ᠮᠠᠨ ᠤ ᠣᠷᠣᠨ ᠤ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠡᠬᠡ ᠨᠣᠣᠷᠠᠭ ᠤᠨ ᠬᠢᠨᠠᠨ ᠪᠠᠶᠢᠴᠠᠭᠠᠯᠲᠠ ᠶᠢ ᠥᠩᠭᠡᠷᠡᠭᠦᠯᠵᠡᠢ
ᠨᠡᠶᠢᠲᠡᠯᠡᠭᠰᠡᠨ ᠴᠠᠭ᠄
2023/10/31
   ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠠᠴᠠ ᠬᠠᠷᠢᠭᠤᠴᠠᠨ ᠲᠤᠭᠤᠷᠪᠢᠭᠰᠠᠨ ︽ᠬᠤᠨᠢ ᠦᠬᠡᠷ ᠤᠨ ᠮᠢᠬ᠎ᠠ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ᠪᠣᠯᠣᠨ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠡᠬᠡ ᠨᠣᠣᠷᠠᠭ ᠢ ᠬᠢᠨᠠᠨ ᠪᠠᠶᠢᠴᠠᠭᠠᠬᠤ ᠬᠤᠷᠠᠯ ᠲᠦᠷᠦᠭᠦᠬᠡᠨ ᠭᠦᠭᠡᠬᠤᠲᠠ ᠳᠤ ᠬᠤᠷᠠᠯᠳᠤᠵᠤ᠂ ᠬᠤᠷᠠᠯ ᠠᠴᠠ ᠡᠨᠡ ᠬᠤᠶᠠᠷ ᠵᠦᠢᠯ ᠤᠨ ᠣᠷᠣᠨ ᠨᠤᠲᠤᠭ  ᠤᠨ ᠪᠠᠷᠢᠮᠵᠢᠶᠠᠨ ᠤ ᠡᠭᠦᠷᠭᠡ ᠶᠢᠨ ᠢᠷᠡᠯᠲᠡ ᠲᠣᠳᠣᠷᠬᠠᠢ᠂ ᠪᠠᠶᠢᠴᠠᠭᠠᠨ ᠰᠤᠳᠤᠯᠤᠯᠲᠠ ᠭᠦᠢᠴᠡᠳ᠂ ᠠᠭᠤᠯᠭ᠎ᠠ ᠪᠦᠷᠢᠨ ᠭᠦᠢᠴᠡᠳ᠂ ᠨᠠᠶᠢᠷᠠᠭᠤᠯᠤᠨ ᠪᠢᠴᠢᠭᠰᠡᠨ ᠨᠢ ᠵᠢᠷᠤᠮᠵᠢᠯ ᠲᠠᠢ ᠬᠡᠮᠡᠨ ᠡᠬᠡ ᠨᠣᠣᠷᠠᠭ ᠤᠨ ᠬᠢᠨᠠᠨ ᠪᠠᠶᠢᠴᠠᠭᠠᠯᠲᠠ  ᠶᠢ  ᠪᠠᠲᠤᠯᠠᠬᠤ ᠶᠢ ᠵᠥᠪᠰᠢᠶᠡᠷᠡᠪᠡ᠃    ᠣᠨᠴᠠᠯᠢᠭᠲᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠪᠣᠯ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠣᠨᠴᠠᠯᠢᠭᠲᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠴᠢᠬᠤᠯᠠ ᠠᠵᠢᠯ ᠤᠨ ᠨᠢᠭᠡ ᠪᠣᠯᠣᠨ᠎ᠠ᠂ ᠮᠥᠨ ᠴᠦ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠬᠥᠭᠵᠢᠯᠲᠡ  ᠶᠢᠨ ᠲᠥᠯᠦᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠱᠠᠭᠠᠷᠳᠠᠯᠭ᠎ᠠ ᠶᠢ ᠲᠤᠭᠤᠰᠢᠯᠠᠭᠤᠯᠬᠤ᠂ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ  ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠬᠤᠨᠢ ᠦᠬᠡᠷ ᠤᠨ ᠮᠢᠬ᠎ᠠ ᠶᠢᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾᠂ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠨᠢ ᠮᠠᠨ ᠤ ᠣᠷᠣᠨ ᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠦᠢᠯᠡᠳᠪᠦᠷᠢᠯᠡᠯ ᠤᠨ ᠰᠠᠭᠤᠷᠢᠨ ᠪᠤᠯᠬᠤ ᠠᠵᠤ ᠦᠢᠯᠡᠰ ᠤᠨ ᠣᠨᠴᠠᠯᠢᠭ ᠢ ᠪᠠᠳᠠᠷᠠᠭᠤᠯᠬᠤ᠂ ᠮᠠᠨ ᠤ ᠣᠷᠣᠨ ᠤ ᠬᠤᠨᠢ ᠦᠬᠡᠷ ᠤᠨ ᠮᠢᠬ᠎ᠠ᠂ ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠠᠵᠢᠯ ᠤᠨ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠬᠤ ᠳᠤ ᠮᠠᠰᠢ ᠰᠠᠶᠢᠨ ᠵᠢᠯᠤᠭᠤᠳᠬᠤ ᠦᠢᠯᠡᠳᠦᠯ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号