ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ
ᠨᠡᠶᠢᠲᠡᠯᠡᠭᠰᠡᠨ ᠴᠠᠭ᠄
2023/11/15
    ᠨᠢᠭᠡᠳᠦᠭᠡᠷ ᠪᠦᠯᠦᠭ     ᠶᠡᠷᠦᠩᠬᠡᠢ ᠳᠦᠷᠢᠮ     ᠨᠢᠭᠡᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠲᠠ ᠶᠢ ᠠᠬᠢᠭᠤᠯᠬᠤ ᠶᠢᠨ ᠲᠥᠯᠥᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠲᠤᠰ ᠳᠦᠷᠢᠮ ᠬᠡᠷᠡᠭᠯᠡᠭᠳᠡᠨ᠎ᠡ᠃     ᠭᠤᠷᠪᠠᠳᠤᠭᠠᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ  ᠮᠠᠯᠵᠢᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃     ᠳᠥᠷᠪᠡᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭ᠎ᠠ ᠲᠠᠷᠢᠬᠤ ᠳᠤ ᠬᠥᠷᠥᠰᠥ ᠶᠢ ᠲᠦᠰᠢᠭᠯᠡᠵᠦ᠂ ᠠᠮᠤ ᠪᠤᠳᠠᠭᠠᠨ ᠤ ᠤᠨᠠᠯᠲᠠ ᠳᠤ ᠮᠡᠷᠭᠡᠵᠢᠯ ᠢ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠡᠬᠢ ᠪᠠᠶᠠᠯᠢᠭ ᠢ ᠠᠰᠢᠭᠯᠠᠬᠤ ᠠᠷᠭ᠎ᠠ ᠭᠡᠯᠪᠡᠷᠢ᠂ ᠡᠵᠡᠩᠨᠡᠯᠲᠡ ᠶᠢᠨ ᠠᠷᠭ᠎ᠠ ᠭᠡᠯᠪᠡᠷᠢ᠂ ᠠᠵᠤ ᠦᠢᠯᠡᠰ ᠤᠨ ᠪᠦᠲᠦᠴᠡ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠥᠷᠭᠡᠳᠬᠡᠨ᠂ ᠪᠣᠬᠢᠷᠳᠤᠯ ᠦᠭᠡᠢ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠪᠦᠲᠦᠭᠡᠭᠳᠡᠬᠦᠨ ᠢ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃     ᠲᠠᠪᠤᠳᠤᠭᠠᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠷᠢᠬᠤ ᠳᠤ ᠲᠣᠬᠢᠷᠠᠪᠠᠯ ᠳᠠᠷᠢᠵᠤ᠂ ᠲᠡᠵᠢᠭᠡᠬᠦ ᠳᠤ ᠲᠣᠬᠢᠷᠠᠪᠠᠯ ᠲᠡᠵᠢᠭᠡᠬᠦ ᠶᠢ ᠪᠠᠷᠢᠮᠲᠠᠯᠠᠨ᠂ ᠲᠣᠰ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ ᠪᠦᠲᠦᠴᠡ ᠶᠢ ᠰᠢᠯᠢᠳᠡᠭᠵᠢᠭᠦᠯᠬᠦ ᠬᠡᠷᠡᠭᠲᠡᠢ᠃     ᠵᠢᠷᠭᠤᠳᠤᠭᠠᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ ᠠᠴᠠ ᠤᠳᠤᠷᠢᠳᠬᠤ᠂ ᠵᠠᠰᠠᠭ ᠤᠨ ᠣᠷᠳᠣᠨ ᠠᠴᠠ ᠬᠠᠷᠢᠭᠤᠴᠠᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠤᠯᠴᠠᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃     ᠳᠣᠯᠣᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠲᠣᠭᠲᠠᠭᠠᠵᠤ᠂ ᠠᠵᠢᠯ ᠤᠨ ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠢᠯᠣᠭᠤᠳᠤᠨ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠣᠨ ᠭᠤᠣᠯᠳᠠᠯᠭ᠎ᠠ ᠲᠠᠢ ᠵᠦᠢᠯ ᠢ ᠰᠤᠳᠤᠯᠤᠨ ᠰᠢᠢᠳᠪᠦᠷᠢᠯᠡᠨ᠎ᠡ᠃     ᠨᠠᠢᠮᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ  ᠪᠠᠶᠢᠭᠤᠯᠤᠯᠲᠠ ᠶᠢ ᠵᠢᠯᠤᠭᠤᠳᠴᠤ ᠲᠡᠭᠦᠨ ᠳᠤ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠤᠰᠤᠨ ᠤ ᠵᠠᠰᠠᠭ ᠵᠠᠬᠢᠷᠭᠠᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠢ ᠰᠢᠭᠤᠢ ᠪᠠ ᠨᠤᠲᠤᠭ ᠪᠡᠯᠴᠢᠭᠡᠷ᠂ ᠮᠥᠩᠭᠦᠨ ᠭᠦᠢᠯᠭᠡᠭᠡᠨ ᠤ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠣᠰᠣᠭᠠᠷ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃     ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠬᠠᠮᠵᠢᠨ ᠰᠠᠶᠢᠲᠤᠷ ᠬᠢᠬᠦ ᠬᠡᠷᠡᠭᠲᠡᠢ᠃     ᠶᠢᠰᠦᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠲᠠᠷᠢᠶᠠᠴᠢᠨ ᠮᠠᠯᠴᠢᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠲᠠᠷᠢᠶᠠᠴᠢᠨ ᠮᠠᠯᠴᠢᠨ ᠤ ᠬᠦᠰᠡᠯ ᠰᠠᠨᠠᠭ᠎ᠠ ᠶᠢ ᠭᠦᠨᠳᠦᠳᠭᠡᠵᠦ᠂  ᠲᠠᠷᠢᠶᠠᠴᠢᠨ ᠮᠠᠯᠴᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠨ᠂ ᠲᠠᠷᠢᠶᠠᠴᠢᠨ ᠮᠠᠯᠴᠢᠨ ᠤ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠨ ᠮᠠᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ᠠᠷᠠᠳ ᠤᠨ ᠪᠦᠯᠭᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ ᠳᠡᠮᠵᠢᠨ᠎ᠡ᠃     ᠬᠤᠶᠠᠳᠤᠭᠠᠷ ᠪᠦᠯᠦᠭ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ     ᠠᠷᠪᠠᠳᠤᠭᠠᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢ ᠪᠠᠬᠢᠵᠢᠭᠦᠯᠦᠨ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠬᠡᠷᠡᠭᠲᠡᠢ᠃     ᠠᠷᠪᠠᠨ ᠨᠢᠭᠡᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠭᠠᠵᠠᠷ ᠰᠢᠷᠣᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠪᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃     ᠠᠷᠪᠠᠨ ᠬᠤᠶᠠᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ ᠠᠪᠴᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠡᠭᠡᠯᠵᠢᠯᠡᠨ ᠲᠠᠷᠢᠬᠤ ᠪᠠ ᠥᠨᠵᠢᠭᠦᠯᠦᠨ ᠲᠠᠷᠢᠬᠤ ᠶᠢ ᠬᠥᠲᠥᠯᠥᠨ ᠵᠢᠯᠤᠭᠤᠳᠴᠤ᠂ ᠬᠥᠷᠥᠰᠥ ᠰᠢᠷᠣᠢ ᠶᠢ ᠰᠠᠶᠢᠵᠢᠷᠠᠭᠤᠯᠤᠨ᠂ ᠲᠠᠷᠢᠶᠠᠨ ᠭᠠᠵᠠᠷ ᠤᠨ ᠥᠩ ᠰᠢᠮ᠎ᠡ ᠶᠢ ᠳᠡᠭᠡᠭᠰᠢᠯᠡᠭᠦᠯᠵᠦ᠂ ᠤᠰᠤᠯᠠᠬᠤ ᠲᠠᠲᠠᠷᠠᠭᠤᠯᠬᠤ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠵᠤ᠂ ᠭᠠᠵᠠᠷ ᠰᠢᠷᠣᠢ ᠡᠯᠡᠰᠦᠷᠬᠡᠭᠵᠢᠬᠦ᠂ ᠬᠤᠵᠢᠷᠰᠢᠬᠤ᠂ ᠬᠥᠷᠥᠰᠥ ᠰᠢᠷᠣᠢ ᠶᠢᠨ ᠢᠳᠡᠭᠳᠡᠯ ᠪᠠ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠬᠤᠷᠢᠭᠯᠠᠬᠤ ᠬᠡᠷᠡᠭᠲᠡᠢ᠃     ᠠᠷᠪᠠᠨ ᠭᠤᠷᠪᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ  ᠪᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠵᠤ᠂ ᠣᠷᠣᠨ ᠪᠦᠰᠡ᠂ ᠲᠥᠷᠥᠯ ᠭᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠨᠣᠷᠮ᠎ᠠ ᠶᠢ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠡᠭᠦᠯᠳᠡᠷᠵᠢᠭᠦᠯᠦᠨ᠂ ᠪᠠᠷᠢᠯᠭ᠎ᠠ  ᠶᠢᠨ ᠪᠦᠲᠦᠭᠡᠨ ᠪᠠᠶᠢᠭᠤᠯᠤᠯᠲᠠ ᠪᠠ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠨᠢᠭᠡᠳᠦᠯᠲᠡᠢ ᠵᠢᠷᠤᠮᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃     ᠠᠷᠪᠠᠨ ᠳᠥᠷᠪᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠠᠷ᠎ᠠ ᠬᠥᠷᠥᠰᠥᠲᠦ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠬᠠᠷ᠎ᠠ ᠬᠥᠷᠥᠰᠥᠲᠦ ᠲᠠᠷᠢᠶᠠᠨ ᠭᠠᠵᠠᠷ ᠤᠨ  ᠬᠥᠷᠥᠰᠥᠨ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠭᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠠᠷ᠎ᠠ ᠬᠥᠷᠥᠰᠥᠲᠦ ᠭᠠᠵᠠᠷ ᠤᠨ ᠰᠢᠯᠢᠳᠡᠭ ᠦᠢᠯᠡᠳᠪᠦᠷᠢᠯᠡᠯ ᠤᠨ ᠴᠢᠳᠠᠪᠤᠷᠢ ᠶᠢ ᠬᠠᠮᠠᠭᠠᠯᠠᠵᠤ᠂ ᠬᠠᠷ᠎ᠠ ᠬᠥᠷᠥᠰᠥᠲᠦ ᠭᠠᠵᠠᠷ ᠤᠨ ᠶᠡᠷᠦᠩᠬᠡᠢ ᠬᠡᠮᠵᠢᠶ᠎ᠡ ᠶᠢ ᠪᠠᠭᠠᠰᠬᠠᠬᠤ ᠦᠭᠡᠢ᠂ ᠴᠢᠳᠠᠮᠵᠢ ᠶᠢ ᠪᠠᠭᠤᠷᠠᠭᠤᠯᠬᠤ ᠦᠭᠡᠢ᠂ ᠶᠠᠰᠤ ᠴᠢᠨᠠᠷ ᠢ ᠳᠡᠭᠡᠭᠰᠢᠯᠡᠭᠦᠯᠭᠦ᠂ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃     ᠠᠷᠪᠠᠨ ᠲᠠᠪᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠵᠢᠷᠯᠢᠭ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ᠶᠢ ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ᠂ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠨᠡᠮᠡᠭᠳᠡᠭᠦᠯᠦᠨ᠂ ᠬᠤᠵᠢᠷᠯᠢᠭ ᠭᠠᠵᠠᠷ ᠲᠤ ᠲᠣᠬᠢᠷᠠᠬᠤ ᠲᠠᠷᠢᠮᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ ᠴᠢᠩᠭᠠᠳᠬᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃     ᠠᠷᠪᠠᠨ ᠵᠢᠷᠭᠤᠳᠤᠭᠠᠷ ᠵᠦᠢᠯ    ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ  ᠪᠡᠯᠴᠢᠭᠡᠷ ᠢ ᠠᠮᠠᠷᠠᠭᠤᠯᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠨᠤᠲᠤᠭ ᠪᠡᠯᠴᠢᠭᠡᠷ ᠤᠨ ᠬᠡᠷᠡᠭᠯᠡᠯᠲᠡ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃     ᠠᠷᠪᠠᠨ ᠳᠣᠯᠣᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠡᠰᠢᠲᠦ᠂ ᠥᠨᠳᠥᠷ ᠪᠦᠲᠦᠮᠵᠢᠲᠡᠢ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠮᠡᠳᠡᠭᠡ ᠵᠠᠩᠭᠢᠵᠢᠭᠤᠯᠤᠭᠰᠠᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠥᠬᠦᠭᠡᠷᠦᠮᠵᠢᠲᠦ ᠲᠠᠷᠢᠶᠠᠯᠠᠩ ᠪᠠ ᠣᠲᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢ ᠬᠥᠭᠵᠢᠭᠦᠯᠵᠦ᠂ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃     ᠠᠷᠪᠠᠨ ᠨᠠᠢᠮᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠰᠤᠪᠠᠭ ᠤᠨ ᠨᠡᠪᠴᠢᠵᠦ ᠭᠤᠭᠤᠵᠢᠬᠤ ᠶᠢ ᠪᠠᠭᠠᠰᠬᠠᠨ᠂ ᠤᠰᠤ ᠠᠷᠪᠢᠯᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠭᠦ ᠬᠡᠷᠡᠭᠲᠡᠢ᠃     ᠠᠷᠪᠠ ᠶᠢᠰᠦᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ  ᠪᠠᠨ ᠦᠨᠳᠦᠰᠦᠯᠡᠵᠦ᠂ ᠭᠤᠣᠯ ᠪᠤᠯᠬᠤ  ᠬᠥᠯᠳᠡᠭᠦᠦ ᠪᠠᠷᠠᠭᠠᠨ ᠤ ᠭᠦᠢᠯᠭᠡᠭᠡᠨ ᠤ ᠰᠠᠭᠤᠷᠢᠨ ᠪᠠ ᠬᠥᠯᠳᠡᠭᠦᠦ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠣᠷᠣᠨ ᠤ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ ᠬᠥᠯᠳᠡᠭᠦᠦ ᠪᠠᠷᠠᠭᠠᠨ ᠤ ᠭᠦᠢᠯᠭᠡᠭᠡᠨ ᠤ  ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠡᠴᠦᠰ ᠤᠨ ᠬᠡᠰᠡᠭ ᠤᠨ ᠬᠥᠯᠳᠡᠭᠦᠦ ᠪᠠᠶᠢᠯᠭᠠᠬᠤ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠪᠠ ᠥᠭᠡᠷᠡᠴᠢᠯᠡᠨ ᠰᠠᠶᠢᠵᠢᠷᠠᠭᠤᠯᠬᠤ  ᠶᠢ ᠳᠡᠮᠵᠢᠵᠦ᠂ ᠬᠥᠯᠳᠡᠭᠦᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠳᠤᠮᠳᠠ ᠵᠢᠵᠢᠭ ᠬᠤᠲᠠ ᠪᠠᠯᠭᠠᠰᠤ ᠪᠠ ᠨᠥᠬᠦᠴᠡᠯ ᠪᠦᠷᠢᠯᠳᠦᠭᠦᠯᠦᠭᠰᠡᠨ  ᠲᠠᠷᠢᠶᠠᠯᠠᠬᠤ ᠮᠠᠯᠵᠢᠬᠤ ᠣᠷᠣᠨ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃     ᠬᠤᠷᠢᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ᠂ ᠲᠠᠷᠢᠮᠠᠯ᠂ ᠭᠠᠮᠰᠢᠭ ᠤᠨ ᠲᠥᠷᠥᠯ ᠵᠦᠢᠯ ᠢᠶᠠᠷ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠢ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠶᠢ ᠥᠷᠨᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠴᠢᠩᠭᠠᠳᠬᠠᠨ᠂ ᠠᠮᠢᠳᠤ ᠪᠣᠳᠠᠰ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠭᠤᠣᠯᠳᠠᠯᠭ᠎ᠠ ᠲᠠᠢ ᠬᠥᠮᠥᠨ ᠮᠠᠯ ᠵᠡᠷᠭᠡ ᠪᠠᠷ ᠨᠡᠷᠪᠡᠭᠳᠡᠬᠦ ᠡᠪᠡᠳᠴᠢᠨ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠᠨ ᠲᠡᠭᠡᠭᠰᠢᠯᠡᠭᠦᠯᠭᠦ ᠬᠡᠷᠡᠭᠲᠡᠢ᠃ᠭᠤᠷᠪᠠᠳᠤᠭᠠᠷ ᠪᠦᠯᠦᠭ  ᠦᠢᠯᠡᠳᠪᠦᠷᠢᠯᠡᠯ ᠤᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ     ᠬᠤᠷᠢᠨ ᠨᠢᠭᠡᠳᠦᠭᠡᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠮᠢᠬᠠᠨ ᠤ ᠵᠦᠢᠯ ᠤᠨ ᠪᠠᠲᠤᠯᠠᠭ᠎ᠠ ᠬᠠᠩᠭᠠᠯᠭ᠎ᠠ ᠶᠢ ᠳᠡᠭᠡᠭᠰᠢᠯᠡᠭᠦᠯᠦᠨ᠂ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃     ᠬᠤᠷᠢᠨ ᠬᠤᠶᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ  ᠶᠢ ᠦᠨᠳᠦᠰᠦᠯᠡᠵᠦ᠂ ᠣᠷᠣᠨ ᠪᠦᠰᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠᠨ ᠲᠣᠭᠲᠠᠭᠠᠬᠤ ᠬᠡᠷᠡᠭᠲᠡᠢ᠃     ᠬᠤᠷᠢᠨ ᠭᠤᠷᠪᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠦᠢ ᠵᠣᠬᠢᠰᠲᠠᠢ ᠪᠦᠲᠦᠴᠡ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠲᠤ ᠲᠣᠭᠲᠠᠯᠴᠠᠭ᠎ᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠬᠢᠷᠳᠤᠯ ᠦᠭᠡᠢ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠢ ᠳᠡᠯᠭᠡᠷᠡᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠪᠣᠯᠣᠨ ᠲᠡᠷᠢᠵᠦ ᠲᠡᠵᠢᠭᠡᠬᠦ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃     ᠬᠤᠷᠢᠨ ᠳᠥᠷᠪᠡᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠲᠣᠮᠣ ᠢᠳᠡᠭᠡᠨ ᠤ ᠦᠵᠡᠯᠲᠡ ᠶᠢ ᠪᠤᠢ ᠪᠤᠯᠭᠠᠵᠤ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠦᠢᠯᠡᠰ ᠢ ᠤᠶᠠᠯᠳᠤᠭᠤᠯᠤᠭᠰᠠᠨ᠂ ᠤᠷᠭᠤᠮᠠᠯ ᠠᠮᠢᠳᠠᠨ ᠮᠢᠺᠷᠣᠪ ᠢ ᠵᠡᠷᠭᠡ ᠳᠤ ᠨᠢ ᠴᠢᠬᠤᠯᠠᠴᠢᠯᠠᠭᠰᠠᠨ ᠠᠮᠤ ᠪᠤᠳᠠᠭ᠎ᠠ ᠲᠣᠰᠣ ᠰᠢᠬᠢᠷ᠂ ᠮᠢᠬ᠎ᠠ ᠥᠨᠳᠡᠭᠡ ᠰᠦ᠂ ᠵᠢᠮᠢᠰ ᠨᠣᠭᠤᠭ᠎ᠠ ᠵᠢᠭᠠᠰᠤ᠂ ᠮᠥᠭᠦ ᠶᠢᠨ ᠲᠥᠷᠥᠯ ᠬᠤᠯᠤᠰᠤᠨ ᠰᠦᠶ᠎ᠡ ᠵᠡᠷᠭᠡ ᠤᠯᠠᠨ ᠡᠰᠢᠵᠢᠭᠰᠡᠨ ᠢᠳᠡᠭᠡᠨ ᠬᠠᠩᠭᠠᠬᠤ  ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃     ᠬᠤᠷᠢᠨ ᠲᠠᠪᠤᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ ᠱᠠᠩᠨᠠᠨ ᠬᠥᠬᠢᠭᠦᠯᠬᠦ᠂ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠪᠠᠲᠤᠯᠠᠨ᠂ ᠠᠮᠤ ᠪᠤᠳᠠᠭᠠᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠵᠡᠷᠭᠡ ᠲᠣᠰᠣᠯᠢᠭ ᠲᠠᠷᠢᠮᠠᠯ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃     ᠬᠤᠷᠢᠨ ᠵᠢᠷᠭᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ ᠣᠷᠣᠨ ᠪᠦᠰᠡ ᠶᠢᠨ ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠵᠢᠯᠣᠭᠤᠳᠤᠨ ᠪᠠᠶᠢᠭᠤᠯᠵᠤ᠂ ᠲᠡᠵᠢᠭᠡᠨ ᠦᠷᠡᠵᠢᠭᠦᠯᠬᠦ ᠮᠠᠯ ᠵᠢᠭᠦᠷᠲᠡᠨ ᠤ ᠡᠭᠦᠯᠳᠡᠷ᠂ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠬᠡᠪᠴᠢᠶᠡᠵᠢᠭᠦᠯᠦᠨ ᠬᠠᠰᠢᠶᠠᠯᠠᠨ ᠲᠡᠵᠢᠭᠡᠬᠦ᠂ ᠡᠪᠡᠰᠦ ᠪᠣᠷᠳᠤᠭ᠎ᠠ ᠶᠢ ᠬᠤᠷᠢᠶᠠᠨ ᠬᠠᠳᠠᠭᠠᠯᠠᠵᠤ ᠡᠳ᠋ᠰᠢᠭᠦᠯᠬᠦ᠂ ᠪᠠᠷᠢᠮᠵᠢᠶᠠᠵᠢᠭᠤᠯᠤᠨ ᠲᠡᠵᠢᠭᠡᠬᠦ ᠵᠡᠷᠭᠡ ᠶᠢᠨ ᠲᠦᠭᠦᠭᠡᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠮᠠᠯ ᠵᠢᠭᠦᠷᠲᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃     ᠬᠤᠷᠢᠨ ᠳᠣᠯᠣᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠠᠯᠠᠰᠢᠨ ᠦᠬᠡᠷ᠂ ᠠᠯᠠᠰᠢᠨ ᠬᠤᠨᠢ ᠶᠢ ᠭᠠᠳᠠᠭᠰᠢ ᠭᠠᠷᠭᠠᠭᠰᠠᠨ ᠶᠡᠭᠡ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠯᠠᠰᠢᠨ ᠦᠬᠡᠷ ᠤᠨ ᠰᠦᠷᠦᠭ ᠢ ᠥᠷᠭᠡᠳᠬᠡᠨ ᠲᠤᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠰᠠᠭᠤᠷᠢ ᠡᠬᠡ ᠮᠠᠯ ᠢ ᠠᠷᠠᠴᠢᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠨ᠂ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ᠂ ᠭᠦᠪᠦᠷᠡᠯ ᠢ ᠰᠢᠯᠵᠢᠭᠦᠯᠦᠨ ᠬᠡᠷᠡᠭᠯᠡᠬᠦ ᠶᠢ ᠳᠡᠯᠭᠡᠷᠡᠭᠦᠯᠦᠨ᠎ᠡ᠃ ᠠᠯᠠᠰᠢᠨ ᠬᠤᠨᠢᠨ ᠤ ᠬᠡᠪᠴᠢᠶ᠎ᠡ ᠶᠢ ᠲᠣᠭᠲᠠᠪᠤᠷᠢᠵᠢᠭᠤᠯᠵᠤ᠂ ᠡᠭᠦᠯᠳᠡᠷ ᠰᠣᠩᠭᠤᠨ ᠪᠣᠶᠢᠵᠢᠭᠤᠯᠬᠤ ᠶᠢ ᠴᠢᠩᠭᠠᠳᠬᠠᠨ᠂ ᠪᠣᠳᠠᠭᠠᠯᠢ ᠪᠡᠶ᠎ᠡ ᠶᠢᠨ  ᠭᠠᠷᠤᠯᠲᠠ ᠪᠠ ᠦᠷᠡᠵᠢᠯ ᠤᠨ ᠨᠣᠷᠮ᠎ᠠ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠶᠢ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ᠂ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ᠃     ᠬᠤᠷᠢᠨ ᠨᠠᠢᠮᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠣᠷᠳᠣ  ᠬᠤᠭᠤᠴᠠᠭ᠎ᠠ ᠪᠠᠷ ᠪᠦᠲᠦᠮᠵᠢᠲᠡᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠵᠦ ᠳᠠᠶᠢᠴᠢᠯᠠᠬᠤ ᠲᠣᠭᠲᠠᠴᠠ ᠶᠢ ᠪᠠᠶᠢᠭᠤᠯᠤᠨ᠂ ᠦᠷᠡᠵᠢᠬᠦ ᠮᠡᠭᠡᠵᠢ ᠶᠢᠨ ᠬᠠᠳᠠᠭᠠᠯᠠᠯᠲᠠ ᠶᠢᠨ ᠬᠡᠮᠵᠢᠶ᠎ᠡ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠵᠤ᠂ ᠭᠠᠭ᠋ᠠᠢ  ᠶᠢᠨ ᠮᠢᠬᠠᠨ ᠤ ᠬᠠᠩᠭᠠᠯᠭ᠎ᠠ ᠶᠢ ᠪᠠᠲᠤᠯᠠᠨ᠎ᠠ᠃     ᠬᠤᠷᠢ ᠶᠢᠰᠦᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠬᠢ ᠪᠠᠶᠠᠯᠢᠭ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠦ ᠶᠢᠨ ᠠᠵᠤ ᠦᠢᠯᠡᠰ ᠢ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠬᠥᠭᠵᠢᠯᠲᠡ ᠶᠢ ᠲᠦᠯᠬᠢᠨ ᠠᠬᠢᠭᠤᠯᠵᠤ᠂ ᠰᠦ ᠶᠢᠨ ᠢᠷᠡᠯᠲᠡ᠂ ᠡᠭᠦᠯᠳᠡᠷ ᠤᠨ ᠢᠷᠡᠯᠲᠡ᠂ ᠡᠪᠡᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠶᠢ ᠲᠡᠮᠵᠢᠵᠤ᠂ ᠰᠠᠶᠢᠨ ᠡᠭᠦᠯᠳᠡᠷ ᠪᠣᠶᠢᠵᠢᠭᠤᠯᠬᠤ ᠶᠢ ᠴᠢᠩᠭᠠᠷᠠᠭᠤᠯᠤᠨ᠂ ᠲᠡᠵᠢᠭᠡᠯ ᠡᠪᠡᠰᠦᠨ ᠤ ᠬᠠᠩᠭᠠᠯᠭ᠎ᠠ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠳᠡᠭ ᠢ ᠪᠠᠭᠤᠷᠠᠭᠤᠯᠤ᠂ ᠨᠢᠭᠡᠴᠢ ᠤᠨᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠲᠦᠭᠦᠬᠡᠢ ᠰᠢᠨ᠎ᠡ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠰᠠᠭᠠᠯᠢ ᠶᠢᠨ ᠡᠷᠦᠭᠡ ᠵᠡᠷᠭᠡ ᠡᠯ᠎ᠡ ᠭᠤᠣᠯ ᠴᠣᠭᠴᠠ ᠶᠢᠨ ᠠᠰᠢᠭ ᠲᠤᠰᠠ ᠶᠢ ᠪᠠᠲᠤᠯᠠᠨ᠂ ᠰᠦ ᠶᠢᠨ ᠢᠷᠡᠯᠲᠡ ᠶᠢᠨ ᠰᠠᠭᠤᠷᠢ ᠶᠢ ᠪᠠᠲᠤᠳᠬᠠᠵᠤ᠂ ᠰᠦ ᠶᠢᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃     ᠭᠤᠴᠢᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠢᠮᠠᠭᠠᠨ ᠨᠣᠣᠯᠣᠭᠤᠷ ᠤᠨ ᠠᠵᠤ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠲᠡᠮᠵᠢᠵᠤ᠂ ᠨᠣᠣᠯᠣᠭᠤᠷ ᠤᠨ ᠢᠮᠠᠭᠠᠨ ᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ ᠰᠠᠶᠢᠲᠠᠢ ᠪᠥᠭᠡᠳ ᠥᠨᠳᠥᠷ ᠦᠨ᠎ᠡ ᠲᠠᠢ ᠪᠠᠶᠢᠯᠭᠠᠬᠤ ᠲᠣᠭᠲᠠᠴᠠ ᠶᠢ ᠪᠦᠷᠢᠨᠰᠢᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠢᠮᠠᠭᠠᠨ ᠨᠣᠣᠯᠣᠭᠤᠷ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠣᠯᠣᠨ ᠲᠦᠷᠦᠯ ᠲᠡᠮᠳᠡᠭ ᠤᠨ ᠳᠡᠯᠡᠬᠡᠢ ᠳᠠᠬᠢ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃     ᠭᠤᠴᠢᠨ ᠨᠢᠭᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠯ᠎ᠡ ᠲᠥᠷᠥᠯ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠲᠠᠷᠢᠮᠠᠯ ᠡᠪᠡᠰᠦ ᠪᠣᠷᠳᠤᠭ᠎ᠠ ᠶᠢᠨ ᠰᠠᠭᠤᠷᠢᠨ᠂ ᠡᠪᠡᠰᠦᠨ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠪᠣᠷᠳᠣᠭᠠᠨ ᠳᠤ ᠬᠡᠷᠡᠭᠯᠡᠬᠦ ᠨᠣᠬᠠᠢ  ᠶᠢᠨ ᠬᠤᠰᠢᠭᠤ᠂ ᠬᠢᠶᠠᠭ ᠵᠡᠷᠭᠡ ᠲᠡᠵᠢᠭᠡᠯ ᠡᠪᠡᠰᠦ ᠬᠢᠭᠡᠳ ᠡᠪᠡᠰᠦᠨ ᠤ ᠲᠥᠷᠥᠯ ᠤᠨ ᠦᠢᠯᠡᠳᠪᠦᠷᠢᠯᠡᠯ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠵᠦ᠂ ᠲᠡᠵᠢᠭᠡᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃     ᠳᠥᠷᠪᠡᠳᠦᠭᠡᠷ ᠪᠦᠯᠦᠭ    ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ   ᠲᠣᠭᠲᠠᠯᠴᠠᠭ᠎ᠠ ᠶᠢᠨ  ᠪᠦᠲᠦᠭᠡᠨ  ᠪᠠᠶᠢᠭᠤᠯᠤᠯᠲᠠ     ᠭᠤᠴᠢᠨ ᠬᠤᠶᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠪᠦᠭᠦ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃     ᠭᠤᠴᠢᠨ ᠭᠤᠷᠪᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠴᠢᠨ ᠮᠠᠯᠴᠢᠨ ᠢᠶᠠᠷ ᠭᠤᠣᠯ ᠴᠣᠭᠴᠠ ᠪᠤᠯᠭᠠᠬᠤ ᠶᠢ ᠪᠠᠷᠢᠮᠲᠠᠯᠠᠵᠤ᠂  ᠲᠠᠷᠢᠶᠠᠯᠠᠬᠤ ᠮᠠᠯᠵᠢᠬᠤ ᠣᠷᠣᠨ ᠤ ᠳᠠᠪᠠᠭᠤᠯᠢᠭ ᠣᠨᠴᠠᠯᠢᠭᠲᠤ ᠡᠬᠢ ᠪᠠᠶᠠᠯᠢᠭ ᠢᠶᠠᠷ ᠲᠦᠰᠢᠭ ᠪᠤᠯᠭᠠᠵᠤ᠂  ᠲᠠᠷᠢᠶᠠᠯᠠᠬᠤ ᠮᠠᠯᠵᠢᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ ᠠᠬᠢᠭᠤᠯᠵᠤ᠂ ᠣᠲᠣ ᠦᠶ᠎ᠡ  ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠣᠭᠲᠠᠯᠴᠠᠭ᠎ᠠ᠂ ᠦᠢᠯᠡᠳᠪᠦᠷᠢᠯᠡᠯ ᠤᠨ ᠲᠣᠭᠲᠠᠯᠴᠠᠭ᠎ᠠ ᠪᠠ ᠡᠵᠡᠩᠨᠡᠯᠲᠡ ᠶᠢᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠵᠠᠭᠪᠤᠷ ᠪᠠ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠵᠤ᠂ ᠲᠠᠷᠢᠶᠠᠴᠢᠨ ᠮᠠᠯᠴᠢᠨ ᠡᠷᠦᠭᠡ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠣᠷᠭᠠᠨᠢᠭ ᠢᠶᠠᠷ ᠵᠣᠯᠭᠠᠯᠳᠤᠬᠤ ᠶᠢ ᠠᠬᠢᠭᠤᠯᠬᠤ ᠬᠡᠷᠡᠭᠲᠡᠢ᠃     ᠭᠤᠴᠢᠨ ᠳᠥᠷᠪᠡᠳᠦᠭᠡᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠬᠢ ᠪᠠᠶᠠᠯᠢᠭ ᠤᠨ ᠥᠪᠡᠷᠮᠢᠴᠡ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠵᠦ᠂ ᠰᠦ ᠶᠢᠨ ᠦᠢᠯᠡᠰ᠂ ᠡᠷᠳᠡᠨᠢ ᠰᠢᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠯᠠᠰᠢᠨ ᠦᠬᠡᠷ᠂ ᠠᠯᠠᠰᠢᠨ ᠬᠤᠨᠢ᠂ ᠲᠡᠵᠢᠭᠡᠯ ᠡᠪᠡᠰᠦᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠥᠮᠥᠰᠥ᠂ ᠰᠢᠷ᠎ᠠ ᠪᠤᠷᠴᠠᠭ᠂ ᠪᠤᠭᠤᠳᠠᠢ᠂ ᠲᠤᠲᠤᠷᠭ᠎ᠠ᠂ ᠨᠡᠷᠡᠨ ᠬᠤᠸᠠᠷ᠂ ᠢᠳᠡᠰᠢᠨ ᠨᠣᠭᠤᠭ᠎ᠠ᠂ ᠡᠯᠳᠡᠪ ᠵᠦᠢᠯ ᠤᠨ ᠠᠮᠤ ᠪᠤᠷᠴᠠᠭ᠂ ᠢᠮᠠᠭᠠᠨ ᠨᠣᠣᠯᠣᠭᠤᠷ ᠤᠨ ᠠᠵᠤ ᠦᠢᠯᠡᠰ ᠢ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠢᠲᠠᠳ ᠡᠮ ᠤᠨ ᠮᠠᠲ᠋ᠧᠷᠢᠶᠠᠯ᠂ ᠨᠣᠬᠠᠢ ᠶᠢᠨ ᠬᠤᠰᠢᠭᠤ᠂ ᠰᠠᠭᠠᠭ᠂ ᠬᠤᠮᠠ᠂ ᠬᠠᠲᠠᠭᠠᠬᠰᠠᠨ ᠤᠯᠠᠭᠠᠨ ᠯᠠᠵᠤᠤ ᠵᠡᠷᠭᠡ ᠣᠨᠴᠠᠯᠢᠭᠲᠤ ᠠᠵᠤ ᠦᠢᠯᠡᠰ ᠪᠠ ᠬᠤᠸᠠᠷ ᠴᠡᠴᠡᠭ᠂ ᠮᠥᠭᠦ ᠶᠢᠨ ᠵᠦᠢᠯ ᠵᠡᠷᠭᠡ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ᠂ ᠬᠤᠣᠰ ᠪᠥᠬᠦᠲᠦ ᠲᠡᠮᠡᠭᠡ ᠪᠠ ᠣᠲᠣ ᠦᠶ᠎ᠡ ᠶᠢᠨ ᠠᠳᠤᠭᠤᠨ ᠤ ᠠᠵᠤ ᠦᠢᠯᠡᠰ ᠢ ᠳᠡᠮᠵᠢᠨ ᠬᠥᠭᠵᠢᠭᠦᠯᠬᠦ ᠬᠡᠷᠡᠭᠲᠡᠢ᠃ ᠪᠤᠭᠤ᠂ ᠡᠯᠵᠢᠭᠡ ᠵᠡᠷᠭᠡ ᠣᠨᠴᠠ ᠲᠦᠷᠦᠯ ᠤᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠴᠠᠭᠠᠨ ᠭᠤᠶᠣᠣ ᠪᠠ ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠢ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠰᠦ ᠶᠢᠨ ᠦᠢᠯᠡᠰ᠂ ᠡᠷᠳᠡᠨᠢ ᠰᠢᠰᠢ᠂ ᠠᠯᠠᠰᠢᠨ ᠦᠬᠡᠷ᠂ ᠠᠯᠠᠰᠢᠨ ᠬᠤᠨᠢ᠂ ᠲᠡᠵᠢᠭᠡᠯ ᠡᠪᠡᠰᠦ᠂ ᠢᠮᠠᠭᠠᠨ ᠨᠣᠣᠯᠣᠭᠤᠷ᠂ ᠲᠥᠮᠥᠰᠥ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠪᠦᠭᠦ ᠠᠵᠤ ᠦᠢᠯᠡᠰ  ᠤᠨ ᠬᠡᠯᠬᠢᠶᠡᠵᠢᠯ  ᠤᠨ ᠪᠦᠲᠦᠭᠡᠨ ᠪᠠᠶᠢᠭᠤᠯᠤᠯᠲᠠ   ᠶᠢ ᠳᠡᠮᠵᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ  ᠤᠨ ᠠᠭᠤᠰᠤᠯᠴᠠᠨ ᠬᠥᠭᠵᠢᠬᠦ   ᠶᠢ ᠠᠬᠢᠭᠤᠯᠬᠤ ᠬᠡᠷᠡᠭᠲᠡᠢ᠃     ᠭᠤᠴᠢᠨ ᠲᠠᠪᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠥᠷᠥ ᠶᠢᠨ ᠪᠣᠳᠣᠯᠭ᠎ᠠ ᠲᠣᠭᠲᠠᠭᠠᠨ᠂ ᠪᠡᠯᠡ ᠮᠥᠩᠭᠦ ᠪᠠᠨ ᠨᠡᠶᠢᠯᠡᠭᠦᠯᠵᠦ᠂ ᠳᠠᠪᠠᠭᠤᠯᠢᠭ ᠠᠵᠤ ᠦᠢᠯᠡᠰ ᠬᠢᠭᠡᠳ ᠦᠢᠯᠡᠳᠪᠦᠷᠢᠯᠡᠯ ᠤᠨ ᠡᠯᠧᠮᠧᠨ᠋ᠲ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠠᠭᠤᠷᠢᠨ ᠢ ᠴᠣᠭᠴᠠᠯᠠᠬᠤ ᠬᠡᠷᠡᠭᠲᠡᠢ᠃     ᠭᠤᠴᠢᠨ ᠵᠢᠷᠭᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠥᠭᠵᠢᠭᠦᠯᠬᠦ ᠲᠥᠯᠦᠪᠵᠢᠭᠦᠯᠭᠡ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠬᠡᠪᠴᠢᠶᠡᠲᠦ ᠪᠦᠲᠦᠴᠡ ᠶᠢ ᠪᠤᠢ ᠪᠤᠯᠭᠠᠵᠤ᠂ ᠣᠶᠢᠷ᠎ᠠ ᠬᠠᠪᠢ ᠳᠤ ᠨᠢ ᠪᠠ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠬᠤᠪᠢᠷᠠᠭᠤᠯᠬᠤ ᠶᠢ ᠠᠬᠢᠭᠤᠯᠤᠨ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠢᠯ ᠥᠷᠨᠢᠭᠦᠯᠬᠦ ᠶᠢ ᠲᠡᠳᠬᠦᠨ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ ᠲᠡᠭᠡᠭᠰᠢᠯᠡᠭᠦᠯᠭᠦ ᠬᠡᠷᠡᠭᠲᠡᠢ᠃     ᠭᠤᠴᠢᠨ ᠳᠣᠯᠣᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠪᠦᠲᠦᠭᠡᠭᠳᠡᠬᠦᠨ ᠤ ᠰᠢᠨ᠎ᠡ ᠶᠢ ᠡᠭᠦᠳᠬᠦ᠂ ᠢᠳᠡᠭᠡᠨ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠲᠡᠮᠵᠢᠵᠤ᠂ ᠬᠠᠭᠠᠰ ᠪᠡᠯᠡᠳᠬᠡᠭᠰᠡᠨ ᠨᠣᠭᠤᠭ᠎ᠠ᠂ ᠤᠰᠤ ᠦᠭᠡᠶᠢᠳᠡᠭᠦᠯᠦᠭᠰᠡᠨ ᠵᠢᠮᠢᠰ ᠨᠣᠭᠤᠭ᠎ᠠ ᠵᠡᠷᠭᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠬᠥᠭᠵᠢᠭᠦᠯᠬᠦ ᠬᠡᠷᠡᠭᠲᠡᠢ᠃ ᠨᠢᠲᠤᠯᠵᠤ ᠡᠳ᠋ᠰᠢᠭᠦᠯᠬᠦ ᠶᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠲᠥᠪᠯᠡᠷᠡᠭᠰᠡᠨ ᠣᠷᠣᠨ ᠲᠡᠶᠢᠰᠢ ᠰᠢᠯᠵᠢᠭᠦᠯᠵᠦ᠂ ᠦᠬᠡᠷ ᠬᠤᠨᠢᠨ ᠤ ᠮᠢᠬ᠎ᠠ ᠶᠢ ᠨᠠᠷᠢᠯᠢᠭ ᠰᠠᠯᠭᠠᠬᠤ᠂ ᠬᠥᠯᠳᠡᠭᠦᠦ ᠰᠢᠨ᠎ᠡ ᠮᠢᠬ᠎ᠠ ᠶᠢ ᠡᠳ᠋ᠰᠢᠭᠦᠯᠦᠨ ᠪᠤᠯᠪᠠᠰᠤᠷᠠᠭᠤᠯᠬᠤ᠂ ᠪᠤᠯᠭᠤᠬᠰᠠᠨ ᠢᠳᠡᠭᠡᠨ ᠦᠢᠯᠡᠳᠬᠦ ᠶᠢ ᠶᠡᠭᠡ ᠪᠠᠷ ᠬᠥᠭᠵᠢᠭᠦᠯᠵᠦ᠂ ᠦᠢᠯᠡᠳᠬᠦᠨ ᠤ ᠨᠡᠮᠡᠯᠲᠡ ᠥᠷᠲᠡᠭ ᠪᠠ ᠦᠨ᠎ᠡ ᠥᠰᠬᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃     ᠭᠤᠴᠢᠨ ᠨᠠᠢᠮᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠲᠦᠷᠦᠯ  ᠲᠡᠮᠳᠡᠭ ᠢ ᠡᠭᠦᠳᠦᠨ ᠪᠠᠶᠢᠭᠤᠯᠬᠤ᠂ ᠡᠵᠡᠩᠨᠡᠵᠦ ᠬᠠᠮᠢᠶᠠᠷᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠥᠷᠥᠯ ᠵᠦᠢᠯ ᠢᠶᠠᠷ ᠰᠢᠯᠢᠳᠡᠭ ᠢ ᠪᠣᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠲᠦᠷᠦᠯ  ᠲᠡᠮᠳᠡᠭ ᠢ ᠪᠤᠢ ᠪᠤᠯᠭᠠᠬᠤ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠢ᠂ ᠳᠠᠶᠢᠴᠢᠯᠠᠬᠤ ᠴᠢᠳᠠᠪᠤᠷᠢ ᠪᠠᠷ ᠲᠣᠪᠣᠶᠢᠮ᠎ᠠ᠂ ᠪᠦᠲᠦᠭᠡᠭᠳᠡᠬᠦᠨ ᠤ ᠣᠨᠴᠠᠯᠢᠭ ᠢᠶᠠᠷ ᠢᠯᠡ ᠲᠣᠳᠣ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ  ᠲᠡᠮᠳᠡᠭ᠂ ᠠᠵᠤ ᠠᠬᠤᠶᠢᠯᠠᠯ ᠤᠨ ᠲᠦᠷᠦᠯ  ᠲᠡᠮᠳᠡᠭ᠂ ᠪᠦᠲᠦᠭᠡᠭᠳᠡᠬᠦᠨ ᠤ ᠲᠦᠷᠦᠯ ᠲᠡᠮᠳᠡᠭ ᠢ ᠪᠤᠢ ᠪᠤᠯᠭᠠᠵᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ᠂ ᠲᠦᠷᠦᠯ  ᠲᠡᠮᠳᠡᠭᠵᠢᠭᠦᠯᠦᠨ ᠪᠣᠷᠣᠯᠠᠭᠤᠯᠬᠤ᠂  ᠠᠭᠤᠰᠤᠯᠴᠠᠭᠤᠯᠤᠨ ᠬᠥᠭᠵᠢᠭᠦᠯᠬᠦ ᠲᠦᠷᠦᠯ ᠲᠡᠮᠳᠡᠭᠲᠦ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠤᠯᠭᠠᠬᠤ ᠬᠡᠷᠡᠭᠲᠡᠢ᠃     ᠭᠤᠴᠢ ᠶᠢᠰᠦᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ ᠵᠢᠴᠢ ᠦᠢᠯᠡᠴᠢᠯᠡᠭᠡᠨ ᠤ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠳᠠᠶᠢᠴᠢᠯᠠᠬᠤ ᠬᠦᠴᠦᠨ ᠢᠶᠠᠷ ᠴᠢᠩᠭ᠎ᠠ ᠬᠥᠲᠥᠴᠢ ᠠᠵᠤ ᠠᠬᠤᠶᠢᠯᠠᠯ ᠢ ᠳᠡᠮᠵᠢᠵᠦ᠂ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠵᠠᠷ ᠣᠷᠣᠨ ᠤ ᠢᠯᠡᠳᠬᠡᠮᠵᠢ ᠶᠢᠨ ᠬᠡᠷᠡᠭᠯᠡᠭᠡᠨ ᠢ ᠠᠬᠢᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ᠃ ︽ᠥᠪᠥᠷ ᠮᠣᠩᠭᠤᠯ︾  ᠲᠡᠮᠳᠡᠭ ᠤᠨ ᠭᠡᠷᠡᠴᠢᠯᠡᠭᠡ ᠶᠢ ᠠᠬᠢᠭᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ︾ ᠤ ᠲᠦᠷᠦᠯ ᠲᠡᠮᠳᠡᠭ ᠤᠨ ᠳᠦᠷᠢ ᠲᠥᠷᠬᠦ ᠶᠢ ᠱᠤᠭᠤᠵᠤ᠂ ᠲᠦᠷᠦᠯ ᠲᠡᠮᠳᠡᠭ ᠢ ᠴᠣᠭᠴᠠᠯᠠᠬᠤ ᠶᠢ ᠴᠢᠩᠭᠠᠳᠬᠠᠬᠤ ᠬᠡᠷᠡᠭᠲᠡᠢ᠃ ᠲᠦᠷᠦᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠷᠠᠭᠤᠯᠵᠤ᠂ ᠨᠡᠶᠢᠭᠡᠮ ᠤᠨ ᠲᠠᠨᠢᠨ ᠮᠡᠳᠡᠷᠡᠬᠦᠢ ᠶᠢ ᠥᠷᠭᠡᠳᠬᠡᠬᠦ ᠬᠡᠷᠡᠭᠲᠡᠢ᠃     ᠳᠥᠴᠢᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠬᠢᠷᠳᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠭᠤᠣᠯ ᠴᠣᠭᠴᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠪᠠ ᠲᠠᠷᠢᠶᠠᠴᠢᠨ ᠮᠠᠯᠴᠢᠨ ᠤ ᠲᠤᠰᠬᠠᠢ ᠬᠤᠷᠰᠢᠶ᠎ᠠ ᠶᠢ ᠬᠥᠲᠥᠯᠥᠨ ᠵᠢᠯᠤᠭᠤᠳᠴᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠳᠤᠯ ᠦᠭᠡᠢ ᠢᠳᠡᠭᠡᠨ ᠢ ᠨᠡᠭᠡᠭᠡᠨ ᠬᠥᠭᠵᠢᠭᠦᠯᠦᠨ ᠭᠡᠷᠡᠴᠢᠯᠡᠭᠡ ᠣᠯᠭᠤᠵᠤ᠂ ᠳᠤᠮᠳᠠ ᠳᠡᠭᠡᠳᠦ ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠳᠤᠮᠳᠠ ᠵᠢᠵᠢᠭ ᠲᠦᠷᠦᠯ ᠲᠡᠮᠳᠡᠭᠲᠦ ᠶᠢᠨ  ᠪᠥᠭᠡᠮᠨᠡᠷᠡᠨ ᠬᠥᠭᠵᠢᠬᠦ ᠶᠢ ᠵᠣᠷᠢᠭᠵᠢᠭᠤᠯᠵᠤ᠂ ᠬᠡᠪᠴᠢᠶᠡᠵᠢᠯ ᠤᠨ ᠦᠢᠯᠡᠳᠦᠯ ᠲᠠᠢ ᠲᠣᠮᠣ ᠲᠦᠷᠦᠯ ᠲᠡᠮᠳᠡᠭ  ᠂ ᠲᠣᠮᠣ ᠠᠵᠤ ᠠᠬᠤᠶᠢᠯᠠᠯ᠂ ᠲᠣᠮᠣ ᠪᠦᠯᠦᠭᠯᠡᠯ ᠢ ᠪᠣᠶᠢᠵᠢᠭᠤᠯᠬᠤ ᠬᠡᠷᠡᠭᠲᠡᠢ᠃    ᠳᠥᠴᠢᠨ ᠨᠢᠭᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠬᠦ ᠂ ᠡᠳ᠋ᠰᠢᠭᠦᠯᠬᠦ᠂ ᠪᠣᠷᠣᠯᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠯᠧᠺᠲᠷᠣᠨ ᠬᠤᠳᠠᠯᠳᠤᠭ᠎ᠠ ᠪᠠᠷ ᠪᠣᠷᠣᠯᠠᠭᠤᠯᠬᠤ  ᠵᠠᠮ ᠮᠥᠷ ᠢ ᠥᠷᠭᠡᠳᠬᠡᠨ᠂ ᠬᠥᠲᠥᠴᠢ ᠠᠵᠤ ᠠᠬᠤᠶᠢᠯᠠᠯ ᠪᠠ  ᠬᠤᠳᠠᠯᠳᠤᠭ᠎ᠠ ᠭᠡᠲᠦ ᠳᠡᠯᠭᠡᠭᠦᠷ ᠢ ᠵᠣᠷᠢᠭᠵᠢᠭᠤᠯᠤᠨ ᠭᠠᠷᠤᠯᠲᠠ ᠶᠢᠨ ᠣᠷᠣᠨ ᠠᠴᠠ  ᠰᠢᠭᠤᠳ ᠬᠤᠳᠠᠯᠳᠤᠨ ᠠᠪᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠭᠰᠠᠨ ᠣᠲᠣ ᠦᠶ᠎ᠡ ᠶᠢᠨ  ᠲᠠᠷᠢᠶᠠᠯᠠᠬᠤ ᠮᠠᠯᠵᠢᠬᠤ ᠣᠷᠣᠨ ᠤ ᠲᠠᠸᠠᠷ ᠤᠨ ᠭᠦᠢᠯᠭᠡᠭᠡ ᠪᠠ ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠥᠭᠵᠢᠭᠦᠯᠵᠦ᠂ ᠨᠠᠩ ᠣᠯᠠᠨ ︽ᠥᠪᠥᠷ ᠮᠣᠩᠭᠤᠯ ᠲᠡᠮᠳᠡᠭᠲᠦ︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠮᠣ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃     ᠲᠠᠪᠤᠳᠤᠭᠠᠷ ᠪᠦᠯᠦᠭ    ᠦᠷ᠎ᠡ ᠶᠢᠨ ᠦᠢᠯᠡᠰ ᠤᠨ ᠬᠥᠭᠵᠢᠯᠲᠡ ᠪᠠ ᠰᠢᠨᠵᠢᠯᠡᠬᠦ ᠤᠬᠠᠭᠠᠨ  ᠲᠧᠭᠨᠢᠭ  ᠮᠡᠷᠭᠡᠵᠢᠯ ᠤᠨ  ᠲᠣᠨᠣᠭᠯᠠᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ     ᠳᠥᠴᠢᠨ ᠬᠤᠶᠠᠳᠤᠭᠠᠷ ᠵᠦᠢᠯ   ᠤᠯᠤᠰ ᠤᠨ  ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠲᠠᠷᠢᠶᠠᠯᠠᠩ ᠮᠠᠯ ᠠᠵᠤ ᠠᠬᠤᠢ ᠶᠢᠨ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃     ᠳᠥᠴᠢᠨ ᠭᠤᠷᠪᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠷ᠎ᠡ ᠬᠠᠮᠠᠭᠠᠯᠠᠬᠤ᠂ ᠦᠷ᠎ᠡ ᠪᠣᠶᠢᠵᠢᠭᠤᠯᠬᠤ᠂ ᠦᠷ᠎ᠡ ᠵᠣᠬᠢᠶᠠᠬᠤ᠂ ᠦᠷ᠎ᠡ ᠬᠡᠷᠡᠭᠯᠡᠬᠦ ᠪᠦᠭᠦ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠦᠷ᠎ᠡ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠬᠢᠨᠠᠨ ᠲᠣᠭᠲᠠᠭᠠᠬᠤ᠂ ᠳᠠᠩᠰᠠᠯᠠᠬᠤ᠂ ᠬᠢᠨᠠᠨ ᠬᠡᠮᠵᠢᠬᠦ ᠵᠡᠷᠭᠡ ᠠᠵᠢᠯ ᠢ ᠥᠷᠨᠢᠭᠦᠯᠵᠦ᠂ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠪᠣᠷ ᠴᠤᠬᠠᠭ᠂ ᠤᠰᠠᠳᠬᠤ ᠰᠢᠬᠠᠭᠰᠠᠨ᠂ ᠣᠨᠴᠠᠭᠠᠢ ᠡᠬᠢ ᠪᠠᠶᠠᠯᠢᠭ ᠪᠠ ᠣᠨᠴᠠᠯᠢᠭᠲᠤ ᠣᠷᠣᠨ ᠨᠤᠲᠤᠭ ᠤᠨ ᠦᠷ᠎ᠡ ᠡᠭᠦᠯᠳᠡᠷ ᠢ ᠴᠤᠭᠯᠠᠭᠤᠯᠬᠤ᠂ ᠠᠭᠤᠳᠠᠯᠬᠤ ᠪᠠ ᠠᠰᠢᠭᠯᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠤᠯᠲᠠ ᠶᠢ ᠠᠵᠤ ᠦᠢᠯᠡᠰᠵᠢᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃     ᠳᠥᠴᠢᠨ ᠳᠥᠷᠪᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠳᠣᠬᠢᠴᠢᠯᠠᠭᠰᠠᠨ ᠲᠠᠷᠢᠮᠠᠯ ᠤᠨ ᠵᠦᠢᠯ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ᠂ ᠮᠠᠯ ᠵᠢᠭᠦᠷᠲᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠪᠠ ᠡᠪᠡᠰᠦᠨ ᠤ ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠭᠦᠯᠳᠡᠷ ᠪᠣᠶᠢᠵᠢᠭᠤᠯᠬᠤ ᠰᠠᠭᠤᠷᠢ ᠴᠢᠨᠠᠷᠲᠠᠢ᠂ ᠬᠤᠰᠢᠭᠤᠷᠠᠯ ᠴᠢᠨᠠᠷᠲᠠᠢ ᠪᠠ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠭᠡᠳ ᠨᠡᠭᠡᠭᠡᠯᠲᠡ ᠬᠢᠬᠦ ᠶᠢ ᠲᠡᠮᠵᠢᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠠᠯᠠᠰᠢᠨ ᠦᠬᠡᠷ᠂ ᠠᠯᠠᠰᠢᠨ ᠬᠤᠨᠢ᠂ ᠴᠠᠷᠭᠠᠰᠤ᠂ ᠬᠢᠶᠠᠭ ᠵᠡᠷᠭᠡ ᠶᠢᠨ ᠡᠪᠡᠰᠦᠨ ᠤ ᠦᠷ᠎ᠡ ᠪᠣᠶᠢᠵᠢᠭᠤᠯᠬᠤ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠡᠭᠦᠯᠳᠡᠷ ᠤᠨ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠪᠣᠯᠣᠨ ᠭᠤᠣᠯ ᠪᠤᠯᠬᠤ ᠡᠭᠦᠯᠳᠡᠷ ᠪᠣᠶᠢᠵᠢᠭᠤᠯᠬᠤ ᠲᠠᠯᠠᠪᠠᠢ᠂ ᠡᠭᠦᠯᠳᠡᠷ ᠬᠠᠮᠠᠭᠠᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠲᠠᠷᠢᠮᠠᠯ᠂ ᠮᠠᠯ ᠵᠢᠭᠦᠷᠲᠡᠨ ᠪᠠ ᠲᠡᠵᠢᠭᠡᠯ ᠡᠪᠡᠰᠦᠨ ᠤ ᠰᠢᠯᠢᠳᠡᠭ ᠦᠷ᠎ᠡ ᠡᠭᠦᠯᠳᠡᠷ ᠢ ᠪᠣᠶᠢᠵᠢᠭᠤᠯᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠯᠢᠳᠡᠭ ᠦᠷ᠎ᠡ ᠡᠭᠦᠯᠳᠡᠷ ᠢ ᠳᠡᠯᠭᠡᠷᠡᠭᠦᠯᠬᠦ ᠶᠢ ᠠᠬᠢᠭᠤᠯᠵᠤ᠂ ᠰᠠᠶᠢᠨ ᠡᠭᠦᠯᠳᠡᠷᠵᠢᠭᠦᠯᠭᠦ  ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃     ᠳᠥᠴᠢᠨ ᠲᠠᠪᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠮᠠᠯ ᠤᠨ ︽ᠴᠢᠬᠢ ᠶᠢ ᠦᠵᠡᠵᠦ ᠦᠷ᠎ᠡ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠰᠢᠨ᠎ᠡ ᠲᠥᠷᠥᠯ ᠵᠦᠢᠯ ᠢ ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ ᠢ ᠬᠢᠨᠠᠨ ᠬᠡᠮᠵᠢᠬᠦ ᠶᠢ ᠲᠥᠪᠯᠡᠷᠡᠭᠦᠯᠦᠨ ᠥᠷᠨᠢᠭᠦᠯᠬᠦ ᠬᠡᠷᠡᠭᠲᠡᠢ᠃ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠪᠦᠰᠡ ᠳᠤ ᠮᠠᠯ ᠢ ᠠᠳᠠᠯᠢᠳᠬᠠᠨ ᠰᠢᠯᠭᠠᠷᠠᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠢᠳᠡᠭ ᠡᠭᠦᠯᠳᠡᠷ ᠢ ᠬᠤᠶᠢᠨ᠎ᠠ ᠨᠢ ᠨᠥᠬᠦᠪᠦᠷᠢ  ᠥᠭᠴᠦ ᠱᠠᠩᠨᠠᠬᠤ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠶᠢ ᠵᠣᠷᠢᠭᠵᠢᠭᠤᠯᠵᠤ᠂ ᠰᠢᠯᠢᠳᠡᠭ ᠲᠠᠷᠢᠮᠠᠯ ᠤᠨ ᠵᠦᠢᠯ ᠪᠠ ᠮᠠᠯ ᠵᠢᠭᠦᠷᠲᠡᠨ ᠤ ᠦᠷ᠎ᠡ ᠡᠭᠦᠯᠳᠡᠷ ᠢ ᠳᠡᠯᠭᠡᠷᠡᠭᠦᠯᠬᠦ ᠶᠢ ᠠᠬᠢᠭᠤᠯᠬᠤ ᠬᠡᠷᠡᠭᠲᠡᠢ᠃     ᠳᠥᠴᠢᠨ ᠵᠢᠷᠭᠤᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠰᠠᠨ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠠᠮᠵᠢᠯᠴᠠᠭᠰᠠᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠂ ᠰᠦ ᠶᠢᠨ ᠦᠢᠯᠡᠰ᠂ ᠡᠪᠡᠰᠦᠨ ᠤ ᠦᠢᠯᠡᠰ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠭᠦ ᠣᠷᠣᠨ ᠪᠣᠯᠣᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠬᠥᠲᠥᠯᠥᠨ ᠵᠢᠯᠤᠭᠤᠳᠴᠤ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠷᠴᠢᠮᠵᠢᠭᠦᠯᠦᠯᠲᠡ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃     ᠳᠥᠴᠢᠨ ᠳᠣᠯᠣᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠮᠠᠯ ᠠᠵᠤ ᠠᠬᠤᠢ ᠶᠢᠨ  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠭᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠵᠦ᠂ ᠲᠡᠷᠢᠭᠦᠨ ᠤ ᠲᠡᠷᠢᠵᠦ ᠲᠡᠵᠢᠭᠡᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠵᠢᠴᠢ ᠲᠥᠪᠯᠡᠷᠡᠭᠦᠯᠦᠨ ᠰᠢᠨ᠎ᠡ ᠶᠢ ᠡᠭᠦᠳᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠯᠵᠢᠭᠦᠯᠦᠨ ᠬᠤᠪᠢᠷᠠᠭᠤᠯᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃     ᠳᠥᠴᠢᠨ ᠨᠠᠢᠮᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠨ ᠭᠠᠵᠠᠷ ᠢ ᠬᠠᠮᠠᠭᠠᠯᠠᠨ ᠪᠣᠶᠢᠵᠢᠭᠤᠯᠬᠤ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠣᠲᠣ ᠦᠶ᠎ᠡ ᠶᠢᠨ ᠳᠠᠷᠢᠵᠤ ᠪᠣᠶᠢᠵᠢᠭᠤᠯᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠥᠨᠳᠥᠷ ᠪᠦᠲᠦᠮᠵᠢᠲᠡᠢ ᠦᠷᠡᠵᠢᠭᠦᠯᠬᠦ ᠪᠠ ᠣᠶᠤᠨᠴᠢ ᠪᠠᠷ ᠲᠡᠵᠢᠭᠡᠨ ᠦᠷᠡᠵᠢᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠠᠰᠢᠭᠯᠠᠬᠤ ᠵᠡᠷᠭᠡ ᠬᠦᠷᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠠᠵᠢᠭᠤᠯᠤᠭᠰᠠᠨ ᠲᠠᠷᠢᠶᠠᠯᠠᠩ ᠮᠠᠯ ᠠᠵᠤ ᠠᠬᠤᠢ᠂ ᠣᠶᠤᠨᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃    ᠳᠥᠴᠢ ᠶᠢᠰᠦᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠨ ᠮᠠᠯᠴᠢᠨ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠲᠡᠷᠢᠭᠦᠨ ᠤ ᠲᠣᠬᠢᠷᠠᠮᠵᠢᠲᠠᠢ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠬᠤᠳᠠᠯᠳᠤᠨ ᠠᠪᠴᠤ ᠬᠡᠷᠡᠭᠯᠡᠬᠦ ᠶᠢ ᠲᠡᠮᠵᠢᠨ ᠵᠢᠯᠤᠭᠤᠳᠴᠤ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠪᠦᠭᠦ ᠶᠠᠪᠤᠴᠠ ᠳᠤ ᠪᠦᠭᠦ ᠲᠠᠯ᠎ᠠ ᠪᠠᠷ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠬᠦ ᠶᠢ ᠬᠥᠲᠥᠯᠥᠨ ᠵᠢᠯᠤᠭᠤᠳᠴᠤ ᠲᠦᠯᠬᠢᠨ ᠠᠬᠢᠭᠤᠯᠬᠤ ᠬᠡᠷᠡᠭᠲᠡᠢ᠃    ᠵᠢᠷᠭᠤᠳᠤᠭᠠᠷ ᠪᠦᠯᠦᠭ ᠡᠵᠡᠩᠨᠡᠯᠲᠡ ᠶᠢᠨ ᠲᠣᠭᠲᠠᠯᠴᠠᠭ᠎ᠠ ᠶᠢᠨ  ᠪᠦᠲᠦᠭᠡᠨ ᠪᠠᠶᠢᠭᠤᠯᠤᠯᠲᠠ    ᠲᠠᠪᠢᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠨ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃    ᠲᠠᠪᠢᠨ ᠨᠢᠭᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ  ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠬᠤ ᠶᠢ ᠬᠥᠲᠥᠯᠥᠨ ᠵᠢᠯᠤᠭᠤᠳᠴᠤ ᠳᠡᠮᠵᠢᠵᠦ᠂ ᠳᠠᠭᠠᠭᠠᠴᠢᠯᠠᠭᠰᠠᠨ  ᠲᠠᠷᠢᠶᠠᠯᠠᠬᠤ ᠮᠠᠯᠵᠢᠬᠤ ᠡᠷᠦᠭᠡ ᠶᠢᠨ ᠰᠠᠶᠢᠨ ᠳᠤᠷ᠎ᠠ ᠶᠢᠨ ᠤᠷᠢᠲᠠᠯ ᠳᠣᠣᠷ᠎ᠠ ᠣᠯᠠᠨ ᠵᠦᠢᠯ ᠤᠨ ᠭᠡᠯᠪᠡᠷᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠵᠣᠷᠢᠭᠵᠢᠭᠤᠯᠬᠤ ᠭᠡᠷᠡᠭᠲᠡᠢ᠃ ᠠᠵᠤ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢ ᠡᠷᠭᠢᠯᠲᠡ ᠳᠤ ᠣᠷᠣᠭᠤᠯᠬᠤ  ᠪᠠᠷ ᠳᠡᠮᠵᠢᠨ ᠣᠯᠣᠭᠰᠠᠨ ᠭᠠᠵᠠᠷ ᠰᠢᠷᠣᠢ᠂ ᠬᠠᠳᠤᠯᠠᠩ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠬᠢᠷᠢ ᠭᠡᠮ ᠢ ᠬᠢᠨᠠᠨ ᠪᠠᠶᠢᠴᠠᠭᠠᠬᠤ᠂ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠲᠦᠭᠰᠢᠭᠦᠷᠢ ᠶᠢ ᠰᠡᠷᠭᠡᠶᠢᠯᠡᠬᠦ ᠳᠦᠷᠢᠮ ᠢ  ᠪᠦᠷᠢᠨᠰᠢᠭᠦᠯᠬᠦ ᠭᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠠᠭᠤᠷᠠᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠲᠠᠷᠢᠶᠠᠴᠢᠨ ᠮᠠᠯᠴᠢᠨ ᠤ ᠠᠰᠢᠭ ᠲᠤᠰᠠ ᠶᠢ ᠦᠨᠡᠨ ᠬᠦ ᠪᠠᠲᠤᠯᠠᠬᠤ ᠬᠡᠷᠡᠭᠲᠡᠢ᠃    ᠲᠠᠪᠢᠨ ᠬᠤᠶᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠭᠡᠯᠪᠡᠷᠢ ᠶᠢᠨ ᠬᠠᠮᠲᠤ ᠶᠢᠨ ᠠᠵᠤ ᠠᠬᠤᠢ ᠶᠢ ᠵᠣᠬᠢᠶᠠᠨ ᠪᠠᠶᠢᠭᠤᠯᠤᠨ ᠬᠥᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠠᠵᠢᠯᠯᠠᠭᠠᠨ ᠤ ᠲᠣᠭᠲᠠᠴᠠ ᠪᠣᠯᠣᠨ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠢ ᠶᠢ ᠲᠦᠷᠢᠶᠡᠰᠦᠯᠡᠭᠦᠯᠬᠦ᠂ ᠰᠠᠭᠤᠭᠠᠯᠢ ᠡᠷᠦᠭᠡ ᠶᠢᠨ ᠬᠤᠭᠤᠷᠣᠨᠳᠤᠭᠢ ᠦᠢᠯᠡᠴᠢᠯᠡᠭᠡ᠂ ᠡᠳ᠋ ᠬᠥᠷᠥᠩᠭᠡ ᠶᠢᠨ ᠬᠡᠷᠡᠭᠯᠡᠬᠦ ᠡᠷᠬᠡ ᠪᠠᠷ ᠬᠤᠪᠢ ᠣᠷᠣᠬᠤ ᠵᠡᠷᠭᠡ ᠲᠦᠭᠰᠢᠭᠦᠷᠢ ᠪᠠᠷ ᠨᠡᠯᠢᠶᠡᠳ ᠪᠠᠭ᠎ᠠ᠂ ᠠᠰᠢᠭ ᠣᠷᠣᠯᠭ᠎ᠠ ᠨᠢ ᠲᠣᠭᠲᠠᠪᠤᠷᠢᠲᠠᠢ ᠡᠵᠡᠩᠨᠡᠯᠲᠡ ᠶᠢᠨ ᠠᠵᠢᠯᠯᠠᠭ᠎ᠠ ᠶᠢ ᠯᠠᠪᠳᠠᠭᠤᠨ ᠢᠶᠠᠷ ᠥᠷᠨᠢᠭᠦᠯᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠤᠯᠤᠰ ᠪᠠ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠴᠢᠨ ᠮᠠᠯᠴᠢᠨ ᠤ ᠠᠰᠢᠭ ᠲᠤᠰᠠ ᠶᠢ ᠬᠠᠮᠲᠤ ᠳᠤ ᠨᠢ ᠬᠠᠷᠠᠭᠠᠯᠵᠠᠭᠰᠠᠨ ᠭᠠᠵᠠᠷ ᠰᠢᠷᠣᠢ ᠶᠢᠨ ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃    ᠲᠠᠪᠢᠨ ᠭᠤᠷᠪᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ ᠣᠷᠣᠨ ᠤ ᠡᠬᠢ ᠪᠠᠶᠠᠯᠢᠭ ᠪᠠ ᠠᠮᠢ ᠠᠬᠤᠢ ᠶᠢᠨ ᠳᠠᠪᠠᠭᠤᠯᠢᠭ ᠢ ᠠᠰᠢᠭᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠬᠥᠭᠵᠢᠭᠦᠯᠦᠨ ᠪᠣᠶᠢᠵᠢᠭᠤᠯᠵᠤ᠂ ᠲᠣᠰ ᠭᠠᠵᠠᠷ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠪᠠ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠂ ᠡᠬᠢ ᠪᠠᠶᠠᠯᠢᠭ ᠢ ᠨᠡᠶᠢᠳᠬᠡᠨ ᠨᠡᠶᠢᠯᠡᠭᠦᠯᠬᠦ ᠶᠢ ᠴᠢᠩᠭᠠᠷᠠᠭᠤᠯᠵᠤ᠂ ᠳᠠᠷᠢᠵᠤ ᠲᠡᠵᠢᠭᠡᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠂ ᠠᠵᠤ ᠠᠬᠤᠶᠢᠯᠠᠯ ᠤᠨ ᠵᠢᠷᠤᠮᠵᠢᠬᠰᠠᠨ᠂ ᠲᠦᠷᠦᠯ ᠲᠡᠮᠳᠡᠭᠵᠢᠭᠰᠡᠨ᠂  ᠲᠣᠭᠠᠵᠢᠭᠤᠯᠤᠭᠰᠠᠨ᠂ ᠵᠠᠬ᠎ᠠ ᠳᠡᠯᠭᠡᠭᠦᠷᠴᠢᠯᠡᠭᠰᠡᠨ ᠬᠥᠭᠵᠢᠯᠲᠡ ᠶᠢ ᠳᠡᠮᠵᠢᠬᠦ ᠬᠡᠷᠡᠭᠲᠡᠢ᠃    ᠲᠠᠪᠢᠨ ᠳᠥᠷᠪᠡᠳᠦᠭᠡᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠴᠢᠨ ᠮᠠᠯᠴᠢᠨ ᠤ ᠲᠤᠰᠬᠠᠢ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠨ ᠬᠥᠭᠵᠢᠭᠦᠯᠵᠦ᠂ ᠲᠠᠷᠢᠶᠠᠴᠢᠨ ᠮᠠᠯᠴᠢᠨ ᠤ ᠲᠤᠰᠬᠠᠢ ᠬᠤᠷᠰᠢᠶ᠎ᠠ ᠶᠢᠨ ᠠᠵᠤ ᠠᠬᠤᠶᠢᠯᠠᠯ ᠡᠷᠭᠢᠯᠡᠵᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢᠨ ᠦᠢᠯᠡᠳᠪᠦᠷᠢᠯᠡᠯ ᠡᠳ᠋ᠰᠢᠭᠦᠯᠦᠯᠲᠡ ᠶᠢ ᠬᠥᠭᠵᠢᠭᠦᠯᠬᠦ ᠶᠢ ᠵᠣᠷᠢᠭᠵᠢᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠵᠢᠯᠤᠭᠤᠳᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠰᠢᠭ ᠲᠤᠰᠠ ᠪᠠᠷ ᠬᠤᠯᠪᠣᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠲᠥᠴᠢ ᠠᠵᠤ ᠠᠬᠤᠶᠢᠯᠠᠯ ᠬᠥᠲᠥᠯᠥᠨ ᠳᠠᠭᠠᠭᠤᠯᠤᠭᠰᠠᠨ᠂ ᠲᠠᠷᠢᠶᠠᠴᠢᠨ ᠮᠠᠯᠴᠢᠨ ᠤ ᠲᠤᠰᠬᠠᠢ ᠠᠵᠢᠯ ᠤᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠳᠠᠭᠠᠵᠤ ᠤᠷᠤᠭᠰᠢᠯᠠᠭᠰᠠᠨ᠂ ᠲᠠᠷᠢᠶᠠᠴᠢᠨ ᠮᠠᠯᠴᠢᠨ ᠡᠷᠦᠭᠡ ᠣᠷᠣᠯᠴᠠᠬᠰᠠᠨ ᠠᠵᠤ ᠦᠢᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃    ᠲᠠᠪᠢᠨ ᠲᠠᠪᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠪᠣᠶᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠢᠯ ᠲᠥᠷᠥᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠦᠢᠯᠡᠳᠪᠦᠷᠢᠯᠡᠯ ᠤᠨ ᠡᠯᠧᠮᠧᠨ᠋ᠲ ᠢ ᠵᠦᠢ ᠵᠣᠬᠢᠰᠲᠠᠢ ᠲᠣᠬᠢᠷᠠᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠦᠢᠯᠡᠴᠢᠯᠡᠭᠡᠨ  ᠤ ᠪᠠᠷᠢᠮᠵᠢᠶ᠎ᠠ ᠪᠣᠯᠣᠨ ᠵᠢᠷᠤᠮᠵᠢᠯ ᠢ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ   ᠶᠢᠨ ᠲᠤᠰᠬᠠᠢ ᠠᠵᠢᠯ  ᠤᠨ ᠨᠡᠶᠢᠭᠡᠮᠯᠢᠭ  ᠤᠨ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠢ   ᠶᠢᠨ ᠨᠡᠶᠢᠭᠡᠮᠴᠢᠯᠡᠭᠰᠡᠨ ᠦᠢᠯᠡᠴᠢᠯᠡᠭᠡᠨ  ᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃    ᠲᠠᠪᠢᠨ ᠵᠢᠷᠭᠤᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠦᠭᠦ ᠰᠢᠶᠠᠩ᠂ ᠪᠦᠭᠦ ᠲᠣᠰᠬᠤᠨ ᠢᠶᠠᠷ ᠢᠶᠠᠨ ᠲᠥᠪᠯᠡᠷᠡᠨ ᠵᠠᠯᠭᠠᠯᠳᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠣᠷᠣᠯᠠᠨ ᠳᠠᠷᠢᠵᠤ ᠣᠷᠣᠯᠠᠨ ᠲᠡᠵᠢᠭᠡᠬᠦ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠭᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠭᠡ ᠪᠠᠷ ᠬᠥᠭᠵᠢᠭᠦᠯᠵᠦ᠂ ᠭᠠᠵᠠᠷ ᠰᠢᠷᠣᠢ ᠶᠢ ᠲᠥᠪᠯᠡᠷᠡᠭᠦᠯᠦᠨ ᠵᠠᠯᠭᠠᠯᠳᠤᠭᠤᠯᠤᠨ ᠡᠵᠡᠩᠨᠡᠬᠦ ᠪᠠ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠭᠪᠤᠷ ᠢ ᠳᠡᠯᠭᠡᠷᠡᠭᠦᠯᠦᠨ᠂ ᠣᠷᠣᠨ ᠪᠦᠰᠡ ᠶᠢᠨ ᠴᠢᠨᠠᠷᠲᠠᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃    ᠲᠠᠪᠢᠨ ᠳᠣᠯᠣᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ ᠪᠠ ᠬᠥᠲᠥᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠲᠣᠭᠠᠵᠢᠭᠤᠯᠤᠭᠰᠠᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠪᠠ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠯᠧᠺᠲᠷᠣᠨ ᠬᠤᠳᠠᠯᠳᠤᠭ᠎ᠠ ᠪᠠᠷ ᠰᠢᠭᠤᠳ ᠬᠤᠳᠠᠯᠳᠤᠨ ᠠᠪᠬᠤ᠂ ᠵᠠᠬᠢᠶᠠᠯᠠᠭ᠎ᠠ ᠳᠤ ᠵᠣᠬᠢᠴᠠᠭᠤᠯᠤᠨ ᠦᠢᠯᠡᠳᠪᠦᠷᠢᠯᠡᠬᠦ ᠵᠡᠷᠭᠡ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠪᠡᠶ᠎ᠡ ᠪᠠᠨ ᠳᠠᠭᠠᠭᠠᠭᠰᠠᠨ ᠦᠵᠦᠭᠦᠷᠯᠢᠭ ᠪᠣᠷᠤᠯᠠᠭᠤᠯᠭ᠎ᠠ ᠶᠢᠨ ᠰᠦᠯᠵᠢᠶᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠪᠣᠷᠤᠯᠠᠭᠤᠯᠭ᠎ᠠ ᠪᠠᠷ ᠦᠢᠯᠡᠳᠪᠦᠷᠢᠯᠡᠯ ᠢ ᠠᠬᠢᠭᠤᠯᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠬᠤᠯᠪᠣᠯᠳᠤᠭᠤᠯᠤᠨ ᠬᠥᠳᠡᠯᠦᠯᠴᠡᠭᠦᠯᠵᠦ᠂  ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠳᠠᠭᠰᠢ ᠭᠠᠷᠭᠠᠬᠤ ᠲᠣᠭᠲᠠᠪᠤᠷᠢᠲᠠᠢ ᠵᠠᠮ ᠮᠥᠷ ᠢ ᠪᠤᠢ ᠪᠤᠯᠭᠠᠬᠤ ᠬᠡᠷᠡᠭᠲᠡᠢ᠃    ᠳᠣᠯᠣᠳᠤᠭᠠᠷ ᠪᠦᠯᠦᠭ  ᠪᠣᠬᠢᠷᠳᠤᠯ ᠦᠭᠡᠢ ᠬᠥᠭᠵᠢᠯᠲᠡ   ᠶᠢᠨ  ᠲᠣᠭᠲᠠᠯᠴᠠᠭ᠎ᠠ ᠶᠢᠨ  ᠪᠦᠲᠦᠭᠡᠨ ᠪᠠᠶᠢᠭᠤᠯᠤᠯᠲᠠ    ᠲᠠᠪᠢᠨ ᠨᠠᠢᠮᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠥᠨᠳᠥᠷ ᠪᠦᠲᠦᠮᠵᠢᠲᠡᠢ ᠲᠠᠷᠢᠶᠠᠯᠠᠩ ᠪᠠ ᠠᠮᠢ ᠠᠬᠤᠢ ᠶᠢᠨ ᠮᠠᠯ ᠠᠵᠤ ᠠᠬᠤᠢ ᠶᠢ ᠬᠥᠭᠵᠢᠭᠦᠯᠵᠦ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠠᠬᠢᠭᠤᠯᠤᠨ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢᠨ ᠲᠣᠭᠲᠠᠯᠴᠠᠭ᠎ᠠ ᠶᠢ ᠴᠢᠨᠠᠷ ᠰᠠᠶᠢᠲᠠᠢ ᠪᠠᠶᠢᠭᠤᠯᠬᠤ ᠬᠡᠷᠡᠭᠲᠡᠢ᠃    ᠲᠠᠪᠢ ᠶᠢᠰᠦᠳᠦᠭᠡᠷ ᠵᠦᠢᠯ     ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ᠂ ᠤᠰᠤᠨ ᠤ ᠡᠬᠢ ᠪᠠᠶᠠᠯᠢᠭ ᠪᠣᠯᠣᠨ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠᠷ ᠬᠠᠲᠠᠭᠤ ᠬᠢᠵᠠᠭᠠᠷᠯᠠᠯ ᠪᠣᠯᠭᠠᠨ᠂ ᠤᠰᠤᠨ ᠤ ᠬᠡᠮᠵᠢᠶ᠎ᠡ ᠪᠠᠷ ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠠᠵᠢᠯᠯᠠᠬᠤ ᠶᠢ ᠪᠠᠷᠢᠮᠲᠠᠯᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠬᠦᠴᠦᠯᠡᠴᠡ ᠶᠢ ᠵᠡᠷᠭᠡ ᠪᠠᠷ ᠬᠢᠵᠠᠭᠠᠷᠯᠠᠬᠤ ᠳᠦᠷᠢᠮ ᠢ ᠬᠡᠷᠡᠭᠵᠢᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠭᠦᠶᠦᠬᠡᠨ ᠪᠤᠯᠠᠵᠤ ᠳᠤᠰᠤᠯᠠᠭᠠᠨ ᠤᠰᠤᠯᠠᠬᠤ᠂ ᠪᠦᠷᠬᠦᠪᠴᠢ ᠶᠢᠨ ᠳᠣᠣᠷ᠎ᠠ ᠳᠤᠰᠤᠯᠠᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠪᠣᠯᠣᠨ ᠭᠠᠩ ᠬᠠᠭᠰᠠᠷᠠᠭᠠᠨ ᠳᠤ ᠳᠠᠭᠠᠭᠠᠴᠠᠲᠠᠢ ᠲᠥᠷᠥᠯ ᠵᠦᠢᠯ ᠢ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃    ᠵᠢᠷᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠨ ᠭᠠᠵᠠᠷ ᠢ ᠡᠭᠡᠯᠵᠢᠯᠡᠨ ᠳᠠᠷᠢᠬᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ᠂ ᠬᠥᠷᠥᠰᠥ ᠶᠢ ᠬᠡᠮᠵᠢᠨ ᠪᠣᠷᠳᠣᠭᠤᠷ ᠲᠣᠬᠢᠷᠠᠭᠤᠯᠬᠤ᠂ ᠨᠢᠭᠡᠳᠦᠯᠲᠡᠢ ᠰᠡᠷᠭᠡᠶᠢᠯᠡᠨ ᠵᠠᠰᠠᠬᠤ ᠪᠠ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠶᠢ ᠠᠬᠢᠭᠤᠯᠵᠤ᠂ ᠲᠠᠷᠢᠶᠠᠯᠠᠩ ᠤᠨ ᠣᠷᠣᠭᠤᠯᠤᠯᠲᠠ  ᠡᠳ᠋ ᠤᠨ ᠪᠣᠭᠤᠳᠠᠯ ᠤᠨ ᠬᠠᠶᠠᠭᠳᠠᠮᠠᠯ ᠪᠣᠳᠠᠰ ᠪᠠ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠭᠦᠯ ᠢ ᠬᠡᠷᠡᠭᠯᠡᠬᠦ᠂ ᠡᠭᠡᠭᠦᠯᠦᠨ ᠬᠤᠷᠢᠶᠠᠬᠤ᠂ ᠳᠠᠭᠢᠨ ᠠᠰᠢᠭᠯᠠᠬᠤ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠤ ᠲᠠᠷᠢᠶᠠᠯᠠᠩ ᠤᠨ ᠣᠷᠣᠭᠤᠯᠤᠯᠲᠠ ᠡᠳ᠋ ᠤᠨ ᠪᠣᠭᠤᠳᠠᠯ ᠤᠨ ᠬᠠᠶᠠᠭᠳᠠᠮᠠᠯ ᠪᠣᠳᠠᠰ ᠪᠠ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠨᠢᠮᠭᠡᠨ ᠰᠦᠯᠢᠶᠥᠦ ᠪᠦᠷᠬᠦᠭᠦᠯ ᠢ ᠬᠠᠳᠠᠭᠠᠯᠠᠵᠤ ᠲᠡᠭᠡᠭᠡᠪᠦᠷᠢᠯᠡᠬᠦ ᠥᠷᠲᠡᠭᠡ᠂ ᠭᠠᠴᠠᠭ᠎ᠠ ᠲᠣᠰᠬᠤᠨ ᠤ ᠡᠭᠡᠭᠦᠯᠦᠨ ᠬᠤᠷᠢᠶᠠᠬᠤ ᠴᠡᠭ ᠢ ᠵᠢᠯᠣᠭᠤᠳᠤᠨ ᠪᠠᠶᠢᠭᠤᠯᠵᠤ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠲᠠᠷᠢᠶᠠᠯᠠᠩ ᠤᠨ ᠬᠥᠷᠥᠰᠥᠨ ᠤ ᠪᠣᠬᠢᠷᠳᠤᠯ ᠢ ᠪᠦᠲᠦᠮᠵᠢᠲᠡᠢ ᠵᠠᠰᠠᠵᠤ᠂  ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠶᠢ ᠠᠬᠢᠭᠤᠯᠬᠤ ᠬᠡᠷᠡᠭᠲᠡᠢ᠃    ᠵᠢᠷᠠᠨ ᠨᠢᠭᠡᠳᠦᠭᠡᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ ᠪᠡᠯᠴᠢᠭᠡᠷ ᠤᠨ ᠬᠡᠮᠵᠢᠶ᠎ᠡ ᠪᠠᠷ ᠮᠠᠯ ᠤᠨ ᠲᠤᠭ᠎ᠠ ᠶᠢ ᠲᠣᠭᠲᠠᠭᠠᠨ ᠮᠠᠯᠵᠢᠬᠤ ᠶᠢ  ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠵᠤ᠂ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠰᠡᠷᠭᠡᠶᠢᠯᠡᠬᠦ ᠭᠡᠷᠡᠭᠲᠡᠢ᠃  ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠳᠤ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢ ᠤᠷᠴᠢᠯᠳᠤᠭᠤᠯᠬᠤ ᠵᠠᠭᠪᠤᠷ ᠢ ᠬᠡᠷᠡᠭᠵᠢᠭᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠴᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠲᠣᠥᠷᠵᠢᠭᠤᠯᠤᠬᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠲᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠲᠦᠯᠬᠢᠨ ᠠᠬᠢᠭᠤᠯᠬᠤ ᠬᠡᠷᠡᠭᠲᠡᠢ᠃    ᠵᠢᠷᠠᠨ ᠬᠤᠶᠠᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠨ ᠬᠤᠷᠠᠭᠤᠯᠬᠤ ᠶᠢ ᠨᠡᠮᠡᠭᠳᠡᠭᠦᠯᠬᠦ ᠭᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠂ ᠲᠠᠷᠢᠶᠠᠨ ᠭᠠᠵᠠᠷ ᠤᠨ ᠨᠡᠭᠦᠷᠡᠰᠦᠲᠥ᠋ᠷᠥᠭᠴᠢ ᠶᠢ ᠨᠥᠭᠡᠴᠡᠯᠡᠵᠦ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠴᠢᠳᠠᠪᠤᠷᠢ ᠶᠢ ᠴᠢᠩᠭᠠᠷᠠᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠳᠤ ᠨᠡᠭᠦᠷᠡᠰᠦᠲᠥ᠋ᠷᠥᠭᠴᠢ ᠪᠠᠭᠠᠲᠠᠢ ᠪᠠᠶᠢᠯᠭᠠᠬᠤ ᠪᠠ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠤᠯ ᠦᠭᠡᠢ  ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃    ᠵᠢᠷᠠᠨ ᠭᠤᠷᠪᠠᠳᠤᠭᠠᠷ ᠵᠦᠢᠯ     ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠷᠣᠭᠤᠯᠤᠯᠲᠠ ᠡᠳ᠋ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠪᠠᠨ ᠴᠢᠩᠭᠠᠷᠠᠭᠤᠯᠤᠨ᠂ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠬᠤᠰᠢᠭᠤ ᠰᠢᠶᠠᠨ᠂ ᠰᠤᠮᠤ ᠰᠢᠶᠠᠩ ᠪᠠᠯᠭᠠᠰᠤᠨ ᠤ ᠬᠢᠨᠠᠨ ᠬᠠᠮᠢᠶᠠᠷᠴᠤ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤᠨ ᠤ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠣᠥᠷᠵᠢᠭᠤᠯᠤᠬᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠲᠠᠷᠢᠶᠠᠯᠠᠩ ᠪᠠ ᠮᠠᠯ ᠤᠨ ᠡᠮ ᠢ ᠰᠢᠭᠰᠢᠨ ᠪᠠᠶᠢᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠢᠲᠡᠭᠡᠮᠵᠢ᠂ ᠣᠶᠤᠨᠴᠢ  ᠪᠠᠷ ᠡᠨᠧᠷᠭᠢ ᠣᠯᠭᠤᠬᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠪᠠᠷᠢᠮᠵᠢᠶ᠎ᠠ ᠳᠤ ᠬᠦᠷᠬᠦ ᠪᠠᠷ ᠠᠮᠠᠯᠳᠠᠭᠰᠠᠨ ᠦᠨᠡᠮᠯᠡᠯ ᠤᠨ ᠳᠦᠷᠢᠮ ᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠵᠦ ᠪᠤᠯᠬᠤ ᠶᠢ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠶᠢᠵᠢᠭᠤᠯᠤᠨ ᠭᠡᠷᠡᠴᠢᠯᠡᠬᠦ ᠪᠠ ᠭᠠᠵᠠᠷ ᠣᠷᠣᠨ ᠤ ᠢᠯᠡᠳᠬᠡᠮᠵᠢ ᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠠᠮᠠᠭᠠᠯᠠᠬᠤ ᠪᠠ ᠬᠥᠭᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃    ᠵᠢᠷᠠᠨ ᠳᠥᠷᠪᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ  ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠥᠮᠥᠨ ᠮᠠᠯ ᠳᠤ ᠵᠡᠷᠭᠡ ᠪᠠᠷ ᠬᠠᠯᠳᠠᠪᠤᠷᠢᠯᠠᠬᠤ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠲᠠᠨ᠂ ᠠᠮᠢᠲᠠᠨ ᠤ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠶᠢ ᠴᠢᠩᠭᠠᠷᠠᠭᠤᠯᠵᠤ᠂ ᠣᠨᠴᠠ ᠲᠣᠭᠲᠠᠭᠠᠭᠰᠠᠨ ᠠᠮᠢᠲᠠᠨ᠂ ᠠᠮᠢᠲᠠᠨ ᠤ ᠪᠦᠲᠦᠭᠡᠭᠳᠡᠬᠦᠨ ᠢ ᠠᠮᠢᠲᠠᠨ ᠤ ᠬᠢᠵᠢᠭ ᠡᠪᠡᠳᠴᠢᠨ ᠤ ᠠᠶᠤᠯ ᠲᠦᠭᠰᠢᠭᠦᠷᠢ ᠶᠡᠬᠡᠲᠡᠢ ᠣᠷᠣᠨ ᠠᠴᠠ ᠠᠶᠤᠯ ᠲᠦᠭᠰᠢᠭᠦᠷᠢ ᠪᠠᠭᠠᠲᠠᠢ ᠣᠷᠣᠨ ᠲᠡᠶᠢᠰᠢ ᠰᠢᠯᠵᠢᠭᠦᠯᠦᠨ ᠲᠡᠭᠡᠭᠡᠪᠦᠷᠢᠯᠡᠬᠦ ᠶᠢ ᠬᠠᠤᠯᠢ ᠶᠣᠰᠣᠭᠠᠷ ᠴᠠᠭᠠᠵᠠᠯᠠᠬᠤ ᠪᠤᠶᠤ ᠬᠢᠵᠠᠭᠠᠷᠯᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃    ᠨᠠᠢᠮᠠᠳᠤᠭᠠᠷ ᠪᠦᠯᠦᠭ  ᠪᠠᠲᠤᠯᠠᠭ᠎ᠠ ᠶᠢᠨ ᠠᠷᠭ᠎ᠠ ᠬᠡᠮᠵᠢᠶ᠎ᠡ    ᠵᠢᠷᠠᠨ ᠲᠠᠪᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠬᠤ ᠬᠡᠷᠡᠭᠲᠡᠢ᠃    ᠵᠢᠷᠠᠨ ᠵᠢᠷᠭᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠶᠢᠨ ᠪᠡᠯᠡ ᠮᠥᠩᠭᠦ ᠶᠢᠨ ᠣᠷᠣᠭᠤᠯᠤᠯᠲᠠ ᠶᠢ ᠡᠩ ᠲᠡᠷᠢᠭᠦᠨ ᠳᠤ ᠪᠠᠲᠤᠯᠠᠵᠤ᠂ ᠭᠠᠵᠠᠷ ᠬᠡᠷᠡᠭᠯᠡᠬᠦ᠂ ᠴᠠᠭᠢᠯᠭᠠᠨ ᠬᠡᠷᠡᠭᠯᠡᠬᠦ᠂ ᠤᠰᠤ ᠬᠡᠷᠡᠭᠯᠡᠬᠦ ᠪᠠ ᠵᠠᠮ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠲᠠᠷᠢᠶᠠᠴᠢᠨ ᠮᠠᠯᠴᠢᠨ ᠳᠤ ᠬᠠᠷᠠᠭᠠᠯᠵᠠᠯ ᠦᠵᠡᠭᠦᠯᠭᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠡᠯᠧᠮᠧᠨ᠋ᠲ ᠤᠨ ᠣᠷᠣᠭᠤᠯᠤᠯᠲᠠ ᠶᠢᠨ ᠥᠪᠡᠷ ᠤᠨ ᠥᠷᠳᠡᠭ ᠢ ᠪᠠᠭᠤᠷᠠᠭᠤᠯᠬᠤ ᠬᠡᠷᠡᠭᠲᠡᠢ᠃    ᠵᠢᠷᠠᠨ ᠳᠣᠯᠣᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠲᠥᠷᠥ  ᠶᠢᠨ ᠪᠣᠳᠣᠯᠭ᠎ᠠ ᠲᠣᠭᠲᠠᠭᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠢᠶᠠᠷ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠭᠤᠯᠤᠯᠲᠠ ᠬᠢᠭᠡᠳ ᠪᠡᠯᠡ ᠮᠥᠩᠭᠦ ᠶᠢ ᠨᠡᠶᠢᠯᠡᠭᠦᠯᠬᠦ ᠶᠢ ᠴᠢᠩᠭᠠᠷᠠᠭᠤᠯᠤᠨ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠢᠷᠮᠠᠶᠢᠨ ᠣᠯᠵᠤ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ᠂ ᠬᠥᠯᠳᠡᠭᠦᠦ ᠪᠠᠷᠠᠭᠠᠨ ᠤ ᠭᠦᠢᠯᠭᠡᠭᠡᠨ ᠵᠡᠷᠭᠡ ᠲᠥᠷᠥᠯ ᠵᠦᠢᠯ ᠳᠤ ᠳᠡᠮᠵᠢᠯᠭᠡ ᠦᠵᠡᠭᠦᠯᠭᠦ ᠬᠡᠷᠡᠭᠲᠡᠢ᠃    ᠵᠢᠷᠠᠨ ᠨᠠᠢᠮᠠᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠣᠯᠠᠨ ᠳᠡᠰ ᠳᠠᠪᠬᠤᠷᠭ᠎ᠠ ᠲᠠᠢ᠂ ᠥᠷᠭᠡᠨ ᠪᠦᠷᠬᠦᠴᠡ ᠲᠠᠢ᠂ ᠦᠷᠭᠦᠯᠵᠢᠯᠡᠬᠦ ᠴᠢᠨᠠᠷᠲᠠᠢ ᠲᠠᠷᠢᠶᠠᠯᠠᠬᠤ ᠮᠠᠯᠵᠢᠬᠤ ᠣᠷᠣᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠲᠠᠷᠢᠶᠠᠯᠠᠬᠤ ᠮᠠᠯᠵᠢᠬᠤ ᠡᠷᠦᠭᠡ ᠶᠢᠨ ᠪᠠᠭ᠎ᠠ ᠲᠣᠭᠠᠨ ᠤ ᠨᠡᠶᠢᠳᠡᠮ ᠬᠠᠷᠠᠭᠠᠯᠵᠠᠯᠲᠤ ᠵᠢᠭᠡᠯᠡᠯᠭᠡ  ᠶᠢ ᠳᠡᠯᠭᠡᠷᠡᠭᠦᠯᠦᠨ᠂ ᠬᠦᠯᠡᠮᠵᠢ ᠶᠢᠨ  ᠰᠠᠷᠠᠪᠴᠢ᠂ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠲᠣᠮᠣ ᠭᠡᠯᠪᠡᠷᠢ ᠶᠢᠨ ᠲᠠᠷᠢᠶᠠᠯᠠᠩ ᠤᠨ ᠮᠠᠰᠢᠨ᠂ ᠳᠠᠭᠠᠳᠬᠠᠯ ᠤᠨ ᠬᠠᠭᠤᠳᠠᠰᠤ ᠵᠠᠬᠢᠶᠠᠯᠠᠭ᠎ᠠ ᠶᠢᠨ ᠬᠠᠭᠤᠳᠠᠰᠤ ᠬᠥᠮᠥᠷᠭᠡ ᠶᠢᠨ ᠬᠠᠭᠤᠳᠠᠰᠤ᠂ ᠠᠮᠢᠳᠤ ᠪᠣᠳᠠᠰ ᠤᠨ ᠠᠮᠢᠲᠠᠢ ᠪᠡᠶ᠎ᠡ ᠵᠡᠷᠭᠡ ᠪᠠᠷ  ᠪᠠᠷᠢᠴᠠᠭᠠᠯᠠᠵᠤ᠂ ᠳᠠᠨᠵᠢᠯᠠᠭᠰᠠᠨ ᠵᠢᠭᠡᠯᠡᠯᠭᠡ ᠶᠢᠨ ᠬᠠᠮᠤᠷᠬᠤ ᠬᠡᠪᠴᠢᠶ᠎ᠡ  ᠶᠢ ᠥᠷᠭᠡᠳᠬᠡᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠩ ᠣᠯᠠᠨ ᠡᠬᠢ ᠪᠠᠶᠠᠯᠢᠭ ᠢ ᠬᠥᠳᠡᠭᠡ ᠲᠣᠰᠬᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ  ᠭᠤᠭᠴᠤᠭ᠎ᠠ ᠳᠤ ᠲᠣᠬᠢᠷᠠᠭᠤᠯᠬᠤ ᠶᠢ  ᠵᠣᠷᠢᠭᠵᠢᠭᠤᠯᠤᠨ᠎ᠠ᠃    ᠵᠢᠷᠠ ᠶᠢᠰᠦᠳᠦᠭᠡᠷ ᠵᠦᠢᠯ     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠮᠥᠩᠭᠦᠨ ᠭᠦᠢᠯᠭᠡᠭᠡᠨ ᠤ ᠳᠠᠭᠠᠭᠠᠯᠲᠠ ᠪᠠᠷ ᠳᠡᠮᠵᠢᠬᠦ   ᠶᠢ ᠴᠢᠩᠭᠠᠳᠬᠠᠵᠤ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠮᠥᠩᠭᠦᠨ ᠭᠦᠢᠯᠭᠡᠭᠡᠨ ᠤ ᠬᠥᠷᠥᠩᠭᠡ ᠪᠠᠷ ᠳᠡᠮᠵᠢᠬᠦ ᠡᠷᠴᠢᠮ ᠢ ᠨᠡᠮᠡᠭᠳᠡᠭᠦᠯᠬᠦ ᠬᠡᠷᠡᠭᠲᠡᠢ᠃    ᠳᠠᠯᠠᠳᠤᠭᠠᠷ ᠵᠦᠢᠯ     ᠥᠪᠡᠷᠲᠡᠭᠡᠨ ᠵᠠᠰᠠᠬᠤ ᠣᠷᠣᠨ ᠣᠯᠠᠨ ᠲᠠᠰ ᠳᠠᠪᠬᠤᠷᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠡᠪᠡᠰᠦ ᠪᠡᠯᠴᠢᠭᠡᠷ ᠲᠤ ᠬᠤᠯᠪᠣᠭᠳᠠᠬᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠤᠳᠠᠯᠳᠤᠭᠠᠨ ᠤ ᠴᠢᠨᠠᠷᠲᠠᠢ ᠳᠠᠭᠠᠳᠬᠠᠯ ᠤᠨ ᠺᠤᠮᠫᠠᠨᠢ ᠶᠢᠨ ᠲᠠᠷᠢᠶᠠᠯᠠᠩ ᠮᠠᠯ ᠠᠵᠤ ᠠᠬᠤᠢ  ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠴᠢᠨ ᠮᠠᠯᠴᠢᠨ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠯᠴᠠᠨ ᠬᠠᠮᠲᠤᠷᠠᠯᠴᠠᠬᠤ ᠳᠠᠭᠠᠳᠬᠠᠯ ᠢ ᠬᠠᠤᠯᠢ ᠶᠣᠰᠣᠭᠠᠷ ᠥᠷᠨᠢᠭᠦᠯᠬᠦ ᠶᠢ ᠳᠡᠮᠵᠢᠵᠦ᠂ ᠳᠠᠭᠠᠳᠬᠠᠯ ᠤᠨ ᠪᠠᠲᠤᠯᠠᠭ᠎ᠠ ᠶᠢᠨ ᠲᠦᠪᠰᠢᠨ ᠢ  ᠳᠡᠭᠡᠭᠰᠢᠯᠡᠭᠦᠯᠦᠨ᠎ᠡ᠃    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠠᠭᠠᠳᠬᠠᠯ ᠤᠨ ᠵᠠᠷᠤᠳᠠᠯ ᠳᠤ ᠨᠥᠬᠦᠪᠦᠷᠢ ᠥᠭᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠳᠬᠠᠯ ᠤᠨ ᠲᠥᠷᠥᠯ ᠵᠦᠢᠯ ᠢ ᠵᠣᠬᠢᠰᠲᠠᠢ ᠨᠡᠮᠡᠭᠳᠡᠭᠦᠯᠬᠦ ᠶᠢ ᠲᠡᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠥᠭᠵᠢᠯᠲᠡ ᠶᠢ ᠠᠬᠢᠭᠤᠯᠤᠨ᠎ᠠ᠃    ᠳᠠᠯᠠᠨ ᠨᠢᠭᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠭᠦᠮ ᠨᠡᠶᠢᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠲᠣᠰ ᠭᠠᠵᠠᠷ ᠣᠷᠣᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠬᠤ ᠶᠢ ᠬᠥᠲᠥᠯᠥᠨ ᠵᠢᠯᠤᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠲᠠᠷᠢᠶᠠᠯᠠᠬᠤ ᠮᠠᠯᠵᠢᠬᠤ ᠣᠷᠣᠨ ᠳᠤ ᠦᠢᠯᠡᠴᠢᠯᠡᠬᠦ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃    ᠲᠠᠯᠠᠨ ᠬᠤᠶᠠᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠠᠷᠢᠶᠠᠴᠢᠨ ᠮᠠᠯᠴᠢᠨ ᠤ ᠬᠥᠮᠦᠵᠢᠯ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠭᠡᠯᠪᠡᠷᠢ ᠶᠢᠨ᠂ ᠲᠤᠰᠬᠠᠢ ᠦᠢᠯᠡᠳᠪᠦᠷᠢᠯᠡᠯ ᠤᠨ ᠭᠡᠯᠪᠡᠷᠢ ᠶᠢᠨ᠂ ᠮᠡᠷᠭᠡᠵᠢᠯ ᠤᠨ ᠴᠢᠳᠠᠪᠤᠷᠢ ᠶᠢᠨ ᠦᠢᠯᠡᠴᠢᠯᠡᠭᠡᠨ ᠤ ᠭᠡᠯᠪᠡᠷᠢ ᠶᠢᠨ ᠵᠡᠷᠭᠡ ᠥᠨᠳᠥᠷ ᠬᠡᠪ ᠴᠢᠨᠠᠷ ᠪᠦᠬᠦᠢ ᠲᠠᠷᠢᠶᠠᠴᠢᠨ ᠮᠠᠯᠴᠢᠨ ᠢ ᠭᠤᠣᠯᠳᠠᠯᠭ᠎ᠠ ᠲᠠᠢ ᠬᠥᠮᠥᠵᠢᠭᠦᠯᠬᠦ ᠬᠡᠷᠡᠭᠲᠡᠢ᠃    ᠥᠪᠡᠷᠲᠡᠭᠡᠨ ᠵᠠᠰᠠᠬᠤ ᠣᠷᠣᠨ ᠠᠴᠠ ᠶᠡᠭᠡ ᠳᠡᠭᠡᠳᠦ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠬᠥᠮᠥᠵᠢᠭᠦᠯᠬᠦ ᠶᠢ ᠠᠬᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠳᠡᠮᠵᠢᠯᠭᠡ᠂ ᠠᠳᠠᠯ ᠦᠢᠯᠡᠰ ᠴᠣᠭᠴᠠᠯᠠᠬᠤ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ ᠳᠡᠮᠵᠢᠵᠦ᠂ ᠨᠠᠩ ᠣᠯᠠᠨ ᠢᠳᠡᠷ ᠵᠠᠯᠠᠭᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ᠎ᠡ᠃    ᠳᠠᠯᠠᠨ ᠭᠤᠷᠪᠠᠳᠤᠭᠠᠷ ᠵᠦᠢᠯ     ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠭᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠯᠤᠭ᠎ᠠ ᠬᠤᠯᠪᠣᠭᠳᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠡᠷᠡᠭᠲᠡᠢ᠃    ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠯᠤᠰ ᠤᠨ  ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃    ᠳᠠᠯᠠᠨ ᠳᠥᠷᠪᠡᠳᠦᠭᠡᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠬᠤ ᠪᠠ ᠬᠢᠨᠠᠨ ᠵᠥᠪᠯᠡᠬᠦ᠂ ᠬᠠᠤᠯᠢ ᠬᠡᠷᠡᠭᠵᠢᠭᠦᠯᠦᠯᠲᠡ   ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠤᠯᠤᠰ  ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ  ᠢ ᠪᠦᠲᠦᠭᠡᠨ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃    ᠳᠠᠯᠠᠨ ᠲᠠᠪᠤᠳᠤᠭᠠᠷ ᠵᠦᠢᠯ     ᠤᠯᠤᠰ ᠤᠨ  ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠠ ᠬᠠᠷᠠᠯᠲᠠᠲᠤ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠵᠦ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠢ᠃    ᠲᠠᠯᠠᠨ ᠵᠢᠷᠭᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠵᠠᠷ ᠣᠷᠣᠨ ᠳᠤ ᠲᠥᠷᠥᠯ ᠵᠦᠢᠯ ᠤᠨ ᠬᠠᠷᠠᠭᠠᠯᠵᠠᠯ ᠦᠵᠡᠭᠦᠯᠵᠦ᠂ ᠪᠡᠯᠡ ᠮᠥᠩᠭᠦ ᠪᠠᠷ ᠱᠠᠩᠨᠠᠬᠤ ᠬᠡᠷᠡᠭᠲᠡᠢ᠃ᠲᠠᠯᠠᠨ ᠳᠣᠯᠣᠳᠤᠭᠠᠷ ᠵᠦᠢᠯ    ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ  ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃    ᠲᠠᠯᠠᠨ ᠨᠠᠢᠮᠠᠳᠤᠭᠠᠷ ᠵᠦᠢᠯ   ᠤᠯᠤᠰ ᠤᠨ ᠴᠢᠬᠤᠯᠠ ᠲᠠᠷᠢᠶᠠᠯᠠᠩ ᠤᠨ  ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠠᠯᠪᠠᠨ ᠲᠤᠰᠢᠶᠠᠯ ᠳᠤ  ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ  ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠣᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ᠃  ᠶᠠᠯ᠎ᠠ ᠳᠤ ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦᠳᠦᠭᠡᠷ ᠪᠦᠯᠦᠭ  ᠳᠠᠭᠠᠯᠳᠤᠭᠤᠯᠤᠭᠰᠠᠨ ᠳᠦᠷᠢᠮ    ᠳᠠᠯᠠ ᠶᠢᠰᠦᠳᠦᠭᠡᠷ ᠵᠦᠢᠯ     ᠲᠤᠰ ᠳᠦᠷᠢᠮ ᠢ 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号