ᠲᠥᠷᠥ ᠶᠢᠨ ᠶᠠᠪᠤᠳᠠᠯ ᠤᠨ ᠬᠤᠷᠢᠶ᠎ᠠ ︽ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/11/1
     ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ 2023 ᠣᠨ ᠤ 11 ᠰᠠᠷ᠎ᠠ ᠠᠴᠠ ᠡᠬᠢᠯᠡᠨ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃     ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠬᠤ ᠲᠤᠬᠠᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠨᠢᠭᠲᠠ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢᠶᠠᠷ ᠮᠠᠨ ᠤ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠭᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ︽ᠮᠡᠳᠡᠭᠳᠡᠯ︾ ᠳᠤ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠪᠣᠯ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠪᠦᠭᠦ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠣᠮᠣ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠠᠪᠤᠳᠠᠯ ᠪᠣᠯᠣᠨ᠎ᠠ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠲᠣᠭᠲᠠᠭᠠᠬᠤ ᠪᠠᠷᠢᠮᠵᠢᠶ᠎ᠠ ᠪᠠ ᠳᠡᠩᠰᠡᠯᠡᠵᠦ ᠨᠡᠶᠢᠲᠡᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠤᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠦᠭᠦ ᠨᠡᠶᠢᠭᠡᠮ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠨᠡᠶᠢᠳᠡᠮ ᠪᠠᠶᠢᠴᠠᠭᠠᠬᠤ ᠬᠡᠪᠴᠢᠶ᠎ᠡ ᠪᠣᠯ ᠮᠠᠨ ᠤ ᠤᠯᠤᠰ ᠤᠨ ᠬᠢᠯᠢ ᠳᠣᠲᠣᠷᠠᠬᠢ ᠭᠠᠵᠠᠷ ᠳᠡᠭᠡᠷᠡᠬᠢ᠂ ᠭᠠᠵᠠᠷ ᠳᠣᠣᠷᠠᠬᠢ᠂ ᠤᠰᠤᠨ ᠳᠣᠣᠷᠠᠬᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ᠎ᠠ᠂ ᠨᠢᠭᠡᠨᠲᠡ ᠬᠢᠨᠠᠨ ᠲᠣᠭᠲᠠᠭᠠᠵᠤ ᠳᠠᠩᠰᠠᠯᠠᠭᠤᠯᠤᠭᠰᠠᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠳᠠᠪᠲᠠᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠣᠯᠵᠤ ᠮᠡᠳᠡᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠵᠤ᠂ ᠬᠢᠨᠠᠨ ᠲᠣᠭᠲᠠᠭᠠᠵᠤ᠂ ᠳᠠᠩᠰᠠᠯᠠᠨ ᠲᠡᠮᠳᠡᠭᠯᠡᠨ᠎ᠡ᠃ ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠣᠷᠣᠨ ᠪᠠᠶᠢᠷᠢ᠂ ᠬᠠᠮᠠᠭᠠᠯᠠᠯᠲᠠ ᠶᠢᠨ ᠵᠡᠷᠭᠡ ᠳᠡᠰ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠢᠯᠭᠠᠯ᠂ ᠣᠨ ᠵᠢᠯ᠂ ᠡᠷᠬᠡ ᠶᠢᠨ ᠬᠠᠷᠢᠶ᠎ᠠ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠶᠢ ᠪᠠᠭᠲᠠᠭᠠᠨ᠎ᠠ᠃     ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2024 ᠣᠨ ᠤ 4 ᠰᠠᠷ᠎ᠠ ᠶᠢᠨ 30 ᠤ ᠡᠳᠦᠷ ᠪᠣᠯᠣᠨ᠎ᠠ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠤᠯᠲᠠᠯᠠᠭᠢ ᠶᠢ ᠨᠢᠭᠡᠳᠦᠭᠡᠷ ᠱᠠᠲᠤ ᠦᠶ᠎ᠡ ᠪᠤᠯᠭᠠᠵᠤ᠂ ᠭᠤᠣᠯ ᠡᠭᠦᠷᠭᠡ ᠨᠢ ᠪᠣᠯ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠪᠠ ᠵᠥᠭᠡᠯᠡᠨ ᠲᠣᠨᠤᠭ ᠴᠤᠭᠯᠠᠭᠤᠯᠵᠤ᠂ ᠪᠣᠯᠪᠠᠰᠤᠷᠠᠯ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ 2024 ᠣᠨ ᠤ 5 ᠰᠠᠷ᠎ᠠ ᠠᠴᠠ 2025 ᠣᠨ ᠤ 5 ᠰᠠᠷ᠎ᠠ  ᠪᠤᠯᠳᠠᠯᠠᠭᠢ ᠶᠢ  ᠬᠤᠶᠠᠳᠤᠭᠠᠷ ᠱᠠᠲᠤ ᠦᠶ᠎ᠡ ᠪᠤᠯᠭᠠᠵᠤ᠂ ᠭᠤᠣᠯ ᠡᠭᠦᠷᠭᠡ  ᠨᠢ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠤᠯᠭᠠᠵᠤ᠂ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠤᠯᠲᠠᠯᠠᠭᠢ ᠬᠤᠭᠤᠴᠠᠭ᠎ᠠ ᠪᠣᠯ ᠭᠤᠷᠪᠠᠳᠤᠭᠠᠷ ᠱᠠᠲᠤ ᠦᠶ᠎ᠡ ᠪᠣᠯᠣᠨ᠎ᠠ᠂ ᠭᠤᠣᠯ ᠡᠭᠦᠷᠭᠡ ᠨᠢ ᠪᠣᠯ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠤᠯᠢ ᠶᠣᠰᠣᠭᠠᠷ ᠬᠢᠨᠠᠨ ᠲᠣᠭᠲᠠᠭᠠᠬᠤ᠂ ᠳᠠᠩᠰᠠᠯᠠᠬᠤ ᠶᠢᠨ ᠬᠠᠮᠲᠤ ᠨᠡᠶᠢᠲᠡᠯᠡᠵᠦ᠂ ᠤᠯᠤᠰ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠱᠠᠲᠤ ᠳᠠᠷᠠᠭᠠᠯᠠᠨ ᠰᠢᠯᠭᠠᠨ ᠠᠪᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠢ ᠵᠣᠬᠢᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠬᠠᠮᠠᠭᠠᠯᠠᠭᠳᠠᠬᠤ ᠨᠢᠭᠡᠴᠢ ᠪᠠᠷ ᠴᠠᠭ ᠲᠤᠬᠠᠢ ᠳᠤᠨᠢ ᠬᠢᠨᠠᠨ ᠲᠣᠭᠲᠠᠭᠠᠵᠤ ᠨᠡᠶᠢᠲᠡᠯᠡᠨ᠎ᠡ᠃     ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠬᠤ ᠶᠢᠨ ᠲᠤᠰᠠᠳᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠭᠠᠷᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠲᠠ ᠬᠠᠮᠵᠢᠯᠴᠠᠬᠤ ᠬᠡᠷᠡᠭᠲᠡᠢ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃     ︽ᠮᠡᠳᠡᠭᠳᠡᠯ︾ ᠳᠤ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠢ ᠡᠵᠡᠮᠳᠡᠬᠦ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ᠂ ᠵᠣᠷᠢᠭᠤᠳᠠ ᠡᠪᠳᠡᠭᠰᠡᠨ᠂ ᠬᠢᠨᠠᠯᠲᠠ ᠬᠠᠮᠢᠶᠠᠷᠤᠯᠲᠠ ᠰᠤᠯᠠ ᠠᠴᠠ ᠪᠣᠯᠣᠭᠠᠳ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠡᠪᠳᠡᠭᠳᠡᠭᠰᠡᠨ᠂ ᠬᠠᠰᠤᠭᠳᠠᠭᠰᠠᠨ᠂ ᠤᠰᠠᠳᠤᠭᠰᠠᠨ ᠪᠠᠶᠢᠳᠠᠯ ᠢ ᠣᠯᠵᠤ ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号