ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾ ᠢ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/11/21
    11 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠳᠥᠭᠦᠮᠴᠢᠯᠡᠨ᠎ᠡ︶ ᠳᠤ ᠵᠠᠰᠠᠪᠤᠷᠢ ᠣᠷᠣᠭᠤᠯᠤᠭᠰᠠᠨ ᠲᠤᠬᠠᠢ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠠᠢ᠃     ᠲᠠᠨᠢᠯᠴᠠᠭᠤᠯᠤᠭᠰᠠᠨ ᠢ ᠦᠨᠳᠦᠰᠦᠯᠡᠪᠡᠯ᠂ ︽ᠳᠦᠷᠢᠮ︾ ᠳᠤ ᠭᠤᠣᠯᠳᠠᠭᠤ ᠳᠣᠣᠷᠠᠬᠢ ᠮᠡᠲᠦ ᠶᠢᠨ ᠵᠠᠰᠠᠪᠤᠷᠢ ᠣᠷᠣᠭᠤᠯᠵᠠᠢ᠄  ︽ᠳᠦᠷᠢᠮ︾ ᠤᠨ 42 ᠵᠦᠢᠯ ᠤᠨ 23 ᠵᠦᠢᠯ ᠳᠤᠨᠢ ᠵᠠᠰᠠᠪᠤᠷᠢ ᠣᠷᠣᠭᠤᠯᠵᠤ᠂ 1 ᠵᠦᠢᠯ ᠢ ᠬᠠᠰᠤᠵᠤ᠂ 3 ᠵᠦᠢᠯ ᠢ ᠨᠡᠮᠡᠵᠦ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠨᠢ ᠨᠡᠶᠢᠲᠡ 44 ᠵᠦᠢᠯ ᠪᠣᠯᠵᠠᠢ᠃ ︽ᠳᠦᠷᠢᠮ︾ ᠨᠢ᠂ ᠠᠵᠤ ᠠᠬᠤᠢ ᠶᠢ  ᠬᠥᠭᠵᠢᠭᠦᠯᠵᠦ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠬᠤᠯᠪᠣᠭᠳᠠᠯ ᠪᠦᠬᠦᠢ ᠠᠭᠤᠯᠭ᠎ᠠ ᠶᠢ ᠲᠡᠭᠦᠯᠳᠡᠷᠵᠢᠭᠦᠯᠪᠡ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠬᠢᠭᠡᠳ ᠡᠯ᠎ᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠠᠴᠠ ᠪᠤᠶ ᠪᠣᠯᠤᠭᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠰᠢᠨ᠎ᠡ ᠵᠠᠭᠪᠤᠷ ᠢ ᠳᠡᠮᠵᠢᠵᠦ᠂ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠬᠡᠪᠴᠢᠶᠡᠨ ᠳᠤ ᠣᠷᠣᠭᠤᠯᠵᠤ᠂ ᠣᠯᠠᠨ ᠠᠷᠭ᠎ᠠ ᠵᠠᠮ᠂ ᠣᠯᠠᠨ ᠠᠷᠭ᠎ᠠ ᠭᠡᠯᠪᠡᠷᠢ ᠪᠠᠷ ᠠᠵᠢᠯ ᠤᠨ ᠪᠠᠶᠢᠷᠢ ᠶᠢ ᠨᠡᠮᠡᠭᠳᠡᠭᠦᠯᠤᠨ᠎ᠠ᠃ ︽ᠳᠦᠷᠢᠮ︾ ᠳᠤ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠨᠢᠭᠡ ᠯᠡ ᠤᠳᠠᠭ᠎ᠠ ᠶᠢᠨ ᠴᠢᠨᠠᠷᠲᠠᠢ ᠦᠢᠯᠡᠰ ᠪᠣᠰᠬᠠᠬᠤ ᠨᠥᠬᠦᠪᠦᠷᠢ᠂ ᠠᠵᠢᠯ ᠡᠷᠢᠵᠦ ᠦᠢᠯᠡᠰ ᠪᠣᠰᠬᠠᠬᠤ ᠨᠥᠬᠦᠪᠦᠷᠢ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠨᠥᠬᠦᠪᠦᠷᠢ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠨᠥᠬᠦᠪᠦᠷᠢ ᠵᠡᠷᠭᠡ ᠶᠢ ᠨᠡᠮᠡᠵᠦ᠂ ᠦᠢᠯᠡᠰ ᠪᠣᠰᠬᠠᠬᠤ ᠶᠢ ᠲᠡᠳᠬᠦᠬᠦ ᠶᠢ ᠳᠣᠪᠤᠶᠢᠯᠭᠠᠵᠠᠢ᠃ ᠡᠭᠦᠨ ᠤ ᠵᠡᠷᠭᠡ ᠳᠤ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠠᠳᠠᠯᠢ ᠨᠢᠭᠡ ᠵᠦᠢᠯᠡᠰ ᠲᠤ ᠠᠵᠢᠯ ᠣᠯᠭᠤᠯᠲᠠ ᠶᠢᠨ ᠨᠥᠬᠦᠪᠦᠷᠢ᠂ ᠪᠡᠯᠡ ᠮᠥᠩᠭᠦ ᠶᠢᠨ ᠨᠥᠬᠦᠪᠦᠷᠢ ᠪᠠ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ᠳᠠᠪᠬᠤᠷ ᠬᠦᠷᠲᠡᠵᠦ ᠪᠤᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃ ︽ᠳᠦᠷᠢᠮ︾ ᠳᠤ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠵᠦᠢᠯᠡᠰ ᠢ ᠪᠦᠭᠦᠨ ᠢ ᠬᠢᠷᠢ ᠭᠡᠮ ᠲᠠᠢ ᠠᠵᠢᠯ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠳᠤ ᠴᠢᠯᠦᠭᠡᠲᠡᠢ ᠨᠡᠭᠡᠭᠡᠨ᠎ᠡ ᠭᠡᠵᠦ ᠲᠣᠳᠣᠷᠬᠠᠢ ᠲᠣᠬᠲᠠᠭᠠᠵᠠᠢ᠃ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠤ ᠳᠣᠲᠣᠷᠠᠬᠢ ᠠᠮᠢᠳᠤᠯᠢᠭ ᠢᠶᠠᠷ ᠠᠵᠢᠯ ᠣᠯᠣᠭᠰᠠᠳ ᠬᠤᠪᠢ ᠬᠥᠮᠥᠨ ᠤ ᠬᠢᠷᠢ ᠭᠡᠮ ᠢᠶᠠᠷ ᠢᠶᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠪᠠᠷ ᠭᠤᠶᠤᠴᠢᠯᠠᠵᠤ ᠪᠤᠯᠤᠨ᠎ᠠ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ ᠣᠯᠣᠭᠰᠠᠳ ᠤᠨ ᠠᠵᠢᠯ ᠤᠨ ᠭᠡᠮᠲᠦᠯ ᠤᠨ ᠪᠠᠲᠤᠯᠠᠭ᠎ᠠ ᠳᠤ ᠣᠷᠤᠯᠴᠠᠬᠤ ᠶᠢ ᠲᠡᠮᠵᠢᠵᠦ᠂ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ ᠣᠯᠣᠭᠰᠠᠳ ᠲᠤ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ᠂ ᠬᠥᠯᠥᠰᠦᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠪᠠ᠃     ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾ ᠢ 2023 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号