ᠥᠪᠡᠷᠲᠡᠭᠡᠨ ᠵᠠᠰᠠᠬᠤ ᠣᠷᠣᠨ ᠨᠠᠭᠤᠷ ᠴᠥᠭᠦᠷᠥᠮ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠠᠩᠬᠠᠳᠠᠭᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠵᠠᠢ
ᠨᠡᠶᠢᠲᠡᠯᠡᠭᠰᠡᠨ ᠴᠠᠭ᠄
2023/11/2
    10 ᠰᠠᠷ᠎ᠠ ᠶᠢᠨ 27 ᠤ ᠡᠳᠦᠷ᠂ ᠰᠤᠷᠪᠤᠯᠵᠢᠯᠠᠬᠴᠢ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠳᠦᠷᠢᠮ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠭᠤᠷ ᠴᠥᠭᠦᠷᠥᠮ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠳᠤ ᠲᠤᠰᠬᠠᠢ ᠴᠢᠭᠯᠡᠭᠦᠯᠦᠭᠰᠡᠨ ᠠᠩᠬᠠᠳᠠᠭᠴᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠯᠬᠤ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠢᠨᠠᠨ ᠪᠠᠲᠤᠯᠠᠵᠤ᠂ 2023 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃     ᠲᠠᠨᠢᠯᠴᠠᠭᠤᠯᠤᠭᠰᠠᠨ ᠢᠶᠠᠷ᠂ ᠲᠤᠰ ︽ᠳᠦᠷᠢᠮ︾ ᠵᠢᠷᠭᠤᠭᠠᠨ ᠪᠦᠯᠦᠭ ᠲᠠᠪᠢᠨ ᠵᠢᠷᠭᠤᠭᠠᠨ ᠵᠦᠢᠯ ᠢᠶᠠᠷ ᠪᠦᠷᠢᠯᠳᠦᠵᠡᠢ᠂ ᠨᠢᠭᠡᠳᠦᠭᠡᠷ ᠪᠦᠯᠦᠭ ᠤᠨ ᠶᠡᠷᠦᠩᠬᠡᠢ ᠳᠦᠷᠢᠮ ᠨᠢ ᠳᠦᠷᠢᠮ ᠤᠨ ᠬᠠᠤᠯᠢ ᠲᠣᠭᠲᠠᠭᠠᠬᠤ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ᠂ ᠬᠠᠮᠢᠶᠠᠷᠬᠤ ᠪᠠᠶᠢᠭᠤᠯᠤᠮᠵᠢ ᠲᠣᠭᠲᠠᠴᠠ᠂ ᠠᠷᠠᠳ ᠢᠷᠭᠡᠨ ᠤ ᠡᠷᠬᠡ ᠠᠰᠢᠭ ᠵᠡᠷᠭᠡ ᠶᠢ ᠪᠣᠳᠠᠲᠠᠢ ᠲᠣᠭᠲᠠᠭᠠᠵᠠᠢ᠃ ᠡᠭᠦᠨ ᠠᠴᠠ ᠭᠠᠳᠠᠨ᠎ᠠ ᠪᠠᠰᠠ ᠠᠮᠢ ᠠᠬᠤᠢ ᠶᠢ ᠬᠠᠮᠠᠭᠠᠯᠠᠬᠤ ᠬᠢᠭᠡᠳ ᠰᠡᠷᠭᠦᠭᠡᠬᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ᠂ ᠪᠣᠬᠢᠷᠳᠤᠯ ᠢ ᠰᠡᠷᠭᠡᠶᠢᠯᠡᠨ ᠵᠠᠰᠠᠬᠤ᠂ ᠪᠠᠲᠤᠯᠠᠭ᠎ᠠ ᠬᠢᠭᠡᠳ ᠬᠢᠨᠠᠯᠲᠠ ᠲᠠᠯᠪᠢᠬᠤ ᠵᠢᠴᠢ ᠳᠠᠭᠠᠯᠳᠤᠭᠤᠯᠤᠯ ᠳᠦᠷᠢᠮ ᠵᠡᠷᠭᠡ ᠠᠭᠤᠯᠭ᠎ᠠ ᠪᠤᠶ᠃ ᠲᠤᠰ ᠳᠦᠷᠢᠮ ᠢ ᠬᠡᠷᠡᠭᠵᠢᠭᠦᠯᠦᠭᠰᠡᠨ  ᠨᠢ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠨᠠᠭᠤᠷ ᠢ ᠬᠠᠮᠠᠭᠠᠯᠠᠬᠤ ᠵᠠᠰᠠᠬᠤ ᠰᠡᠳᠬᠢᠴᠡ ᠳᠤ ︽ᠲᠠᠩ ᠭᠠᠭᠴᠠ ᠨᠠᠭᠤᠷ ᠴᠥᠭᠦᠷᠥᠮ ᠢ ᠵᠠᠰᠠᠬᠤ︾ ᠠᠴᠠ ︽ᠰᠢᠰᠲ᠋ᠧᠮ ᠲᠠᠢ ᠰᠠᠪᠠ ᠭᠠᠵᠠᠷ ᠢ ᠵᠠᠰᠠᠬᠤ︾ ᠦᠨᠳᠦᠰᠦᠨ ᠬᠤᠪᠢᠷᠠᠯᠲᠠ ᠭᠠᠷᠤᠭᠰᠠᠨ ᠢ ᠬᠠᠷᠠᠭᠤᠯᠵᠠᠢ᠃     ᠣᠶᠢᠯᠠᠭᠠᠭᠰᠠᠨ ᠢᠶᠠᠷ᠂ ᠤᠯᠠᠭᠠᠨᠰᠤᠬᠠᠢ ᠨᠠᠭᠤᠷ ᠪᠣᠯ ᠬᠠᠲᠤᠨ ᠭᠤᠣᠯ ᠤᠨ ᠤᠷᠤᠰᠬᠠᠯ ᠥᠭᠡᠷᠡᠴᠢᠯᠡᠭᠳᠡᠭᠰᠡᠨ ᠠᠴᠠ ᠪᠤᠶ ᠪᠣᠯᠤᠭᠰᠠᠨ ᠭᠤᠣᠯ ᠮᠥᠷᠡᠨ ᠤ ᠦᠯᠡᠳᠡᠭᠳᠡᠯ ᠨᠠᠭᠤᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠴᠥᠭᠦᠷᠥᠮ ᠨᠤᠭᠤ ᠭᠠᠵᠠᠷ ᠪᠣᠯᠣᠨ᠎ᠠ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ᠂ ᠤᠰᠤ ᠶᠢ ᠴᠡᠪᠡᠷᠰᠢᠭᠦᠯᠬᠦ᠂ ᠰᠥᠩ ᠬᠠᠯᠢᠶ᠎ᠠ ᠦᠶᠡᠷ ᠢ ᠰᠡᠷᠭᠡᠶᠢᠯᠡᠬᠦ ᠵᠡᠷᠭᠡ ᠴᠢᠬᠤᠯᠠ ᠴᠢᠳᠠᠮᠵᠢ ᠶᠢ ᠡᠭᠦᠷᠭᠡᠯᠡᠵᠦ᠂ ᠬᠠᠲᠤᠨ ᠭᠤᠣᠯ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠦᠢᠯᠡᠳᠦᠯ ᠲᠠᠢ ᠪᠥᠭᠡᠳ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠳᠠᠮᠵᠢ ᠶᠢᠨ ᠰᠣᠯᠪᠢᠴᠠᠯ ᠤᠨ ᠣᠷᠣᠨ ᠪᠠᠶᠢᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠡᠵᠡᠮᠳᠡᠬᠦ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠪᠣᠯᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号