ᠯᠢᠦ ᠴᠥᠩ ᠰᠢᠶᠤᠤ᠄ ᠢᠲᠡᠭᠡᠯ ᠵᠣᠷᠢᠭ ᠢᠶᠠᠨ ᠪᠠᠲᠤᠳᠬᠠᠨ ᠠᠵᠠ ᠲᠣᠬᠢᠶᠠᠯ ᠢ ᠠᠮᠵᠢᠵᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠣᠨ᠎ᠠ
ᠨᠡᠶᠢᠲᠡᠯᠡᠭᠰᠡᠨ ᠴᠠᠭ᠄
2023/11/1
    ︽ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ﹀ ︵ᠳᠣᠷᠣᠭᠰᠢ ︿ᠰᠠᠨᠠᠯ﹀ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠪᠢᠳᠡᠨ ᠤ ᠢᠲᠡᠭᠡᠯ ᠵᠣᠷᠢᠭ ᠢ ᠪᠠᠲᠤᠳᠬᠠᠵᠤ᠂ ᠵᠣᠷᠢᠭ ᠰᠠᠨᠠᠭ᠎ᠠ ᠶᠢ ᠬᠥᠪᠴᠢᠯᠡᠪᠡ᠃ ᠪᠢᠳᠡ ︿ᠰᠠᠨᠠᠯ﹀ ᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠱᠠᠯᠠᠪᠳᠠᠨ ᠠᠳᠬᠤᠵᠤ ᠲᠦᠷᠭᠡᠨ ᠰᠢᠢᠳᠪᠦᠷᠢᠯᠡᠵᠦ᠂ ︿ᠰᠠᠨᠠᠯ﹀ ᠢ ᠠᠯᠠᠱᠠ ᠪᠠᠷᠠᠭᠤᠨ ᠬᠤᠰᠢᠭᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠳᠦᠮᠵᠢ ᠣᠯᠬᠤ ᠶᠢ ᠠᠬᠢᠭᠤᠯᠤᠨ᠎ᠠ᠃︾ ᠲᠦᠷᠦᠭᠦᠬᠡᠨ᠂ ︽ᠰᠠᠨᠠᠯ︾ ᠢ ᠬᠡᠷᠬᠢᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠳᠡᠳ᠋ ᠳᠠᠷᠤᠭ᠎ᠠ᠂ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠤᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠯᠢᠦ ᠴᠥᠩ ᠰᠢᠶᠤᠤ᠂ ᠠᠯᠠᠱᠠ ᠪᠠᠷᠠᠭᠤᠨ ᠬᠤᠰᠢᠭᠤ ᠳᠥᠷᠪᠡᠨ ᠲᠠᠯ᠎ᠠ ᠠᠴᠠ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ ᠬᠡᠪᠡ᠃     ᠨᠢᠭᠡ ᠳᠤ᠂ ᠭᠤᠣᠯᠳᠠᠯᠭ᠎ᠠ  ᠲᠠᠢ ᠲᠥᠷᠥᠯ ᠵᠦᠢᠯ  ᠤᠨ ᠪᠦᠲᠦᠭᠡᠨ ᠪᠠᠶᠢᠭᠤᠯᠤᠯᠲᠠ  ᠶᠢ ᠬᠦᠴᠦᠯᠡᠨ ᠠᠬᠢᠭᠤᠯᠣᠨ᠎ᠠ᠃     ᠲᠥᠪ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠠᠯᠠ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠴᠡᠪᠡᠷ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠳᠡᠭᠡᠳᠦ ᠱᠠᠲᠤᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠤᠰᠢᠭᠤᠨ ᠤ ᠪᠣᠳᠠᠲᠤ ᠪᠠᠶᠢᠳᠠᠯ ᠲᠠᠢ ᠣᠶᠢᠷᠠᠲᠤᠭᠰᠠᠨ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠠᠩᠬ᠎ᠠ ᠠᠯᠬᠤᠮ ᠰᠢᠭᠰᠢᠨ ᠨᠥᠭᠡᠴᠡᠯᠡᠵᠦ᠂ ᠵᠢᠱᠢᠯᠲᠡ ᠪᠠᠷ ᠶᠡᠷᠦᠩᠬᠡᠶ ᠪᠠᠯᠠ ᠣᠷᠣᠭᠤᠯᠤᠯᠲᠠ ᠨᠢ 3922.4 ᠳ᠋ᠦᠩᠰᠢᠭᠤᠷ ᠲᠥᠭᠦᠷᠢᠭ ᠪᠣᠯᠤᠨ᠎ᠠ᠃ ︽ᠰᠦᠪᠡᠭᠴᠢᠯᠡᠬᠦ᠂ ᠭᠦᠶᠦᠬᠦ᠂ ᠠᠩᠬᠠᠷᠬᠤ᠂ ᠨᠠᠶᠢᠳᠠᠪᠤᠷᠢᠵᠢᠭᠤᠯᠬᠤ᠂ ᠲᠡᠳᠬᠦᠬᠦ︾ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ︽ᠭᠠᠳᠠᠭᠰᠢ ᠭᠠᠷᠴᠤ︾᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ  ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠤᠨ᠎ᠠ᠃ ᠭᠡᠷ᠎ᠡ ᠲᠣᠭᠲᠠᠭᠰᠠᠨ ᠲᠥᠷᠥᠯ ᠵᠦᠢᠯ ᠢ ᠮᠥᠷᠳᠡᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠠᠩ ᠣᠯᠠᠨ ᠪᠣᠳᠠᠲᠤ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠴᠢᠷᠮᠠᠶᠢᠨ ᠪᠦᠷᠢᠯᠳᠦᠭᠦᠯᠵᠦ᠂ ᠢᠷᠡᠬᠦ ᠵᠢᠯ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃     ᠬᠤᠶᠠᠷ ᠲᠤ᠂  ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠬᠤᠷᠢᠭᠯᠠᠯᠲᠠ ᠶᠢᠨ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠨ᠎ᠡ᠃     ᠤᠯᠤᠰ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠶᠡᠷᠦᠩᠬᠡᠢ ᠲᠥᠯᠥᠪᠵᠢᠭᠦᠯᠭᠡ ᠪᠠ ᠱᠠᠳᠤᠴᠢ ᠴᠢᠨᠠᠷᠲᠠᠢ ᠲᠥᠯᠥᠪᠵᠢᠭᠦᠯᠭᠡ ᠪᠠᠷ ᠠᠵᠠ ᠲᠣᠬᠢᠶᠠᠯ ᠪᠣᠯᠭᠠᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠵᠦ᠂ ᠡᠪᠡᠰᠦ ᠪᠡᠯᠴᠢᠭᠡᠷ ᠪᠣᠯᠭᠠᠬᠤ ᠳᠤ ᠲᠤᠬᠢᠷᠠᠮᠵᠢᠳᠠᠢ ᠪᠣᠯ ᠡᠪᠡᠰᠦ ᠪᠡᠯᠴᠢᠭᠡᠷ ᠢ ᠰᠡᠷᠭᠦᠭᠡᠵᠦ᠂ ᠡᠯᠡᠰᠦ ᠶᠢ ᠵᠠᠰᠠᠬᠤ ᠳᠤ ᠲᠤᠬᠢᠷᠠᠮᠵᠢᠳᠠᠢ ᠪᠣᠯ ᠡᠯᠡᠰᠦ ᠶᠢ ᠵᠠᠰᠠᠵᠤ᠂ ᠠᠳᠠᠷ ᠬᠠᠭᠠᠯᠪᠣᠷᠢᠯᠠᠬᠤ ᠳᠤ ᠲᠣᠬᠢᠷᠠᠮᠵᠢᠲᠠᠢ ᠪᠣᠯ ᠠᠲᠠᠷ ᠬᠠᠭᠠᠯᠪᠤᠷᠢᠯᠠᠬᠤ ᠵᠠᠷᠴᠢᠮ ᠢ ᠪᠠᠷᠢᠮᠲᠠᠯᠠᠵᠤ᠂ ᠠᠶᠠᠨᠳᠠᠭᠠᠨ ᠰᠡᠷᠭᠦᠬᠦ ᠪᠠ ᠬᠥᠮᠦᠨ ᠤ ᠬᠦᠴᠦ ᠪᠠᠷ ᠵᠠᠰᠠᠵᠤ ᠰᠡᠷᠭᠦᠭᠡᠬᠦ ᠬᠤᠶᠠᠷ ᠵᠦᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠾᠧᠰᠢ ᠶᠢᠨ ᠬᠤᠩᠬᠢᠯ— ᠲᠠᠺᠠᠯᠠᠮᠠ ᠡᠯᠡᠰᠦᠨ ᠴᠦᠯ ᠢ ᠪᠢᠳᠡᠭᠦᠮᠵᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ 2024— 2030 ᠣᠨ ᠳᠤ 33 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠬᠥᠮᠦᠨ ᠤ ᠬᠦᠴᠦ ᠪᠠᠷ ᠡᠪᠡᠰᠦ ᠲᠠᠷᠢᠬᠤ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠠᠮᠢ ᠠᠬᠤᠢ ᠶᠢᠨ ᠵᠠᠰᠠᠯᠲᠠ ᠶᠢᠨ ᠲᠠᠯᠠᠪᠠᠢ ᠶᠢ 340 ᠲᠦᠮᠡᠨ ᠮᠦ ᠪᠣᠯᠭᠠᠨ᠎ᠠ᠃ ᠡᠭᠦᠨ ᠤ ᠬᠠᠮᠲᠤ᠂ ᠠᠮᠢ ᠠᠬᠤᠶ ᠶᠢ ᠠᠵᠤ ᠦᠢᠯᠡᠰ ᠪᠣᠯᠭᠠᠨ ᠡᠵᠡᠩᠨᠡᠬᠦ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠤ ᠬᠠᠮᠠᠭᠠᠯᠠᠨ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠵᠤ᠂ ᠠᠯᠠᠱᠠ ᠪᠠᠷᠠᠭᠤᠨ ᠬᠤᠰᠢᠭᠤᠨ ᠤ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠡᠯᠪᠡᠭ ᠪᠠᠶᠠᠯᠢᠭ ᠡᠯᠡᠰᠦᠨ ᠤᠷᠭᠤᠮᠠᠯ ᠤᠨ ᠡᠬᠢ ᠪᠠᠶᠠᠯᠢᠭ ᠲᠤ ᠰᠠᠭᠤᠷᠢᠯᠠᠨ᠂ ᠡᠯᠡᠰᠦᠨ ᠤ ᠠᠵᠤ ᠦᠢᠯᠡᠰ ᠤᠨ ᠬᠡᠪᠴᠢᠶᠡᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃     ᠭᠤᠷᠪᠠ ᠳᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠦᠴᠦᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃     ᠨᠢᠭᠡᠳᠦᠭᠡᠷ ᠠᠵᠤ ᠦᠢᠯᠡᠰ ᠤᠨ ᠲᠠᠯ᠎ᠠ ᠪᠠᠷ᠂ ᠲᠡᠮᠡᠭᠡᠨ ᠰᠦ᠂ ᠲᠡᠮᠡᠭᠡᠨ ᠮᠢᠬ᠎ᠠ᠂ ᠲᠡᠮᠡᠭᠡᠨ ᠥᠭᠡᠬᠦ᠂ ᠲᠡᠮᠡᠭᠡᠨ ᠨᠣᠯᠣᠣᠷ ᠤᠨ ᠪᠥᠬᠦ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠲᠠᠰ ᠤᠨ ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠳᠤ ᠲᠦᠰᠢᠭᠯᠡᠨ᠂ ᠰᠦ ᠶᠢᠨ ᠢᠷᠡᠯᠲᠡ᠂ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠯᠠᠷᠢᠭᠤᠯᠬᠤ ᠶᠢ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠲᠣᠮᠣ ᠲᠡᠮᠡᠭᠡᠨ ᠤ ᠠᠵᠤ ᠦᠢᠯᠡᠰ ᠤᠨ ᠥᠯᠢᠭᠡᠷ ᠳᠠᠭᠤᠷᠢᠶᠠᠯ ᠭᠠᠵᠠᠷ ᠣᠷᠣᠨ ᠢ ᠪᠣᠶ ᠪᠣᠯᠭᠠᠨ᠎ᠠ᠃     ᠬᠤᠶᠠᠳᠤᠭᠠᠷ ᠠᠵᠤ ᠦᠢᠯᠡᠰ ᠤᠨ ᠲᠠᠯ᠎ᠠ ᠪᠠᠷ᠂ ᠪᠠᠶᠢᠭᠠᠯᠢ ᠶᠢᠨ ᠬᠤᠵᠢᠷ᠂ ᠴᠠᠬᠢᠭᠤᠷ ᠴᠢᠯᠠᠭᠤ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠠᠶᠢᠭᠠᠯᠢ ᠶᠢᠨ ᠬᠤᠵᠢᠷ ᠤᠨ ᠢᠵᠢ ᠪᠦᠷᠢᠳᠦᠭᠦᠯᠬᠦ ᠠᠵᠤ ᠦᠢᠯᠡᠰ ᠪᠠ ᠳᠤᠮᠳᠠ ᠳᠣᠣᠷᠠᠳᠤ ᠬᠡᠯᠬᠢᠶ᠎ᠡ ᠶᠢᠨ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠵᠤ᠂ ︽ᠳᠤᠮᠳᠠᠳᠤ ᠤᠯᠤᠰ ᠤᠨ ᠬᠤᠵᠢᠷ ᠤᠨ ᠬᠤᠲᠠ︾ ᠶᠢ ᠪᠠᠶᠢᠭᠤᠯᠤᠨ᠎ᠠ᠃ ᠡᠭᠦᠨ ᠤ ᠬᠠᠮᠲᠤ᠂ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠴᠢᠬᠤᠯᠠ ᠶᠡᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠵᠥᠪᠰᠢᠶᠡᠷᠡᠬᠦ︾ ᠵᠡᠷᠭᠡ ᠠᠰᠢᠭᠲᠠᠶ ᠲᠥᠷᠥ ᠶᠢᠨ ᠪᠣᠳᠣᠯᠭ᠎ᠠ ᠶᠢ ᠵᠠᠪᠳᠤᠨ ᠠᠳᠬᠤᠵᠤ᠂ ᠵᠠᠮ ᠤᠨ ᠣᠪᠣᠭ᠎ᠠ ᠶᠢᠨ ᠲᠡᠮᠦᠷ ᠴᠠᠶᠢᠷ ᠪᠠᠯ ᠴᠢᠯᠠᠭᠤᠨ ᠠᠭᠤᠷᠬᠠᠶ᠂ ᠪᠠᠷᠠᠭᠤᠨ ᠳᠦᠯᠬᠢᠯᠳᠡ ᠶᠢᠨ ᠬᠤᠲᠣᠭᠤᠷ ᠤᠨ ᠨᠡᠭᠦᠷᠡᠰᠦ ᠵᠡᠷᠭᠡ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠢ ᠢᠳᠡᠪᠬᠢᠲᠡᠶ ᠠᠬᠢᠭᠤᠯᠵᠤ᠂ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃     ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ᠂ ᠪᠠᠳᠠᠢ ᠶᠢᠨ ᠵᠢᠷᠠᠨ ᠤ ᠡᠯᠡᠰᠦᠨ ᠴᠦᠯ ᠤᠨ ᠵᠢᠭᠤᠯᠴᠢᠯᠠᠯ ᠤᠨ ᠣᠷᠣᠨ ᠤ 5A ᠲᠡᠰ ᠤᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠤᠷᠤᠯᠳᠤᠭᠠᠨ ᠤ ᠵᠦᠢᠯᠡᠰ ᠤᠨ ᠵᠢᠭᠤᠯᠴᠢᠯᠠᠯ︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠰᠦᠪᠡᠭᠴᠢᠯᠡᠵᠦ᠂ ︽ᠤᠷᠤᠯᠳᠤᠭᠠᠨ ᠤ ᠵᠢᠵᠢᠭ ᠪᠠᠯᠭᠠᠰᠤ︾ ᠶᠢ ᠡᠭᠦᠳᠴᠦ᠂ ᠪᠦᠬᠦ ᠣᠷᠣᠨ ᠪᠦᠰᠡ ᠪᠦᠬᠦ ᠤᠯᠠᠷᠢᠯ ᠪᠦᠬᠦ ᠠᠵᠢᠯ ᠲᠦᠷᠦᠯ ᠤᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠤᠨ᠎ᠠ᠃     ᠲᠦᠷᠪᠡ ᠳᠤ᠂ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠬᠤ ᠠᠷᠠᠳ ᠤᠨ ᠠᠮᠢᠳᠤᠷᠠᠯ ᠤᠨ ᠠᠵᠢᠯ ᠢ ᠰᠠᠶᠢᠳᠣᠷ ᠬᠢᠨ᠎ᠡ᠃     ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠠᠪᠴᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠶᠢᠲᠤᠷ ᠰᠠᠬᠢᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠰᠠᠬᠢᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号