︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠶᠢ ᠡᠬᠢᠯᠡᠵᠦ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/11/17
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ︵ᠳᠣᠣᠷ᠎ᠠ ︽ᠠᠷᠭ᠎ᠠ︾ ᠭᠡᠵᠦ ᠳᠥᠭᠦᠮᠴᠢᠯᠡᠨ᠎ᠡ︶ ᠶᠢ 11ᠰᠠᠷ᠎ᠠ  ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠪᠣᠯᠣᠨ᠎ᠠ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠠᠷᠭ᠎ᠠ︾ ᠨᠢ  ᠨᠡᠶᠢᠲᠡ 8 ᠪᠦᠯᠦᠭ 47 ᠵᠦᠢᠯ ᠢᠶᠠᠷ ᠪᠦᠷᠢᠯᠳᠦᠵᠦ᠂ ᠵᠠᠰᠠᠭ ᠤᠨ ᠣᠷᠳᠣᠨ ᠤ ᠲᠥᠰᠥᠪ᠂ ᠰᠠᠯᠠᠭ᠎ᠠ ᠮᠥᠴᠢᠷ ᠤᠨ ᠲᠥᠰᠥᠪ᠂ ᠲᠤᠰᠬᠠᠢ ᠪᠡᠯᠡ ᠮᠥᠩᠭᠦ ᠶᠢᠨ ᠲᠥᠰᠥᠪ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠲᠥᠰᠥᠪ ᠤᠨ ᠭᠦᠢᠴᠡᠳᠬᠡᠯ ᠪᠠ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ᠂ ᠲᠥᠰᠥᠪ ᠪᠠ ᠲᠥᠰᠥᠪ ᠤᠨ ᠭᠦᠢᠴᠡᠳᠬᠡᠯ ᠳᠤ ᠬᠢᠨᠠᠯᠲᠠ ᠲᠠᠯᠪᠢᠬᠤ ᠵᠡᠷᠭᠡ ᠲᠠᠯ᠎ᠠ ᠳᠤ ᠲᠣᠰ ᠲᠣᠰ ᠲᠣᠭᠲᠠᠭᠠᠯ ᠭᠠᠷᠭᠠᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠶᠡᠷᠦᠩᠬᠡᠢ ᠪᠣᠷᠣ ᠲᠥᠯᠥᠪ ᠤᠨ ᠴᠢᠨᠠᠷᠲᠠᠢ ᠲᠣᠭᠲᠠᠭᠠᠯ ᠪᠣᠯᠣᠨ᠎ᠠ᠃     ︽ᠠᠷᠭ᠎ᠠ︾ ᠳᠤ ᠲᠥᠰᠥᠪ ᠢ ᠨᠢᠭᠡᠳᠦᠯᠲᠡᠢ ᠲᠥᠯᠥᠪᠵᠢᠭᠦᠯᠬᠦ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ ︽ᠬᠤᠶᠠᠷ ᠶᠡᠭᠡ ᠶᠠᠪᠤᠳᠠ᠊ ‍ᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠨ᠎ᠡ᠃ ᠲᠦᠷᠦᠯ ᠵᠦᠢᠯ ᠢ ᠲᠥᠰᠥᠪ ᠤᠨ ᠬᠠᠮᠢᠶᠠᠷᠤᠯᠲᠠ ᠶᠢᠨ ᠦᠨᠳᠦᠰᠦᠨ ᠨᠢᠭᠡᠴᠢ ᠪᠤᠯᠭᠠᠵᠤ᠂ ᠲᠦᠷᠦᠯ ᠵᠦᠢᠯ ᠤᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠬᠢᠨᠠᠨ ᠲᠣᠭᠲᠠᠭᠠᠬᠤ ᠲᠣᠭᠲᠠᠴᠠ ᠪᠠ ᠲᠦᠷᠦᠯ ᠵᠦᠢᠯ ᠤᠨ ᠦᠷᠭᠦᠯᠵᠢᠯᠡᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠥᠰᠥᠪ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠰᠥᠪ ᠤᠨ ᠬᠠᠲᠠᠭᠤ ᠬᠢᠵᠠᠭᠠᠷᠯᠠᠯ ᠢ ᠴᠢᠩᠳᠠᠯᠠᠵᠤ᠂ ᠰᠢᠨ᠎ᠡ ᠪᠠᠷ ᠪᠠᠶᠢᠭᠤᠯᠬᠤ ᠲᠤᠰᠬᠠᠢ ᠪᠡᠯᠡ ᠮᠥᠩᠭᠦ ᠶᠢ ᠴᠢᠩᠭ᠎ᠠ ᠬᠢᠵᠠᠭᠠᠷᠯᠠᠵᠤ᠂ ᠠᠮᠵᠢᠯᠲᠠ ᠪᠦᠲᠦᠮᠵᠢ ᠶᠢᠨ ᠦᠷ᠎ᠡ ᠳ᠋ᠦᠩ ᠤᠨ ᠬᠡᠷᠡᠭᠯᠡᠯᠲᠡ ᠶᠢ  ᠴᠢᠩᠭᠠᠳᠬᠠᠨ᠎ᠠ ᠭᠡᠵᠦ ᠲᠣᠭᠲᠠᠭᠠᠪᠠ᠃     ᠥᠪᠡᠷᠲᠡᠭᠡᠨ ᠵᠠᠰᠠᠬᠤ ᠣᠷᠣᠨ ᠤ ᠲᠥᠰᠥᠪ ᠢ ᠨᠠᠶᠢᠷᠠᠭᠤᠯᠤᠨ ᠬᠢᠨᠠᠬᠤ ᠲᠥᠪ ᠤᠨ ᠬᠠᠷᠢᠭᠤᠴᠠᠯᠭᠠᠲᠠᠨ ᠠᠴᠠ᠂ ︽ᠠᠷᠭ᠎ᠠ︾ ᠶᠢ ᠬᠡᠷᠡᠭᠵᠢᠭᠦᠯᠬᠦ ᠨᠢ ᠮᠠᠨ ᠤ ᠣᠷᠣᠨ ᠤ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ᠂ ᠬᠠᠤᠯᠢ ᠲᠣᠭᠲᠠᠭᠠᠯ ᠶᠣᠰᠣᠭᠠᠷ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ᠂ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ ᠪᠠᠰᠠ ᠬᠤᠯᠪᠣᠭᠳᠠᠯ ᠪᠦᠬᠦᠢ ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ︽1+N︾ ᠲᠥᠰᠥᠪ ᠤᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠤᠢ ᠪᠣᠯᠭᠠᠨ᠎ᠠ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号