ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠥᠪ ᠭᠤᠣᠯᠴᠢ ᠪᠠᠷ ᠬᠠᠤᠯᠢ ᠭᠡᠷᠡᠭᠵᠢᠬᠦᠯᠬᠦ ᠶᠢ ᠵᠦᠷᠢᠴᠡᠭᠰᠡᠨ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠬᠦ ᠳᠣᠬᠠᠢ ᠲᠣᠭᠲᠠᠴᠠ
ᠨᠡᠶᠢᠲᠡᠯᠡᠭᠰᠡᠨ ᠴᠠᠭ᠄
2023/10/8
    ᠨᠢᠭᠡᠳᠦᠭᠡᠷ ᠵᠦᠢᠯ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ ᠶᠢᠨ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠭᠡᠳᠡᠭ ᠪᠣᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠮᠠᠨ ᠤ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠬᠢᠬᠦ ᠦᠭᠡᠢ ᠪᠤᠶᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠳᠠᠭᠠᠰᠢᠷᠠᠭᠤᠯᠤᠭᠰᠠᠨ ᠭᠡᠵᠦ ᠦᠵᠡᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠦᠭᠡᠢ ᠪᠠᠷ ᠬᠠᠤᠯᠢ ᠬᠡᠷᠡᠭᠵᠢᠭᠦᠯᠬᠦ ᠠᠵᠢᠯᠯᠠᠭ᠎ᠠ ᠬᠢᠬᠦ ᠪᠤᠶᠤ ᠬᠠᠤᠯᠢ ᠶᠢ ᠵᠥᠷᠢᠴᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠬᠡᠷᠡᠭᠯᠡᠬᠦ ᠦᠭᠡᠢ︔ ᠲᠣᠷᠭᠠᠬᠤ ᠪᠠ ᠲᠤᠰᠢᠶᠠᠬᠤ ᠶᠢ ᠰᠠᠯᠭᠠᠬᠤ ᠲᠣᠭᠲᠠᠭᠠᠯ ᠢ ᠨᠠᠶᠢᠳᠠᠪᠤᠷᠢᠵᠢᠭᠤᠯᠬᠤ ᠦᠭᠡᠢ ᠵᠢᠴᠢ ᠡᠳ᠋ ᠪᠣᠳᠠᠰ ᠢ ᠳᠤᠷ᠎ᠠ ᠪᠠᠷ ᠢᠶᠠᠨ ᠨᠡᠭᠦᠯᠭᠡᠨ ᠬᠡᠷᠡᠭᠯᠡᠬᠦ ᠪᠤᠶᠤ ᠰᠢᠢᠳᠪᠦᠷᠢᠯᠡᠭᠰᠡᠨ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠲᠡᠪᠴᠢᠬᠦ᠂ ᠲᠦᠯᠬᠢᠯᠴᠡᠬᠦ︔ ᠵᠣᠭᠤᠰ ᠮᠥᠩᠭᠦ ᠡᠳ᠋ ᠪᠣᠳᠠᠰ ᠠᠪᠬᠤ᠂ ᠢᠳᠡᠬᠦ ᠠᠪᠬᠤ ᠭᠠᠴᠢᠬᠤ ᠵᠢᠴᠢ ᠬᠠᠤᠯᠢ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠵᠢᠭᠠᠵᠤ ᠪᠠᠶᠢᠨ᠎ᠠ᠃     ᠭᠤᠷᠪᠠᠳᠤᠭᠠᠷ ᠵᠦᠢᠯ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠣᠳᠠᠰᠣ᠄ 8337733 ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠠᠵᠢᠯᠯᠠᠬᠤ ᠴᠠᠭ ᠪᠣᠯᠲᠠᠯ᠎ᠠ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠵᠦ᠂ ᠵᠠᠬᠢᠳᠠᠯ᠂ ᠣᠳᠠᠰᠣ᠂ ᠰᠤᠷᠪᠤᠯᠵᠢᠯᠠᠯ ᠵᠡᠷᠭᠡ ᠬᠠᠤᠯᠢ ᠶᠣᠰᠣᠨ ᠤ ᠠᠷᠭ᠎ᠠ ᠮᠠᠶᠢᠭ ᠢᠶᠠᠷ ᠳᠠᠮᠵᠢᠭᠤᠯᠤᠨ ᠵᠠᠭᠠᠯᠲᠤᠵᠤ ᠢᠯᠡᠴᠢᠯᠡᠨ ᠮᠡᠳᠡᠭᠦᠯᠬᠦ ᠪᠤᠶᠤ ᠪᠤᠰᠤᠳ ᠲᠤ ᠨᠠᠶᠢᠳᠠᠵᠤ ᠵᠠᠭᠠᠯᠲᠤᠵᠤ ᠢᠯᠡᠴᠢᠯᠡᠨ ᠮᠡᠳᠡᠭᠦᠯᠵᠦ ᠪᠣᠯᠤᠨ᠎ᠠ᠃     ᠳᠥᠷᠪᠡᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠮᠠᠨ ᠤ ᠲᠣᠪᠴᠢᠶ᠎ᠠ ᠶᠢᠨ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠳᠤ ᠬᠠᠨᠤᠮᠵᠢ ᠦᠭᠡᠢ ᠪᠠᠶᠢᠵᠤ᠂ ᠨᠢᠭᠡᠨᠲᠡ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠤᠶᠤ ᠵᠠᠰᠠᠭ ᠵᠠᠬᠢᠷᠭᠠᠨ ᠤ ᠵᠠᠷᠭᠤ ᠬᠢᠭᠰᠡᠨ ᠪᠥᠭᠡᠳ ᠬᠦᠯᠢᠶᠡᠨ ᠠᠪᠴᠤ ᠰᠢᠢᠳᠪᠦᠷᠢᠯᠡᠭᠳᠡᠭᠰᠡᠨ ᠪᠠᠶᠢᠪᠠᠯ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃     ᠲᠠᠪᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄     ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠲᠣᠳᠣᠷᠬᠠᠢ ᠵᠠᠭᠠᠯᠳᠤᠭᠳᠠᠭᠰᠠᠨ ᠪᠠᠶᠢᠨ᠎ᠠ︔     ︵ᠬᠤᠶᠠᠷ︶ ᠪᠣᠳᠠᠲᠠᠢ ᠭᠤᠶᠤᠴᠢᠯᠠᠬᠤ ᠵᠦᠢᠯᠡᠰ ᠪᠠ ᠪᠣᠳᠠᠲᠤ ᠶᠠᠪᠤᠳᠠᠯ ᠤᠨ ᠦᠨᠳᠦᠰᠦ ᠪᠠᠷᠢᠮᠲᠠ ᠲᠠᠢ︔     ︵ᠭᠤᠷᠪᠠ︶ ᠵᠠᠷᠭᠤᠯᠳᠤᠵᠤ ᠪᠣᠯᠬᠤ ᠬᠡᠪᠴᠢᠶᠡᠨ ᠳᠤ ᠬᠠᠷᠢᠶᠠᠯᠠᠭᠳᠠᠨ᠎ᠠ᠃     ︵ᠲᠦᠷᠪᠡ︶ ᠬᠠᠤᠯᠢ ᠬᠡᠷᠡᠭᠵᠢᠭᠦᠯᠬᠦ ᠠᠵᠢᠯᠲᠠᠨ ᠤ ᠬᠢᠭᠰᠡᠨ ᠵᠠᠰᠠᠭ ᠵᠠᠬᠢᠷᠬᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠃     ᠵᠢᠷᠭᠤᠳᠤᠭᠠᠷ ᠵᠦᠢᠯ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠳᠤ ᠨᠡᠶᠢᠴᠡᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯ ᠳᠤ ᠨᠡᠶᠢᠴᠡᠬᠦ ᠦᠭᠡᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠢᠯᠡᠴᠢᠯᠡᠨ ᠮᠡᠳᠡᠭᠦᠯᠦᠭᠰᠡᠨ ᠢ ᠢᠯᠡᠴᠢᠯᠡᠨ ᠮᠡᠳᠡᠭᠦᠯᠦᠭᠴᠢ ᠳᠤ ᠬᠦᠯᠢᠶᠡᠨ ᠠᠪᠴᠤ ᠰᠢᠢᠳᠪᠦᠷᠢᠯᠡᠬᠦ ᠦᠭᠡᠶ ᠪᠠᠶᠢᠬᠤ ᠰᠢᠯᠲᠠᠭᠠᠨ ᠪᠣᠯᠤᠨ ᠦᠨᠳᠦᠰᠦ ᠪᠠᠷᠢᠮᠲᠠ ᠪᠠᠨ ᠲᠣᠳᠣᠷᠬᠠᠶᠢᠯᠠᠬᠤ ᠬᠡᠷᠡᠭᠲᠡᠶ᠃     ᠳᠣᠯᠣᠳᠤᠭᠠᠷ ᠵᠦᠢᠯ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠳᠤ ᠬᠢᠨᠠᠮᠠᠭᠠᠶ ᠵᠣᠬᠢᠶᠠᠨ ᠪᠠᠶᠢᠭᠤᠯᠤᠨ ᠪᠠᠶᠢᠴᠠᠭᠠᠨ  ᠰᠢᠢᠳᠪᠦᠷᠢᠯᠡᠵᠦ᠂ ᠦᠨᠡᠨ ᠨᠡᠷ᠎ᠡ ᠵᠢᠴᠢ ᠬᠠᠷᠢᠯᠴᠠᠬᠤ ᠠᠷᠭ᠎ᠠ ᠮᠠᠶᠢᠭ ᠢᠶᠠᠨ ᠲᠣᠳᠣᠷᠬᠠᠶᠢᠯᠠᠭᠰᠠᠨ ᠢᠯᠡᠴᠢᠯᠡᠨ ᠮᠡᠳᠡᠭᠦᠯᠬᠦ ᠪᠤᠶᠤ ᠳᠣᠬᠠᠢ ᠶᠢᠨ ᠬᠥᠮᠦᠨ ᠨᠢ ᠬᠠᠷᠢᠭᠤᠯᠲᠠ ᠥᠭᠬᠦ ᠱᠠᠭᠠᠷᠳᠠᠯᠭ᠎ᠠ ᠲᠠᠢ ᠪᠣᠯ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠴᠢ ᠳᠤ 60 ᠡᠳᠦᠷ ᠤᠨ ᠳᠣᠲᠣᠷ᠎ᠠ ᠪᠢᠴᠢᠭ ᠢᠶᠠᠷ ᠮᠡᠳᠡᠭᠳᠡᠬᠦ ᠬᠡᠷᠡᠭᠲᠡᠶ᠃     ᠪᠠᠶᠢᠴᠠᠭᠠᠯᠲᠠ ᠬᠦᠯᠢᠶᠡᠬᠦ ᠬᠥᠮᠦᠰ ᠨᠢ ᠬᠠᠮᠵᠢᠯᠴᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠪᠣᠯᠤᠨ ᠪᠠᠶᠢᠳᠠᠯ ᠢᠶᠠᠨ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠃     ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠬᠠᠦᠯᠢ ᠭᠡᠷᠡᠭᠵᠢᠬᠦᠯᠬᠦ ᠲᠣᠠᠠᠳᠠᠭᠠᠯ ᠢ ᠵᠠᠭᠠᠯᠳᠣᠵᠦ ᠢᠯᠡᠴᠢᠯᠡᠨ ᠮᠡᠳᠡᠬᠦᠯᠦᠭᠰᠡᠨ᠂ ᠪᠠᠶᠢᠴᠠᠭᠠᠵᠦ ᠰᠢᠳᠭᠡᠬᠦ ᠲᠣᠠᠠᠳᠠᠭᠠᠯ ᠳᠤ ᠪᠤᠷᠣᠭᠤ ᠣᠷᠣᠰᠢᠵᠦ ᠪᠠᠶᠢᠪᠠᠯ᠂ ᠬᠠᠦᠯᠢ ᠪᠠᠷ ᠲᠣᠠᠠᠳᠠᠭᠠᠠᠠᠰᠠᠨ ᠳᠡᠰ ᠳᠡᠷᠡᠭᠠᠯᠠᠯ ᠶᠣᠰᠣᠭᠠᠷ ᠴᠠᠭ ᠲᠣᠬᠠᠢ ᠳᠤᠨᠢ ᠵᠠᠯᠠᠷᠡᠭᠤᠯᠬᠤ ᠭᠡᠷᠡᠭᠳᠡᠢ᠃     ᠶᠢᠰᠦᠳᠦᠭᠡᠷ ᠵᠦᠢᠯ ᠳᠣᠬᠠᠢ ᠶᠢᠨ ᠬᠥᠮᠦᠨ ᠤ ᠡᠷᠬᠡ ᠠᠰᠢᠭ ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠳᠣᠬᠠᠢ ᠶᠢᠨ ᠬᠥᠮᠦᠨ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠣᠯ᠂ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠵᠣᠬᠢᠴᠠᠩᠭᠤᠶ ᠪᠦᠬᠦᠢ ᠬᠡᠪᠴᠢᠶᠡᠨ ᠳᠣᠲᠣᠷ᠎ᠠ ᠵᠠᠷᠯᠠᠨ ᠮᠡᠳᠡᠭᠳᠡᠬᠦ ᠬᠡᠷᠡᠭᠳᠡᠢ᠃     ᠠᠷᠪᠠᠳᠤᠭᠠᠷ ᠵᠦᠢᠯ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠳᠤᠮᠳᠠ ᠪᠣᠯᠪᠠᠰᠤᠨ ᠪᠤᠰᠤ ᠦᠵᠡᠭᠳᠡᠯ ᠪᠠᠶᠢᠬᠤ ᠮᠥᠷᠲᠡᠭᠡᠨ ᠳᠣᠬᠠᠢ ᠶᠢᠨ ᠬᠥᠮᠦᠨ ᠨᠢ ᠦᠨᠡᠨᠬᠦ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠪᠠᠶᠢᠪᠠᠯ᠂ ᠳᠣᠬᠠᠢ ᠶᠢᠨ ᠬᠥᠮᠦᠨ ᠳᠤ ᠲᠣᠳᠣᠷᠬᠠᠶ ᠲᠠᠶᠢᠯᠪᠤᠷᠢᠯᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠶᠠᠪᠤᠴᠠ ᠳᠠᠬᠢ ᠪᠣᠯᠪᠠᠰᠤᠨ ᠪᠤᠰᠤ ᠦᠢᠯᠡ ᠠᠵᠢᠯᠯᠠᠭ᠎ᠠ ᠶᠢᠨ ᠲᠤᠬᠠᠶ ᠳᠣᠬᠠᠢ ᠶᠢᠨ ᠬᠥᠮᠦᠨ ᠳᠤ ᠪᠤᠷᠤᠭᠤ ᠬᠦᠯᠢᠶᠡᠬᠦ ᠬᠡᠷᠡᠭᠲᠡᠶ᠃     ᠠᠷᠪᠠᠨ ᠨᠢᠭᠡᠳᠦᠭᠡᠷ ᠵᠦᠢᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠶᠢ ᠳᠠᠭᠠᠭᠠᠨ ᠭᠦᠢᠴᠡᠳᠭᠡᠬᠦ ᠠᠵᠢᠯᠲᠠᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ ᠶᠢᠨ ᠣᠪᠣᠭ ᠨᠡᠷ᠎ᠡ ᠵᠢᠴᠢ ᠪᠤᠰᠤᠳ ᠬᠤᠯᠪᠣᠭᠳᠠᠯ ᠪᠦᠬᠦᠢ ᠪᠠᠶᠢᠳᠠᠯ ᠢ ᠵᠠᠳᠠᠷᠠᠭᠤᠯᠵᠤ ᠪᠣᠯᠬᠤ ᠦᠭᠡᠢ᠃     ᠠᠷᠪᠠᠨ ᠬᠤᠶᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号