ᠸᠠᠩ ᠯᠢ ᠵᠢᠶᠦ᠋ᠨ᠄ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2023/11/15
       ︽ᠣᠳᠣᠬᠠᠨ ᠳᠤ᠂ ᠡᠵᠡᠨ᠎ᠡ ᠬᠤᠰᠢᠭᠤ ᠶᠠᠭ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠪᠠᠨ ᠲᠣᠬᠢᠷᠠᠭᠤᠯᠬᠤ᠂ ᠬᠥᠳᠡᠯᠭᠡᠬᠦ ᠬᠦᠴᠦᠨ ᠢᠶᠠᠨ ᠰᠣᠯᠢᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠲᠥᠷᠥ ᠶᠢᠨ ᠶᠠᠪᠤᠳᠠᠯ ᠤᠨ ᠬᠤᠷᠢᠶᠠᠨ ᠤ ︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ﹀ ︵ᠳᠣᠷᠣᠭᠰᠢ ︿ᠰᠠᠨᠠᠯ﹀ ᠭᠡᠵᠦ ᠲᠣᠪᠴᠢᠯᠠᠨ᠎ᠠ︶᠎ ᠢ ᠳᠣᠣᠱᠯᠠᠭᠤᠯᠣᠨ ᠨᠠᠶᠢᠳᠠᠪᠣᠷᠢᠵᠢᠭᠤᠯᠬᠤ ᠲᠣᠭᠤᠷᠢᠨ ᠳᠤ᠂ ᠲᠠᠪᠤᠨ ᠶᠡᠭᠡ ᠡᠭᠦᠷᠭᠡ ᠶᠢ ᠨᠠᠶᠢᠳᠠᠪᠣᠷᠢᠵᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ︿ᠬᠤᠶᠠᠷ ᠶᠡᠭᠡ ᠶᠠᠪᠤᠳᠠᠯ﹀ ᠎ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠣᠷᠣᠨ᠂ ᠪᠥᠬᠦ ᠠᠶᠢᠮᠠᠭ ᠤᠨ ᠬᠥᠭᠵᠢᠯᠲᠡ ᠶᠢᠨ ᠳᠤᠮᠳᠠᠬᠢ ᠡᠵᠡᠨ᠎ᠡ ᠬᠤᠰᠢᠭᠤᠨ ᠤ ᠪᠠᠶᠢᠷᠢ ᠲᠣᠭᠲᠠᠭᠠᠯᠲᠠ ᠪᠠ ᠠᠵᠢᠯ ᠤᠨ ᠭᠤᠤᠯᠳᠠᠯᠭ᠎ᠠ ᠶᠢ ᠣᠨᠣᠪᠴᠢᠲᠠᠶ ᠡᠷᠢᠵᠦ᠂ ᠨᠠᠩ ᠣᠯᠠᠨ ᠪᠣᠳᠠᠲᠠᠶ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠠᠪᠴᠤ᠂ ᠡᠯ᠎ᠡ ᠲᠠᠯ᠎ᠠ ᠶᠢᠨ ᠠᠮᠢᠵᠢᠷᠠᠯ ᠤᠨ ᠬᠦᠴᠦᠨ ᠤ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃︾ ᠲᠦᠷᠦᠭᠦᠬᠡᠨ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠬᠢᠵᠦ ᠬᠡᠯᠡᠪᠡ᠃        ᠸᠠᠩ ᠯᠢ ᠵᠢᠶᠦ᠋ᠨ᠂ ᠡᠵᠡᠨ᠎ᠡ ᠬᠤᠰᠢᠭᠤ ︽ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠵᠡᠨ᠎ᠡ ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠶᠢ ᠵᠦᠢᠯ ᠳᠠᠷᠠᠭᠠᠯᠠᠨ ᠰᠤᠳᠤᠯᠵᠤ᠂ ᠳᠥᠷᠪᠡᠨ ᠲᠠᠯ᠎ᠠ ᠠᠴᠠ ︽ᠰᠠᠨᠠᠯ︾᠎ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠣᠨ᠎ᠠ ᠬᠡᠪᠡ᠃        ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ︾ ᠵᠡᠷᠭᠡ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠪᠦᠳᠦᠭᠡᠨ ᠪᠠᠶᠢᠭᠤᠯᠤᠯᠲᠠ ᠶᠢᠨ ᠲᠥᠰᠦᠯ ᠢ ᠵᠥᠪᠰᠢᠶᠡᠷᠡᠨ ᠬᠡᠷᠡᠭᠵᠢᠭᠦᠯᠬᠦ ᠶᠢ ᠬᠦᠴᠦᠯᠡᠨ ᠠᠬᠢᠭᠤᠯᠣᠨ᠎ᠠ᠃        ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠲᠣᠭᠤᠷᠢᠨ ᠳᠤ ᠠᠵᠤ ᠠᠬᠤᠶᠢᠯᠠᠯ ᠢ ᠪᠤᠶᠢᠵᠢᠭᠤᠯᠬᠤ᠂ ᠨᠡᠷᠡᠲᠦ ᠲᠡᠮᠳᠡᠭᠲᠦ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠥᠭᠵᠢᠯᠲᠡ ᠶᠢ  ᠠᠬᠢᠭᠤᠯᠣᠨ᠎ᠠ︔ ︽ᠬᠤᠶᠢᠲᠤ ᠠᠭᠤᠯᠠ ᠶᠢᠨ ᠡᠷᠦᠳᠡᠰᠦ ᠶᠢᠨ ᠪᠦᠰᠡ︾᠎ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠠᠶᠢᠮᠠᠭ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠨ ᠳᠡᠬᠦᠨ ᠢ ᠪᠠᠲᠤᠯᠠᠨ᠎ᠠ︔ ︽ᠰᠦᠪᠡᠭᠴᠢᠯᠡᠬᠦ᠂ ᠭᠦᠶᠦᠬᠦ᠂ ᠠᠩᠬᠠᠷᠬᠤ᠂ ᠨᠠᠶᠢᠳᠠᠪᠤᠷᠢᠵᠢᠭᠤᠯᠬᠤ᠂ ᠲᠡᠳᠬᠦᠬᠦ︾ ᠳᠡᠭᠡᠷ᠎ᠡ ᠬᠦᠴᠦ ᠣᠷᠣᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠤᠨ᠂ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠪᠠᠯᠠ ᠣᠷᠣᠭᠤᠯᠤᠯᠲᠠ ᠶᠢ ᠥᠷᠭᠡᠳᠬᠡᠨ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠠᠵᠤ ᠠᠬᠤᠶ ᠶᠢᠨ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠤᠨ᠎ᠠ᠃        ᠬᠢᠯᠢ ᠳᠠᠭᠠᠤ ᠣᠷᠣᠨ ᠤ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ ᠢ ᠥᠷᠭᠡᠳᠬᠡᠵᠦ᠂ ᠤᠰᠤ ᠪᠠᠭ᠎ᠠ ᠬᠤᠷᠣᠭᠳᠠᠭᠤᠯᠬᠤ ᠲᠡᠷᠢᠭᠦᠨ ᠤ ᠪᠣᠬᠢᠷᠲᠤᠯ ᠦᠭᠡᠢ ᠥᠨᠳᠥᠷ ᠠᠴᠢᠶᠠᠯᠠᠪᠤᠷᠢᠲᠤ ᠡᠨᠧᠷᠭᠢ ᠶᠢᠨ ᠠᠵᠤ ᠦᠢᠯᠡᠰ ᠢ ᠵᠠᠯᠭᠠᠨ ᠠᠪᠴᠤ᠂ ᠪᠣᠭᠤᠮᠲᠠ ᠪᠠᠷ ᠳᠠᠶᠢᠴᠢᠯᠠᠬᠤ᠂ ᠳᠣᠲᠤᠷ᠎ᠠ ᠭᠠᠵᠠᠷ ᠢᠶᠠᠷ ᠲᠤᠯᠭᠠᠭᠤᠷᠢᠯᠠᠬᠤ᠂ ᠬᠢᠯᠢ ᠳᠠᠭᠠᠤ ᠭᠠᠵᠠᠷ ᠬᠤᠯᠪᠣᠭᠠᠯᠠᠨ ᠬᠥᠳᠡᠯᠦᠯᠴᠡᠬᠦ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠤᠨ᠎ᠠ᠃        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠥᠭᠦᠯᠡᠪᠦᠷᠢ︾᠎ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠶ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠎ ᠶᠢ ᠬᠥᠮᠦᠰ ᠤᠨ ᠰᠡᠳᠬᠢᠯ ᠳᠤ ᠨᠠᠩ ᠭᠦᠨ ᠬᠤᠨᠣᠭᠰᠢᠭᠤᠯᠣᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号