ᠨᠠᠮᠤᠷ ᠤᠨ ᠤᠯᠠᠷᠢᠯ ᠳᠤ ᠪᠡᠶ᠎ᠡ ᠰᠤᠪᠢᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2023/10/31
   ᠨᠠᠮᠤᠷ ᠤᠨ ᠤᠯᠠᠷᠢᠯ ᠳᠤ ᠡᠳᠦᠷ ᠰᠥᠨᠢ ᠶᠢᠨ ᠠᠭᠠᠷ ᠤᠨ ᠳᠤᠯᠠᠭᠠᠨ ᠤ ᠵᠥᠷᠢᠶ᠎ᠡ ᠶᠡᠬᠡᠰᠴᠦ᠂ ᠢᠯᠠᠩᠭᠤᠶ᠎ᠠ ᠤᠮᠠᠷᠠᠲᠤ ᠣᠷᠣᠨ  ᠳᠤ ᠨᠠᠩ ᠢᠯᠡᠷᠬᠡᠢ ᠮᠡᠳᠡᠷᠡᠭᠳᠡᠳᠡᠭ᠃ ᠣᠷᠴᠢᠨ ᠲᠣᠭᠤᠷᠢᠨ  ᠤ ᠳᠤᠯᠠᠭᠠᠨ ᠤ ᠬᠤᠪᠢᠷᠠᠯᠲᠠ ᠨᠢ ᠪᠡᠶ᠎ᠡ ᠮᠠᠬᠠᠪᠤᠳ  ᠢ ᠨᠥᠯᠥᠭᠡᠯᠡᠳᠡᠭ ᠪᠣᠯᠬᠤᠷ ᠪᠡᠶ᠎ᠡ   ᠪᠠᠨ ᠰᠤᠪᠢᠯᠠᠬᠤ  ᠳᠤ ᠬᠠᠨᠳᠤᠯᠭ᠎ᠠ   ᠲᠠᠢ ᠪᠠᠶᠢᠬᠤ ᠬᠡᠷᠡᠭᠲᠡᠢ᠃    ᠲᠠᠭᠠᠷᠠᠬᠤ ᠠᠴᠠ ᠰᠡᠷᠭᠡᠶᠢᠯᠡᠬᠦ᠃ ᠨᠠᠮᠤᠷ ᠤᠨ ᠤᠯᠠᠷᠢᠯ ᠳᠤ ᠳᠤᠯᠠᠭᠠᠯᠠᠬᠤ ᠶᠢ ᠠᠩᠬᠠᠷᠬᠤ ᠦᠭᠡᠢ ᠪᠣᠯ ᠬᠦᠢᠲᠡᠨ ᠠᠭᠠᠷ ᠠᠷᠠᠰᠤᠨ ᠳᠤ ᠰᠡᠳᠦᠯᠲᠡ ᠥᠭᠴᠦ᠂ ᠬᠥᠮᠥᠨ ᠤ ᠪᠡᠶ᠎ᠡ ᠵᠢᠩᠭᠢᠨᠡᠬᠦ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠵᠤ᠂ ᠬᠦᠢᠲᠡᠨ ᠭᠡᠮ ᠰᠣᠭᠤᠭ ᠢ ᠡᠰᠡᠷᠭᠦᠴᠡᠬᠦ ᠴᠢᠳᠠᠯ ᠦᠭᠡᠢ ᠪᠣᠯᠵᠤ᠂ ᠠᠭᠤᠰᠬᠢ ᠪᠠ ᠠᠮᠢᠰᠬᠤᠯ ᠤᠨ ᠵᠠᠮ ᠤᠨ ᠡᠪᠡᠳᠴᠢᠨ ᠳᠤ ᠠᠮᠠᠷᠬᠠᠨ ᠨᠡᠷᠪᠡᠭᠳᠡᠬᠦ ᠪᠣᠯᠣᠨ᠎ᠠ᠃ ᠡᠶᠢᠮᠦ ᠪᠣᠯᠬᠤᠷ ᠥᠷᠯᠥᠭᠡ ᠣᠷᠣᠢ ᠳᠠᠭᠠᠨ ᠬᠤᠪᠴᠠᠰᠤ ᠬᠤᠨᠠᠷ ᠭᠦᠨᠵᠢᠯᠡ ᠳᠡᠪᠢᠰᠬᠡᠷ ᠢᠶᠠᠨ ᠵᠤᠵᠠᠭᠠᠯᠠᠬᠤ ᠶᠢ ᠰᠠᠨᠠᠭᠤᠯᠤᠶ᠎ᠠ᠂ ᠨᠢᠷᠤᠭᠤ ᠴᠡᠭᠡᠵᠢ ᠪᠠᠨ ᠢᠯᠡ ᠭᠠᠷᠭᠠᠵᠤ ᠪᠤᠯᠬᠤ ᠦᠭᠡᠢ᠃ ᠤᠨᠲᠠᠵᠤ ᠬᠡᠪᠲᠡᠬᠦ ᠳᠡᠭᠡᠨ ᠰᠡᠷᠢᠭᠦᠨ ᠪᠠᠶᠢᠬᠤ ᠳᠤ ᠬᠤᠪᠳᠣᠭᠯᠠᠵᠤ ᠪᠤᠯᠬᠤ ᠦᠭᠡᠢ᠂ ᠴᠣᠩᠬᠤ ᠪᠣᠯᠣᠨ ᠠᠭᠠᠷ ᠲᠣᠬᠢᠷᠠᠭᠤᠯᠤᠭᠴᠢ ᠪᠠᠨ ᠬᠠᠭᠠᠵᠤ᠂ ᠤᠷᠲᠤ ᠥᠮᠥᠳᠦ ᠬᠤᠪᠴᠠᠰᠤ ᠡᠮᠦᠰᠴᠦ ᠤᠨᠲᠠᠪᠠᠯ ᠵᠣᠬᠢᠨ᠎ᠠ᠃    ᠬᠠᠭᠤᠷᠠᠢ ᠶᠢ ᠰᠡᠷᠭᠡᠶᠢᠯᠡᠬᠦ᠃ ᠨᠠᠮᠤᠷ ᠬᠠᠭᠤᠷᠠᠶᠢᠳᠠᠪᠠᠯ ᠬᠥᠮᠥᠨ ᠤ ᠪᠡᠶ᠎ᠡ ᠳᠤ ᠠᠮᠠᠷᠬᠠᠨ ᠠᠮᠠ ᠬᠠᠲᠠᠬᠤ᠂ ᠤᠷᠤᠭᠤᠯ ᠬᠠᠲᠠᠬᠤ᠂ ᠬᠠᠮᠠᠷ ᠬᠠᠲᠠᠬᠤ᠂ ᠵᠠᠯᠭᠢᠭᠤᠷ ᠬᠠᠲᠠᠬᠤ ᠵᠢᠴᠢ ᠥᠳᠬᠡᠨ ᠮᠥᠷ ᠬᠠᠲᠠᠬᠤ᠂ ᠠᠷᠠᠰᠤ ᠬᠠᠭᠤᠷᠠᠶᠢᠳᠠᠬᠤ ᠵᠡᠷᠭᠡ ᠡᠪᠡᠳᠴᠢᠨ ᠤ ᠢᠯᠡᠷᠡᠯ ᠭᠠᠷᠤᠨ᠎ᠠ᠂ ᠬᠦᠨᠳᠦ ᠨᠢ ᠬᠠᠭᠤᠷᠠᠶᠢᠳᠠᠭᠰᠠᠨ ᠠᠴᠠ ᠪᠣᠯᠵᠤ ᠬᠠᠮᠠᠷ ᠤᠨ ᠬᠥᠨᠳᠡᠢ ᠠᠴᠠ ᠴᠢᠰᠤ ᠭᠠᠷᠤᠨ᠎ᠠ᠃ ᠡᠳᠦᠷ ᠲᠤᠲᠤᠮ ᠤᠨ ᠢᠳᠡᠭᠡᠨ ᠤᠮᠳᠠᠭᠠᠨ ᠳᠤ ᠮᠠᠭᠠᠵᠢ᠂ ᠵᠥᠭᠡᠢ ᠶᠢᠨ ᠪᠠᠯ᠂ ᠡᠯᠵᠢᠭᠡᠨ ᠴᠢᠬᠢ᠂ ᠲᠥᠪᠡᠳ ᠬᠠᠰᠢ᠂ ᠬᠡᠯᠡᠭᠡᠢ ᠰᠠᠷᠠᠨ᠎ᠠ᠂ ᠬᠠᠷ᠎ᠠ ᠭᠦᠢᠯᠡᠰᠦ ᠵᠡᠷᠭᠡ ᠵᠥᠭᠡᠯᠡᠨ ᠢᠳᠡᠭᠡᠨ ᠢᠯᠡᠭᠦᠬᠡᠨ ᠢᠳᠡᠵᠦ᠂ ᠡᠳᠡᠭᠡᠷ ᠢᠳᠡᠭᠡᠨ ᠨᠢ ᠬᠤᠳᠣᠭᠤᠳᠤᠨ ᠳᠤ ᠲᠤᠰᠠᠲᠠᠢ᠂ ᠠᠭᠤᠰᠬᠢ ᠶᠢ ᠰᠢᠮᠡᠵᠢᠭᠦᠯᠳᠡᠭ᠃ ᠪᠠᠰᠠ ᠢᠯᠡᠭᠦᠬᠡᠨ ᠤᠰᠤ ᠤᠤᠭᠤᠬᠤ ᠶᠢ ᠠᠩᠬᠠᠷᠴᠤ᠂ ᠠᠭᠤᠰᠬᠢ ᠪᠣᠯᠣᠨ ᠠᠮᠢᠰᠬᠤᠯ ᠤᠨ ᠵᠠᠮ ᠤᠨ ᠬᠡᠪ ᠤᠨ ᠴᠢᠭᠢᠭᠯᠢᠭ ᠤᠨ ᠬᠡᠮᠵᠢᠶ᠎ᠡ ᠶᠢ ᠪᠠᠲᠤᠯᠠᠬᠤ ᠬᠡᠷᠡᠭᠲᠡᠢ᠃    ᠳᠤᠯᠠᠭᠠᠨ ᠤ ᠵᠥᠷᠢᠶ᠎ᠡ ᠶᠢ ᠰᠡᠷᠭᠡᠶᠢᠯᠡᠬᠦ᠃ ᠨᠠᠮᠤᠷ ᠤᠨ ᠥᠷᠯᠥᠭᠡ ᠣᠷᠣᠢ ᠶᠢᠨ ᠳᠤᠯᠠᠭᠠᠨ ᠤ ᠵᠥᠷᠢᠶ᠎ᠡ ᠶᠡᠭᠡ᠃ ᠵᠢᠷᠦᠬᠡ ᠪᠠᠵᠠᠯᠠᠵᠤ ᠡᠪᠡᠳᠬᠦ ᠴᠢᠨᠠᠭᠰᠢᠯᠠᠨ ᠵᠢᠷᠦᠬᠡᠨ ᠪᠤᠯᠴᠢᠩ ᠤᠨ ᠲᠦᠭᠵᠢᠷᠡᠯ ᠵᠡᠷᠭᠡ ᠵᠢᠷᠦᠬᠡ ᠲᠠᠷᠢᠬᠢᠨ ᠤ ᠴᠢᠰᠤᠨ ᠰᠤᠳᠠᠯ ᠤᠨ ᠲᠦᠷᠭᠡᠨ ᠴᠢᠨᠠᠷᠲᠠᠢ ᠡᠪᠡᠳᠴᠢᠨ ᠳᠤ ᠠᠪᠴᠤ ᠬᠡᠯᠡᠪᠡᠯ᠂ ᠭᠡᠳᠦ ᠬᠦᠢᠲᠡᠨ ᠭᠡᠳᠦ ᠬᠠᠯᠠᠭᠤᠨ ᠨᠢ ᠪᠦᠷ ᠡᠪᠡᠳᠴᠢᠨ ᠡᠭᠦᠰᠬᠡᠬᠦ ᠰᠢᠯᠲᠠᠭᠠᠨ ᠪᠣᠯᠣᠨ᠎ᠠ᠃ ᠡᠶᠢᠮᠦ ᠠᠴᠠ ᠤᠯᠠᠷᠢᠯ ᠰᠣᠯᠢᠭᠳᠠᠬᠤ ᠦᠶ᠎ᠡ ᠳᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠲᠡᠨ ᠨᠡᠩ ᠢᠯᠡᠭᠦᠦ ᠠᠩᠬᠠᠷᠬᠤ ᠬᠡᠷᠡᠭᠲᠡᠢ᠃ᠬᠦᠢᠲᠡᠨ ᠠᠴᠠ ᠰᠡᠷᠭᠡᠶᠢᠯᠡᠨ᠎ᠡ᠃ ᠢᠳᠡᠭᠡᠨ ᠤᠮᠳᠠᠭᠠᠨ ᠤ ᠲᠠᠯ᠎ᠠ ᠪᠠᠷ ᠬᠦᠢᠲᠡᠨ ᠰᠡᠷᠢᠭᠦᠨ ᠪᠠᠶᠢᠬᠤ ᠠᠴᠠ ᠬᠢᠴᠢᠶᠡᠬᠦ ᠬᠡᠷᠡᠭᠲᠡᠢ᠃ ᠴᠠᠭᠠᠨ ᠰᠢᠭᠦᠳᠡᠷᠢ ᠶᠢᠨ ᠳᠠᠷᠠᠭ᠎ᠠ ᠦᠷᠭᠦᠯᠵᠢᠯᠡᠨ ᠶᠡᠭᠡ ᠬᠡᠮᠵᠢᠶᠡᠨ ᠤ ᠭᠤᠸᠠ ᠶᠢᠨ ᠲᠥᠷᠥᠯ ᠤᠨ ᠵᠢᠮᠢᠰ ᠢ ᠲᠦᠭᠦᠬᠡᠢ ᠪᠠᠷ ᠢᠳᠡᠪᠡᠯ ᠠᠮᠠᠷᠬᠠᠨ ᠭᠡᠳᠡᠰᠦᠨ ᠤ ᠡᠪᠡᠳᠴᠢᠨ ᠢ ᠡᠭᠦᠰᠬᠡᠨ᠎ᠡ᠃ ᠡᠭᠦᠨ ᠠᠴᠠ ᠭᠠᠳᠠᠨ᠎ᠠ᠂ ᠬᠦᠢᠲᠡᠨ ᠤᠮᠳᠠᠭᠠᠨ᠂ ᠮᠥᠰᠦᠮᠡᠯᠵᠢ ᠵᠡᠷᠭᠡ ᠶᠢ ᠢᠳᠡᠬᠦ ᠬᠡᠮᠵᠢᠶ᠎ᠡ ᠪᠠᠨ ᠪᠠᠭᠠᠰᠬᠠᠪᠠᠯ ᠵᠣᠬᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号