︽ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠳᠡᠰ ᠳᠡᠪᠰᠢᠭᠦᠯᠬᠦ ᠲᠥᠯᠥᠪᠯᠡᠭᠡ ︵2023 -2025 ᠣᠨ︶︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/11/16
    13 ᠤ ᠡᠳᠦᠷ ᠰᠣᠶᠣᠯ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠰᠣᠶᠣᠯ ᠵᠢᠭᠤᠯᠴᠢᠯᠠᠯ ᠤᠨ ᠶᠠᠮᠤᠨ ᠣᠶᠢᠷ᠎ᠠ ᠳᠤ ︽ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠳᠡᠰ ᠳᠡᠪᠰᠢᠭᠦᠯᠬᠦ ᠲᠥᠯᠥᠪᠯᠡᠭᠡ ︵2023 - 2025 ᠣᠨ︶︾ ᠶᠢ ᠳᠠᠷᠤᠮᠠᠯᠯᠠᠨ ᠲᠠᠷᠬᠠᠭᠠᠪᠠ᠃ ᠲᠥᠯᠥᠪᠯᠡᠭᠡ ᠳᠤ᠂ 2025 ᠣᠨ ᠪᠤᠯᠬᠤ ᠳᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠪᠴᠢᠶ᠎ᠡ ᠵᠦᠢ ᠵᠣᠬᠢᠰᠲᠠᠢ ᠨᠡᠮᠡᠭᠳᠡᠯ ᠢ ᠪᠠᠲᠤᠯᠠᠵᠤ᠂ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠦᠷ᠎ᠡ ᠪᠦᠲᠦᠮᠵᠢ ᠨᠠᠩ ᠢᠯᠡᠷᠬᠡᠢ ᠪᠣᠯᠵᠤ᠂ ᠴᠢᠨᠠᠷ ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠨᠠᠩ ᠪᠠᠶᠠᠯᠢᠭᠵᠢᠵᠤ᠂ ᠵᠢᠭᠤᠯᠴᠢᠯᠠᠬᠰᠠᠳ ᠤᠨ ᠬᠡᠷᠡᠭᠯᠡᠭᠡᠨ ᠤ ᠣᠶᠢᠯᠠᠭᠠᠯᠲᠠ ᠪᠦᠲᠦᠮᠵᠢᠲᠡᠶ ᠰᠠᠶᠢᠵᠢᠷᠠᠵᠤ᠂ ᠬᠠᠨᠤᠮᠵᠢ ᠶᠢᠨ ᠬᠡᠮᠵᠢᠶ᠎ᠡ ᠴᠢᠨᠠᠭᠰᠢᠳᠠ ᠳᠡᠭᠡᠭᠰᠢᠯᠡᠵᠦ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠬᠢ ᠦᠷᠭᠦᠯᠵᠢᠯᠡᠨ ᠳᠡᠭᠡᠭᠰᠢᠯᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠰᠢᠪᠲᠤᠯᠤᠯᠲᠠ ᠲᠠᠢ ᠪᠣᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠨᠠᠩ ᠪᠦᠷᠢᠨᠰᠢᠵᠦ᠂ ᠣᠲᠣ ᠦᠶ᠎ᠡ ᠶᠢᠨ ᠵᠠᠰᠠᠯᠲᠠ ᠶᠢᠨ ᠴᠢᠳᠠᠪᠤᠷᠢ ᠴᠢᠨᠠᠭᠰᠢᠳᠠ ᠴᠢᠩᠭᠠᠷᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡ ᠶᠢ ᠠᠬᠢᠭᠤᠯᠬᠤ᠂ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠦᠵᠡᠭᠦᠯᠭᠦ ᠦᠢᠯᠡᠳᠦᠯ ᠨᠠᠩ ᠲᠣᠪᠣᠶᠢᠮ᠎ᠠ ᠪᠣᠯᠣᠨ᠎ᠠ ᠭᠡᠵᠦ ᠳᠤᠷᠠᠳᠴᠤ ᠭᠠᠷᠭᠠᠪᠠ᠃    ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠬᠤ᠂ ᠴᠢᠨᠠᠷ ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠬᠤ᠂ ᠵᠢᠭᠤᠯᠴᠢᠯᠠᠯ ᠤᠨ ᠬᠡᠷᠡᠭᠯᠡᠭᠡ ᠶᠢᠨ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠭᠦ᠂ ᠡᠵᠡᠩᠨᠡᠯᠲᠡ ᠶᠢᠨ ᠭᠤᠣᠯ ᠴᠣᠭᠴᠠ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠬᠦ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ︽ᠢᠲᠡᠭᠡᠮᠵᠢ +︾ ᠢᠨᠵᠧᠨᠧᠷᠢᠩ ᠢ ᠬᠡᠷᠡᠭᠵᠢᠭᠦᠯᠬᠦ ᠵᠡᠷᠭᠡ 9 ᠲᠠᠯ᠎ᠠ ᠲᠠᠢ ᠤᠶᠠᠯᠳᠤᠭᠤᠯᠤᠨ᠂ ᠲᠥᠯᠥᠪᠯᠡᠭᠡ ᠳᠤ 30 ᠵᠦᠢᠯ ᠤᠨ ᠭᠤᠣᠯ ᠡᠭᠦᠷᠭᠡ ᠶᠢ ᠳᠤᠷᠠᠳᠤᠨ ᠭᠠᠷᠭᠠᠪᠠ᠃    ᠲᠥᠯᠥᠪᠯᠡᠭᠡ ᠳᠤ᠂ ᠵᠢᠭᠤᠯᠴᠢᠯᠠᠯ ᠤᠨ ᠦᠢᠯᠡᠳᠬᠦᠨ ᠤ ᠰᠢᠰᠲ᠋ᠧᠮ ᠤᠨ ᠰᠢᠨ᠎ᠡ ᠶᠢ ᠡᠭᠦᠳᠴᠦ᠂ ᠠᠳᠠᠯᠢ ᠪᠤᠰᠤ ᠬᠥᠮᠥᠰ ᠤᠨ ᠬᠡᠷᠡᠭᠴᠡᠭᠡ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ᠂ ᠥᠪᠡᠷᠮᠢᠴᠡ ᠣᠨᠴᠠᠯᠢᠭ ᠪᠦᠬᠦᠢ ᠵᠢᠭᠤᠯᠴᠢᠯᠠᠯ ᠤᠨ ᠦᠢᠯᠡᠳᠬᠦᠨ᠂ ᠵᠢᠭᠤᠯᠴᠢᠯᠠᠯ ᠤᠨ ᠵᠠᠮ ᠱᠤᠭᠤᠮ ᠢ ᠨᠠᠩ ᠣᠯᠠᠨ ᠭᠠᠷᠭᠠᠵᠤ᠂ ᠪᠡᠶᠡᠴᠢᠯᠡᠨ ᠣᠶᠢᠯᠠᠭᠠᠬᠤ ᠴᠢᠨᠠᠷ ᠪᠠ ᠬᠠᠷᠢᠯᠴᠠᠨ ᠦᠢᠯᠡᠳᠦᠯᠴᠡᠬᠦ ᠴᠢᠨᠠᠷ ᠢᠶᠠᠷ ᠴᠢᠩᠭ᠎ᠠ ᠵᠢᠭᠤᠯᠴᠢᠯᠠᠯ ᠤᠨ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠰᠤᠳᠤᠯᠤᠨ ᠰᠤᠷᠤᠯᠴᠠᠬᠤ᠂ ᠪᠤᠭᠤᠷᠤᠯᠴᠤᠳ᠂ ᠮᠥᠰᠥ ᠴᠠᠰᠤ᠂ ᠲᠡᠯᠡᠶ ᠲᠠᠩᠭᠢᠰ᠂ ᠰᠢᠤᠳᠠᠨ ᠤ ᠬᠥᠯᠭᠡ ᠣᠩᠭᠤᠴᠠ᠂ ᠪᠠᠷᠲᠠᠭ᠎ᠠ ᠬᠠᠶᠢᠬᠤ᠂ ᠣᠳᠣᠨ ᠮᠡᠴᠢᠳ ᠢ ᠠᠵᠢᠭᠯᠠᠬᠤ᠂ ᠵᠤᠰᠠᠭᠠᠯ ᠳᠤ ᠭᠠᠷᠴᠤ ᠬᠦᠢᠲᠡᠨ ᠠᠴᠠ ᠵᠠᠶᠢᠯᠠᠬᠤ᠂ ᠬᠤᠲᠠ ᠪᠠᠷ ᠵᠤᠭᠠᠴᠠᠨ ᠲᠣᠭᠤᠷᠢᠬᠤ ᠵᠡᠷᠭᠡ ᠵᠢᠭᠤᠯᠴᠢᠯᠠᠯ ᠤᠨ ᠰᠢᠨ᠎ᠡ ᠦᠢᠯᠡᠳᠬᠦᠨ ᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃    ᠡᠭᠦᠨ ᠠᠴᠠ ᠭᠠᠳᠠᠨ᠎ᠠ᠂ ᠲᠥᠯᠥᠪᠯᠡᠭᠡ ᠳᠤ ᠡᠯ᠎ᠡ ᠭᠠᠵᠠᠷ ᠤᠨ ᠬᠢᠨ ᠤ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ ︵ᠯᠠᠪᠯᠠᠭ᠎ᠠ  ᠶᠢᠨ ᠲᠥᠪ︶᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ᠂ ᠵᠢᠭᠤᠯᠴᠢᠯᠠᠯ ᠤᠨ ᠵᠣᠷᠯᠣᠩ ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠬᠦ ᠶᠢ ᠳᠡᠮᠵᠢᠨ᠎ᠡ᠃ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ ᠴᠢᠩᠭᠠᠳᠬᠠᠵᠤ᠂ ᠮᠦᠽᠧᠢ ᠵᠡᠷᠭᠡ ᠰᠣᠶᠣᠯ ᠦᠵᠡᠰᠭᠦᠯᠡᠩ ᠤᠨ ᠣᠷᠳᠣᠨ ᠲᠠᠯᠠᠪᠠᠶ ᠶᠢᠨ ᠲᠣᠭᠠᠴᠢᠯᠠᠭᠰᠠᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠦᠢᠯᠡᠴᠢᠯᠡᠭᠡ ᠶᠢᠨ ᠠᠭᠤᠰᠤᠯᠴᠠᠯ ᠢ ᠲᠦᠷᠭᠡᠳᠬᠡᠨ᠎ᠡ ᠭᠡᠵᠦ ᠳᠤᠷᠠᠳᠤᠨ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号