠨ᠂ ᠪᠠᠴᠢᠮ ᠬᠦᠴᠢᠷᠳᠡᠯᠲᠡᠢ ᠨᠡᠶᠢᠭᠡᠮ ᠤᠨ ᠠᠪᠤᠷᠠᠨ ᠲᠤᠰᠠᠯᠠᠯᠲᠠ ᠶᠢ ᠴᠠᠭ ᠲᠤᠬᠠᠢ ᠳᠤᠨᠢ ᠣᠯᠭᠤᠬᠤ ᠬᠡᠷᠡᠭᠲᠡᠢ᠃ ᠡᠭᠦᠨ ᠤ ᠬᠠᠮᠲᠤ᠂ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠪᠤᠰᠤᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠨᠢᠭᠦᠯᠡᠰᠦᠩᠭᠦᠢ ᠶᠢᠨ ᠬᠠᠪᠰᠤᠷᠤᠨ ᠲᠡᠳᠬᠦᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠭᠡᠵᠦ ᠲᠣᠳᠣᠷᠬᠠᠶᠢᠯᠠᠪᠠ᠃    ︽ᠰᠠᠨᠠᠯ︾ ᠳᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠦᠷᠦᠭᠦᠯᠡᠨ ᠬᠢᠬᠦ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠤᠯᠴᠠᠬᠤ ᠠᠵᠢᠯ ᠤᠨ ᠲᠣᠭᠲᠠᠴᠠ ᠶᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠯᠪᠤᠭᠠᠯᠠᠨ ᠬᠠᠮᠵᠢᠯᠴᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠲᠤᠭ᠎ᠠ ᠪᠠᠷᠢᠮᠲᠠ ᠶᠢᠨ ᠬᠤᠷᠢᠭ᠎ᠠ ᠪᠠᠬᠢᠯᠡᠯᠲᠡ ᠶᠢ ᠨᠡᠪᠲᠡᠷᠡᠭᠦᠯᠦᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠤᠨ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠪᠠ ᠳᠡᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号