ᠴᠡᠭᠡ ᠪᠣᠭᠤᠮᠲᠠ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠤ ᠠᠵᠢᠯ ᠬᠢᠬᠦ ᠳᠡᠭᠡᠷ᠎ᠡ ᠬᠦᠴᠦᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/20
   ︽ᠡᠨᠡ ᠤᠳᠠᠭᠠᠨ ᠤ ᠴᠠᠯᠢᠩ ᠥᠷᠢᠲᠦᠭᠰᠡᠨ ᠵᠢᠭᠤᠷᠠᠯᠳᠤᠭᠠᠨ ᠢ ᠡᠶᠡᠳᠡᠭᠦᠯᠬᠦ ᠳᠤ ᠵᠠᠰᠠᠭ ᠤᠨ ᠣᠷᠳᠣᠨ ᠠᠴᠠ ᠦᠨᠡᠬᠡᠷ ᠬᠦᠴᠦ ᠣᠷᠣᠭᠤᠯᠤᠭᠰᠠᠨ ᠪᠠᠶᠢᠨ᠎ᠠ᠃ ᠮᠠᠨ ᠤ ᠬᠦᠴᠢᠷᠳᠡᠯ ᠢ ᠮᠡᠳᠡᠭᠰᠡᠨ ᠤ ᠳᠠᠷᠠᠭ᠎ᠠ ᠲᠡᠷᠡ ᠳᠠᠷᠤᠢ ᠳᠤᠨᠢ ᠡᠶᠡᠳᠡᠭᠦᠯᠦᠭᠴᠢ ᠲᠣᠮᠢᠯᠠᠨ ᠪᠠᠶᠢᠳᠠᠯ ᠢ ᠣᠶᠢᠯᠠᠭᠠᠨ ᠬᠠᠷᠭᠤᠭᠤᠯᠵᠤ᠂ ᠪᠢᠳᠠᠨ ᠤ ᠡᠷᠬᠡ ᠠᠰᠢᠭ ᠢ ᠪᠠᠲᠤᠯᠠᠵᠤ ᠥᠭᠭᠦᠭᠰᠡᠨ︾᠃ ᠣᠶᠢᠷ᠎ᠠ ᠶᠢᠨ ᠡᠳᠦᠷ᠂ ᠴᠡᠭᠡ ᠪᠣᠭᠤᠮᠲᠠ ᠶᠢᠨ ᠬᠢᠨ ᠨᠢᠭᠡ ᠡᠳᠦᠷ ᠬᠠᠭᠠᠰ ᠤᠨ ᠬᠤᠭᠤᠴᠠᠭᠠᠨ ᠳᠤ 70 ᠠᠵᠢᠯᠴᠢᠨ ᠲᠠᠢ ᠬᠤᠯᠪᠣᠭᠳᠠᠭᠰᠠᠨ᠂ ᠬᠡᠷᠡᠭ ᠤᠨ ᠵᠣᠭᠤᠰ ᠨᠢ 105 ᠲᠦᠮᠡᠨ ᠲᠥᠭᠦᠷᠢᠭ ᠬᠦᠷᠬᠦ ᠭᠦᠳᠡᠯᠮᠦᠷᠢ ᠶᠢᠨ ᠴᠠᠯᠢᠩ ᠤᠨ ᠵᠢᠭᠤᠷᠠᠯᠳᠤᠭᠠᠨ ᠤ ᠬᠡᠷᠡᠭ ᠢ ᠲᠣᠬᠢᠲᠠᠢ ᠰᠢᠢᠳᠪᠦᠷᠢᠯᠡᠪᠡ᠃    ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠴᠡᠭᠡ ᠪᠣᠭᠤᠮᠲᠠ ᠶᠢᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠲᠠᠢ ᠤᠶᠠᠯᠳᠤᠭᠤᠯᠤᠨ᠂ ︽ᠠᠵᠢᠯᠯᠠᠬᠤ︾ ᠳᠡᠭᠡᠷ᠎ᠡ ᠬᠦᠴᠦ ᠲᠠᠯᠪᠢᠵᠤ᠂ ︽ᠪᠣᠳᠠᠲᠠᠢ︾ ᠳᠡᠭᠡᠷ᠎ᠡ ᠦᠨᠡᠨ ᠰᠡᠳᠬᠢᠯ ᠢᠶᠠᠷ ᠠᠷᠠᠳ ᠤᠨ ᠬᠦᠰᠡᠯ ᠡᠷᠡᠮᠡᠯᠵᠡᠯ ᠢ ᠴᠢᠩᠭ᠎ᠠ ᠠᠩᠬᠠᠷᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠨ ᠬᠦᠴᠢᠷ ᠵᠣᠪᠠᠭᠤᠷᠢ ᠶᠢ ᠲᠠᠶᠢᠯᠵᠤ ᠪᠣᠳᠠᠲᠠᠢ ᠶᠠᠪᠤᠳᠠᠯ ᠬᠢᠬᠦ ᠳᠤᠮᠳᠠ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠢᠯᠡᠷᠡᠭᠦᠯᠦᠭᠰᠡᠨ ᠪᠠᠶᠢᠨ᠎ᠠ᠃    ᠴᠡᠭᠡ ᠪᠣᠭᠤᠮᠲᠠ ᠶᠢᠨ ᠬᠢᠨ ᠤᠯᠠᠨ ᠲᠦᠮᠡᠨ ᠤ ᠠᠰᠢᠭ ᠲᠤᠰᠠ ᠪᠣᠯᠣᠨ ᠪᠠᠴᠢᠮ ᠲᠤᠯᠭᠠᠮ᠎ᠠ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ᠂ ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠠᠷ ᠭᠤᠣᠯ ᠠᠭᠤᠯᠭ᠎ᠠ ᠪᠤᠯᠭᠠᠬᠰᠠᠨ ᠬᠠᠷᠢᠯᠴᠠᠬᠤ ᠺᠠᠷᠲ ᠬᠢᠵᠦ᠂ ᠺᠠᠷᠲ ᠳᠡᠭᠡᠷ᠎ᠡ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ ᠡᠮᠴᠢ ᠰᠤᠪᠢᠯᠠᠭᠴᠢ ᠵᠢᠴᠢ ᠲᠣᠣᠷᠵᠢᠯ ᠬᠠᠮᠢᠶᠠᠷᠤᠯᠲᠠ ᠶᠢᠨ ᠠᠵᠢᠯᠲᠠᠨ ᠤ ᠬᠠᠷᠢᠯᠴᠠᠬᠤ ᠠᠷᠭ᠎ᠠ ᠭᠡᠯᠪᠡᠷᠢ ᠶᠢ ᠳᠠᠮᠵᠢᠭᠤᠯᠤᠨ᠂ ᠤᠯᠠᠨ ᠲᠦᠮᠡᠨ ᠤ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃ ᠪᠣᠭᠤᠮᠲᠠ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠳᠠᠩᠰᠠᠯᠠᠯᠲᠠ ᠶᠢᠨ ᠦᠷ᠎ᠡ ᠪᠦᠲᠦᠮᠵᠢ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠭᠦ ᠶᠢᠨ ᠲᠥᠯᠥᠭᠡ ᠳᠠᠷᠤᠮᠠᠯᠯᠠᠬᠤ ᠮᠠᠰᠢᠨ ᠬᠤᠳᠠᠯᠳᠤᠨ ᠠᠪᠴᠤ᠂ ᠠᠵᠤ ᠠᠬᠤᠶᠢᠯᠠᠯ ᠪᠠ ᠬᠤᠳᠠᠯᠳᠤᠭᠠᠨ ᠤ ᠡᠷᠦᠭᠡ ᠡᠵᠡᠩᠨᠡᠯᠲᠡ ᠶᠢᠨ ᠦᠨᠡᠮᠯᠡᠯ ᠢ ᠭᠦᠢᠴᠡᠳᠬᠡᠬᠦ ᠪᠠ ᠪᠠᠩᠬᠢ ᠶᠢᠨ ᠲᠠᠩᠰᠠᠨ ᠡᠷᠦᠭᠡ ᠶᠢ ᠪᠠᠶᠢᠭᠤᠯᠬᠤ ᠪᠠᠷ ᠡᠵᠡᠨ᠎ᠡ ᠬᠤᠰᠢᠭᠤ ᠪᠠ ᠪᠣᠭᠤᠮᠲᠠ ᠬᠤᠶᠠᠷ ᠭᠠᠵᠠᠷ ᠲᠤ ᠣᠴᠢᠬᠤ ᠬᠦᠴᠢᠷ ᠲᠦᠪᠡᠭ ᠢ ᠰᠢᠢᠳᠪᠦᠷᠢᠯᠡᠪᠡ᠃    ᠣᠯᠠᠨ ᠲᠦᠮᠡᠨ ᠵᠢᠴᠢ ᠺᠠᠳ᠋ᠷ ᠠᠵᠢᠯᠲᠠᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠬᠤᠭᠤᠯᠠᠨ ᠲᠢᠩᠬᠢᠮ᠂ ᠨᠡᠶᠢᠲᠡ ᠶᠢᠨ ᠪᠠᠶᠢᠷᠢ ᠵᠢᠴᠢ ᠪᠡᠶ᠎ᠡ ᠴᠢᠭᠢᠷᠠᠭᠵᠢᠭᠤᠯᠬᠤ ᠲᠥᠪ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠢᠨᠵᠧᠨᠧᠷᠢᠩ ᠤᠨ ᠡᠵᠡᠯᠡᠬᠦ ᠲᠠᠯᠠᠪᠠᠶ 4100 ᠲᠡᠭᠰᠢ ᠳᠥᠷᠪᠡᠯᠵᠢᠨ ᠮᠧᠲᠷ ᠲᠤ ᠬᠦᠷᠴᠡᠢ᠃ ᠪᠡᠶ᠎ᠡ ᠶᠢᠨ ᠲᠠᠮᠢᠷ ᠤᠨ ᠲᠠᠯᠠᠪᠤᠷ ᠤᠨ ᠶᠠᠪᠠᠭᠠᠨ ᠬᠥᠮᠥᠨ ᠤ ᠵᠠᠮ ᠢ ᠬᠠᠲᠠᠭᠤᠷᠠᠭᠤᠯᠬᠤ ᠵᠢᠴᠢ ᠲᠡᠷᠭᠡᠨ ᠵᠣᠭᠰᠣᠭᠠᠯ ᠢ ᠬᠠᠲᠠᠭᠤᠷᠠᠭᠤᠯᠬᠤ ᠲᠥᠷᠥᠯ ᠵᠦᠢᠯ ᠢ ᠡᠬᠢᠯᠡᠭᠦᠯᠵᠦ᠂ ᠬᠠᠲᠠᠭᠤᠷᠠᠯ ᠤᠨ ᠲᠠᠯᠠᠪᠠᠶ ᠶᠢ ᠥᠷᠭᠡᠳᠬᠡᠨ᠂ ᠲᠡᠷᠭᠡ ᠵᠣᠬᠰᠣᠬᠤ ᠪᠠᠶᠢᠷᠢ ᠶᠢ 364 ᠨᠡᠮᠡᠭᠳᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠴᠡᠭᠡ ᠪᠣᠭᠤᠮᠲᠠ ᠶᠢᠨ ᠠᠵᠤ ᠦᠢᠯᠡᠳᠪᠦᠷᠢ ᠶᠢᠨ ᠲᠣᠭᠤᠷᠢᠭ ᠪᠣᠯ ᠣᠷᠴᠢᠯ ᠠᠵᠤ ᠠᠬᠤᠢ ᠶᠢᠨ ᠣᠶᠢᠯᠠᠭᠠᠭᠳᠠᠬᠤᠨ ᠢ ᠭᠤᠣᠯᠳᠠᠯᠭ᠎ᠠ ᠲᠠᠢ ᠬᠥᠭᠵᠢᠭᠦᠯᠬᠦ ᠨᠡᠭᠦᠷᠡᠰᠦ ᠬᠢᠮᠢ ᠶᠢᠨ ᠠᠵᠤ ᠦᠢᠯᠡᠰ ᠢᠶᠠᠷ ᠭᠤᠣᠯ ᠪᠤᠯᠭᠠᠬᠰᠠᠨ ᠠᠵᠤ ᠦᠢᠯᠡᠳᠪᠦᠷᠢ ᠶᠢᠨ ᠲᠣᠭᠤᠷᠢᠭ ᠪᠣᠯᠣᠨ᠎ᠠ᠃ ᠭᠡᠪᠡᠴᠦ ᠵᠠᠮ ᠨᠢ ᠮᠠᠰᠢ ᠳᠥᠭᠦᠮ ᠦᠭᠡᠢ᠂ ᠡᠩᠬᠦᠯ ᠳᠤᠩᠬᠤᠯ ᠮᠥᠷᠲᠡᠭᠡᠨ ᠬᠤᠭ ᠲᠣᠭᠤᠰᠣ ᠠᠮᠠᠷᠬᠠᠨ ᠳᠡᠭᠳᠡᠳᠡᠭ᠃ ᠴᠡᠭᠡ ᠪᠣᠭᠤᠮᠲᠠ ᠶᠢᠨ ᠬᠢᠨ ᠲᠤᠬᠠᠢ ᠶᠢᠨ ᠭᠠᠵᠠᠷ ᠲᠤ ᠪᠠᠶᠢᠴᠠᠭᠠᠯᠲᠠ ᠬᠢᠭᠰᠡᠨ ᠤ ᠳᠠᠷᠠᠭ᠎ᠠ᠂ ᠲᠣᠭᠤᠷᠢᠭ ᠲᠤ ᠣᠷᠣᠭᠰᠠᠨ ᠠᠵᠤ ᠠᠬᠤᠶᠢᠯᠠᠯ ᠳᠤ ᠨᠡᠩ ᠰᠠᠶᠢᠨ ᠦᠢᠯᠡᠴᠢᠯᠡᠵᠦ᠂ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠠᠵᠤ ᠦᠢᠯᠡᠳᠪᠦᠷᠢ ᠶᠢᠨ ᠲᠣᠭᠤᠷᠢᠭ ᠤᠨ ᠬᠤᠯᠪᠣᠯᠳᠤᠨ ᠨᠡᠪᠲᠡᠷᠡᠯᠴᠡᠬᠦ ᠵᠠᠮ ᠢ ᠰᠢᠨ᠎ᠡ ᠪᠠᠷ ᠪᠠᠶᠢᠭᠤᠯᠵᠠᠢ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2894.38 ᠲᠦᠮᠡᠨ ᠲᠥᠭᠦᠷᠢᠭ ᠲᠤ ᠬᠦᠷᠴᠦ᠂ ᠵᠠᠮ ᠤᠨ ᠣᠷᠳᠣ ᠨᠢ 6856.1 ᠮᠧᠲᠷ ᠪᠣᠯᠵᠠᠢ᠃    ᠡᠪᠦᠯ ᠪᠤᠯᠬᠤ ᠠᠴᠠ ᠡᠮᠦᠨ᠎ᠡ᠂ ᠴᠡᠭᠡ ᠪᠣᠭᠤᠮᠲᠠ ᠶᠢᠨ ᠬᠢᠨ ᠤᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠳᠤᠯᠠᠭᠠᠯᠠᠭ᠎ᠠ ᠶᠢᠨ ᠤᠰᠤ ᠠᠷᠢᠭᠤᠳᠬᠠᠭᠤᠷ ᠤᠨ ᠱᠦᠭᠦᠭᠦᠷ ᠤᠨ ᠭᠤᠣᠯ ᠢ ᠨᠢ ᠰᠣᠯᠢᠵᠤ᠂ ᠤᠰᠤ ᠳᠤᠯᠠᠭᠠᠯᠠᠬᠤ ᠬᠤᠭᠤᠯᠠᠢ ᠶᠢ ᠨᠢ ᠴᠡᠪᠡᠷᠯᠡᠨ᠂ ᠤᠰᠤ ᠰᠠᠯᠭᠠᠬᠤ ᠨᠡᠭᠡᠯᠡᠭᠡᠢ ᠶᠢ ᠵᠠᠰᠠᠵᠤ ᠥᠭᠴᠡᠢ᠃ ᠣᠯᠠᠨ ᠲᠦᠮᠡᠨ ᠤ ᠰᠦᠢᠳᠬᠡᠯ ᠲᠤᠰᠢᠶᠠᠬᠤ ᠳᠤ ᠲᠥᠭᠦᠮ ᠦᠵᠡᠭᠦᠯᠭᠦ ᠶᠢᠨ ᠲᠥᠯᠥᠭᠡ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠴᠢᠳᠠᠮᠵᠢ ᠶᠢ ᠰᠢᠨ᠎ᠡ ᠪᠠᠷ ᠨᠡᠭᠡᠭᠡᠨ᠂ ᠳᠤᠯᠠᠭᠠᠯᠠᠭ᠎ᠠ ᠶᠢᠨ ᠰᠦᠢᠳᠬᠡᠯ ᠢ ᠤᠷᠢᠳᠴᠢᠯᠠᠨ ᠲᠤᠰᠢᠶᠠᠬᠤ ᠳᠤ ᠲᠡᠭᠰᠢ ᠳᠥᠷᠪᠡᠯᠵᠢᠨ ᠮᠧᠲᠷ ᠪᠦᠷᠢ ᠶᠢᠨ 1 ᠲᠥᠭᠦᠷᠢᠭ ᠤᠨ ᠬᠠᠷᠠᠭᠠᠯᠵᠠᠯ ᠦᠵᠡᠭᠦᠯᠭᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠡᠳ᠂ ᠠᠰᠢᠭ ᠭᠥᠷᠳᠡᠭᠰᠡᠨ ᠣᠯᠠᠨ ᠲᠦᠮᠡᠨ 210 ᠡᠷᠦᠭᠡ ᠳᠤ ᠬᠦᠷᠴᠡᠢ᠃    ᠡᠨᠡ ᠵᠢᠯ ᠠᠴᠠ ᠨᠠᠭᠠᠰᠢ᠂ ᠴᠡᠭᠡ ᠪᠣᠭᠤᠮᠲᠠ ᠬᠢᠯᠢ ᠬᠢᠵᠠᠭᠠᠷ ᠣᠷᠣᠨ ᠤ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠤᠯᠠᠨ ᠵᠦᠢᠯ ᠤᠨ ᠠᠷᠭ᠎ᠠ ᠵᠠᠮ ᠢᠶᠠᠷ ᠠᠷᠠᠳ ᠤᠨ ᠪᠠᠶᠢᠳᠠᠯ ᠢ ᠴᠤᠭᠯᠠᠭᠤᠯᠵᠤ᠂ ᠠᠷᠠᠳ ᠤᠨ ᠰᠠᠨᠠᠭ᠎ᠠ ᠶᠢ ᠰᠣᠨᠣᠰᠴᠤ᠂ 4 ᠵᠦᠢᠯ ᠤᠨ ᠪᠣᠳᠠᠲᠤ ᠶᠠᠪᠤᠳᠠᠯ ᠢ ᠬᠢᠵᠦ ᠪᠡᠶᠡᠯᠡᠭᠦᠯᠵᠡᠢ᠃ ᠡᠭᠦᠨ ᠤ ᠵᠡᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠰᠠᠨᠠᠯ ᠰᠠᠨᠠᠭᠤᠯᠭ᠎ᠠ ᠶᠢ ᠡᠮᠬᠢᠯᠡᠨ ᠳᠡᠪᠲᠡᠷᠯᠡᠵᠦ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠶ᠎ᠡ︾ ᠪᠠ ︽ᠨᠠᠮ ᠤᠨ ᠭᠡᠰᠢᠭᠦᠨ ᠤ ᠠᠮᠠᠯᠠᠯᠲᠠ ᠪᠠᠨ ᠪᠡᠶᠡᠯᠡᠭᠦᠯᠬᠦ︾ ᠡᠬᠡ ᠳᠠᠩᠰᠠ ᠶᠢ ᠲᠣᠭᠲᠠᠭᠠᠵᠤ᠂ ᠣᠳᠣ ᠨᠢᠭᠡᠨᠲᠡ 11 ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠬᠦᠴᠢᠷᠳᠡᠯ ᠢ ᠠᠩᠬᠠᠷᠤᠨ ᠬᠠᠯᠠᠮᠵᠢᠯᠠᠵᠤ᠂ ᠦᠨᠳᠦᠰᠦᠨ ᠱᠠᠲᠤ᠂ ᠠᠵᠤ ᠠᠬᠤᠶᠢᠯᠠᠯ ᠲᠠᠢ ᠬᠠᠮᠲᠤ ᠪᠠᠷ ᠠᠷᠭ᠎ᠠ ᠪᠤᠳᠤᠵᠤ᠂ ᠬᠠᠮᠲᠤ ᠪᠠᠷ ᠠᠰᠠᠭᠤᠳᠠᠯ ᠢ ᠰᠢᠢᠳᠪᠦᠷᠢᠯᠡᠨ᠂ ᠬᠠᠮᠲᠤ ᠪᠠᠷ ᠬᠥᠭᠵᠢᠯᠲᠡ ᠶᠢ ᠠᠬᠢᠭᠤᠯᠬᠤ ᠶᠢ ᠦᠨᠡᠨᠬᠦ ᠪᠡᠶᠡᠯᠡᠭᠦᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号