ᠵᠢᠷᠦᠬᠡ ᠶᠢ ᠬᠥᠮᠥᠨ ᠤ ᠪᠡᠶ᠎ᠡ ᠶᠢᠨ ᠬᠥᠳᠡᠯᠭᠡᠭᠦᠷ ᠭᠡᠳᠡᠭ᠂ ᠵᠢᠷᠦᠬᠡ ᠬᠡᠪ ᠤᠨ ᠪᠠᠶᠢᠳᠠᠯ ᠢᠶᠠᠷ ᠠᠵᠢᠯᠯᠠᠪᠠᠯ ᠰᠠᠶ᠋ᠢ | ᠪᠦᠭᠦ ᠪᠡᠶ᠎ᠡ ᠶᠢᠨ ᠡᠯ᠎ᠡ ᠡᠷᠬᠡᠲᠡᠨ ᠳᠤ ᠭᠦᠢᠴᠡᠳ ᠬᠡᠮᠵᠢᠶᠡᠨ ᠤ ᠴᠢᠰᠤ ᠪᠠ ᠰᠢᠮ᠎ᠡ ᠲᠡᠵᠢᠭᠡᠯ ᠬᠠᠩᠭᠠᠵᠤ᠂ ᠪᠢᠳᠡ ᠰᠠᠶ᠋ᠢ | ᠣᠷᠣᠰᠢᠨ ᠲᠣᠭᠲᠠᠨᠢᠵᠤ ᠴᠢᠳᠠᠨ᠎ᠠ᠃ ᠵᠢᠷᠦᠬᠡᠨ ᠳᠤ ᠪᠠᠰᠠ ᠥᠪᠡᠷ ᠤᠨ ᠳᠤᠷ᠎ᠠ ᠦᠭᠡᠢ ᠵᠦᠢᠯ ᠪᠠᠶᠢᠳᠠᠭ᠂ ᠡᠶᠢᠮᠦ | ᠪᠣᠯᠬᠤᠷ ᠪᠢᠳᠡ ᠡᠳᠡᠭᠡᠷ ᠢ ᠣᠶᠢᠯᠠᠭᠠᠵᠤ᠂ ᠡᠳᠦᠷ ᠳᠤᠳᠤᠮ ᠤᠨ ᠠᠮᠢᠳᠤᠷᠠᠯ ᠳᠤᠮᠳᠠ ᠪᠠᠨ ᠠᠩᠬᠠᠷᠤᠨ᠂ ᠵᠢᠷᠦᠬᠡ ᠪᠠᠨ | ᠰᠠᠶᠢᠲᠤᠷ ᠬᠠᠮᠠᠭᠠᠯᠠᠪᠠᠯ ᠵᠣᠬᠢᠨ᠎ᠠ᠃ | ᠦᠷᠭᠦᠯᠵᠢ ᠲᠠᠮᠠᠬᠢ ᠲᠠᠲᠠᠬᠤ | ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠬᠤ ᠪᠣᠯ ᠵᠢᠷᠦᠬᠡᠨ ᠪᠤᠯᠴᠢᠩ ᠤᠨ ᠲᠦᠭᠵᠢᠷᠡᠯ ᠡᠭᠦᠰᠬᠡᠬᠦ | ᠠᠶᠤᠯᠲᠤ ᠡᠯᠧᠮᠧᠨ᠋ᠲ ᠤᠨ ᠨᠢᠭᠡ ᠮᠥᠨ᠃ ᠲᠠᠮᠠᠬᠢ ᠲᠠᠲᠠᠭᠴᠢ ᠶᠢᠨ ᠲᠠᠮᠠᠬᠢᠨ ᠰᠢᠨᠤᠯ ᠨᠢ ᠬᠡᠳᠦᠢ ᠶᠡᠭᠡ᠂ ᠲᠠᠮᠠᠬᠢ | ᠲᠠᠲᠠᠭᠰᠠᠨ ᠬᠤᠭᠤᠴᠠᠭ᠎ᠠ ᠨᠢ ᠬᠡᠳᠦᠢ ᠤᠷᠲᠤ ᠪᠣᠯ ᠵᠢᠷᠦᠬᠡᠨ ᠲᠢᠲᠢᠮ ᠤᠨ ᠡᠪᠡᠳᠴᠢᠨ ᠳᠤ ᠨᠡᠷᠪᠡᠭᠳᠡᠬᠦ ᠪᠠ ᠦᠬᠦᠬᠦ | ᠨᠤᠷᠮ᠎ᠠ ᠨᠢ ᠲᠡᠳᠦᠢ ᠥᠨᠳᠥᠷ ᠪᠠᠶᠢᠳᠠᠭ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠪᠦᠭᠦ ᠳᠡᠯᠡᠬᠡᠢ ᠳᠤ ᠵᠢᠯ | ᠪᠦᠷᠢ ᠪᠠᠷᠤᠭ 190 ᠲᠦᠮᠡᠨ ᠬᠥᠮᠥᠨ ᠲᠠᠮᠠᠬᠢ ᠲᠠᠲᠠᠬᠤ ᠪᠤᠶᠤ ᠳᠠᠮ ᠤᠨ ᠲᠠᠮᠠᠬᠢ ᠲᠠᠲᠠᠭᠰᠠᠨ ᠠᠴᠠ ᠪᠣᠯᠵᠤ | ᠵᠢᠷᠦᠬᠡᠨ ᠲᠢᠲᠢᠮ ᠤᠨ ᠡᠪᠡᠳᠴᠢᠨ ᠢᠶᠠᠷ ᠠᠮᠢ ᠨᠠᠰᠤ ᠪᠠᠨ ᠠᠯᠳᠠᠵᠤ᠂ ᠪᠠᠷᠤᠭ ᠪᠦᠭᠦ ᠳᠡᠯᠡᠬᠡᠢ ᠶᠢᠨ ᠵᠢᠷᠦᠬᠡᠨ ᠲᠢᠲᠢᠮ | ᠤᠨ ᠡᠪᠡᠳᠴᠢᠨ ᠢᠶᠠᠷ ᠦᠬᠦᠭᠰᠡᠳ ᠤᠨ ᠲᠠᠪᠤᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ | ᠲᠠᠮᠠᠬᠢᠨ ᠳᠠᠬᠢ ᠨᠢᠺᠦᠲ᠋ᠢᠨ ᠪᠣᠯᠣᠨ ᠨᠡᠭᠦᠷᠡᠰᠦᠲᠥ᠋ᠷᠥᠭᠴᠢ ᠶᠢᠨ ᠳᠠᠩ ᠢᠰᠦᠯ ᠨᠢ ᠴᠢᠰᠤᠨ ᠰᠤᠳᠠᠯ ᠤᠨ | ᠬᠠᠨ᠎ᠠ ᠶᠢ ᠡᠪᠳᠡᠬᠦ ᠶᠢᠨ ᠬᠠᠮᠲᠤ ᠴᠢᠰᠤᠨ ᠳᠠᠷᠤᠯᠲᠠ ᠶᠢ ᠥᠨᠳᠥᠷᠵᠢᠭᠦᠯᠵᠦ᠂ ᠯᠤᠭᠰᠢᠭᠤᠨ ᠰᠤᠳᠠᠯ ᠢ | ᠥᠭᠡᠬᠦᠵᠢᠭᠦᠯᠦᠨ ᠬᠠᠲᠠᠭᠤᠷᠠᠭᠤᠯᠳᠠᠭ᠃ ᠲᠠᠮᠠᠬᠢ ᠪᠠᠨ ᠵᠣᠬᠰᠣᠬᠤ ᠨᠢ ᠵᠢᠷᠦᠬᠡᠨ ᠤ ᠴᠢᠰᠤᠨ ᠰᠤᠳᠠᠯ ᠳᠤ ᠮᠠᠰᠢ | ᠲᠦᠷᠭᠡᠨ ᠢᠶᠠᠷ ᠮᠡᠳᠡᠭᠳᠡᠵᠦ᠂ ᠵᠣᠭᠰᠣᠭᠰᠠᠨ ᠤ ᠳᠠᠷᠠᠭᠠᠬᠢ ᠨᠢᠭᠡ ᠡᠳᠦᠷ ᠤᠨ ᠳᠣᠲᠣᠷ᠎ᠠ ᠵᠢᠷᠦᠬᠡᠨ ᠤ ᠳᠠᠪᠲᠠᠮᠵᠢ ᠪᠠ | ᠴᠢᠰᠤᠨ ᠳᠠᠷᠤᠯᠲᠠ ᠶᠢ ᠳᠣᠷᠣᠭᠰᠢᠯᠠᠭᠤᠯᠵᠤ᠂ ᠴᠢᠰᠤᠨ ᠤ ᠨᠡᠭᠦᠷᠡᠰᠦᠲᠥ᠋ᠷᠥᠭᠴᠢ ᠶᠢᠨ ᠳᠠᠩ ᠢᠰᠦᠯ ᠤᠨ ᠬᠡᠮᠵᠢᠶ᠎ᠡ ᠶᠢ | ᠬᠡᠪ ᠤᠨ ᠪᠠᠶᠢᠳᠠᠯ ᠳᠤ ᠣᠷᠣᠭᠤᠯᠤᠨ᠎ᠠ᠃ ᠲᠠᠮᠠᠬᠢ ᠪᠠᠨ ᠵᠣᠭᠰᠣᠭᠠᠳ1 ᠵᠢᠯ ᠪᠣᠯᠪᠠᠯ᠂ ᠵᠢᠷᠦᠬᠡᠨ ᠲᠢᠲᠢᠮ ᠤᠨ | ᠡᠪᠡᠳᠴᠢᠨ ᠳᠤ ᠨᠡᠷᠪᠡᠭᠳᠡᠬᠦ ᠠᠶᠤᠯ ᠨᠢ ᠵᠥᠪᠭᠡᠨ ᠲᠠᠮᠠᠬᠢ ᠲᠠᠲᠠᠭᠴᠢ ᠶᠢᠨ ᠬᠠᠭᠠᠰ ᠯᠠ ᠪᠠᠶᠢᠵᠤ᠂ ᠲᠠᠮᠠᠬᠢ ᠪᠠᠨ | ᠵᠣᠭᠰᠣᠭᠠᠳ15 ᠵᠢᠯ ᠪᠣᠯᠪᠠᠯ᠂ ᠶᠡᠷᠦ ᠠᠴᠠ ᠲᠠᠮᠠᠬᠢ ᠲᠠᠲᠠᠭ᠎ᠠ ᠦᠭᠡᠢ ᠬᠥᠮᠥᠨ ᠤ ᠬᠡᠮᠵᠢᠶᠡᠨ ᠳᠤ ᠭᠦᠷᠲᠡᠯ᠎ᠡ | ᠳᠣᠷᠣᠭᠰᠢᠯᠠᠨ᠎ᠠ᠃ | ᠡᠶᠢᠮᠦ ᠠᠴᠠ ᠵᠢᠷᠦᠬᠡ ᠪᠠᠨ ᠬᠠᠮᠠᠭᠠᠯᠠᠶ᠎ᠠ ᠭᠡᠪᠡᠯ ᠲᠠᠮᠠᠬᠢ ᠪᠢᠲᠡᠭᠡᠢ ᠲᠠᠲᠠᠭᠠᠷᠠᠢ᠃ | ᠬᠡᠵᠢᠶᠡᠳᠡ ᠬᠡᠲᠦᠷᠡᠲᠡᠯ᠎ᠡ ᠢᠳᠡᠵᠦ ᠤᠤᠭᠤᠬᠤ | ᠵᠠᠷᠢᠮ ᠬᠥᠮᠥᠰ ᠦᠷᠭᠦᠯᠵᠢ ᠬᠡᠲᠦᠷᠡᠲᠡᠯ᠎ᠡ ᠢᠳᠡᠵᠦ ᠤᠤᠭᠤᠳᠠᠭ᠃ ᠬᠡᠲᠦᠷᠡᠲᠡᠯ᠎ᠡ ᠢᠳᠡᠬᠦ ᠨᠢ ᠢᠯᠠᠩᠭᠤᠶ᠎ᠠ | ᠲᠣᠰᠣᠯᠢᠭ ᠢᠳᠡᠭᠡᠨ ᠢ ᠶᠡᠭᠡ ᠬᠡᠮᠵᠢᠶ᠎ᠡ ᠪᠠᠷ ᠢᠳᠡᠪᠡᠯ ᠴᠢᠰᠤᠨ ᠤ ᠤᠷᠤᠰᠬᠠᠯ ᠤᠨ ᠬᠤᠷᠳᠤᠴᠠ ᠶᠢ | ᠤᠳᠠᠭᠠᠰᠢᠷᠠᠭᠤᠯᠵᠤ᠂ ᠵᠢᠷᠦᠬᠡᠨ ᠤ ᠳᠠᠷᠤᠭᠠᠰᠤ ᠶᠢ ᠬᠦᠨᠳᠦᠷᠡᠭᠦᠯᠵᠦ᠂ ᠪᠠᠰᠠ ᠴᠢᠰᠤᠨ ᠢᠯᠲᠠᠰᠤ ᠶᠢᠨ ᠪᠥᠭᠡᠮᠨᠡᠷᠡᠬᠦ | ᠴᠢᠨᠠᠷ ᠢ ᠨᠡᠮᠡᠭᠳᠡᠭᠦᠯᠵᠦ᠂ ᠲᠦᠷᠭᠡᠨ ᠴᠢᠨᠠᠷᠲᠠᠢ ᠵᠢᠷᠦᠬᠡᠨ ᠪᠤᠯᠴᠢᠩ ᠤᠨ ᠲᠦᠭᠵᠢᠷᠡᠯ ᠢ ᠠᠮᠠᠷᠬᠠᠨ ᠡᠭᠦᠰᠬᠡᠨ᠎ᠡ᠃ | ᠡᠭᠦᠨ ᠠᠴᠠ ᠭᠠᠳᠠᠨ᠎ᠠ᠂ ᠬᠡᠲᠦᠷᠡᠲᠡᠯ᠎ᠡ ᠠᠷᠢᠬᠢ ᠤᠤᠭᠤᠬᠤ ᠨᠢ ᠵᠢᠷᠦᠬᠡᠨ ᠴᠣᠬᠢᠯᠭ᠎ᠠ ᠶᠢ ᠲᠦᠷᠭᠡᠳᠬᠡᠵᠦ᠂ ᠴᠢᠰᠤᠨ | ᠳᠠᠷᠤᠯᠲᠠ ᠶᠢ ᠥᠨᠳᠥᠷᠵᠢᠭᠦᠯᠬᠦ ᠶᠢᠨ ᠬᠠᠮᠲᠤ ᠵᠢᠷᠦᠬᠡᠨ ᠴᠣᠬᠢᠯᠭ᠎ᠠ ᠬᠡᠪ ᠤᠨ ᠪᠠᠶᠢᠳᠠᠯ ᠢᠶᠠᠨ ᠠᠯᠳᠠᠳᠠᠭ᠃ | ᠡᠶᠢᠮᠦ ᠠᠴᠠ ᠲᠤᠯᠤᠭᠠᠨ ᠬᠤᠪᠢ ᠶᠢᠨ ᠴᠠᠳᠬᠤᠯᠠᠩ᠂ ᠬᠠᠷᠠᠰᠣ ᠢᠳᠡᠭᠡᠨ ᠤᠮᠳᠠᠭᠠᠨ ᠪᠣᠯ ᠡᠷᠡᠭᠦᠯ ᠢᠳᠡᠭᠡᠨ | ᠤᠮᠳᠠᠭᠠᠨ ᠤ ᠦᠨᠳᠦᠰᠦᠨ ᠵᠠᠷᠴᠢᠮ ᠮᠥᠨ᠂ ᠠᠷᠢᠬᠢ ᠤᠤᠭᠤᠬᠤ ᠦᠭᠡᠢ ᠨᠢ ᠬᠠᠮᠤᠭ ᠤᠨ ᠰᠠᠶᠢᠨ᠂ ᠢᠯᠠᠩᠭᠤᠶ᠎ᠠ | ᠤᠳᠠᠭᠠᠨ ᠴᠢᠨᠠᠷᠲᠠᠢ ᠡᠪᠡᠳᠴᠢᠨ ᠪᠤᠶᠤ ᠡᠮ ᠤᠤᠭᠤᠵᠤ ᠪᠠᠶᠢᠭ᠎ᠠ ᠬᠥᠮᠥᠰ ᠶᠠᠭᠠᠬᠢᠭᠰᠠᠨ ᠴᠤ ᠠᠷᠢᠬᠢ ᠤᠤᠭᠤᠵᠤ | ᠪᠤᠯᠬᠤ ᠦᠭᠡᠢ᠃ | ᠬᠥᠳᠡᠯᠬᠦ ᠦᠭᠡᠢ ᠤᠳᠠᠭᠠᠨ ᠰᠠᠭᠤᠬᠤ | ᠴᠥᠭᠡᠨ ᠪᠤᠰᠤ ᠬᠥᠮᠥᠰ ᠠᠵᠢᠯ ᠳᠠᠭᠠᠨ ᠭᠠᠷᠬᠤ ᠳᠠᠭᠠᠨ ᠺᠤᠮᠫᠢᠦ᠋ᠲ᠋ᠧᠷ ᠤᠨ ᠡᠮᠦᠨ᠎ᠡ ᠰᠠᠭᠤᠵᠤ᠂ | ᠠᠵᠢᠯ ᠠᠴᠠ ᠪᠠᠨ ᠪᠠᠭᠤᠪᠠᠯ ᠱᠠᠹᠠ ᠳᠡᠭᠡᠷ᠎ᠡ ᠬᠡᠪᠲᠡᠵᠦ᠂ ᠡᠳᠦᠷ ᠪᠦᠷᠢ 6 ᠴᠠᠭ ᠠᠴᠠ ᠢᠯᠡᠭᠦᠦ ᠰᠠᠭᠤᠳᠠᠭ᠂ ᠡᠨᠡ ᠨᠢ | ᠡᠷᠡᠭᠦᠯ ᠮᠡᠨᠳᠦ ᠳᠤ ᠲᠤᠶᠢᠯ ᠤᠨ ᠠᠰᠢᠭ ᠦᠭᠡᠢ ᠪᠠᠶᠢᠳᠠᠭ᠃ | ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠲᠡᠳᠡᠭᠡᠷ ᠪᠦᠷᠢᠮᠦᠰᠦᠨ ᠬᠥᠳᠡᠯᠭᠡᠭᠡᠨ ᠬᠢᠬᠦ ᠦᠭᠡᠢ᠂ ᠡᠳᠦᠷ ᠪᠦᠷᠢ 8 | ᠴᠠᠭ ᠠᠴᠠ ᠢᠯᠡᠭᠦᠦ ᠤᠳᠠᠭᠠᠨ ᠰᠠᠭᠤᠭᠰᠠᠨ ᠬᠥᠮᠥᠰ ᠢ ᠴᠥᠭᠡᠨ ᠰᠠᠭᠤᠭᠰᠠᠨ ᠪᠥᠭᠡᠳ ᠢᠯᠡᠭᠦᠦ ᠬᠥᠳᠡᠯᠦᠭᠰᠡᠨ | ᠬᠥᠮᠥᠰ ᠲᠠᠢ ᠠᠳᠠᠯᠢᠳᠬᠠᠪᠠᠯ᠂ ᠦᠬᠦᠬᠦ ᠨᠤᠷᠮ᠎ᠠ ᠨᠢ 80% ᠪᠠᠷ ᠨᠡᠮᠡᠭᠳᠡᠳᠡᠭ᠃ ᠭᠡᠪᠡᠴᠦ ᠭᠦᠢᠴᠡᠳ ᠬᠡᠮᠵᠢᠶᠡᠨ ᠤ | ᠲᠠᠮᠢᠷ ᠤᠨ ᠪᠣᠯᠪᠠᠰᠤᠷᠠᠯ ᠨᠢ ᠨᠢᠭᠡ ᠪᠦᠯᠦᠭ ᠤᠳᠠᠭᠠᠨ ᠰᠠᠭᠤᠭᠰᠠᠨ ᠠᠴᠠ ᠪᠣᠯᠤᠭᠰᠠᠨ ᠬᠤᠣᠷ ᠬᠥᠨᠥᠭᠡᠯ ᠢ | ᠠᠷᠢᠯᠭᠠᠵᠤ ᠳᠡᠶᠢᠯᠳᠡᠭ᠃ | ᠡᠶᠢᠮᠦ ᠠᠴᠠ ᠲᠠ ᠪᠦᠭᠦᠨ ᠳᠤ ᠨᠢᠭᠡ ᠴᠠᠭ ᠠᠯᠤᠰᠯᠠᠬᠤ ᠪᠦᠷᠢ ᠪᠣᠰᠴᠤ ᠬᠥᠳᠡᠯᠬᠦ ᠶᠢᠨ ᠬᠠᠮᠲᠤ ᠬᠡᠰᠡᠭ ᠪᠤᠰᠠᠭ | ᠴᠠᠭ ᠢ ᠠᠰᠢᠭᠯᠠᠨ ᠪᠣᠯᠪᠠᠰᠤᠷᠠᠵᠤ᠂ ᠨᠠᠰᠤᠨ ᠳᠤ ᠭᠦᠷᠦᠭᠰᠡᠳ ᠭᠠᠷᠠᠭ ᠪᠦᠷᠢ ᠴᠢᠳᠠᠬᠤ ᠶᠢᠨ ᠳᠣᠲᠣᠷ᠎ᠠ 150 ᠠᠴᠠ | 300 ᠮᠢᠨᠦ᠋ᠲ ᠤᠨ ᠳᠤᠮᠳᠠ ᠵᠡᠷᠭᠡ ᠶᠢᠨ ᠬᠦᠴᠦᠯᠡᠴᠡ ᠲᠠᠢ ᠪᠤᠶᠤ 75 ᠠᠴᠠ 150 ᠮᠢᠨᠦ᠋ᠲ ᠤᠨ ᠥᠨᠳᠥᠷ | ᠬᠦᠴᠦᠯᠡᠴᠡ ᠲᠠᠢ ᠬᠦᠴᠢᠯᠲᠥ᠋ᠷᠥᠭᠴᠢᠲᠦ ᠬᠥᠳᠡᠯᠭᠡᠭᠡᠨ ᠬᠢᠬᠦ ᠶᠢ ᠰᠠᠨᠠᠭᠤᠯᠤᠶ᠎ᠠ᠃ | ᠤᠷᠳᠤ ᠬᠤᠭᠤᠴᠠᠭ᠎ᠠ ᠪᠠᠷ ᠨᠣᠶᠢᠷ ᠳᠤᠲᠠᠭᠤᠳᠠᠬᠤ | ᠵᠠᠷᠢᠮ ᠬᠥᠮᠥᠨ ᠠᠵᠢᠯᠯᠠᠬᠤ ᠶᠢᠨ ᠲᠥᠯᠥᠭᠡ ᠰᠥᠨᠢᠵᠢᠨ ᠰᠠᠭᠤᠳᠠᠭ᠂ ᠭᠡᠪᠡᠴᠦ ᠨᠡᠩ ᠣᠯᠠᠨ ᠬᠥᠮᠥᠨ ᠭᠠᠷ | ᠤᠲᠠᠰᠤ ᠨᠠᠭᠠᠳᠬᠤ᠂ ᠲᠣᠭᠯᠠᠭᠠᠮ ᠨᠠᠭᠠᠳᠬᠤ ᠶᠢᠨ ᠲᠥᠯᠥᠭᠡ ᠰᠥᠨᠢᠵᠢᠨ ᠰᠠᠭᠤᠳᠠᠭ᠃ ᠤᠷᠲᠤ ᠬᠤᠭᠤᠴᠠᠭ᠎ᠠ ᠨᠣᠶᠢᠷ | ᠬᠦᠷᠦᠯᠴᠡᠬᠦ ᠦᠭᠡᠢ ᠠᠴᠠ ᠪᠣᠯᠵᠤ᠂ ᠴᠢᠰᠤᠨ ᠳᠣᠲᠣᠷᠠᠬᠢ ᠦᠷᠪᠢᠰᠦᠯ ᠤᠨ ᠨᠥᠯᠥᠭᠡᠯᠡᠭᠴᠢ ᠶᠢᠨ ᠴᠤᠭᠯᠠᠷᠠᠯ ᠢ | ᠡᠭᠦᠰᠬᠡᠵᠦ᠂ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠯ ᠢ ᠡᠭᠦᠰᠬᠡᠵᠦ᠂ ᠵᠢᠷᠦᠬᠡᠨ ᠤ ᠳᠠᠮᠵᠢᠭᠤᠯᠬᠤ | ᠰᠢᠰᠲ᠋ᠧᠮ ᠢ ᠨᠥᠯᠥᠭᠡᠯᠡᠨ᠂ ᠵᠢᠷᠦᠬᠡᠨ ᠤ ᠠᠶᠢᠵᠠᠮ ᠬᠡᠪ ᠤᠨ ᠪᠠᠶᠢᠳᠠᠯ ᠢᠶᠠᠨ ᠠᠯᠳᠠᠬᠤ ᠵᠡᠷᠭᠡ ᠪᠠᠶᠢᠳᠠᠯ ᠢ ᠪᠤᠢ | ᠪᠣᠯᠭᠠᠳᠠᠭ᠃ | ᠶᠠᠷᠢᠶᠠᠨ ᠦᠭᠡᠢ ᠨᠣᠶᠢᠷ ᠬᠦᠷᠦᠯᠴᠡᠬᠦ ᠦᠭᠡᠢ ᠪᠤᠶᠤ ᠭᠡᠳᠦ ᠤᠨᠲᠠᠬᠤ ᠨᠢ ᠪᠦᠷ ᠵᠢᠷᠦᠬᠡ ᠴᠢᠰᠤᠨ ᠰᠤᠳᠠᠯ ᠤᠨ | ᠡᠪᠡᠳᠴᠢᠨ ᠡᠭᠦᠰᠬᠦ ᠠᠶᠤᠯ ᠲᠦᠭᠰᠢᠭᠦᠷᠢ ᠶᠢ ᠨᠡᠮᠡᠭᠳᠡᠭᠦᠯᠦᠨ᠎ᠡ᠃ ᠡᠶᠢᠮᠦ ᠠᠴᠠ ᠡᠷᠡᠭᠦᠯ ᠤᠨᠲᠠᠬᠤ ᠠᠷᠭ᠎ᠠ ᠮᠠᠶ᠋ᠢᠭ ᠨᠢ | ᠵᠢᠷᠦᠬᠡ ᠴᠢᠰᠤᠨ ᠰᠤᠳᠠᠯ ᠤᠨ ᠡᠷᠡᠭᠦᠯ ᠮᠡᠨᠳᠦ ᠳᠤ ᠠᠰᠢᠭᠲᠠᠢ ᠪᠠᠶᠢᠳᠠᠭ᠂ ᠲᠠ ᠪᠦᠭᠦᠨ ᠳᠤ ᠣᠷᠣᠢ ᠪᠦᠷᠢ 10:00 | ᠠᠴᠠ 11:00 ᠴᠠᠭ ᠤᠨ ᠬᠤᠭᠤᠷᠣᠨᠳᠤ ᠤᠨᠲᠠᠵᠤ᠂ ᠡᠳᠦᠷ ᠪᠦᠷᠢ 7-9 ᠴᠠᠭ ᠤᠨᠲᠠᠵᠤ᠂ ᠤᠨᠲᠠᠬᠤ ᠪᠠ ᠪᠤᠰᠬᠤ | ᠴᠠᠭ ᠢᠶᠠᠨ ᠴᠢᠳᠠᠬᠤ ᠶᠢᠨ ᠬᠢᠷᠢ ᠪᠠᠷ ᠵᠢᠮ᠎ᠡ ᠶᠣᠰᠣ ᠲᠠᠢ ᠪᠠᠶᠢᠯᠭᠠᠬᠤ ᠶᠢ ᠰᠠᠨᠠᠭᠤᠯᠵᠤ ᠪᠠᠶᠢᠨ᠎ᠠ᠃ | ᠦᠷᠭᠦᠯᠵᠢ ᠰᠡᠳᠬᠢᠯ ᠤᠨ ᠳᠠᠷᠤᠭᠠᠰᠤ ᠲᠠᠢ ᠪᠠᠶᠢᠬᠤ | ᠭᠡᠨᠡᠳᠲᠡ ᠪᠠᠷ ᠬᠢᠯᠢᠩᠨᠡᠬᠦ ᠪᠤᠶᠤ ᠭᠤᠳᠤᠷᠠᠬᠤ ᠵᠡᠷᠭᠡ ᠲᠦᠷᠭᠡᠨ ᠴᠢᠨᠠᠷᠲᠠᠢ ᠣᠶᠤᠨ ᠰᠠᠨᠠᠭᠠᠨ ᠤ ᠳᠠᠷᠤᠯᠲᠠ | ᠪᠤᠶᠤ ᠠᠵᠢᠯ ᠠᠮᠢᠳᠤᠷᠠᠯ ᠠᠴᠠ ᠪᠣᠯᠤᠭᠰᠠᠨ ᠤᠳᠠᠭᠠᠨ ᠴᠢᠨᠠᠷᠲᠠᠢ ᠣᠶᠤᠨ ᠰᠠᠨᠠᠭᠠᠨ ᠤ ᠳᠠᠷᠤᠯᠲᠠ ᠨᠢ ᠪᠦᠷ ᠪᠡᠶ᠎ᠡ | ᠮᠠᠬᠠᠪᠤᠳ ᠤᠨ ᠳᠠᠷᠤᠯᠲᠠ ᠶᠢᠨ ᠬᠤᠷᠮᠣᠨ ᠢ ᠰᠢᠭᠦᠷᠡᠭᠦᠯᠵᠦ᠂ ᠵᠢᠷᠦᠬᠡᠨ ᠲᠢᠲᠢᠮ ᠤᠨ ᠡᠪᠡᠳᠴᠢᠨ ᠢ ᠡᠭᠦᠰᠬᠡᠵᠦ᠂ ᠪᠠᠰᠠ | ᠴᠢᠰᠤᠨ ᠰᠤᠳᠠᠯ ᠤᠨ ᠠᠪᠴᠢᠯᠲᠠ ᠶᠢ ᠬᠡᠪ ᠤᠨ ᠪᠤᠰᠤ ᠪᠣᠯᠭᠠᠳᠠᠭ᠃ | ᠵᠣᠪᠠᠨᠢᠯ᠂ ᠳᠠᠷᠤᠯᠲᠠ ᠵᠡᠷᠭᠡ ᠨᠠᠵᠠᠭᠠᠢ ᠤᠷᠮ᠎ᠠ ᠰᠡᠳᠬᠢᠯᠭᠡ ᠶᠢᠨ ᠮᠠᠭᠤ ᠨᠥᠯᠥᠭᠡ ᠠᠴᠠ ᠵᠠᠶᠢᠯᠠᠰᠬᠢᠶᠡ ᠭᠡᠪᠡᠯ᠂ | ᠰᠡᠳᠬᠢᠯ ᠰᠠᠨᠠᠭ᠎ᠠ ᠪᠠᠨ ᠵᠣᠬᠢᠴᠠᠭᠤᠯᠬᠤ ᠶᠢ ᠰᠤᠷᠴᠤ᠂ ᠡᠷᠡᠭᠦᠯ ᠴᠢᠭᠢᠷᠠᠭ ᠠᠷᠭ᠎ᠠ ᠪᠠᠷ ᠨᠠᠵᠠᠭᠠᠢ ᠤᠷᠮ᠎ᠠ | ᠰᠡᠳᠬᠢᠯᠭᠡ ᠪᠠᠨ ᠢᠯᠡᠷᠡᠭᠦᠯᠬᠦ ᠬᠡᠷᠡᠭᠲᠡᠢ᠂ ᠵᠢᠱᠢᠶᠡᠯᠡᠪᠡᠯ ᠵᠣᠬᠢᠰᠲᠠᠢ ᠬᠥᠳᠡᠯᠭᠡᠭᠡᠨ ᠬᠢᠬᠦ᠂ ᠰᠠᠶᠢᠨ ᠤᠨᠲᠠᠬᠤ᠂ | ᠪᠠᠶᠢᠭᠠᠯᠢ ᠲᠠᠢ ᠣᠶᠢᠷᠠᠳᠬᠤ ᠵᠡᠷᠭᠡ ᠠᠷᠭ᠎ᠠ ᠨᠢ ᠪᠦᠷ ᠣᠶᠣᠨ ᠰᠠᠨᠠᠭᠠᠨ ᠤ ᠳᠠᠷᠤᠭᠠᠰᠤ ᠶᠢ ᠬᠥᠩᠭᠡᠷᠡᠭᠦᠯᠬᠦ ᠳᠤ | ᠲᠤᠰᠠᠲᠠᠢ ᠶᠤᠮ᠃ |