ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ
ᠨᠡᠶᠢᠲᠡᠯᠡᠭᠰᠡᠨ ᠴᠠᠭ᠄
2023/11/14
   ᠨᠢᠭᠡᠳᠦᠭᠡᠷ ᠪᠦᠯᠦᠭ    ᠶᠡᠷᠦᠩᠬᠡᠢ ᠳᠦᠷᠢᠮ    ᠨᠢᠭᠡᠳᠦᠭᠡᠷ ᠵᠦᠢᠯ  ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠵᠢᠷᠤᠮᠵᠢᠭᠤᠯᠤᠨ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃    ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ  ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠤᠰ ᠳᠦᠷᠢᠮ ᠬᠡᠷᠡᠭᠯᠡᠭᠳᠡᠨ᠎ᠡ᠃    ᠭᠤᠷᠪᠠᠳᠤᠭᠠᠷ ᠵᠦᠢᠯ  ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ  ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠣᠬᠢᠷᠳᠤᠯ ᠦᠭᠡᠢ ᠡᠨᠧᠷᠭᠢ ᠶᠢ ᠶᠡᠭᠡ ᠪᠠᠷ ᠬᠥᠭᠵᠢᠭᠦᠯᠵᠦ᠂ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠪᠠᠷ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠢ ᠠᠰᠢᠭᠯᠠᠬᠤ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠂ ᠡᠨᠧᠷᠭᠢ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠭᠦᠨᠵᠡᠭᠡᠢ ᠡᠳ᠋ᠰᠢᠭᠦᠯᠬᠦ ᠶᠢ ᠴᠢᠩᠭᠠᠳᠬᠠᠵᠤ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ᠃    ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠡᠨᠧᠷᠭᠢ ᠶᠢᠨ ᠬᠤᠪᠢᠰᠬᠠᠯ ᠢ ᠭᠦᠨᠵᠡᠭᠡᠢ ᠲᠦᠯᠬᠢᠨ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠴᠢᠩᠭᠠᠳᠬᠠᠨ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠪᠠᠨ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠢᠨ᠎ᠡ ᠭᠡᠯᠪᠡᠷᠢ ᠶᠢᠨ ᠡᠨᠧᠷᠭᠢ ᠶᠢᠨ ᠲᠣᠭᠲᠠᠯᠴᠠᠭ᠎ᠠ ᠶᠢ ᠲᠥᠯᠥᠪᠵᠢᠭᠦᠯᠦᠨ ᠪᠠᠶᠢᠭᠤᠯᠬᠤ ᠪᠠᠨ ᠲᠦᠷᠭᠡᠳᠬᠡᠵᠦ᠂ ᠦᠢᠯᠡᠳᠪᠦᠷᠢᠯᠡᠯ ᠬᠠᠩᠭᠠᠯᠭ᠎ᠠ ᠨᠦᠭᠡᠴᠡᠯᠡᠯᠲᠡ ᠪᠣᠷᠤᠯᠠᠭᠤᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃    ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠶᠢ ᠪᠠᠶᠢᠭᠤᠯᠤᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠠᠰᠠᠭᠤᠳᠠᠯ ᠪᠣᠯᠣᠨ ᠴᠢᠬᠤᠯᠠ ᠶᠡᠭᠡ ᠵᠦᠢᠯᠡᠰ ᠢ ᠰᠤᠳᠤᠯᠤᠨ ᠰᠢᠢᠳᠪᠦᠷᠢᠯᠡᠨ᠎ᠡ᠃    ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂  ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠱᠠᠯᠠᠪᠳᠠᠭᠤᠯᠬᠤ ᠬᠡᠷᠡᠭᠲᠡᠢ᠃    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠬᠤᠳᠠᠯᠳᠤᠭᠠᠨ ᠤ ᠶᠠᠪᠤᠳᠠᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠡᠭᠡᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃    ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠨᠧᠷᠭᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠦᠭᠦ ᠤᠯᠤᠰ ᠤᠨ ᠶᠡᠷᠦᠩᠬᠡᠶᠢᠯᠡᠭᠰᠡᠨ ᠡᠨᠧᠷᠭᠢ ᠶᠢᠨ ᠲᠥᠯᠦᠪᠵᠢᠭᠦᠯᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠥᠯᠦᠪᠵᠢᠭᠦᠯᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠶᠢ ᠲᠤᠰ ᠲᠤᠰ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠢ᠃    ᠨᠠᠢᠮᠠᠳᠤᠭᠠᠷ ᠵᠦᠢᠯ  ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠶᠤᠯ ᠦᠭᠡᠢ ᠪᠠᠶᠢᠬᠤ ᠶᠢ ᠲᠡᠷᠢᠭᠦᠨ ᠳᠤ ᠲᠠᠯᠪᠢᠬᠤ᠂ ᠰᠡᠷᠭᠡᠶᠢᠯᠡᠬᠦ ᠪᠠᠷ ᠭᠤᠣᠯ ᠪᠤᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠨ᠂ ᠠᠶᠤᠯ ᠦᠭᠡᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠲᠣᠭᠲᠠᠭᠠᠨ ᠪᠦᠷᠢᠨᠰᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠪᠠ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠶᠢ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠵᠦ ᠪᠠᠭᠠᠰᠬᠠᠬᠤ ᠬᠡᠷᠡᠭᠲᠡᠢ᠃    ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠬᠢᠷᠳᠤᠯ ᠢ ᠵᠠᠰᠠᠬᠤ᠂ ᠠᠮᠢ ᠠᠬᠤᠢ ᠶᠢ ᠰᠡᠷᠭᠦᠭᠡᠬᠦ᠂ ᠭᠠᠵᠠᠷ ᠰᠢᠷᠣᠢ ᠶᠢ ᠲᠠᠭᠢᠨ ᠬᠠᠭᠠᠯᠪᠤᠷᠢᠯᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃    ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠬᠢᠵᠦ ᠪᠠᠶᠢᠭ᠎ᠠ ᠨᠢᠭᠡᠴᠢ ᠪᠠ ᠬᠤᠪᠢ ᠬᠥᠮᠥᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠵᠤ᠂ ᠬᠤᠷᠣᠭᠳᠠᠯ ᠢ ᠪᠠᠭᠠᠰᠬᠠᠨ᠂ ᠪᠣᠬᠢᠷᠳᠤᠯ ᠢ ᠬᠢᠵᠠᠭᠠᠷᠯᠠᠬᠤ ᠪᠠ ᠰᠡᠷᠭᠡᠶᠢᠯᠡᠨ ᠵᠠᠰᠠᠵᠤ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠵᠤ᠂ ᠪᠣᠬᠢᠷᠳᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ ᠪᠤᠶᠤ ᠭᠠᠵᠠᠷ ᠰᠢᠷᠣᠢ ᠶᠢ ᠲᠠᠭᠢᠨ ᠬᠠᠭᠠᠯᠪᠤᠷᠢᠯᠠᠬᠤ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃    ᠠᠭᠤᠷᠬᠠᠢ ᠮᠠᠯᠲᠠᠬᠤ ᠡᠷᠬᠡ ᠲᠠᠢ ᠬᠥᠮᠥᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠭᠦᠢᠴᠡᠳᠬᠡᠬᠦ ᠬᠡᠷᠡᠭᠲᠡᠢ᠃    ᠠᠷᠪᠠᠳᠤᠭᠠᠷ ᠵᠦᠢᠯ  ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠯᠡᠯᠲᠡ ᠶᠢᠨ ᠵᠠᠬᠢᠷᠤᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠯ ᠱᠤᠭᠤᠮ ᠢ ᠴᠢᠩᠭ᠎ᠠ ᠰᠠᠬᠢᠬᠤ ᠬᠡᠷᠡᠭᠲᠡᠢ᠃    ᠬᠤᠶᠠᠳᠤᠭᠠᠷ ᠪᠦᠯᠦᠭ ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠯᠲᠠ    ᠠᠷᠪᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠷᠡᠰᠦ ᠶᠢ ᠠᠮᠤᠷ ᠲᠦᠪᠰᠢᠨ ᠪᠣᠬᠢᠷᠳᠤᠯ ᠦᠭᠡᠢ ᠣᠶᠤᠨᠴᠢ ᠪᠠᠷ ᠨᠡᠭᠡᠭᠡᠨ ᠮᠠᠯᠲᠠᠬᠤ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠨᠡᠭᠦᠷᠡᠰᠦᠨ ᠴᠠᠭᠢᠯᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠬᠥᠭᠵᠢᠭᠦᠯᠦᠨ᠂ ᠨᠡᠭᠦᠷᠡᠰᠦ ᠪᠠᠷ ᠰᠠᠭᠤᠷᠢ ᠪᠤᠯᠭᠠᠬᠰᠠᠨ ᠪᠦᠭᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠲᠣᠭᠲᠠᠪᠤᠷᠢᠵᠢᠭᠤᠯᠬᠤ ᠪᠠ ᠣᠨᠳᠣᠣᠰᠢᠭᠤᠯᠤᠨ ᠥᠷᠳᠡᠭ ᠨᠡᠮᠡᠭᠳᠡᠭᠦᠯᠬᠦ ᠶᠢ ᠪᠡᠶᠡᠯᠡᠭᠦᠯᠦᠨ᠎ᠡ᠃    ᠠᠷᠪᠠᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠮᠢ ᠠᠬᠤᠢ ᠣᠷᠴᠢᠨ ᠲᠣᠭᠤᠷᠢᠨ ᠤ ᠳᠠᠭᠠᠭᠠᠴᠠ ᠪᠠ ᠨᠡᠭᠦᠷᠡᠰᠦᠨ ᠤ ᠡᠬᠢ ᠪᠠᠶᠠᠯᠢᠭ ᠤᠨ ᠬᠠᠳᠠᠭᠠᠯᠠᠮᠵᠢ ᠶᠢᠨ ᠨᠥᠬᠦᠴᠡᠯ ᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠵᠦ᠂ ᠠᠭᠤᠷᠬᠠᠢ ᠶᠢᠨ ᠣᠷᠣᠨ ᠤ ᠵᠠᠬ᠎ᠠ ᠭᠦᠪᠡᠭᠡ ᠪᠠᠷ ᠨᠢ ᠬᠠᠶᠠᠭᠳᠠᠭᠰᠠᠨ ᠡᠬᠢ ᠪᠠᠶᠠᠯᠢᠭ᠂ ᠵᠠᠪᠰᠠᠷ ᠤᠨ ᠡᠬᠢ ᠪᠠᠶᠠᠯᠢᠭ ᠢ ᠠᠰᠢᠭᠯᠠᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠲᠠᠯᠪᠢᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠣᠳᠣᠬᠢᠴᠢᠯᠠᠭᠰᠠᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠭᠦᠷᠡᠰᠦᠨ ᠠᠭᠤᠷᠬᠠᠢ ᠶᠢᠨ ᠰᠢᠯᠢᠳᠡᠭ ᠢ ᠨᠡᠮᠡᠭᠳᠡᠭᠦᠯᠦᠨ ᠰᠢᠭᠠᠷᠤ ᠶᠢ ᠰᠢᠭᠰᠢᠭᠳᠡᠭᠦᠯᠬᠦ ᠶᠢ ᠠᠬᠢᠭᠤᠯᠵᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠢ ᠪᠠᠶᠢᠭᠤᠯᠤᠨ᠎ᠠ᠃    ᠠᠷᠪᠠᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠭᠤᠷᠬᠠᠢ ᠶᠢᠨ ᠬᠤᠳᠳᠤᠭ ᠢ ᠰᠢᠯᠢᠳᠡᠭᠵᠢᠭᠦᠯᠬᠦ ᠰᠢᠰᠲ᠋ᠧᠮ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠣᠬᠢᠷᠳᠤᠯ ᠦᠭᠡᠢ ᠣᠶᠤᠨᠴᠢ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠮᠡᠷᠭᠡᠵᠢᠯ᠂ ᠲᠣᠨᠣᠭᠯᠠᠯ᠂ ᠴᠢᠳᠠᠪᠤᠷᠢᠲᠠᠨ ᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠎ᠡ᠃    ᠠᠷᠪᠠᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠨᠡᠭᠦᠷᠡᠰᠦᠨ ᠴᠢᠯᠠᠭᠤ᠂ ᠠᠭᠤᠷᠬᠠᠢ ᠶᠢᠨ ᠬᠤᠳᠳᠤᠭ ᠤᠨ ᠤᠰᠤ᠂ ᠨᠡᠭᠦᠷᠡᠰᠦᠨ ᠠᠭᠤᠷᠬᠠᠢ ᠶᠢᠨ ᠬᠤᠳᠳᠤᠭ ᠠᠴᠠ ᠲᠠᠲᠠᠵᠤ ᠭᠠᠷᠭᠠᠭᠰᠠᠨ ᠭᠠᠰ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠴᠢ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠵᠤ  ᠰᠡᠷᠭᠦᠭᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠰᠠᠨ ᠣᠷᠣᠨ᠂ ᠰᠢᠷᠣᠢ ᠭᠠᠳᠠᠭᠰᠢᠯᠠᠭᠤᠯᠬᠤ ᠵᠠᠳᠠᠭᠠᠢ ᠲᠠᠯᠠᠪᠠᠢ ᠵᠡᠷᠭᠡ ᠶᠢ ᠠᠰᠢᠭᠯᠠᠨ ᠰᠢᠨ᠎ᠡ ᠡᠨᠧᠷᠭᠢ ᠵᠢᠴᠢ ᠡᠨᠧᠷᠭᠢ ᠬᠠᠳᠠᠭᠠᠯᠠᠬᠤ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃    ᠠᠷᠪᠠᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠴᠠ ᠴᠠᠭᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ ᠪᠠ ᠴᠢᠳᠠᠪᠤᠷᠢ ᠶᠢᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠨ ᠴᠠᠭᠢᠯᠭᠠᠨ ᠤ ᠬᠡᠪᠴᠢᠶ᠎ᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠨ᠂ ᠨᠡᠭᠦᠷᠡᠰᠦᠨ ᠴᠠᠭᠢᠯᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠯᠤᠭ᠎ᠠ ᠤᠶᠠᠯᠳᠤᠭᠤᠯᠵᠤ᠂ ᠡᠩ ᠲᠡᠷᠢᠭᠦᠨ ᠳᠤ ᠥᠭᠡᠷᠡᠴᠢᠯᠡᠨ ᠲᠡᠰ ᠳᠡᠪᠰᠢᠭᠦᠯᠬᠦ ᠶᠢ ᠪᠠᠷᠢᠮᠲᠠᠯᠠᠨ᠂ ᠨᠡᠭᠦᠷᠡᠰᠦᠨ ᠴᠠᠭᠢᠯᠭᠠᠨ ᠤ ᠲᠥᠷᠥᠯ ᠵᠦᠢᠯ ᠤᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢ ᠦᠨᠡᠨ ᠬᠦ ᠰᠢᠨ᠎ᠡ ᠪᠠᠷ ᠨᠡᠮᠡᠭᠳᠡᠭᠦᠯᠬᠦ ᠴᠢᠬᠤᠯᠠᠲᠠᠢ ᠭᠠᠵᠠᠷ ᠣᠷᠣᠨ ᠳᠤ ᠠᠮᠤᠷ ᠲᠦᠪᠰᠢᠨ ᠢ ᠪᠠᠲᠤᠯᠠᠬᠤ ᠲᠤᠯᠭᠠᠭᠤᠷᠢᠯᠠᠬᠤ ᠴᠢᠨᠠᠷᠲᠠᠢ ᠨᠡᠭᠦᠷᠡᠰᠦᠨ ᠴᠠᠭᠢᠯᠭᠠᠨ ᠪᠣᠯᠣᠨ ᠠᠷᠠᠳ  ᠤᠨ ᠠᠮᠢᠳᠤᠷᠠᠯ  ᠢ ᠪᠠᠲᠤᠯᠠᠬᠤ ᠢᠯᠴᠢ ᠴᠠᠭᠢᠯᠭᠠᠨ ᠬᠠᠮᠲᠤᠷᠠᠨ ᠦᠢᠯᠡᠳᠪᠦᠷᠢᠯᠡᠬᠦ ᠮᠠᠰᠢᠨ ᠴᠣᠭᠴᠠᠯᠠᠪᠤᠷᠢ  ᠶᠢ ᠵᠣᠬᠢᠬᠤ ᠬᠡᠮᠵᠢᠶ᠎ᠡ  ᠪᠠᠷ ᠬᠥᠭᠵᠢᠭᠦᠯᠦᠨ᠎ᠡ᠃    ᠠᠷᠪᠠᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠤᠯᠠᠮᠵᠢᠯᠠᠯᠲᠤ ᠨᠡᠭᠦᠷᠡᠰᠦ ᠰᠢᠲᠠᠭᠠᠬᠤ ᠴᠠᠭᠢᠯᠭᠠᠨ ᠦᠢᠯᠡᠳᠪᠦᠷᠢ ᠶᠢᠨ ᠪᠣᠬᠢᠷᠳᠤᠯ ᠦᠭᠡᠢ ᠣᠶᠤᠨᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠯᠠᠨ ᠡᠨᠧᠷᠭᠢ ᠬᠠᠷᠢᠯᠴᠠᠨ ᠨᠥᠬᠦᠪᠦᠷᠢᠯᠡᠬᠦ᠂ ᠴᠠᠭᠢᠯᠭᠠᠨ ᠰᠤᠷᠪᠤᠯᠵᠢ ᠴᠠᠭᠢᠯᠭᠠᠨ ᠲᠣᠣᠷ ᠳᠠᠭᠠᠭᠠᠴᠠ ᠨᠥᠭᠡᠴᠡ᠂ ᠬᠡᠶᠢᠰᠪᠦᠷᠢ ᠴᠠᠭᠢᠯᠭᠠᠨ ᠦᠢᠯᠡᠳᠪᠦᠷᠢ ᠵᠡᠷᠭᠡ ᠰᠢᠨ᠎ᠡ ᠭᠡᠯᠪᠡᠷᠢ ᠶᠢᠨ ᠵᠠᠭᠪᠤᠷ ᠢ ᠬᠡᠷᠡᠭᠯᠡᠨ᠂ ᠤᠯᠠᠮᠵᠢᠯᠠᠯᠲᠤ ᠨᠡᠭᠦᠷᠡᠰᠦ ᠰᠢᠲᠠᠭᠠᠬᠤ ᠴᠠᠭᠢᠯᠭᠠᠨ  ᠦᠢᠯᠡᠳᠪᠦᠷᠢ ᠬᠢᠭᠡᠳ ᠰᠢᠨ᠎ᠡ ᠡᠨᠧᠷᠭᠢ ᠶᠢᠨ ᠤᠶᠠᠯᠳᠤᠯ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠴᠠᠭᠢᠯᠭᠠᠨ ᠬᠦᠴᠦᠨ ᠤ ᠴᠠᠭᠢᠯᠭᠠᠨ ᠤ ᠬᠡᠮᠵᠢᠶ᠎ᠡ ᠶᠢᠨ ᠪᠣᠬᠢᠷᠳᠤᠯ ᠦᠭᠡᠢ ᠳᠣᠣᠷ᠎ᠠ  ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢ ᠪᠡᠶᠡᠯᠡᠭᠦᠯᠦᠨ᠎ᠡ᠃    ᠠᠷᠪᠠᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠲᠡᠷᠢᠭᠦᠨ ᠤ ᠲᠣᠬᠢᠷᠠᠮᠵᠢᠲᠠᠢ ᠡᠨᠧᠷᠭᠢ ᠠᠷᠪᠢᠯᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ ᠮᠡᠷᠭᠡᠵᠢᠯ ᠢ ᠪᠦᠭᠦ ᠲᠠᠯ᠎ᠠ ᠪᠠᠷ ᠳᠡᠯᠭᠡᠷᠡᠭᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ  ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠭᠡᠳᠤ ᠬᠢᠵᠠᠭᠠᠷ ᠠᠴᠠ ᠳᠠᠪᠠᠭᠰᠠᠨ ᠵᠡᠷᠭᠡ ᠲᠡᠷᠢᠭᠦᠨ ᠤ ᠴᠠᠭᠢᠯᠭᠠᠨ ᠭᠠᠷᠭᠠᠬᠤ ᠮᠡᠷᠭᠡᠵᠢᠯ ᠢ ᠬᠡᠷᠡᠭᠯᠡᠨ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠭᠡᠳᠤ ᠳᠣᠣᠷ᠎ᠠ ᠭᠠᠳᠠᠭᠰᠢᠯᠠᠭᠤᠯᠤᠯᠲᠠ ᠪᠠ ᠡᠨᠧᠷᠭᠢ ᠠᠷᠪᠢᠯᠠᠬᠤ ᠲᠡᠰ ᠳᠡᠪᠰᠢᠭᠦᠯᠬᠦ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠵᠦ᠂ ᠨᠡᠭᠦᠷᠡᠰᠦ ᠰᠢᠲᠠᠭᠠᠬᠤ ᠬᠤᠴᠤᠷᠤᠩᠭᠤᠢ ᠮᠠᠰᠢᠨ ᠴᠣᠭᠴᠠᠯᠠᠪᠤᠷᠢ ᠶᠢ ᠲᠥᠯᠥᠪᠯᠡᠭᠡ ᠲᠠᠢ ᠪᠠᠷ ᠰᠢᠭᠰᠢᠭᠳᠡᠭᠦᠯᠵᠦ᠂ ᠨᠡᠭᠦᠷᠡᠰᠦᠨ ᠴᠠᠭᠢᠯᠭᠠᠨ  ᠤ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ  ᠶᠢ ᠳᠡᠭᠡᠭᠰᠢᠯᠡᠭᠦᠯᠵᠦ᠂ ᠲᠡᠷᠢᠭᠦᠨ  ᠤ ᠪᠥᠭᠡᠳ ᠠᠷᠢᠭᠤᠨ ᠴᠡᠪᠡᠷ ᠨᠡᠭᠦᠷᠡᠰᠦᠨ ᠴᠠᠭᠢᠯᠭᠠᠨ  ᠤ ᠲᠣᠭᠲᠠᠯᠴᠠᠭ᠎ᠠ  ᠪᠠ ᠬᠤᠳᠠ ᠪᠠᠯᠭᠠᠰᠤᠨ  ᠤ ᠢᠯᠴᠢ ᠬᠠᠩᠭᠠᠬᠤ ᠲᠣᠭᠲᠠᠯᠴᠠᠭ᠎ᠠ ᠶᠢ ᠪᠠᠶᠢᠭᠤᠯᠤᠨ᠎ᠠ᠃    ᠠᠷᠪᠠᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠷᠡᠰᠦᠨ ᠤ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠭᠦᠨᠵᠡᠭᠡᠢ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠮᠡᠷᠭᠡᠵᠢᠯ ᠤᠨ ᠨᠥᠭᠡᠴᠡᠯᠡᠯᠲᠡ ᠪᠣᠯᠣᠨ ᠦᠢᠯᠡᠳᠪᠦᠷᠢᠯᠡᠯ ᠤᠨ ᠴᠢᠳᠠᠪᠤᠷᠢ ᠶᠢᠨ ᠨᠥᠭᠡᠴᠡᠯᠡᠯᠲᠡ ᠪᠠᠷ ᠭᠤᠣᠯᠳᠠᠯᠭ᠎ᠠ ᠪᠣᠯᠭᠠᠨ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠲᠥᠯᠥᠪᠦᠷᠢ ᠲᠠᠢ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠪᠣᠯᠣᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃    ᠠᠷᠪᠠ ᠶᠢᠰᠦᠳᠦᠭᠡᠷ ᠵᠦᠢᠯ  ᠨᠡᠭᠦᠷᠡᠰᠦ ᠪᠠᠷ ᠰᠠᠭᠤᠷᠢ ᠪᠤᠯᠭᠠᠬᠰᠠᠨ ᠪᠦᠭᠦ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠡᠦᠷᠰᠢᠭᠦᠯᠬᠦ ᠵᠡᠷᠭᠡ ᠲᠦᠷᠦᠯ ᠵᠦᠢᠯ ᠤᠨ ᠬᠡᠯᠬᠢᠶ᠎ᠡ ᠶᠢ ᠤᠷᠲᠤᠳᠬᠠᠬᠤ  ᠨᠥᠬᠦᠪᠦᠷᠢᠯᠡᠬᠦ ᠥᠷᠭᠡᠳᠬᠡᠬᠦ ᠴᠢᠩᠭᠠᠳᠬᠠᠬᠤ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠲᠡᠰᠵᠢᠭᠦᠯᠭᠦ ᠲᠡᠶᠢᠰᠢ ᠤᠷᠲᠤᠳᠬᠠᠬᠤ᠂ ᠦᠢᠯᠡᠳᠬᠦᠨ ᠢ ᠰᠢᠨ᠎ᠡ ᠮᠠᠲ᠋ᠧᠷᠢᠶᠠᠯ᠂ ᠬᠢᠮᠢ ᠶᠢᠨ ᠪᠣᠳᠠᠰ ᠵᠡᠷᠭᠡ ᠨᠠᠷᠢᠯᠢᠭᠵᠢᠭᠤᠯᠤᠭᠰᠠᠨ ᠦᠢᠯᠡᠳᠬᠦᠨ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠨᠡᠭᠦᠷᠡᠰᠦ ᠶᠢ ᠲᠦᠯᠡᠰᠢ ᠪᠤᠯᠭᠠᠬᠤ ᠪᠠᠷ ᠭᠤᠣᠯ ᠪᠤᠯᠭᠠᠵᠤ ᠪᠠᠶᠢᠭᠰᠠᠨ ᠠᠴᠠ ᠲᠦᠯᠡᠰᠢ ᠪᠠ ᠲᠦᠭᠦᠬᠡᠢ ᠮᠠᠲ᠋ᠧᠷᠢᠶᠠᠯ ᠢ ᠵᠡᠷᠭᠡ ᠪᠠᠷ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃    ᠬᠤᠷᠢᠳᠤᠭᠠᠷ ᠵᠦᠢᠯ  ᠬᠥᠩᠭᠡᠨᠴᠠᠭᠠᠨ ᠤ ᠠᠭᠤᠯᠤᠭᠳᠠᠴᠠ ᠶᠡᠬᠡᠲᠡᠢ ᠨᠤᠨᠳᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ ᠬᠥᠩᠭᠡᠨᠴᠠᠭᠠᠨ ᠢ ᠭᠠᠷᠭᠠᠨ ᠠᠪᠬᠤ᠂ ᠬᠥᠩᠭᠡᠨᠴᠠᠭᠠᠨ ᠴᠠᠬᠢᠭᠤᠷ ᠤᠨ ᠬᠠᠶᠢᠯᠤᠰᠢ ᠵᠡᠷᠭᠡ ᠠᠭᠤᠯᠤᠭᠳᠠᠴᠠ ᠲᠠᠢ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠤᠯᠤᠰ ᠤᠨ ᠨᠤᠨᠳᠠᠭ ᠨᠡᠭᠦᠷᠡᠰᠦᠨ ᠤ ᠦᠨᠡᠰᠦ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠤᠨ᠎ᠠ᠃    ᠭᠤᠷᠪᠠᠳᠤᠭᠠᠷ ᠪᠦᠯᠦᠭ  ᠲᠣᠰᠣ ᠬᠡᠢ ᠶᠢᠨ ᠨᠡᠭᠡᠭᠡᠨ ᠠᠰᠢᠭᠯᠠᠯᠲᠠ    ᠬᠤᠷᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠰᠣ ᠬᠡᠢ ᠶᠢᠨ ᠠᠭᠤᠷᠬᠠᠢ ᠶᠢᠨ ᠦᠷᠭᠦᠯᠵᠢᠯᠡᠨ ᠬᠠᠰᠤᠭᠳᠠᠬᠤ ᠶᠢ ᠡᠵᠡᠮᠳᠡᠬᠦ᠂ ᠮᠠᠯᠲᠠᠨ ᠬᠤᠷᠢᠶᠠᠬᠤ ᠨᠤᠷᠮ᠎ᠠ ᠶᠢ ᠳᠡᠭᠡᠭᠰᠢᠯᠡᠭᠦᠯᠭᠦ᠂ ᠭᠠᠷᠤᠯᠲᠠ ᠶᠢ ᠲᠣᠭᠲᠠᠪᠤᠷᠢᠵᠢᠭᠤᠯᠤᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠢᠨᠵᠧᠨᠧᠷᠢᠩ ᠢ ᠲᠦᠯᠬᠢᠨ ᠠᠬᠢᠭᠤᠯᠵᠤ᠂ ᠲᠣᠰᠣ ᠬᠡᠢ ᠶᠢᠨ ᠨᠥᠭᠡᠴᠡ ᠪᠠ ᠦᠢᠯᠡᠳᠪᠦᠷᠢᠯᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠵᠦ᠂ ᠲᠣᠰᠣ ᠬᠡᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠬᠤᠷᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠵᠠᠨᠠᠷ ᠤᠨ ᠬᠡᠢ᠂ ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠶᠡᠷᠦᠳᠡ ᠶᠢᠨ ᠪᠤᠰᠤ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ ᠨᠡᠭᠡᠭᠡᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠪᠠᠷ ᠲᠣᠰᠣ ᠬᠡᠢ ᠦᠢᠯᠡᠳᠬᠦ᠂ ᠪᠠᠶᠢᠭᠠᠯᠢ ᠶᠢᠨ ᠰᠢᠲᠠᠮᠠᠬᠠᠢ ᠬᠡᠢ ᠠᠴᠠ ᠾᠧᠯᠢ ᠬᠡᠢ ᠶᠢ ᠭᠠᠷᠭᠠᠨ ᠠᠪᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ᠬᠤᠷᠢᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠣᠰᠣ ᠬᠡᠢ ᠶᠢᠨ ᠠᠭᠤᠷᠬᠠᠢ ᠶᠢ ᠠᠷᠢᠭᠤᠨ ᠴᠡᠪᠡᠷ ᠥᠨᠳᠥᠷ ᠪᠦᠲᠦᠮᠵᠢᠲᠠᠢ ᠪᠠᠷ ᠨᠡᠭᠡᠭᠡᠨ ᠮᠠᠯᠲᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠤᠯᠪᠠᠰᠤᠷᠠᠭᠤᠯᠬᠤ ᠠᠵᠢᠯ ᠲᠥᠷᠥᠯ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ  ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠤᠨ᠎ᠠ᠃    ᠬᠤᠷᠢᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠲᠣᠰᠣ ᠬᠡᠢ ᠬᠢᠭᠡᠳ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠡᠨᠧᠷᠭᠢ ᠶᠢᠨ ᠡᠬᠢ ᠪᠠᠶᠠᠯᠢᠭ ᠢ ᠬᠠᠮᠵᠢᠯᠴᠠᠨ ᠨᠡᠭᠡᠭᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠥᠪᠡᠷ ᠤᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠶᠠᠨ ᠠᠰᠢᠭᠯᠠᠨ ᠰᠠᠯᠬᠢᠨ ᠡᠨᠧᠷᠭᠢ ᠪᠠ ᠨᠡᠷᠡᠨ ᠡᠨᠧᠷᠭᠢ ᠵᠡᠷᠭᠡ ᠰᠢᠨ᠎ᠡ ᠡᠨᠧᠷᠭᠢ ᠶᠢ ᠬᠥᠭᠵᠢᠭᠦᠯᠬᠦ ᠪᠠ ᠲᠠᠷᠬᠠᠮᠠᠯ ᠮᠠᠶ᠋ᠢᠭ ᠤᠨ ᠡᠨᠧᠷᠭᠢ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠲᠣᠰᠣ ᠬᠡᠢ ᠶᠢᠨ ᠠᠭᠤᠷᠬᠠᠢ ᠶᠢᠨ ᠣᠷᠣᠨ ᠳᠣᠲᠣᠷᠠᠬᠢ ᠤᠯᠠᠨ ᠡᠨᠧᠷᠭᠢ ᠠᠭᠤᠰᠤᠯᠴᠠᠭᠰᠠᠨ ᠣᠷᠣᠨ ᠪᠦᠰᠡ ᠶᠢᠨ ᠡᠨᠧᠷᠭᠢ ᠬᠠᠩᠭᠠᠬᠤ ᠰᠢᠰᠲ᠋ᠧᠮ ᠢ ᠪᠦᠲᠦᠭᠡᠨ ᠪᠠᠶᠢᠭᠤᠯᠤᠨ᠎ᠠ᠃    ᠬᠤᠷᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤᠯᠤᠰ ᠤᠨ ᠨᠡᠭᠦᠷᠡᠰᠦ ᠪᠠᠷ ᠲᠣᠰᠣ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠪᠠ ᠮᠡᠷᠭᠡᠵᠢᠯ ᠤᠨ ᠨᠥᠭᠡᠴᠡ ᠲᠠᠢ ᠪᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠪᠡᠶ᠎ᠡ ᠪᠠᠨ ᠳᠠᠭᠠᠭᠠᠵᠤ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠪᠠ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠨᠡᠭᠦᠷᠡᠰᠦ ᠪᠠᠷ ᠲᠣᠰᠣ ᠬᠡᠢ ᠦᠢᠯᠡᠳᠬᠦ ᠲᠦᠷᠦᠯ ᠵᠦᠢᠯ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠨᠡᠭᠦᠷᠡᠰᠦ ᠪᠠᠷ ᠲᠣᠰᠣ ᠬᠡᠢ ᠦᠢᠯᠡᠳᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠵᠦ ᠲᠡᠰ ᠳᠡᠪᠰᠢᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠡᠭᠦᠷᠡᠰᠦ ᠪᠠᠷ ᠲᠣᠰᠣ ᠬᠡᠢ ᠦᠢᠯᠡᠳᠬᠦ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠲᠣᠰᠣ ᠬᠡᠢ ᠶᠢᠨ ᠬᠠᠩᠭᠠᠯᠭ᠎ᠠ ᠳᠤ ᠪᠠᠶᠢᠯᠳᠤᠬᠤ ᠪᠣᠳᠣᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠬᠠᠩᠭᠠᠨ᠎ᠠ᠃    ᠬᠤᠷᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠣᠰᠣ ᠬᠡᠢ ᠶᠢᠨ ᠬᠤᠭᠤᠯᠠᠢ ᠲᠣᠣᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠬᠤᠭᠤᠯᠠᠢ ᠶᠢᠨ ᠬᠠᠷᠢᠯᠴᠠᠨ ᠬᠤᠯᠪᠣᠯᠳᠤᠵᠤ ᠨᠡᠪᠲᠡᠷᠡᠯᠴᠡᠬᠦ ᠶᠢ ᠲᠦᠯᠬᠢᠨ ᠠᠬᠢᠭᠤᠯᠵᠤ᠂ ᠣᠷᠣᠨ ᠤ ᠳᠣᠲᠣᠷᠠᠬᠢ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠪᠦᠭᠦ ᠤᠯᠤᠰ ᠤᠨ ᠨᠢᠭᠡ ᠯᠡ ᠲᠣᠣᠷ ᠲᠤ ᠣᠷᠣᠭᠤᠯᠬᠤ ᠶᠢ ᠲᠦᠯᠬᠢᠨ ᠠᠬᠢᠭᠤᠯᠵᠤ᠂ ᠬᠤᠭᠤᠯᠠᠢ ᠲᠣᠣᠷ ᠤᠨ ᠰᠢᠰᠲ᠋ᠧᠮ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠬᠤᠷᠢᠨ ᠳᠣᠯᠣᠳᠤᠭᠠᠷ ᠵᠦᠢᠯ  ᠤᠯᠠᠮᠵᠢᠯᠠᠯᠲᠤ ᠲᠣᠰᠣ ᠨᠡᠮᠡᠬᠦ ᠦᠷᠳᠡᠭᠡ᠂ ᠬᠡᠢ ᠨᠡᠮᠡᠬᠦ ᠦᠷᠳᠡᠭᠡ ᠶᠢᠨ ᠲᠣᠰᠣ ᠬᠡᠢ ᠴᠠᠭᠢᠯᠭᠠᠨ ᠤᠰᠤᠲᠥ᠋ᠷᠥᠭᠴᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠡᠨᠧᠷᠭᠢ ᠶᠢᠨ ᠦᠢᠯᠡᠴᠢᠯᠡᠭᠡᠨ ᠤ ᠦᠷᠳᠡᠭᠡ ᠪᠠᠶᠢᠭᠤᠯᠬᠤ ᠶᠢ ᠵᠣᠷᠢᠭᠵᠢᠭᠤᠯᠤᠨ᠎ᠠ᠃ᠬᠤᠷᠢᠨ ᠨᠠᠢᠮᠠᠳᠤᠭᠠᠷ ᠵᠦᠢᠯ  ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠢᠶᠠᠨ ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠮᠡᠷᠭᠡᠵᠢᠯ ᠢ ᠳᠡᠯᠭᠡᠷᠡᠭᠦᠯᠬᠦ ᠵᠢᠱᠢᠶ᠎ᠡ ᠦᠵᠡᠭᠦᠯᠭᠦ ᠠᠵᠢᠯ ᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠣᠰᠣ ᠠᠷᠢᠯᠭᠠᠬᠤ ᠮᠡᠷᠭᠡᠵᠢᠯ ᠤᠨ ᠬᠡᠷᠡᠭᠯᠡᠯᠲᠡ ᠶᠢ ᠥᠷᠭᠡᠳᠬᠡᠵᠦ᠂ ᠲᠣᠰᠣ ᠬᠡᠢ ᠶᠢ ᠨᠡᠭᠡᠭᠡᠨ ᠮᠠᠯᠲᠠᠭᠰᠠᠨ ᠠᠴᠠ ᠪᠤᠢ ᠪᠣᠯᠤᠭᠰᠠᠨ ᠭᠠᠵᠠᠷ ᠳᠣᠣᠷᠠᠬᠢ ᠣᠷᠣᠨ ᠵᠠᠢ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠢᠲᠡᠭᠦᠮᠵᠢᠯᠡᠨ ᠬᠠᠳᠠᠭᠠᠯᠠᠬᠤ ᠶᠢ ᠬᠠᠶᠢᠨ ᠰᠦᠪᠡᠭᠴᠢᠯᠡᠨ᠎ᠡ᠃    ᠳᠥᠷᠪᠡᠳᠦᠭᠡᠷ ᠪᠦᠯᠦᠭ  ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ    ᠬᠤᠷᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠡᠨᠧᠷᠭᠢ ᠶᠢᠨ ᠬᠥᠭᠵᠢᠯᠲᠡ ᠶᠢᠨ ᠲᠡᠷᠢᠭᠦᠨ ᠤ ᠬᠦᠷᠢᠶᠡᠨ ᠳᠤ ᠣᠷᠣᠭᠤᠯᠵᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠡᠷᠦᠩᠬᠡᠢ ᠬᠡᠮᠵᠢᠶ᠎ᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠭᠲᠠᠭᠠᠨ᠂ ᠵᠣᠬᠢᠴᠠᠩᠭᠤᠢ ᠠᠷᠭ᠎ᠠ ᠬᠡᠮᠵᠢᠶ᠎ᠡ ᠠᠪᠴᠤ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠪᠠᠶᠢᠭᠤᠯᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠤᠨ᠂ ᠪᠦᠭᠦ ᠬᠦᠴᠦᠨ ᠢᠶᠠᠷ ᠢᠶᠠᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ  ᠬᠥᠭᠵᠢᠭᠦᠯᠦᠨ᠎ᠡ᠃    ᠭᠤᠴᠢᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠳᠠᠬᠢ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠡᠨᠧᠷᠭᠢ ᠶᠢᠨ  ᠬᠥᠭᠵᠢᠯᠲᠡ ᠶᠢ ᠳᠡᠮᠵᠢᠬᠦ ᠬᠤᠯᠪᠣᠭᠳᠠᠯ ᠪᠦᠬᠦᠢ ᠢᠵᠢ ᠪᠦᠷᠢᠳᠦᠭᠦᠯᠦᠭᠰᠡᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠲᠡᠮᠵᠢᠨ ᠬᠥᠲᠥᠯᠥᠨ ᠵᠢᠯᠤᠭᠤᠳᠴᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠵᠦᠢ ᠵᠣᠬᠢᠰᠲᠠᠢ ᠣᠷᠣᠨ ᠵᠠᠢ ᠶᠢᠨ ᠬᠡᠷᠡᠭᠴᠡᠭᠡ ᠶᠢ ᠪᠠᠲᠤᠯᠠᠵᠤ᠂ ᠰᠢᠨ᠎ᠡ ᠡᠨᠧᠷᠭᠢ ᠶᠢᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃    ᠭᠤᠴᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠨᠧᠷᠭᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭᠠᠷ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠵᠤ ᠥᠪᠡᠷᠲᠡᠭᠡᠨ ᠵᠠᠰᠠᠬᠤ ᠣᠷᠣᠨ ᠤ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ᠂ ᠵᠦᠢ ᠵᠣᠬᠢᠰᠲᠠᠢ ᠪᠠᠶᠢᠷᠢᠰᠢᠭᠤᠯᠬᠤ᠂ ᠡᠮᠬᠢ ᠵᠢᠷᠤᠮ ᠲᠠᠢ ᠬᠥᠭᠵᠢᠭᠦᠯᠬᠦ ᠵᠠᠷᠴᠢᠮ ᠢ ᠵᠢᠷᠤᠮᠯᠠᠨ᠂ ᠰᠠᠯᠬᠢᠨ ᠡᠨᠧᠷᠭᠢ᠂ ᠨᠡᠷᠡᠨ ᠡᠨᠧᠷᠭᠢ᠂ ᠤᠰᠤᠲᠥ᠋ᠷᠥᠭᠴᠢ ᠶᠢᠨ ᠡᠨᠧᠷᠭᠢ᠂ ᠴᠥᠮ᠎ᠡ ᠶᠢᠨ ᠡᠨᠧᠷᠭᠢ᠂ ᠠᠮᠢᠳᠤ ᠪᠣᠳᠠᠰ ᠤᠨ ᠮᠠᠰ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃    ᠭᠤᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠲᠣᠮᠣ ᠭᠡᠯᠪᠡᠷᠢ ᠶᠢᠨ ᠰᠠᠯᠬᠢᠨ ᠬᠦᠴᠦᠨ  ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠦᠯᠬᠢᠨ ᠠᠬᠢᠭᠤᠯᠵᠤ᠂ ᠡᠯᠡᠰᠦ ᠮᠠᠩᠬ᠎ᠠ᠂ ᠭᠤᠪᠢ᠂ ᠴᠦᠯ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠬᠰᠠᠨ ᠲᠣᠮᠣ ᠭᠡᠯᠪᠡᠷᠢ ᠶᠢᠨ ᠰᠠᠯᠬᠢᠨ ᠬᠦᠴᠦᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ ᠭᠠᠵᠠᠷ ᠣᠷᠣᠨ ᠳᠤ ᠲᠣᠮᠣ ᠭᠡᠯᠪᠡᠷᠢ ᠶᠢᠨ ᠰᠠᠯᠬᠢᠨ ᠬᠦᠴᠦᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠰᠠᠭᠤᠷᠢᠨ ᠢ ᠪᠠᠶᠢᠷᠢᠰᠢᠭᠤᠯᠤᠨ ᠪᠦᠲᠦᠭᠡᠨ ᠪᠠᠶᠢᠭᠤᠯᠤᠨ᠎ᠠ᠃    ᠭᠤᠴᠢᠨ ᠭᠤᠷᠪᠠᠳᠤᠭᠠᠷ ᠵᠦᠢᠯ  ᠭᠡᠷᠡᠯ ᠴᠡᠨᠡᠭ ᠤᠨ ᠠᠮᠢ ᠠᠬᠤᠢ᠂ ᠲᠠᠷᠢᠶᠠᠯᠠᠩ ᠪᠠ ᠭᠡᠷᠡᠯ ᠴᠡᠨᠡᠭ ᠤᠨ ᠬᠠᠷᠢᠯᠴᠠᠨ ᠨᠥᠬᠦᠪᠦᠷᠢᠯᠡᠬᠦ᠂ ᠣᠶ ᠰᠢᠭᠤᠢ ᠪᠠ ᠭᠡᠷᠡᠯ ᠴᠡᠨᠡᠭ ᠤᠨ ᠬᠠᠷᠢᠯᠴᠠᠨ ᠨᠥᠬᠦᠪᠦᠷᠢᠯᠡᠬᠦ ᠵᠡᠷᠭᠡ ᠠᠷᠭ᠎ᠠ ᠭᠡᠯᠪᠡᠷᠢ  ᠪᠠᠷ ᠳᠠᠮᠵᠢᠭᠤᠯᠤᠨ᠂ ᠭᠡᠷᠡᠯ ᠴᠡᠨᠡᠭ ᠤᠨ ᠲᠠᠯᠠᠪᠠᠶ ᠲᠣᠭᠤᠷᠢᠭ ᠲᠤ ᠲᠠᠷᠢᠮᠠᠯ ᠤᠨ ᠦᠢᠯᠡᠰ᠂ ᠣᠶ ᠰᠢᠭᠤᠢ᠂ ᠠᠮᠢ ᠠᠬᠤᠢ   ᠶᠢᠨ ᠦᠵᠡᠭᠦᠯᠭᠡ  ᠶᠢᠨ ᠲᠠᠷᠢᠶᠠᠯᠠᠩ᠂ ᠡᠯᠡᠰᠦᠨ ᠴᠥᠯ  ᠤᠨ ᠠᠵᠤ ᠠᠬᠤᠢ  ᠶᠢ ᠢᠵᠢ ᠪᠦᠷᠢᠳᠦᠭᠦᠯᠦᠨ ᠬᠥᠭᠵᠢᠭᠦᠯᠵᠦ᠂ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ  ᠶᠢ ᠵᠣᠷᠢᠭᠵᠢᠭᠤᠯᠤᠨ᠎ᠠ᠃    ᠭᠤᠴᠢᠨ ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠵᠤ᠂ ᠰᠢᠨ᠎ᠡ ᠡᠨᠧᠷᠭᠢ ᠶᠢᠨ ᠣᠯᠠᠨ ᠡᠰᠢᠵᠢᠭᠰᠡᠨ ᠠᠬᠤᠢ ᠲᠠᠯᠠᠪᠠᠶ ᠶᠢᠨ ᠬᠡᠷᠡᠭᠯᠡᠯᠲᠡ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠪᠠ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠡᠨᠧᠷᠭᠢ ᠶᠢᠨ ᠬᠡᠷᠡᠭᠯᠡᠯᠲᠡ ᠳᠤ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠲᠦᠯᠬᠢᠨ ᠠᠬᠢᠭᠤᠯᠵᠤ᠂ ᠴᠠᠭᠢᠯᠭᠠᠨ ᠰᠤᠷᠪᠤᠯᠵᠢ ᠴᠠᠭᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ᠂ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ ᠨᠡᠭᠦᠷᠡᠰᠦ ᠰᠢᠲᠠᠭᠠᠬᠤ ᠪᠡᠯᠡᠳᠭᠡᠮᠵᠢᠳᠦ ᠴᠠᠭᠢᠯᠭᠠᠨ ᠦᠢᠯᠡᠳᠪᠦᠷᠢ ᠶᠢᠨ ᠳᠠᠬᠢᠯᠲᠠ ᠡᠨᠧᠷᠭᠢ ᠪᠠᠷ ᠣᠷᠣᠯᠠᠭᠤᠯᠬᠤ᠂ ᠬᠦᠷᠢᠶᠡᠯᠡᠩ ᠲᠣᠭᠤᠷᠢᠭ ᠲᠤ ᠪᠣᠬᠢᠷᠳᠤᠯ ᠦᠭᠡᠢ ᠴᠠᠭᠢᠯᠭᠠᠨ ᠬᠠᠩᠭᠠᠬᠤ᠂ ᠢᠯᠴᠢ ᠴᠠᠭᠢᠯᠭᠠᠨ ᠢ ᠠᠮᠢᠳᠤᠯᠢᠭ ᠢᠶᠠᠷ ᠥᠭᠡᠷᠡᠴᠢᠯᠡᠬᠦ᠂ ᠪᠦᠭᠦ ᠬᠡᠮᠵᠢᠶ᠎ᠡ ᠪᠠᠷ ᠥᠪᠡᠰᠦᠪᠡᠨ ᠴᠠᠭᠢᠯᠭᠠᠨ ᠭᠠᠷᠭᠠᠨ ᠬᠡᠷᠡᠭᠯᠡᠬᠦ ᠵᠡᠷᠭᠡ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠰᠢᠩᠭᠡᠭᠡᠬᠦ ᠠᠷᠭ᠎ᠠ ᠭᠡᠯᠪᠡᠷᠢ ᠪᠠᠷ ᠳᠠᠮᠵᠢᠭᠤᠯᠤᠨ  ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠤᠨ ᠵᠢᠱᠢᠶ᠎ᠡ ᠦᠵᠡᠭᠦᠯᠭᠦ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠲᠠᠷᠬᠠᠮᠠᠯ ᠮᠠᠶ᠋ᠢᠭ ᠤᠨ ᠡᠨᠧᠷᠭᠢ ᠭᠠᠷᠭᠠᠬᠤ ᠲᠥᠬᠦᠭᠡᠷᠦᠮᠵᠢ ᠶᠢ ᠥᠪᠡᠷᠲᠡᠭᠡᠨ ᠪᠠᠶᠢᠭᠤᠯᠬᠤ᠂ ᠪᠣᠬᠢᠷᠳᠤᠯ ᠦᠭᠡᠢ ᠴᠠᠭᠢᠯᠭᠠᠨ ᠬᠦᠴᠦᠨ ᠤ ᠠᠷᠠᠯᠵᠢᠶ᠎ᠠ᠂ ᠪᠣᠬᠢᠷᠳᠤᠯ ᠦᠭᠡᠢ ᠦᠨᠡᠮᠯᠡᠯ ᠤᠨ ᠠᠷᠠᠯᠵᠢᠶ᠎ᠠ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠬᠦᠷᠢᠶᠡᠯᠡᠩ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠴᠠᠭᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠭᠤ ᠰᠢᠨ᠎ᠡ ᠡᠨᠧᠷᠭᠢ ᠪᠠᠷ ᠬᠠᠩᠭᠠᠬᠤ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃    ᠭᠤᠴᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠮᠡᠷᠭᠡᠵᠢᠯ᠂ ᠦᠢᠯᠡᠳᠬᠦᠨ᠂ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠮᠡᠷᠭᠡᠵᠢᠯ ᠤᠨ ᠪᠣᠭᠤᠮᠢ ᠶᠢ ᠲᠥᠪᠯᠡᠷᠡᠭᠦᠯᠦᠨ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠴᠢᠨᠠᠷ ᠪᠣᠯᠣᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠬᠦ ᠪᠠ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃    ᠭᠤᠴᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠴᠡᠪᠡᠷᠰᠢᠭᠦᠯᠦᠭᠰᠡᠨ᠂ ᠳᠣᠣᠷ᠎ᠠ ᠨᠡᠭᠦᠷᠡᠰᠦᠲᠥ᠋ᠷᠥᠭᠴᠢᠲᠦ᠂ ᠳᠣᠣᠷ᠎ᠠ ᠥᠪᠡᠷ ᠤᠨ ᠦᠷᠳᠡᠭ ᠲᠠᠢ ᠤᠯᠠᠨ ᠡᠰᠢᠵᠢᠭᠰᠡᠨ ᠤᠰᠤᠲᠥ᠋ᠷᠥᠭᠴᠢ ᠦᠢᠯᠡᠳᠬᠦ ᠲᠣᠭᠲᠠᠯᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠳᠠᠬᠢᠯᠲᠠ ᠡᠨᠧᠷᠭᠢ ᠪᠠᠷ ᠤᠰᠤᠲᠥ᠋ᠷᠥᠭᠴᠢ  ᠦᠢᠯᠡᠳᠬᠦ ᠶᠢ ᠭᠤᠣᠯᠳᠠᠯᠭ᠎ᠠ ᠲᠠᠢ ᠬᠥᠭᠵᠢᠭᠦᠯᠵᠦ᠂ ᠴᠢᠯᠠᠭᠤᠵᠢᠮᠠᠯ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠴᠢᠩᠭ᠎ᠠ ᠬᠢᠵᠠᠭᠠᠷᠯᠠᠨ᠎ᠠ᠃ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠰᠡᠭᠦᠯ ᠤᠨ ᠬᠡᠢ ᠵᠡᠷᠭᠡ ᠠᠵᠤ ᠦᠢᠯᠡᠳᠪᠦᠷᠢ ᠶᠢᠨ ᠳᠠᠭᠠᠯᠲᠠ ᠬᠡᠢ ᠶᠢᠨ ᠤᠰᠤᠲᠥ᠋ᠷᠥᠭᠴᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠠᠵᠤ ᠦᠢᠯᠡᠳᠪᠦᠷᠢ ᠶᠢᠨ ᠳᠠᠭᠠᠯᠲᠠ ᠬᠡᠢ ᠶᠢᠨ ᠤᠰᠤᠲᠥ᠋ᠷᠥᠭᠴᠢ ᠶᠢ ᠡᠭᠡᠭᠦᠯᠦᠨ ᠬᠤᠷᠢᠶᠠᠵᠤ ᠴᠡᠪᠡᠷᠰᠢᠭᠦᠯᠦᠨ ᠠᠰᠢᠭᠯᠠᠬᠤ ᠶᠢ ᠠᠬᠢᠭᠤᠯᠵᠤ᠂ ᠤᠰᠤᠲᠥ᠋ᠷᠥᠭᠴᠢ   ᠶᠢᠨ ᠡᠨᠧᠷᠭᠢ ᠶᠢ ᠰᠢᠩᠭᠡᠭᠡᠬᠦ ᠴᠢᠳᠠᠪᠤᠷᠢ ᠲᠠᠢ ᠭᠠᠵᠠᠷ ᠣᠷᠣᠨ ᠳᠤ ᠰᠢᠨ᠎ᠡ ᠡᠨᠧᠷᠭᠢ ᠪᠠᠷ  ᠤᠰᠤᠲᠥ᠋ᠷᠥᠭᠴᠢ  ᠦᠢᠯᠡᠳᠬᠦ ᠲᠥᠷᠥᠯ ᠵᠦᠢᠯ ᠢ ᠪᠠᠶᠢᠷᠢᠰᠢᠭᠤᠯᠵᠤ᠂ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠬᠥᠬᠡ ᠤᠰᠤᠲᠥ᠋ᠷᠥᠭᠴᠢ ᠪᠠ ᠨᠣᠭᠤᠭᠠᠨ ᠤᠰᠤᠲᠥ᠋ᠷᠥᠭᠴᠢ ᠶᠢᠨ ᠦᠢᠯᠡᠳᠪᠦᠷᠢᠯᠡᠯ ᠤᠨ ᠰᠠᠭᠤᠷᠢᠨ ᠢ ᠪᠣᠶᠢᠵᠢᠭᠤᠯᠤᠨ᠎ᠠ᠃    ᠭᠤᠴᠢᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠤᠰᠤᠲᠥ᠋ᠷᠥᠭᠴᠢ ᠶᠢᠨ ᠡᠨᠧᠷᠭᠢ ᠶᠢ ᠠᠰᠢᠭᠯᠠᠬᠤ ᠬᠤᠳᠠᠯᠳᠤᠭᠠᠴᠢᠯᠠᠭᠰᠠᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠵᠢᠷᠤᠮᠵᠢᠯ ᠲᠠᠢ ᠬᠥᠭᠵᠢᠬᠦ ᠶᠢ ᠬᠥᠲᠥᠯᠥᠨ ᠵᠢᠯᠤᠭᠤᠳᠴᠤ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠡᠷᠡᠭᠯᠡᠭᠡᠨ ᠤ ᠵᠢᠱᠢᠶ᠎ᠡ ᠦᠵᠡᠭᠦᠯᠭᠦ ᠶᠢ ᠢᠳᠡᠪᠬᠢᠲᠡᠢ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ᠵᠠᠮ ᠬᠠᠷᠢᠯᠴᠠᠭ᠎ᠠ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠬᠦᠷᠢᠶᠡᠨ ᠳᠤ ᠰᠤᠳᠤᠯᠤᠨ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠤᠰᠤᠲᠥ᠋ᠷᠥᠭᠴᠢ ᠲᠦᠯᠡᠰᠢᠳᠤ ᠴᠠᠭᠢᠯᠭᠠᠨ ᠴᠡᠨᠡᠭ ᠲᠠᠢ ᠬᠦᠨᠳᠦ ᠠᠴᠢᠶᠠᠨ ᠤ ᠮᠠᠰᠢᠨ᠂ ᠨᠡᠶᠢᠲᠡ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠵᠦ᠂ ᠨᠣᠭᠤᠭᠠᠨ ᠤᠰᠤᠲᠥ᠋ᠷᠥᠭᠴᠢ ᠪᠠᠷ  ᠨᠡᠶᠢᠯᠡᠮᠡᠯ ᠨᠣᠭᠤᠭᠠᠨ ᠰᠢᠪᠲᠦᠷ᠂ ᠨᠣᠭᠤᠭᠠᠨ ᠠᠯᠺᠤᠣᠯ ᠦᠢᠯᠡᠳᠪᠦᠷᠢᠯᠡᠬᠦ ᠶᠢ ᠠᠬᠢᠭᠤᠯᠤᠨ᠂ ᠨᠣᠭᠤᠭᠠᠨ ᠤᠰᠤᠲᠥ᠋ᠷᠥᠭᠴᠢ ᠪᠠᠷ ᠲᠡᠮᠦᠷᠯᠢᠭ ᠬᠠᠶᠢᠯᠤᠭᠤᠯᠬᠤ ᠲᠠᠯ᠎ᠠ ᠪᠠᠷ ᠵᠢᠱᠢᠶ᠎ᠡ ᠦᠵᠡᠭᠦᠯᠭᠦ ᠶᠢ ᠥᠷᠨᠢᠭᠦᠯᠵᠦ᠂ ᠨᠣᠭᠤᠭᠠᠨ ᠤᠰᠤᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ᠂ ᠨᠣᠭᠤᠭᠠᠨ ᠤᠰᠤᠲᠥ᠋ᠷᠥᠭᠴᠢ ᠪᠠᠷ ᠲᠡᠮᠦᠷᠯᠢᠭ ᠬᠠᠶᠢᠯᠤᠭᠤᠯᠬᠤ ᠶᠢ ᠬᠤᠳᠠᠯᠳᠤᠭᠠᠴᠢᠯᠠᠭᠰᠠᠨ ᠬᠡᠷᠡᠭᠯᠡᠯᠲᠡ ᠳᠤ ᠤᠷᠤᠭᠤᠯᠬᠤ ᠶᠢ ᠪᠡᠶᠡᠯᠡᠭᠦᠯᠦᠨ᠎ᠡ᠃    ᠭᠤᠴᠢᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠠᠯᠬᠢ ᠭᠡᠷᠡᠯ ᠤᠰᠤᠳᠦ᠋ᠷᠦᠭᠴᠢ ᠨᠦᠭᠡᠴᠡᠯᠡᠯᠳᠡ ᠶᠢᠨ ᠠᠵᠤ ᠦᠢᠯᠡᠰ ᠤᠨ ᠬᠡᠯᠬᠢᠶ᠎ᠡ ᠪᠠᠷ ᠭᠤᠣᠯᠳᠠᠯᠭ᠎ᠠ ᠪᠣᠯᠭᠠᠨ᠂ ᠲᠣᠨᠣᠭᠯᠠᠯ ᠦᠢᠯᠡᠳᠬᠦ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠤᠨ᠂ ᠣᠷᠣᠨ ᠤ ᠳᠣᠲᠣᠷᠠᠬᠢ᠂ ᠡᠷᠭᠢᠨ ᠲᠣᠭᠤᠷᠢᠨ ᠤ ᠬᠡᠷᠡᠭᠴᠡᠭᠡ ᠶᠢ ᠬᠠᠩᠭᠠᠭᠰᠠᠨ᠂ ᠪᠦᠭᠦ ᠤᠯᠤᠰ ᠢ ᠨᠥᠯᠥᠭᠡᠯᠡᠭᠰᠡᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠰᠡᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠴᠢᠳᠠᠪᠤᠷᠢ ᠶᠢ ᠪᠤᠶ ᠪᠤᠯᠭᠠᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠤᠯᠤᠰ ᠤᠨ ᠲᠠᠰ ᠤᠨ ᠰᠠᠭᠤᠷᠢᠨ ᠢ ᠴᠣᠭᠴᠠᠯᠠᠨ᠎ᠠ᠃    ᠲᠠᠪᠤᠳᠤᠭᠠᠷ ᠪᠦᠯᠦᠭ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ    ᠪᠣᠬᠢᠷᠳᠤᠯ  ᠦᠭᠡᠢ ᠠᠮᠤᠷ ᠲᠦᠪᠰᠢᠨ ᠨᠡᠭᠡᠭᠡᠨ ᠠᠰᠢᠭᠯᠠᠯᠲᠠ    ᠭᠤᠴᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠵᠦᠢ ᠵᠣᠬᠢᠰᠲᠠᠢ ᠪᠥᠭᠡᠳ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠬᠢᠵᠠᠭᠠᠷᠯᠠᠯ ᠤᠨ ᠱᠤᠭᠤᠮ ᠢ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠣᠷᠣᠨ ᠪᠦᠰᠡ ᠯᠦᠭᠡ ᠭᠦᠢᠴᠡᠳ ᠵᠣᠯᠭᠠᠭᠤᠯᠬᠤ ᠶᠢ ᠪᠡᠶᠡᠯᠡᠭᠦᠯᠦᠨ᠎ᠡ᠃    ᠳᠥᠴᠢᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠪᠣᠬᠢᠷᠳᠤᠯ ᠦᠭᠡᠢ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠮᠠᠯᠲᠠᠬᠤ ᠰᠣᠩᠭᠤᠬᠤ ᠬᠠᠶᠢᠯᠤᠭᠤᠯᠬᠤ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ ᠵᠦᠢ ᠵᠣᠬᠢᠰᠲᠠᠢ ᠮᠠᠯᠲᠠᠬᠤ᠂ ᠲᠥᠪᠯᠡᠷᠡᠭᠦᠯᠦᠨ ᠰᠣᠩᠭᠤᠬᠤ᠂ ᠲᠣᠭᠲᠠᠭᠰᠠᠨ ᠴᠡᠭ ᠲᠤ ᠬᠠᠶᠢᠯᠤᠭᠤᠯᠬᠤ᠂ ᠣᠶᠢᠷ᠎ᠠ ᠬᠠᠪᠢ ᠳᠤᠨᠢ ᠡᠳ᠋ᠰᠢᠭᠦᠯᠦᠨ ᠣᠨᠳᠣᠣᠰᠢᠭᠤᠯᠬᠤ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠪᠦᠷᠢᠯᠳᠦᠭᠦᠯᠵᠦ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠶᠡᠷᠦᠩᠬᠡᠢ ᠬᠡᠮᠵᠢᠶ᠎ᠡ  ᠪᠠᠷ ᠨᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠦᠭᠦ ᠲᠠᠯ᠎ᠠ ᠪᠠᠷ ᠠᠷᠪᠢᠯᠠᠬᠤ᠂ ᠥᠨᠳᠥᠷ ᠥᠷᠲᠡᠭ  ᠲᠠᠢ ᠠᠰᠢᠭᠯᠠᠬᠤ ᠲᠡᠶᠢᠰᠢ ᠬᠥᠭᠵᠢᠭᠦᠯᠬᠦ ᠶᠢ ᠠᠬᠢᠭᠤᠯᠤᠨ᠎ᠠ᠃    ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠤᠶᠠᠳᠤᠭᠠᠷ ᠤᠳᠠᠭ᠎ᠠ ᠬᠤᠷᠢᠶᠠᠨ ᠠᠪᠴᠤ ᠠᠰᠢᠭᠯᠠᠬᠤ ᠲᠣᠭᠲᠠᠯᠴᠠᠭ᠎ᠠ ᠪᠠ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠪᠠᠷ ᠥᠨᠳᠥᠷ᠂ ᠲᠡᠷᠢᠭᠦᠨ ᠤ ᠮᠡᠷᠭᠡᠵᠢᠯ ᠲᠠᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠵᠢᠱᠢᠶ᠎ᠡ ᠦᠵᠡᠭᠦᠯᠭᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ᠳᠥᠴᠢᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ ᠲᠡᠮᠦᠷ᠂ ᠯᠢᠲ᠋ᠢ᠂ ᠵᠡᠰ᠂ ᠠᠯᠳᠠ᠂ ᠨᠢᠶᠦᠪᠢ᠂ ᠲᠠᠨᠲ᠋ᠠᠯ ᠵᠢᠴᠢ ᠬᠤᠪᠣᠷ ᠰᠢᠷᠣᠢ᠂ ᠬᠤᠪᠣᠷ ᠲᠡᠮᠦᠷᠯᠢᠭ᠂ ᠬᠤᠪᠣᠷ ᠲᠠᠷᠠᠬᠠᠢ ᠲᠡᠮᠦᠷᠯᠢᠭ ᠵᠡᠷᠭᠡ ᠤᠯᠤᠰ ᠤᠨ ᠬᠤᠪᠣᠷ ᠴᠤᠬᠠᠭ ᠪᠠ ᠰᠢᠨ᠎ᠡ ᠪᠠᠷ ᠪᠤᠢ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢ ᠭᠤᠣᠯᠳᠠᠯᠭ᠎ᠠ ᠲᠠᠢ ᠬᠠᠶᠢᠨ ᠪᠠᠶᠢᠴᠠᠭᠠᠨ᠎ᠠ᠃ ᠬᠤᠪᠣᠷ ᠰᠢᠷᠣᠢ᠂ ᠴᠠᠭᠠᠨ ᠲᠤᠭᠤᠯᠭ᠎ᠠ᠂ ᠠᠯᠲᠠ᠂ ᠦᠷᠡᠨ᠂ ᠨᠢᠺᠧᠯ᠂ ᠬᠠᠶᠢᠯᠤᠭᠤᠷ ᠵᠤᠩᠰᠢ ᠵᠡᠷᠭᠡ ᠠᠭᠤᠷᠬᠠᠢ ᠶᠢᠨ ᠭᠦᠨ ᠬᠡᠰᠡᠭ ᠵᠢᠴᠢ ᠭᠠᠳᠠᠭᠤᠷ ᠬᠡᠰᠡᠭ ᠢᠶᠠᠷ ᠠᠭᠤᠷᠬᠠᠢ ᠡᠷᠢᠬᠦ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠵᠦ᠂ ᠠᠭᠤᠷᠬᠠᠢ ᠶᠢᠨ ᠦᠢᠯᠡᠴᠢᠯᠡᠭᠡᠨ ᠤ ᠬᠤᠭᠤᠴᠠᠭ᠎ᠠ ᠶᠢ ᠤᠷᠲᠤᠳᠬᠠᠨ᠎ᠠ᠃    ᠳᠥᠴᠢᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠠᠭᠤᠷᠬᠠᠢ ᠶᠢᠨ ᠪᠦᠲᠦᠴᠡ ᠶᠢ ᠰᠢᠯᠢᠳᠡᠭᠵᠢᠭᠦᠯᠦᠨ᠂ ᠠᠭᠤᠷᠬᠠᠢ ᠶᠢᠨ ᠲᠤᠭ᠎ᠠ ᠬᠡᠮᠵᠢᠶ᠎ᠡ ᠶᠢ ᠬᠢᠵᠠᠭᠠᠷᠯᠠᠵᠤ᠂ ᠲᠣᠮᠣ ᠳᠤᠮᠳᠠ ᠭᠡᠯᠪᠡᠷᠢ ᠶᠢᠨ ᠠᠭᠤᠷᠬᠠᠢ ᠶᠢᠨ ᠬᠠᠷᠢᠴᠠᠯ ᠢ ᠳᠡᠭᠡᠭᠰᠢᠯᠡᠭᠦᠯᠵᠦ᠂ ᠲᠧᠭᠨᠢᠭ ᠮᠡᠷᠭᠡᠵᠢᠯ ᠢᠶᠠᠷ ᠬᠤᠴᠤᠷᠤᠩᠭᠤᠢ᠂ ᠡᠬᠢ ᠪᠠᠶᠠᠯᠢᠭ ᠢ ᠪᠦᠷᠢᠯᠭᠡᠨ ᠰᠦᠢᠳᠬᠡᠵᠦ ᠪᠠᠶᠢᠭ᠎ᠠ ᠪᠠ ᠣᠷᠴᠢᠨ ᠲᠣᠭᠤᠷᠢᠨ ᠢ ᠬᠦᠨᠳᠦ ᠨᠣᠴᠢᠲᠠᠢ ᠪᠣᠬᠢᠷᠲᠤᠭᠤᠯᠤᠭᠰᠠᠨ᠂ ᠠᠶᠤᠯ ᠦᠭᠡᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠠᠭᠤᠷᠬᠠᠢ ᠶᠢ ᠬᠠᠤᠯᠢ ᠶᠣᠰᠣᠭᠠᠷ ᠬᠠᠭᠠᠵᠤ ᠵᠣᠭᠰᠣᠭᠠᠨ᠎ᠠ᠃    ᠰᠢᠨ᠎ᠡ ᠪᠠᠷ ᠠᠭᠤᠷᠬᠠᠢ ᠪᠠᠶᠢᠭᠤᠯᠬᠤ ᠳᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠲᠥᠯᠥᠪᠵᠢᠭᠦᠯᠵᠦ ᠵᠢᠷᠤᠭᠯᠠᠨ ᠲᠥᠯᠥᠪᠯᠡᠵᠦ᠂ ᠪᠦᠲᠦᠭᠡᠨ ᠪᠠᠶᠢᠭᠤᠯᠬᠤ ᠪᠠ ᠡᠵᠡᠩᠨᠡᠵᠦ ᠬᠠᠮᠢᠶᠠᠷᠬᠤ ᠬᠡᠷᠡᠭᠲᠡᠢ᠃  ᠦᠢᠯᠡᠳᠪᠦᠷᠢᠯᠡᠯ ᠤᠨ ᠠᠭᠤᠷᠬᠠᠢ ᠳᠤ ᠪᠣᠬᠢᠷᠳᠤᠯ ᠦᠭᠡᠢ ᠲᠡᠰ ᠳᠡᠪᠰᠢᠭᠦᠯᠬᠦ ᠥᠭᠡᠷᠡᠴᠢᠯᠡᠯᠲᠡ ᠬᠢᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠪᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃    ᠳᠥᠴᠢᠨ ᠭᠤᠷᠪᠠᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ᠃ᠲᠡᠮᠦᠷ ᠵᠡᠮ᠂ ᠦᠢᠯᠡᠳᠪᠦᠷᠢ᠂ ᠤᠰᠦᠠ ᠴᠥᠭᠦᠷᠥᠮ᠂ ᠲᠣᠰᠣ ᠳᠠᠮᠵᠢᠭᠤᠯᠬᠤ ᠬᠤᠭᠤᠯᠠᠢ᠂ ᠴᠠᠭᠢᠯᠭᠠᠨ ᠬᠦᠷᠭᠡᠬᠦ ᠤᠲᠠᠰᠤ ᠱᠤᠭᠤᠮ ᠪᠣᠯᠣᠨ ᠡᠯ᠎ᠡ ᠵᠦᠢᠯ ᠤᠨ ᠲᠣᠮᠣ ᠭᠡᠯᠪᠡᠷᠢ ᠶᠢᠨ ᠪᠠᠷᠢᠯᠭ᠎ᠠ ᠪᠤᠶᠤ ᠪᠠᠷᠢᠯᠭ᠎ᠠ ᠶᠢᠨ ᠪᠦᠯᠦᠭᠵᠢᠯ ᠢ ᠪᠦᠲᠦᠭᠡᠨ ᠪᠠᠶᠢᠭᠤᠯᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ ᠨᠢᠭᠡᠴᠢ ᠨᠢ ᠪᠠᠶᠢᠭᠤᠯᠬᠤ ᠭᠡᠵᠦ ᠪᠠᠶᠢᠭ᠎ᠠ ᠪᠠᠷᠢᠯᠭ᠎ᠠ ᠶᠢᠨ ᠪᠠᠶᠢᠷᠢᠯᠠᠭ᠎ᠠ ᠭᠠᠵᠠᠷ ᠣᠷᠣᠨ ᠤ ᠴᠢᠬᠤᠯᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠠᠷᠬᠠᠯᠲᠠ ᠪᠠ ᠨᠡᠭᠡᠭᠡᠨ ᠮᠠᠯᠲᠠᠵᠤ ᠪᠠᠶᠢᠭ᠎ᠠ ᠪᠠᠶᠢᠳᠠᠯ ᠢ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠶᠢᠯᠠᠭᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠲᠤ ᠬᠤᠯᠪᠣᠭᠳᠠᠭᠰᠠᠨ ᠪᠠᠶᠢᠪᠠᠯ᠂ ᠬᠠᠤᠯᠢ ᠶᠣᠰᠣᠭᠠᠷ ᠵᠠᠶᠢᠯᠠᠵᠤ ᠥᠭᠬᠦ ᠬᠡᠷᠡᠭᠲᠡᠢ᠃ ᠬᠠᠤᠯᠢ ᠶᠣᠰᠣᠭᠠᠷ ᠡᠷᠬᠡ ᠣᠯᠭᠤᠭᠰᠠᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠪᠠᠶᠢᠭᠤᠯᠵᠤ ᠪᠤᠯᠬᠤ ᠦᠭᠡᠢ᠃    ᠳᠥᠴᠢᠨ ᠳᠥᠷᠪᠡᠳᠦᠭᠡᠷ ᠵᠦᠢᠯ  ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠠᠵᠢᠯᠯᠠᠭ᠎ᠠ ᠬᠢᠬᠦ ᠳᠤ ᠲᠡᠷᠢᠭᠦᠨ ᠤ ᠬᠡᠷᠡᠭᠯᠡᠭᠡᠨ ᠤ ᠤᠷ᠎ᠠ ᠮᠡᠷᠭᠡᠰᠢᠯ᠂ ᠲᠥᠬᠦᠭᠡᠷᠦᠮᠵᠢ ᠪᠠ ᠦᠢᠯᠡᠳᠬᠦᠨ ᠢ ᠬᠡᠷᠡᠭᠯᠡᠵᠦ᠂ ᠣᠷᠴᠢᠨ ᠲᠣᠭᠤᠷᠢᠨ ᠳᠤ ᠪᠣᠬᠢᠷᠳᠤᠯ ᠦᠭᠡᠢ ᠪᠠ ᠠᠮᠤᠷ ᠲᠦᠪᠰᠢᠨ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠮᠡᠷᠭᠡᠵᠢᠯ ᠪᠠ ᠠᠷᠭ᠎ᠠ ᠶᠢ ᠰᠣᠩᠭᠤᠵᠤ᠂ ᠡᠬᠢ ᠪᠠᠶᠠᠯᠢᠭ ᠪᠠ ᠠᠮᠢ ᠠᠬᠤᠢ  ᠣᠷᠴᠢᠨ ᠲᠣᠭᠤᠷᠢᠨ ᠢ ᠡᠪᠳᠡᠬᠦ ᠠᠴᠠ ᠵᠠᠶᠢᠯᠠᠰᠬᠢᠬᠦ ᠪᠤᠶᠤ ᠡᠪᠳᠡᠭᠳᠡᠯ ᠢ  ᠪᠠᠭᠠᠰᠬᠠᠬᠤ ᠭᠡᠷᠡᠭᠲᠡᠢ᠃ ᠤᠯᠤᠰ ᠠᠴᠠ ᠲᠣᠳᠣᠷᠬᠠᠢ ᠰᠢᠭᠰᠢᠭᠳᠡᠭᠦᠯᠦᠭᠰᠡᠨ ᠤᠷ᠎ᠠ ᠮᠡᠷᠭᠡᠰᠢᠯ᠂ ᠲᠥᠬᠦᠭᠡᠷᠦᠮᠵᠢ ᠪᠠ ᠦᠢᠯᠡᠳᠬᠦᠨ ᠢ ᠬᠡᠷᠡᠭᠯᠡᠬᠦ ᠶᠢ ᠴᠠᠭᠠᠵᠠᠯᠠᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠰᠡᠷᠭᠡᠭ ᠣᠷᠣᠨ ᠳᠤ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠨᠡᠭᠡᠭᠡᠨ ᠮᠠᠯᠲᠠᠬᠤ ᠠᠵᠢᠯᠯᠠᠭ᠎ᠠ ᠬᠢᠬᠦ ᠳᠤ  ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠦᠯᠵᠦ᠂ ᠵᠠᠶᠢᠯᠠᠬᠤ᠂ ᠤᠳᠠᠭᠠᠰᠢᠷᠠᠭᠤᠯᠬᠤ ᠪᠠ ᠴᠠᠭ ᠲᠤᠬᠠᠢ ᠳᠤᠨᠢ ᠵᠠᠰᠠᠨ ᠰᠡᠷᠭᠦᠭᠡᠵᠦ ᠳᠠᠭᠢᠨ ᠪᠠᠶᠢᠭᠤᠯᠬᠤ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠣᠷᠴᠢᠨ ᠲᠣᠭᠤᠷᠢᠨ ᠢ ᠪᠣᠬᠢᠷᠲᠤᠭᠤᠯᠬᠤ ᠪᠠ ᠠᠮᠢ ᠠᠬᠤᠢ ᠶᠢ ᠡᠪᠳᠡᠬᠦ ᠠᠴᠠ ᠰᠡᠷᠭᠡᠶᠢᠯᠡᠬᠦ ᠬᠡᠷᠡᠭᠲᠡᠢ᠃    ᠳᠥᠴᠢᠨ ᠲᠠᠪᠤᠳᠤᠭᠠᠷ ᠵᠦᠢᠯ  ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢᠨ ᠳᠠᠭᠠᠤ ᠬᠠᠮᠲᠤ ᠭᠠᠷᠤᠭᠰᠠᠨ ᠪᠠ ᠳᠠᠭᠠᠯᠳᠤᠨ ᠭᠠᠷᠤᠭᠰᠠᠨ ᠠᠵᠤ ᠦᠢᠯᠡᠳᠪᠦᠷᠢ ᠶᠢᠨ ᠦᠨ᠎ᠡ ᠦᠷᠳᠡᠭ ᠲᠠᠢ ᠠᠭᠤᠷᠬᠠᠢ ᠶᠢᠨ ᠭᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠨ ᠨᠡᠭᠡᠭᠡᠨ ᠮᠠᠯᠲᠠᠵᠤ ᠠᠰᠢᠭᠯᠠᠨ᠂ ᠪᠦᠷᠢᠯᠭᠡᠨ ᠰᠦᠢᠳᠬᠡᠬᠦ ᠠᠴᠠ ᠰᠡᠷᠭᠡᠶᠢᠯᠡᠬᠦ ᠭᠡᠷᠡᠭᠳᠠᠢ᠃ ᠲᠦᠷ ᠴᠠᠭ ᠶᠡᠷᠦᠩᠬᠡᠶᠢᠯᠡᠨ ᠮᠠᠯᠲᠠᠵᠤ ᠳᠡᠶᠢᠯᠭᠦ ᠦᠭᠡᠢ ᠪᠤᠶᠤ ᠡᠷᠬᠡᠪᠰᠢ ᠬᠠᠮᠲᠤ ᠳᠤᠨᠢ ᠮᠠᠯᠲᠠᠵᠤ ᠭᠠᠷᠭᠠᠬᠤ ᠬᠡᠷᠡᠭᠲᠡᠢ ᠪᠤᠯᠪᠠᠴᠤ ᠲᠦᠷ ᠴᠠᠭ ᠶᠡᠷᠦᠩᠬᠡᠶᠢᠯᠡᠨ ᠠᠰᠢᠭᠯᠠᠵᠤ ᠳᠡᠶᠢᠯᠭᠦ ᠦᠭᠡᠢ ᠠᠭᠤᠷᠬᠠᠢ ᠶᠢᠨ ᠭᠠᠷᠤᠯᠲᠠ ᠵᠢᠴᠢ ᠬᠡᠷᠡᠭᠴᠡᠭᠡ ᠪᠦᠬᠦᠢ ᠪᠦᠷᠢᠯᠳᠦᠭᠦᠨ ᠲᠠᠢ ᠦᠯᠡᠳᠡᠭᠳᠡᠯ ᠬᠦᠳᠡᠷ ᠲᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠬᠢᠷᠠᠵᠤ ᠡᠪᠳᠡᠭᠳᠡᠬᠦ ᠠᠴᠠ ᠰᠡᠷᠭᠡᠶᠢᠯᠡᠬᠦ ᠬᠡᠷᠡᠭᠲᠡᠢ᠃    ᠵᠢᠷᠭᠤᠳᠤᠭᠠᠷ ᠪᠦᠯᠦᠭ  ᠬᠤᠪᠣᠷ ᠰᠢᠷᠣᠢ ᠶᠢᠨ ᠨᠡᠭᠡᠭᠡᠨ ᠠᠰᠢᠭᠯᠠᠯᠲᠠ    ᠳᠥᠴᠢᠨ ᠵᠢᠷᠭᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠬᠤᠪᠣᠷ ᠰᠢᠷᠣᠢ ᠶᠢᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠬᠤ ᠪᠠ ᠵᠦᠢ ᠵᠣᠬᠢᠰᠲᠠᠢ ᠨᠡᠭᠡᠭᠡᠨ ᠠᠰᠢᠭᠯᠠᠵᠤ᠂ ᠬᠤᠪᠣᠷ ᠰᠢᠷᠣᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠵᠢᠷᠤᠮᠵᠢᠭᠤᠯᠤᠨ᠂ ᠪᠦᠭᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠣᠨ ᠪᠦᠭᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠲᠦᠭᠡᠨ ᠪᠠᠶᠢᠭᠤᠯᠤᠨ᠎ᠠ᠃    ᠳᠥᠴᠢᠨ ᠳᠣᠯᠣᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠪᠣᠷ ᠰᠢᠷᠣᠢ ᠶᠢ ᠠᠰᠢᠭᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ  ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠤᠪᠣᠷ ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠵᠤ ᠰᠠᠯᠭᠠᠬᠤ ᠬᠢᠭᠡᠳ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠵᠤ᠂ ᠤᠷ᠎ᠠ ᠮᠡᠷᠭᠡᠰᠢᠯ᠂ ᠲᠥᠬᠦᠭᠡᠷᠦᠮᠵᠢ᠂ ᠮᠠᠲ᠋ᠧᠷᠢᠶᠠᠯ ᠵᠡᠷᠭᠡ ᠲᠠᠯ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠤᠨ᠎ᠠ᠃    ᠳᠥᠴᠢᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠵᠤ᠂ ᠬᠤᠪᠣᠷ ᠰᠢᠷᠣᠢ ᠶᠢᠨ ᠮᠠᠲ᠋ᠧᠷᠢᠶᠠᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠥᠷᠨᠢᠭᠦᠯᠦᠨ᠂ ᠬᠤᠪᠣᠷ ᠰᠢᠷᠣᠢ ᠶᠢ ᠭᠦᠨᠵᠡᠭᠡᠢ ᠡᠳ᠋ᠰᠢᠭᠦᠯᠦᠨ ᠬᠡᠷᠡᠭᠯᠡᠬᠦ ᠠᠵᠤ ᠦᠢᠯᠡᠰ᠂ ᠬᠤᠪᠣᠷ ᠰᠢᠷᠣᠢ ᠶᠢᠨ ᠳᠡᠭᠡᠳᠦ ᠲᠡᠰ ᠤᠨ ᠬᠡᠷᠡᠭᠯᠡᠭᠡᠨ ᠪᠠ ᠣᠶᠤᠨᠴᠢᠯᠠᠯᠲᠠ᠂ ᠪᠣᠬᠢᠷᠳᠤᠯ ᠦᠭᠡᠢ ᠪᠤᠯᠭᠠᠬᠤ ᠲᠥᠷᠥᠯ ᠵᠦᠢᠯ ᠢ ᠵᠣᠷᠢᠭᠵᠢᠭᠤᠯᠤᠨ ᠬᠥᠭᠵᠢᠭᠦᠯᠵᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠦᠢᠯᠡᠳᠬᠦᠨ ᠤ ᠶᠠᠰᠤ ᠴᠢᠨᠠᠷ ᠪᠠ ᠣᠶᠤᠨᠴᠢ ᠪᠠᠷ ᠦᠢᠯᠡᠳᠬᠦ ᠲᠦᠪᠰᠢᠨ ᠢ ᠳᠡᠭᠡᠭᠰᠢᠯᠡᠭᠦᠯᠦᠨ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠎ᠡ᠃    ᠳᠥᠴᠢ ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠪᠣᠷ ᠰᠢᠷᠣᠢ ᠶᠢᠨ ᠠᠵᠤ ᠦᠢᠯᠡᠰ ᠤᠨ ᠭᠡᠯᠪᠡᠷᠢ ᠪᠠᠨ ᠪᠦᠭᠦ ᠲᠠᠯ᠎ᠠ ᠪᠠᠷ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠤᠪᠣᠷ ᠰᠢᠷᠣᠢ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ  ᠳᠤᠨᠢ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠯ ᠤᠨ ᠭᠤᠭᠴᠤᠭ᠎ᠠ ᠳᠤ ᠣᠶᠤᠨᠴᠢ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠠᠪᠴᠠᠩ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠦᠢᠯᠡᠳᠬᠦᠨ ᠤ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ᠲᠠᠪᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠬᠤᠪᠣᠷ ᠰᠢᠷᠣᠢ ᠶᠢᠨ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠤᠪᠣᠷ ᠰᠢᠷᠣᠢ ᠶᠢ ᠲᠤᠬᠠᠢ ᠶᠢᠨ ᠭᠠᠵᠠᠷ ᠲᠤᠨᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠎ᠡ᠃    ᠲᠠᠪᠢᠨ ᠨᠢᠭᠡᠳᠦᠭᠡᠷ ᠵᠦᠢᠯ  ᠬᠤᠪᠣᠷ ᠰᠢᠷᠣᠢ ᠮᠠᠯᠲᠠᠵᠤ ᠰᠣᠩᠭᠤᠬᠤ ᠲᠥᠷᠥᠯ ᠵᠦᠢᠯ ᠪᠤᠶᠤ ᠬᠤᠪᠣᠷ ᠰᠢᠷᠣᠢ ᠬᠠᠶᠢᠯᠤᠭᠤᠯᠵᠤ ᠰᠠᠯᠭᠠᠬᠤ ᠲᠥᠷᠥᠯ ᠵᠦᠢᠯ ᠢ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠳᠤ ᠬᠢᠨᠠᠨ ᠵᠥᠪᠰᠢᠶᠡᠷᠡᠭᠦᠯᠬᠦ ᠭᠠᠷᠳᠠᠮ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠬᠢᠨᠠᠨ ᠵᠥᠪᠰᠢᠶᠡᠷᠡᠭᠦᠯᠦᠭᠰᠡᠨ ᠦᠭᠡᠢ ᠪᠣᠯ ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠬᠤᠪᠣᠷ ᠰᠢᠷᠣᠢ ᠮᠠᠯᠲᠠᠬᠤ᠂ ᠬᠤᠪᠣᠷ ᠰᠢᠷᠣᠢ ᠬᠠᠶᠢᠯᠤᠭᠤᠯᠵᠤ ᠰᠠᠯᠭᠠᠬᠤ ᠲᠥᠷᠥᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠪᠤᠯᠬᠤ ᠦᠭᠡᠢ᠃ᠲᠠᠪᠢᠨ ᠬᠤᠶᠠᠳᠤᠭᠠᠷ ᠵᠦᠢᠯ  ᠣᠷᠴᠢᠨ ᠲᠣᠭᠤᠷᠢᠨ ᠲᠠᠢ ᠨᠥᠭᠦᠷᠰᠡᠭ ᠮᠡᠷᠭᠡᠵᠢᠯ᠂ ᠤᠷ᠎ᠠ ᠮᠡᠷᠭᠡᠰᠢᠯ ᠢ ᠠᠰᠢᠭᠯᠠᠨ ᠬᠤᠪᠣᠷ ᠰᠢᠷᠣᠢ ᠠᠭᠤᠯᠤᠭᠰᠠᠨ ᠬᠤᠶᠠᠳᠠᠭᠢ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠶᠢ ᠵᠣᠷᠢᠭᠵᠢᠭᠤᠯᠤᠨ ᠲᠡᠮᠵᠢᠨ᠎ᠡ᠃    ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠬᠤᠪᠣᠷ ᠰᠢᠷᠣᠢ ᠠᠭᠤᠯᠤᠭᠰᠠᠨ ᠬᠤᠶᠠᠳᠠᠭᠢ ᠡᠬᠢ ᠪᠠᠶᠠᠯᠢᠭ ᠠᠴᠠ ᠭᠠᠳᠠᠨᠠᠬᠢ ᠬᠤᠪᠣᠷ ᠰᠢᠷᠣᠢ ᠶᠢᠨ ᠦᠢᠯᠡᠳᠬᠦᠨ ᠢᠶᠠᠷ ᠲᠦᠭᠦᠬᠡᠢ ᠮᠠᠲ᠋ᠧᠷᠢᠶᠠᠯ ᠪᠤᠯᠭᠠᠵᠤ ᠬᠠᠶᠢᠯᠤᠭᠤᠯᠵᠤ ᠰᠠᠯᠭᠠᠬᠤ ᠦᠢᠯᠡᠳᠪᠦᠷᠢᠯᠡᠯ ᠤᠨ ᠠᠵᠢᠯᠯᠠᠭ᠎ᠠ ᠬᠢᠵᠦ ᠪᠤᠯᠬᠤ ᠦᠭᠡᠢ᠃    ᠲᠠᠪᠢᠨ ᠭᠤᠷᠪᠠᠳᠤᠭᠠᠷ ᠵᠦᠢᠯ  ᠶᠠᠮᠠᠷᠪᠠ ᠨᠢᠭᠡᠴᠢ ᠪᠤᠶᠤ ᠬᠤᠪᠢ ᠬᠥᠮᠥᠨ ᠭᠡᠳ ᠬᠠᠤᠯᠢ ᠪᠤᠰᠤ ᠪᠠᠷ ᠮᠠᠯᠲᠠᠵᠤ ᠰᠣᠩᠭᠤᠭᠰᠠᠨ᠂ ᠬᠠᠶᠢᠯᠤᠭᠤᠯᠵᠤ ᠰᠠᠯᠭᠠᠭᠰᠠᠨ ᠬᠤᠪᠣᠷ ᠰᠢᠷᠣᠢ ᠶᠢᠨ ᠦᠢᠯᠡᠳᠬᠦᠨ ᠢ ᠬᠤᠳᠠᠯᠳᠤᠨ ᠠᠪᠴᠤ᠂ ᠪᠣᠷᠣᠯᠠᠭᠤᠯᠵᠤ ᠪᠤᠯᠬᠤ ᠦᠭᠡᠢ᠃    ᠳᠣᠯᠣᠳᠤᠭᠠᠷ ᠪᠦᠯᠦᠭ    ᠦᠢᠯᠡᠳᠪᠦᠷᠢᠯᠡᠯ ᠬᠠᠩᠭᠠᠯᠭ᠎ᠠ ᠨᠦᠭᠡᠴᠡᠯᠡᠯᠲᠡ  ᠪᠣᠷᠤᠯᠠᠭᠤᠯᠭ᠎ᠠ ᠶᠢᠨ ᠲᠣᠭᠲᠠᠯᠴᠠᠭ᠎ᠠ ᠶᠢᠨ ᠪᠦᠲᠦᠭᠡᠨ   ᠪᠠᠶᠢᠭᠤᠯᠤᠯᠲᠠ    ᠲᠠᠪᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠨᠧᠷᠭᠢ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠡᠨᠧᠷᠭᠢ ᠶᠢᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠡᠨᠧᠷᠭᠢ ᠶᠢ ᠭᠠᠳᠠᠭᠰᠢ ᠬᠦᠷᠭᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠂ ᠨᠡᠭᠦᠷᠡᠰᠦ ᠴᠠᠭᠢᠯᠭᠠᠨ ᠲᠣᠰᠣ ᠬᠡᠢ ᠶᠢ ᠠᠮᠤᠷ ᠲᠦᠪᠰᠢᠨ ᠪᠥᠭᠡᠳ ᠲᠣᠭᠲᠠᠭᠤᠨ ᠢᠶᠠᠷ ᠬᠠᠩᠭᠠᠬᠤ ᠶᠢ ᠪᠠᠲᠤᠯᠠᠨ᠎ᠠ᠃    ᠲᠠᠪᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠡᠨᠧᠷᠭᠢ ᠶᠢ ᠨᠡᠭᠡᠭᠡᠨ ᠠᠰᠢᠭᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠨᠧᠷᠭᠢ ᠶᠢ ᠨᠡᠭᠡᠭᠡᠨ ᠠᠰᠢᠭᠯᠠᠬᠤ ᠠᠷᠭ᠎ᠠ ᠭᠡᠯᠪᠡᠷᠢ ᠶᠢ ᠬᠤᠪᠢᠷᠠᠭᠤᠯᠵᠤ᠂ ᠠᠵᠤ ᠠᠬᠤᠶᠢᠯᠠᠯ᠂ ᠭᠠᠴᠠᠭ᠎ᠠ ᠲᠣᠰᠬᠤᠨ ᠤ ᠬᠠᠮᠲᠤ᠂ ᠲᠠᠷᠢᠶᠠᠴᠢᠨ ᠮᠠᠯᠴᠢᠨ ᠤ  ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠬᠠᠮᠲᠤ ᠶᠢᠨ ᠨᠡᠶᠢᠳᠡ ᠶᠢᠨ ᠠᠰᠠᠷᠠᠮᠵᠢ ᠶᠢᠨ ᠪᠤᠰᠤ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠪᠠᠷ ᠦᠨ᠎ᠡ ᠪᠤᠳᠤᠨ ᠬᠤᠪᠢ ᠣᠷᠣᠵᠤ᠂ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠨ᠂ ᠡᠨᠧᠷᠭᠢ ᠶᠢᠨ ᠨᠡᠭᠡᠭᠡᠯᠲᠡ ᠶᠢᠨ ᠠᠰᠢᠭ ᠣᠯᠵᠠᠪᠤᠷᠢ ᠶᠢ ᠬᠠᠮᠲᠤ ᠪᠠᠷ ᠡᠳ᠋ᠯᠡᠬᠦ ᠶᠢ ᠳᠡᠮᠵᠢᠨ᠎ᠡ᠃    ᠲᠠᠪᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠴᠠᠭᠢᠯᠭᠠᠨ ᠬᠦᠴᠦᠨ ᠤ ᠰᠢᠰᠲ᠋ᠧᠮ ᠤᠨ ᠠᠮᠤᠷ ᠲᠦᠪᠰᠢᠨ᠂ ᠰᠢᠨ᠎ᠡ ᠡᠨᠧᠷᠭᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠢᠯᠴᠢ ᠬᠠᠩᠭᠠᠯᠭ᠎ᠠ ᠶᠢᠨ ᠪᠠᠲᠤᠯᠠᠭ᠎ᠠ ᠵᠡᠷᠭᠡ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ᠂ ᠴᠠᠭᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠲᠤᠯᠭᠠᠭᠤᠷᠢᠯᠠᠬᠤ ᠴᠢᠨᠠᠷᠲᠠᠢ ᠴᠠᠭᠢᠯᠭᠠᠨ ᠰᠤᠷᠪᠤᠯᠵᠢ ᠪᠠ ᠰᠢᠨ᠎ᠡ ᠡᠨᠧᠷᠭᠢ ᠶᠢ ᠰᠢᠩᠭᠡᠬᠡᠨ ᠠᠪᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠴᠢᠨᠠᠷᠲᠠᠢ ᠴᠠᠭᠢᠯᠭᠠᠨ ᠰᠤᠷᠪᠤᠯᠵᠢ ᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠡᠭᠦᠷᠡᠰᠦᠨ ᠴᠠᠭᠢᠯᠭᠠᠨ ᠢ ᠭᠤᠣᠯ ᠴᠣᠭᠴᠠ ᠶᠢᠨ ᠴᠢᠨᠠᠷᠲᠠᠢ ᠴᠠᠭᠢᠯᠭᠠᠨ ᠰᠤᠷᠪᠤᠯᠵᠢ ᠠᠴᠠ ᠰᠠᠭᠤᠷᠢ ᠪᠠᠲᠤᠯᠠᠭ᠎ᠠ ᠶᠢᠨ ᠴᠢᠨᠠᠷᠲᠠᠢ ᠪᠠ ᠰᠢᠰᠲ᠋ᠧᠮ ᠤᠨ ᠲᠣᠬᠢᠷᠠᠭᠤᠯᠤᠯᠲᠠ ᠶᠢᠨ ᠴᠢᠨᠠᠷᠲᠠᠢ ᠴᠠᠭᠢᠯᠭᠠᠨ ᠰᠤᠷᠪᠤᠯᠵᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃    ᠲᠠᠪᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ ᠶᠢᠨ ᠴᠠᠭᠢᠯᠭᠠᠨ ᠰᠤᠷᠪᠤᠯᠵᠢ ᠶᠢᠨ ᠲᠥᠯᠦᠪᠵᠢᠭᠦᠯᠭᠡ ᠪᠠ ᠴᠠᠭᠢᠯᠭᠠᠨ ᠲᠣᠣᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠰᠠᠯᠬᠢᠨ  ᠬᠦᠴᠦᠨ ᠭᠡᠷᠡᠯ ᠴᠡᠨᠡᠭ ᠢᠶᠠᠷ ᠴᠠᠭᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠴᠠᠭᠢᠯᠭᠠᠨ ᠰᠤᠷᠪᠤᠯᠵᠢ ᠶᠢᠨ ᠲᠥᠷᠥᠯ ᠵᠦᠢᠯ ᠢ ᠢᠵᠢ ᠪᠦᠷᠢᠳᠦᠭᠦᠯᠦᠨ ᠬᠦᠷᠭᠡᠬᠦ ᠢᠨᠵᠧᠨᠧᠷᠢᠩ ᠯᠦᠭᠡ ᠵᠡᠷᠭᠡ ᠳᠤᠨᠢ ᠲᠥᠯᠥᠪᠵᠢᠭᠦᠯᠵᠦ ᠬᠡᠷᠡᠭᠵᠢᠭᠦᠯᠦᠨ᠎ᠡ᠃    ᠲᠠᠪᠢᠨ ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠥᠨᠳᠥᠷ ᠬᠠᠷᠢᠴᠠᠯ ᠲᠠᠢ ᠰᠢᠨ᠎ᠡ ᠡᠨᠧᠷᠭᠢ ᠶᠢᠨ ᠴᠠᠭᠢᠯᠭᠠᠨ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠡᠯᠡᠳᠬᠡᠯ ᠨᠡᠪᠲᠡᠷᠡᠯ ᠵᠠᠮ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠬᠡᠪᠴᠢᠶ᠎ᠡ ᠶᠢ ᠳᠡᠭᠡᠭᠰᠢᠯᠡᠭᠦᠯᠦᠨ᠂ ᠬᠤᠪᠢᠰᠤᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ᠂ ᠴᠡᠭ ᠠᠴᠠ ᠲᠣᠣᠷ ᠬᠦᠷᠬᠦ ᠵᠡᠷᠭᠡ ᠴᠠᠭᠢᠯᠭᠠᠨ ᠬᠦᠷᠭᠡᠬᠦ ᠨᠡᠪᠲᠡᠷᠡᠯ ᠵᠠᠮ ᠢ ᠰᠠᠯᠬᠢ ᠭᠡᠷᠡᠯ ᠢᠯᠴᠢ ᠨᠦᠭᠡᠴᠡᠯᠡᠯᠳᠡ ᠶᠢ ᠨᠢᠭᠡ ᠴᠣᠭᠴᠠᠵᠢᠭᠤᠯᠤᠨ ᠥᠭᠡᠷᠡᠴᠢᠯᠡᠬᠦ ᠶᠢ ᠠᠬᠢᠭᠤᠯᠵᠤ᠂ ᠲᠣᠭᠲᠠᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ᠂ ᠬᠤᠪᠢᠰᠤᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ ᠴᠠᠭᠢᠯᠭᠠᠨ ᠬᠦᠷᠭᠡᠬᠦ ᠨᠡᠪᠲᠡᠷᠡᠯ ᠵᠠᠮ ᠳᠠᠬᠢ ᠰᠢᠨ᠎ᠡ ᠡᠨᠧᠷᠭᠢ ᠶᠢᠨ ᠴᠠᠭᠢᠯᠭᠠᠨ ᠤ ᠬᠡᠮᠵᠢᠶ᠎ᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃    ᠪᠣᠬᠢᠷᠳᠤᠯ ᠦᠭᠡᠢ ᠴᠠᠭᠢᠯᠭᠠᠨ ᠢ ᠭᠠᠳᠠᠭᠰᠢ ᠬᠦᠷᠭᠡᠵᠦ ᠰᠢᠩᠭᠡᠬᠡᠨ ᠠᠪᠬᠤ ᠲᠣᠭᠲᠠᠴᠠ ᠶᠢ ᠪᠦᠷᠢᠨᠰᠢᠭᠦᠯᠵᠦ᠂ ᠰᠠᠯᠬᠢ ᠭᠡᠷᠡᠯ ᠢᠯᠴᠢ ᠶᠢᠨ ᠡᠨᠧᠷᠭᠢ ᠶᠢ ᠨᠡᠶᠢᠯᠡᠭᠦᠯᠦᠨ ᠭᠠᠳᠠᠭᠰᠢ ᠬᠦᠷᠭᠡᠬᠦ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠶᠢ ᠥᠷᠨᠢᠭᠦᠯᠵᠦ᠂ ᠮᠤᠵᠢ ᠣᠷᠣᠨ ᠪᠦᠰᠡ ᠠᠯᠤᠰᠯᠠᠨ ᠬᠦᠷᠭᠡᠵᠦ ᠭᠥᠯᠢᠶᠡᠨ ᠠᠪᠬᠤ ᠴᠠᠭᠢᠯᠭᠠᠨ ᠤ ᠬᠡᠮᠵᠢᠶ᠎ᠡ ᠪᠠ ᠦᠨ᠎ᠡ ᠬᠠᠩᠰᠢ ᠶᠢ ᠬᠦᠷᠭᠡᠵᠦ ᠭᠥᠯᠢᠶᠡᠨ ᠠᠪᠬᠤ ᠬᠤᠶᠠᠷ ᠲᠠᠯ᠎ᠠ ᠪᠠᠷ ᠢᠶᠠᠨ ᠵᠥᠪᠳᠡᠯᠴᠡᠬᠦ ᠪᠤᠶᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠶᠢᠨ ᠠᠷᠭ᠎ᠠ ᠭᠡᠯᠪᠡᠷᠢ ᠪᠠᠷ ᠲᠣᠭᠲᠠᠭᠠᠬᠤ ᠶᠢ ᠲᠦᠯᠬᠢᠨ ᠠᠬᠢᠭᠤᠯᠵᠤ᠂ ᠰᠢᠨ᠎ᠡ ᠡᠨᠧᠷᠭᠢ  ᠪᠠᠷ ᠴᠠᠭᠢᠯᠭᠠᠨ ᠭᠠᠷᠭᠠᠬᠤ ᠠᠵᠤ ᠠᠬᠤᠶᠢᠯᠠᠯ ᠤᠨ ᠮᠤᠵᠢ ᠶᠢᠨ ᠬᠤᠭᠤᠷᠣᠨᠳᠣᠭᠢ ᠪᠡᠯᠡᠨ ᠪᠠᠷᠠᠭᠠᠨ ᠤ ᠠᠷᠠᠯᠵᠢᠶ᠎ᠠ ᠳᠤ ᠣᠷᠤᠯᠴᠠᠬᠤ ᠶᠢ ᠳᠡᠮᠵᠢᠵᠦ᠂ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠤ ᠮᠤᠵᠢ ᠣᠷᠣᠨ ᠪᠦᠰᠡ ᠠᠯᠤᠰᠯᠠᠨ ᠰᠢᠩᠭᠡᠬᠡᠨ ᠠᠪᠬᠤ ᠶᠢ ᠲᠦᠯᠬᠢᠨ ᠠᠬᠢᠭᠤᠯᠤᠨ᠎ᠠ᠃    ᠲᠠᠪᠢ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠴᠠᠭᠢᠯᠭᠠᠨ ᠤ ᠲᠣᠣᠷ ᠤᠨ ᠭᠤᠣᠯ ᠲᠣᠣᠷ ᠤᠨ ᠵᠢᠶᠠᠰᠠ ᠶᠢ ᠰᠢᠯᠢᠳᠡᠭᠵᠢᠭᠦᠯᠵᠦ᠂ ᠴᠠᠭᠢᠯᠭᠠᠨ ᠲᠣᠣᠷ ᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠵᠦ᠂ ᠴᠠᠭᠢᠯᠭᠠᠨ ᠲᠣᠣᠷ ᠤᠨ ᠣᠭᠲᠣᠯᠣᠭᠠᠰᠤ ᠶᠢᠨ ᠳᠠᠮᠵᠢᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠭᠦ᠂ ᠰᠢᠨ᠎ᠡ ᠡᠨᠧᠷᠭᠢ ᠬᠦᠷᠭᠡᠬᠦ ᠬᠡᠷᠡᠭᠴᠡᠭᠡ ᠶᠢ ᠬᠠᠩᠭᠠᠬᠤ ᠪᠠ ᠭᠠᠵᠠᠷ ᠣᠷᠣᠨ ᠤ ᠴᠠᠭᠢᠯᠭᠠᠨ ᠬᠦᠴᠦᠨ ᠤ ᠬᠠᠷᠢᠯᠴᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠴᠠᠭᠢᠯᠭᠠᠨ ᠲᠣᠣᠷ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ᠭᠡᠳᠦ ᠥᠨᠳᠥᠷ ᠬᠦᠴᠦᠳᠡᠯᠲᠦ ᠴᠠᠭᠢᠯᠭᠠᠨ ᠲᠣᠣᠷ ᠤᠨ ᠵᠢᠶᠠᠰᠠ ᠶᠢ ᠬᠢᠯᠢ ᠬᠢᠵᠠᠭᠠᠷ ᠣᠷᠣᠨ ᠪᠠ ᠴᠠᠭᠢᠯᠭᠠᠨ ᠲᠣᠣᠷ ᠤᠨ ᠡᠴᠦᠰ ᠤᠨ ᠬᠡᠰᠡᠭ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠴᠠᠭᠢᠯᠭᠠᠨ ᠲᠣᠣᠷ ᠤᠨ ᠭᠤᠣᠯ ᠲᠣᠣᠷ ᠤᠨ ᠵᠢᠶᠠᠰᠠ᠂ ᠰᠢᠨ᠎ᠡ ᠡᠨᠧᠷᠭᠢ ᠶᠢ ᠢᠵᠢ ᠪᠦᠷᠢᠳᠦᠭᠦᠯᠦᠨ ᠬᠦᠷᠭᠡᠬᠦ ᠢᠨᠵᠧᠨᠧᠷᠢᠩ ᠤᠨ ᠲᠦᠷᠦᠯ ᠵᠦᠢᠯ ᠢ ᠵᠣᠬᠢᠰᠲᠠᠢ ᠪᠠᠷ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ ᠪᠦᠲᠦᠭᠡᠨ ᠪᠠᠶᠢᠭᠤᠯᠵᠤ᠂ ᠴᠠᠭᠢᠯᠭᠠᠨ ᠲᠣᠣᠷ ᠤᠨ ᠣᠶᠤᠨᠴᠢᠯᠠᠭᠰᠠᠨ ᠥᠭᠡᠷᠡᠴᠢᠯᠡᠯᠲᠡ ᠪᠠ ᠣᠶᠤᠨᠴᠢ ᠪᠢᠴᠢᠯ ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ᠵᠢᠷᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠡᠨᠧᠷᠭᠢ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠷᠡᠰᠦ ᠴᠠᠭᠢᠯᠭᠠᠨ ᠲᠣᠰᠣ ᠬᠡᠢ ᠶᠢ ᠨᠥᠭᠡᠴᠡᠯᠡᠬᠦ ᠳᠦᠷᠢᠮ᠂ ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠬᠤ ᠨᠥᠭᠡᠴᠡ ᠦᠢᠯᠡᠳᠪᠦᠷᠢᠯᠡᠯ ᠤᠨ ᠴᠢᠳᠠᠪᠤᠷᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ᠃    ᠵᠢᠷᠠᠨ ᠨᠢᠭᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠭᠢᠯᠭᠠᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠠᠭᠢᠯᠭᠠᠨ ᠲᠣᠣᠷ ᠤᠨ ᠵᠠᠩᠭᠢᠯᠠᠭ᠎ᠠ ᠶᠢᠨ ᠴᠡᠭ ᠲᠤ ᠨᠡᠭᠦᠷᠡᠰᠦ ᠰᠢᠲᠠᠭᠠᠵᠤ ᠴᠠᠭᠢᠯᠭᠠᠨ ᠭᠠᠷᠭᠠᠬᠤ ᠦᠢᠯᠡᠳᠪᠦᠷᠢ ᠶᠢ ᠠᠵᠢᠯᠯᠠᠭᠤᠯᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠢᠯᠯᠠᠬᠤ ᠪᠠᠨ ᠵᠣᠭᠰᠣᠭᠰᠠᠨ ᠮᠠᠰᠢᠨ ᠴᠣᠭᠴᠠᠯᠠᠪᠤᠷᠢ ᠶᠢ ᠵᠣᠭᠰᠣᠭᠠᠭᠰᠠᠨ ᠪᠤᠯᠪᠠᠴᠤ ᠵᠠᠳᠠᠯᠬᠤ ᠦᠭᠡᠢ ᠪᠠᠶᠢᠬᠤ ᠵᠠᠷᠴᠢᠮ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠭᠢᠯᠭᠠᠨ ᠰᠤᠷᠪᠤᠯᠵᠢ ᠪᠣᠯᠭᠠᠨ ᠬᠤᠪᠢᠷᠠᠭᠤᠯᠬᠤ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠦᠯᠬᠢᠨ ᠠᠬᠢᠭᠤᠯᠵᠤ᠂ ᠭᠠᠮᠰᠢᠭ ᠲᠤ ᠪᠡᠯᠡᠳᠬᠡᠭᠰᠡᠨ ᠪᠠᠴᠢᠮ ᠪᠠᠶᠢᠳᠠᠯ ᠢ ᠠᠷᠭᠠᠴᠠᠬᠤ ᠴᠠᠭᠢᠯᠭᠠᠨ ᠰᠤᠷᠪᠤᠯᠵᠢ ᠶᠢ ᠪᠠᠶᠢᠷᠢᠰᠢᠭᠤᠯᠤᠨ᠂ ᠲᠤᠶᠢᠯ ᠤᠨ ᠤᠨᠴᠠᠭᠠᠢ ᠪᠠᠶᠢᠳᠠᠯ ᠳᠣᠣᠷᠠᠬᠢ ᠴᠠᠭᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃    ᠵᠢᠷᠠᠨ ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠴᠠᠭᠢᠯᠭᠠᠨ ᠬᠦᠴᠦᠨ ᠤ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢᠨ ᠠᠮᠢᠳᠤᠯᠢᠭ ᠴᠢᠨᠠᠷ ᠪᠦᠬᠦᠢ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠡᠨᠧᠷᠭᠢ ᠨᠥᠭᠡᠴᠡᠯᠡᠬᠦ ᠴᠠᠭᠢᠯᠭᠠᠨ ᠥᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠴᠠᠭᠢᠯᠭᠠᠨ ᠥᠷᠲᠡᠭᠡᠨ ᠤ ᠪᠠᠭᠲᠠᠭᠠᠮᠵᠢ ᠶᠢᠨ ᠨᠥᠬᠦᠪᠦᠷᠢ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠡᠨᠧᠷᠭᠢ ᠶᠢᠨ ᠨᠦᠭᠡᠴᠡᠯᠡᠯᠳᠡ ᠶᠢ ᠵᠠᠬ᠎ᠠ ᠳᠡᠯᠭᠡᠭᠦᠷᠴᠢᠯᠡᠬᠦ᠂ ᠠᠵᠤ ᠦᠢᠯᠡᠰᠵᠢᠭᠦᠯᠬᠦ᠂ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠴᠠᠭᠢᠯᠭᠠᠨ  ᠲᠣᠣᠷ ᠤᠨ ᠵᠠᠩᠭᠢᠯᠠᠭ᠎ᠠ ᠶᠢᠨ ᠴᠡᠭ ᠪᠠ ᠪᠤᠶᠢᠳᠠ ᠪᠥᠭᠯᠡᠭᠦᠦ ᠭᠠᠵᠠᠷ ᠣᠷᠣᠨ ᠳᠤ ᠪᠡᠶ᠎ᠡ ᠪᠠᠨ ᠳᠠᠭᠠᠭᠠᠭᠰᠠᠨ ᠪᠤᠶᠤ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠴᠠᠭᠢᠯᠭᠠᠨ ᠡᠨᠧᠷᠭᠢ ᠪᠠ ᠲᠤᠰᠠᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠲᠤ ᠣᠷᠤᠯᠴᠠᠬᠤ ᠶᠢ ᠵᠣᠷᠢᠭᠵᠢᠭᠤᠯᠤᠨ ᠳᠡᠮᠵᠢᠵᠦ᠂ ᠰᠢᠨ᠎ᠡ ᠡᠨᠧᠷᠭᠢ ᠶᠢᠨ ᠴᠠᠭᠢᠯᠭᠠᠨ ᠥᠷᠲᠡᠭᠡ ᠶᠢ ᠰᠢᠨ᠎ᠡ ᠪᠠᠷ ᠪᠠᠶᠢᠭᠤᠯᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠡᠨᠧᠷᠭᠢ ᠬᠠᠳᠠᠭᠠᠯᠠᠬᠤ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃    ᠵᠢᠷᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠦᠢᠯᠡᠳᠪᠦᠷᠢᠯᠡᠯ ᠪᠠ ᠠᠮᠢᠳᠤᠷᠠᠯ ᠤᠨ ᠡᠨᠧᠷᠭᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠠᠷᠢᠭᠤᠨ ᠴᠡᠪᠡᠷ ᠡᠨᠧᠷᠭᠢ ᠶᠢᠨ ᠪᠠᠲᠤᠯᠠᠭ᠎ᠠ ᠶᠢ ᠴᠢᠩᠭᠠᠳᠬᠠᠨ᠂ ᠠᠷᠢᠭᠤᠨ ᠴᠡᠪᠡᠷ ᠴᠢᠨᠠᠷ ᠰᠠᠶᠢᠲᠠᠢ ᠡᠨᠧᠷᠭᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠡᠨᠧᠷᠭᠢ ᠶᠢᠨ ᠬᠡᠷᠡᠭᠯᠡᠭᠡᠨ ᠳᠠᠬᠢ ᠠᠷᠢᠭᠤᠨ ᠴᠡᠪᠡᠷ ᠡᠨᠧᠷᠭᠢ ᠶᠢᠨ ᠬᠤᠪᠢ ᠶᠢᠨ ᠵᠢᠩ ᠢ ᠳᠡᠭᠡᠭᠰᠢᠯᠡᠭᠦᠯᠦᠨ᠂ ᠲᠠᠷᠢᠶᠠᠴᠢᠨ ᠮᠠᠯᠴᠢᠨ ᠤ ᠬᠤᠭᠤᠯᠠ ᠬᠢᠬᠦ᠂ ᠳᠤᠯᠠᠭᠠᠯᠠᠬᠤ ᠵᠡᠷᠭᠡ ᠡᠨᠧᠷᠭᠢ ᠬᠡᠷᠡᠭᠯᠡᠬᠦ ᠨᠥᠬᠦᠴᠡᠯ ᠢ ᠰᠠᠶᠢᠵᠢᠷᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠴᠠᠭᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠴᠠᠭᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠦᠷᠭᠦᠯᠵᠢᠯᠡᠨ ᠴᠢᠩᠭᠠᠳᠬᠠᠵᠤ᠂ ᠴᠠᠭᠢᠯᠭᠠᠨ ᠬᠦᠴᠦᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠂ ᠡᠨᠧᠷᠭᠢ ᠬᠡᠷᠡᠭᠯᠡᠬᠦ ᠶᠢ ᠴᠠᠬᠢᠯᠭᠠᠨᠵᠢᠭᠤᠯᠬᠤ ᠬᠡᠶᠢᠵᠢᠭᠦᠯᠬᠦ ᠲᠡᠶᠢᠰᠢ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃    ᠵᠢᠷᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠡᠨᠧᠷᠭᠢ ᠶᠢᠨ ᠬᠦᠷᠢᠶᠡᠨ ᠤ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠤᠷᠤᠰ ᠮᠣᠩᠭᠤᠯ᠂ ᠡᠷᠭᠢᠨ ᠲᠣᠭᠤᠷᠢᠨ ᠤ ᠮᠤᠵᠢ ᠯᠤᠭ᠎ᠠ ᠶᠢᠨ ᠨᠡᠭᠦᠷᠡᠰᠦ ᠴᠠᠭᠢᠯᠭᠠᠨ ᠲᠣᠰᠣ ᠬᠡᠢ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠪᠠᠶᠢᠭᠤᠯᠤᠨ᠎ᠠ᠃    ᠨᠠᠢᠮᠠᠳᠤᠭᠠᠷ ᠪᠦᠯᠦᠭ    ᠪᠠᠲᠤᠯᠠᠭ᠎ᠠ ᠶᠢᠨ ᠠᠷᠭ᠎ᠠ ᠬᠡᠮᠵᠢᠶ᠎ᠡ    ᠵᠢᠷᠠᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠡᠭᠡᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃    ᠵᠢᠷᠠᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠷᠥᠯ ᠵᠦᠢᠯ ᠤᠨ ᠡᠨᠧᠷᠭᠢ ᠬᠡᠷᠡᠭᠯᠡᠬᠦ᠂ ᠠᠭᠤᠷᠬᠠᠢ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠱᠠᠭᠠᠷᠳᠠᠯᠭ᠎ᠠ ᠶᠢ ᠴᠢᠩᠳᠠᠯᠠᠨ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠪᠠᠷᠢᠮᠵᠢᠶᠠᠲᠤ ᠭᠠᠵᠠᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠨ ᠠᠰᠢᠭᠯᠠᠬᠤ ᠨᠥᠬᠦᠴᠡᠯ ᠳᠤ ᠭᠦᠷᠦᠭᠰᠡᠨ ᠭᠠᠵᠠᠷ ᠰᠢᠷᠣᠢ ᠶᠢ ᠲᠥᠯᠥᠪᠦᠷᠢ ᠲᠠᠢ ᠰᠢᠯᠵᠢᠭᠦᠯᠬᠦ ᠶᠢ ᠠᠬᠢᠭᠤᠯᠬᠤ ᠬᠡᠷᠡᠭᠲᠡᠢ᠃    ᠵᠢᠷᠠᠨ ᠳᠣᠯᠣᠳᠤᠭᠠᠷ ᠵᠦᠢᠯ  ᠤᠯᠤᠰ ᠤᠨ ᠴᠢᠬᠤᠯᠠ  ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠲᠦᠷᠢᠶᠡᠰᠦᠯᠡᠭᠦᠯᠬᠦ᠂ ᠬᠤᠪᠢ ᠣᠷᠣᠭᠤᠯᠵᠤ ᠠᠰᠢᠭ ᠬᠤᠪᠢᠶᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠲᠠᠷᠢᠶᠠᠯᠠᠬᠤ ᠮᠠᠯᠵᠢᠬᠤ  ᠣᠷᠣᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ  ᠶᠢ ᠬᠡᠷᠡᠭᠯᠡᠵᠦ ᠪᠤᠯᠣᠨ᠎ᠠ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠭᠠᠵᠠᠷ ᠰᠢᠷᠣᠢ  ᠶᠢ ᠦᠨᠡᠨ ᠬᠦ ᠲᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠴᠢᠬᠤᠯᠠᠲᠠᠢ ᠪᠣᠯ ᠬᠠᠤᠯᠢ  ᠪᠠᠷ ᠲᠣᠭᠲᠠᠭᠠᠭᠰᠠᠨ ᠲᠠᠰ ᠳᠠᠷᠠᠭᠠᠯᠠᠯ  ᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠭᠠᠵᠠᠷ ᠰᠢᠷᠣᠢ ᠶᠢᠨ ᠥᠮᠴᠢᠯᠡᠭᠴᠢ᠂ ᠬᠡᠷᠡᠭᠯᠡᠬᠦ ᠡᠷᠬᠡ   ᠲᠠᠢ ᠬᠥᠮᠥᠨ  ᠤ ᠬᠠᠤᠯᠢ ᠶᠣᠰᠣᠨ  ᠤ ᠡᠷᠬᠡ ᠠᠰᠢᠭ  ᠢ ᠬᠤᠬᠢᠷᠠᠭᠤᠯᠵᠤ ᠪᠤᠯᠬᠤ ᠦᠭᠡᠢ᠃    ᠵᠢᠷᠠᠨ ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯ᠎ᠡ ᠲᠥᠷᠥᠯ ᠤᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠭᠦᠢᠴᠡᠳ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠪᠡᠯᠡ ᠲᠣᠬᠢᠷᠠᠭᠤᠯᠭ᠎ᠠ ᠶᠢᠨ ᠵᠠᠭᠪᠤᠷ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃    ᠵᠢᠷᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠲᠡᠮᠵᠢᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ ᠪᠠ ᠰᠢᠨ᠎ᠡ ᠲᠥᠬᠦᠭᠡᠷᠦᠮᠵᠢ ᠶᠢ ᠰᠤᠳᠤᠯᠤᠨ ᠨᠡᠭᠡᠭᠡᠬᠦ᠂ ᠵᠢᠱᠢᠶ᠎ᠡ ᠦᠵᠡᠭᠦᠯᠭᠦ᠂ ᠳᠡᠯᠭᠡᠷᠡᠭᠦᠯᠬᠦ ᠪᠠ ᠬᠡᠷᠡᠭᠯᠡᠬᠦ ᠶᠢ ᠠᠬᠢᠭᠤᠯᠤᠨ᠎ᠠ᠃    ᠳᠠᠯᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠴᠠᠭᠢᠯᠭᠠᠨ ᠰᠤᠷᠪᠤᠯᠵᠢ ᠴᠠᠭᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ᠂ ᠰᠢᠨ᠎ᠡ ᠡᠨᠧᠷᠭᠢ ᠶᠢᠨ ᠪᠢᠴᠢᠯ ᠴᠠᠭᠢᠯᠭᠠᠨ ᠲᠣᠣᠷ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠦᠭᠡᠢ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠡᠬᠢ ᠪᠠᠶᠠᠯᠢᠭ ᠢ ᠣᠶᠤᠨᠴᠢ ᠪᠣᠬᠢᠷᠳᠤᠯ ᠦᠭᠡᠢ ᠨᠡᠭᠡᠭᠡᠨ ᠮᠠᠯᠲᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠢᠨᠵᠧᠨᠧᠷᠢᠩ ᠢ ᠪᠦᠲᠦᠭᠡᠨ ᠪᠠᠶᠢᠭᠤᠯᠵᠤ᠂ ᠬᠡᠪᠴᠢᠶᠡᠵᠢᠭᠰᠡᠨ ᠰᠢᠨ᠎ᠡ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠵᠡᠷᠭᠡ ᠬᠤᠰᠢᠭᠤᠷᠠᠯ ᠬᠦᠷᠢᠶᠡᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠬᠡᠷᠡᠭᠵᠢᠭᠦᠯᠵᠦ᠂ ᠪᠦᠭᠦ ᠤᠯᠤᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠭᠤᠯᠣᠮᠲᠠ ᠶᠢ ᠴᠣᠭᠴᠠᠯᠠᠨ᠎ᠠ᠃    ᠲᠠᠯᠠᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠠᠷᠭ᠎ᠠ ᠬᠡᠮᠵᠢᠶ᠎ᠡ ᠠᠪᠴᠤ ᠪᠠᠶᠢᠭᠠᠳ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢᠶᠠᠨ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠲᠣᠭᠲᠠᠯᠴᠠᠭ᠎ᠠ ᠳᠤ ᠠᠭᠤᠰᠤᠯᠴᠠᠭᠤᠯᠤᠨ᠂ ᠤᠯᠤᠰ ᠤᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠢ ᠪᠠᠶᠢᠭᠤᠯᠬᠤ ᠶᠢ ᠠᠬᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠵᠤ ᠰᠤᠳᠤᠯᠤᠨ ᠨᠡᠭᠡᠭᠡᠵᠦ ᠬᠡᠷᠡᠭᠯᠡᠬᠦ ᠰᠠᠭᠤᠷᠢᠨ᠂ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠡᠨᠧᠷᠭᠢ᠂ ᠬᠤᠪᠣᠷ ᠰᠢᠷᠣᠢ ᠵᠡᠷᠭᠡ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃    ᠲᠠᠯᠠᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠪᠣᠯᠣᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠳᠡᠭᠡᠳᠦ ᠲᠡᠰ ᠤᠨ ᠴᠢᠳᠠᠪᠤᠷᠢᠲᠠᠨ᠂ ᠠᠵᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ᠂ ᠮᠡᠷᠭᠡᠵᠢᠯ ᠤᠨ ᠳᠠᠭᠠᠭᠤᠯᠤᠭᠴᠢ ᠪᠣᠯᠣᠨ ᠬᠠᠮ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠭᠡ ᠳᠡᠭᠡᠳᠦ ᠰᠤᠷᠭᠠᠭᠤᠯᠢ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠡᠨᠧᠷᠭᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠭᠰᠠᠨ ᠡᠨᠧᠷᠭᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠡᠨᠧᠷᠭᠢ ᠶᠢᠨ ᠬᠦᠷᠢᠶ᠎ᠡ ᠳᠤ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠥᠵᠢᠭᠦᠯᠬᠦ ᠶᠢ ᠳᠡᠮᠵᠢᠨ ᠵᠢᠯᠤᠭᠤᠳᠴᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠬᠠᠮᠲᠤᠷᠠᠨ ᠡᠨᠧᠷᠭᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠵᠣᠷᠢᠭᠵᠢᠭᠤᠯᠤᠨ᠎ᠠ᠃    ᠲᠠᠯᠠᠨ ᠭᠤᠷᠪᠠᠳᠤᠭᠠᠷ ᠵᠦᠢᠯ  ᠲᠥᠷᠦ ᠶᠢᠨ ᠪᠠᠶᠢᠭᠤᠯᠭ᠎ᠠ᠂ ᠠᠷᠠᠳ ᠤᠨ ᠪᠦᠯᠭᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠠᠷᠠᠳ ᠤᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠬᠤ ᠭᠡᠷᠡᠭᠲᠡᠢ᠃ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠵᠠᠭᠤᠴᠢ ᠪᠠᠶᠢᠭᠤᠯᠤᠮᠵᠢ ᠵᠡᠷᠭᠡ ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠥᠨ ᠤ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠵᠥᠪᠯᠡᠯᠭᠡ  ᠪᠠ ᠦᠢᠯᠡᠴᠢᠯᠡᠭᠡ ᠡᠷᠭᠢᠯᠡᠭᠦ ᠶᠢ ᠲᠡᠮᠵᠢᠵᠤ᠂ ᠪᠦᠭᠦ ᠠᠷᠠᠳ  ᠤᠨ ᠡᠨᠧᠷᠭᠢ  ᠶᠢᠨ ᠰᠢᠨᠵᠢᠯᠡᠬᠦ ᠤᠬᠠᠭᠠᠨ ᠮᠡᠷᠭᠡᠵᠢᠯ  ᠤᠨ ᠮᠡᠳᠡᠯᠭᠡ ᠪᠠ ᠰᠢᠨᠵᠢᠯᠡᠬᠦ ᠤᠬᠠᠭᠠᠨᠴᠢ ᠪᠠᠷ ᠡᠨᠧᠷᠭᠢ ᠬᠡᠷᠡᠭᠯᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃    ᠲᠠᠯᠠᠨ ᠳᠥᠷᠪᠡᠳᠦᠭᠡᠷ ᠵᠦᠢᠯ   ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ  ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠠ ᠬᠠᠷᠠᠯᠲᠠᠲᠤ ᠬᠠᠷᠢᠭᠤᠴᠠᠯᠭ᠎ᠠ ᠶᠢ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠢ᠃    ᠲᠠᠯᠠᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃    ᠲᠠᠯᠠᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠴᠢᠬᠤᠯᠠ ᠡᠨᠧᠷᠭᠢ  ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃    ᠲᠠᠯᠠᠨ ᠳᠣᠯᠣᠳᠤᠭᠠᠷ ᠵᠦᠢᠯ  ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ  ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃    ᠲᠠᠯᠠᠨ ᠨᠠᠢᠮᠠᠳᠤᠭᠠᠷ ᠵᠦᠢᠯ   ᠤᠯᠤᠰ ᠤᠨ ᠴᠢᠬᠤᠯᠠ ᠡᠨᠧᠷᠭᠢ  ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃ ᠶᠠᠯ᠎ᠠ ᠳᠤ ᠭᠦᠷᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦᠳᠦᠭᠡᠷ ᠪᠦᠯᠦᠭ     ᠳᠠᠭᠠᠯᠳᠤᠭᠤᠯᠤᠭᠰᠠᠨ ᠳᠦᠷᠢᠮ    ᠲᠠᠯᠠ ᠶᠢᠰᠦᠳᠦᠭᠡᠷ ᠵᠦᠢᠯ   ᠲᠤᠰ ᠳᠦᠷᠢᠮ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号