ᠡᠵᠡᠨ᠎ᠡ ᠬᠤᠰᠢᠭᠤ ᠬᠦᠴᠢᠷ ᠢ ᠰᠢᠢᠳᠪᠦᠷᠢᠯᠡᠵᠦ ᠤᠨᠳᠤᠤ ᠭᠠᠵᠠᠷ ᠲᠤ ᠡᠮᠴᠢᠯᠡᠬᠦᠯᠬᠦ ᠶᠢ ᠨᠡᠩ ᠲᠦᠬᠦᠮ ᠪᠣᠯᠭᠠᠪᠠ
ᠨᠡᠶᠢᠲᠡᠯᠡᠭᠰᠡᠨ ᠴᠠᠭ᠄
2023/11/22
     ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠡᠵᠡᠨ᠎ᠡ ᠬᠤᠰᠢᠭᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠪᠠᠷ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠠᠰᠢᠭ ᠬᠦᠷᠲᠡᠭᠡᠪᠡ᠃ ᠣᠳᠣᠬᠠᠨ ᠪᠣᠯᠲᠠᠯ᠎ᠠ᠂ ᠡᠵᠡᠨ᠎ᠡ ᠬᠤᠰᠢᠭᠤᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ 12458 ᠬᠥᠮᠦᠨ ᠤᠳᠠᠭ᠎ᠠ ᠰᠢᠭᠤᠳ ᠳ᠋ᠦᠩᠨᠡᠨ ᠪᠤᠳᠤᠵᠦ᠂ ᠬᠤᠪᠢ ᠬᠥᠮᠦᠨ 2131 ᠲᠦᠮᠡᠨ ᠲᠥᠭᠦᠷᠢᠭ ᠣᠷᠣᠯᠠᠨ ᠲᠥᠯᠥᠬᠦ ᠶᠢ ᠪᠠᠭᠠᠰᠬᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠤᠨ ᠲᠠᠩᠰᠠ ᠲᠠᠶᠢᠯᠬᠤ ᠬᠤᠭᠤᠴᠠᠭ᠎ᠠ ᠣᠷᠳᠣ᠂ ᠣᠷᠣᠯᠠᠨ ᠥᠭᠭᠦᠭᠰᠡᠨ ᠪᠠᠯᠠ ᠮᠥᠩᠭᠦ ᠶᠡᠭᠡ᠂ ᠨᠠᠰᠢ ᠴᠠᠰᠢ ᠶᠠᠪᠤᠵᠤ ᠢᠷᠡᠵᠦ ᠣᠴᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ᠨᠢᠭᠡ ᠳᠤ ᠳ᠋ᠦᠩᠨᠡᠨ ᠪᠣᠳᠣᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠯ᠎ᠡ ᠨᠢᠭᠡᠳᠦᠯᠲᠡᠶ ᠲᠥᠯᠥᠪᠯᠡᠬᠦ ᠣᠷᠣᠨ ᠪᠣᠯᠤᠨ ᠨᠢᠩᠰᠢᠶᠠ ᠶᠢᠨ ᠣᠨᠳᠣᠤ ᠭᠠᠵᠠᠷ ᠡᠮᠨᠡᠬᠦᠯᠬᠦ  ᠪᠠᠷ ᠳᠠᠩᠰᠠᠯᠠᠭᠤᠯᠬᠤ ᠶᠢ ᠬᠦᠴᠦᠨ ᠦᠭᠡᠶ ᠪᠣᠯᠭᠠᠭᠰᠠᠨ ᠰᠠᠭᠤᠷᠢᠨ ᠳᠡᠭᠡᠷ᠎ᠡ᠂ ᠪᠦᠬᠦ ᠤᠯᠤᠰ ᠤᠨ ᠪᠤᠰᠤᠳ ᠮᠤᠵᠢ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ ᠣᠨᠳᠣᠤ ᠭᠠᠵᠠᠷ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠣᠳᠣᠬᠤ ᠶᠢ ᠪᠡᠶᠡᠯᠡᠬᠦᠯᠪᠡ᠃ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠬᠡᠪᠴᠢᠶ᠎ᠡ ᠶᠢ ᠡᠮᠨᠡᠯᠭᠡ ᠳᠤ ᠰᠠᠭᠤᠭᠰᠠᠨ ᠵᠠᠷᠤᠳᠠᠯ ᠠᠴᠠ ᠡᠩ ᠤᠨ ᠡᠭᠦᠳᠡᠨ ᠡᠮᠨᠡᠯᠭᠡ᠂ ᠣᠵᠢᠭ ᠡᠪᠡᠳᠴᠢᠨ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ᠂ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠥᠬᠡᠶ ᠭᠠᠳᠠᠷ ᠰᠢᠷᠬ᠎ᠠ ᠵᠡᠷᠭᠡ ᠬᠠᠮᠢᠶ᠎ᠠ ᠪᠥᠬᠦᠶ ᠡᠮᠴᠢᠯᠡᠭᠡᠨ ᠤ ᠵᠠᠷᠤᠳᠠᠯ ᠬᠦᠷᠲᠡᠯ᠎ᠡ ᠥᠷᠭᠡᠳᠬᠡᠵᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠵᠠᠷᠤᠳᠠᠯ ᠤᠨ ︽ᠨᠢᠭᠡ ᠯᠡ ᠭᠠᠵᠠᠷ ᠲᠤ ᠳ᠋ᠦᠩᠨᠡᠨ ᠪᠤᠳᠤᠬᠤ︾ ᠶᠢ ᠪᠡᠶᠡᠯᠡᠬᠦᠯᠪᠡ᠃ ᠮᠤᠵᠢ ᠠᠯᠤᠰᠯᠠᠨ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠭᠰᠠᠳ ᠢ ᠲᠦᠷᠭᠡᠨ ᠡᠮᠴᠢᠯᠡᠭᠦᠯᠵᠦ ᠡᠮᠨᠡᠭᠦᠯᠦᠭᠰᠡᠨ ᠪᠠᠶᠢᠳᠠᠯ ᠢ ᠬᠠᠮᠲᠤ ᠳᠤᠨᠢ ᠳᠡᠩᠰᠡᠯᠡᠵᠦ᠂ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠣᠰᠣᠭᠠᠷ ᠰᠢᠭᠤᠳ ᠳ᠋ᠦᠩᠨᠡᠨ ᠪᠣᠳᠣᠪᠠ᠃ ᠣᠳᠣᠬᠠᠨ ᠳᠤ᠂ ᠬᠤᠰᠢᠭᠤᠨ ᠤ ᠬᠡᠪᠴᠢᠶᠡᠨ ᠳᠤ ᠮᠤᠵᠢ ᠠᠯᠤᠰᠯᠠᠨ ᠰᠦᠯᠵᠢᠶᠡᠵᠢᠭᠰᠡᠨ ᠴᠡᠭ ᠪᠥᠬᠦᠶ ᠡᠮ ᠡᠮᠨᠡᠯᠭᠡ ᠶᠢᠨ ᠪᠠᠶᠢᠭᠤᠯᠤᠮᠵᠢ ᠶᠢ 21 ᠨᠡᠭᠡᠭᠡᠵᠦ᠂ ᠡᠭᠦᠨ ᠳᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ 2᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ 19 ᠪᠠᠶᠢᠵᠤ᠂ ᠣᠨᠳᠣᠤ ᠭᠠᠵᠠᠷ ᠠᠴᠠ ᠡᠵᠡᠨ᠎ᠡ ᠬᠤᠰᠢᠭᠤᠨ ᠳᠤ ᠢᠷᠡᠵᠦ ᠡᠪᠡᠳᠴᠢᠨ ᠦᠵᠡᠭᠦᠯᠵᠦ ᠡᠮ ᠬᠤᠳᠠᠯᠳᠤᠨ ᠠᠪᠤᠭᠰᠠᠨ ᠰᠢᠭᠤᠳ ᠳ᠋ᠦᠩᠨᠡᠨ ᠪᠤᠳᠤᠯᠲᠠ 4237 ᠬᠥᠮᠦᠨ ᠤᠳᠠᠭ᠎ᠠ ᠪᠠᠶᠢᠵᠤ᠂ ᠬᠤᠪᠢ ᠬᠥᠮᠦᠨ ᠤ 15.18 ᠲᠦᠮᠡᠨ ᠲᠥᠭᠦᠷᠢᠭ ᠣᠷᠣᠯᠠᠨ ᠲᠥᠯᠥᠬᠦ ᠶᠢ ᠪᠠᠭᠠᠰᠬᠠᠪᠠ᠃ ᠬᠤᠶᠠᠷ ᠲᠤ᠂ ᠳᠠᠩᠰᠠᠯᠠᠭᠤᠯᠬᠤ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠳᠤ ᠬᠡᠷᠡᠭᠰᠡᠬᠦ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠵᠤ᠂ ᠥᠪᠡᠰᠦᠪᠡᠨ ᠦᠢᠯᠡᠴᠢᠯᠡᠬᠦ ᠠᠮᠠᠯᠠᠯᠲᠠ ᠶᠢᠨ ᠲᠦᠷᠢᠮ ᠢ ᠬᠡᠷᠡᠭᠵᠢᠬᠦᠯᠪᠡ᠃ ᠰᠦᠯᠵᠢᠶᠡᠨ ᠳᠡᠭᠡᠷ᠎ᠡ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠬᠡᠨ ᠤ ᠲᠠᠪᠴᠠᠩ ᠤᠨ APP᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠸᠢᠴᠠᠲ ᠵᠡᠷᠭᠡ ᠲᠠᠪᠴᠠᠩ ᠳᠤ ᠲᠦᠰᠢᠭᠯᠡᠨ ᠭᠡᠷᠡᠴᠢᠯᠡᠬᠦ ᠥᠬᠡᠶ ᠮᠠᠲ᠋ᠧᠷᠢᠶᠠᠯ ᠢ ᠥᠪᠡᠰᠦᠪᠡᠨ ᠳᠡᠩᠰᠡᠯᠡᠵᠦ᠂ ᠡᠮᠨᠡᠯᠭᠡ ᠠᠴᠠ ᠭᠠᠷᠬᠤ ᠠᠴᠠ ᠡᠮᠦᠨ᠎ᠡ ᠴᠠᠭ ᠲᠤᠬᠠᠶ ᠳᠤᠨᠢ ᠭᠤᠶᠤᠴᠢᠯᠠᠵᠤ᠂ ᠡᠮ ᠡᠮᠨᠡᠯᠭᠡ ᠶᠢᠨ ᠵᠠᠷᠤᠳᠠᠯ ᠢ ᠴᠠᠭ ᠲᠤᠬᠠᠶ ᠳᠤᠨᠢ ᠳ᠋ᠦᠩᠨᠡᠨ ᠪᠣᠳᠣᠪᠠ᠃ ᠰᠦᠯᠵᠢᠶᠡᠨ ᠭᠠᠳᠠᠨ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠭᠠᠴᠠᠭ᠎ᠠ᠂ ᠨᠡᠶᠢᠭᠡᠮ ᠲᠣᠭᠤᠷᠢᠭ ᠭᠤᠷᠪᠠᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠬᠤ ᠵᠡᠷᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠳᠤ ᠪᠠᠭᠤᠯᠭᠠᠵᠤ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ︾ ᠶᠢ ᠪᠠᠶᠢᠭᠤᠯᠤᠨ᠂ ᠣᠯᠠᠨ ᠭᠠᠵᠠᠷ ᠲᠤ ᠭᠦᠢᠴᠡᠳᠭᠡᠵᠦ ᠪᠣᠯᠬᠤ᠂ ᠣᠶᠢᠷ᠎ᠠ ᠬᠠᠪᠢ ᠳᠠᠭᠠᠨ ᠲᠦᠷᠭᠡᠨ ᠭᠦᠢᠴᠡᠳᠭᠡᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠴᠠᠭ ᠢ ᠤᠷᠲᠤᠳᠬᠠᠨ ᠭᠦᠢᠴᠡᠳᠬᠡᠬᠦ᠂ ᠬᠠᠪᠰᠤᠷᠤᠨ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠵᠦ᠂ ᠨᠠᠰᠤᠲᠠᠶᠢᠴᠤᠳ ᠵᠡᠷᠭᠡ ᠬᠥᠮᠦᠰ ᠤᠨ ᠰᠦᠯᠵᠢᠶᠡᠨ ᠭᠠᠳᠠᠨ᠎ᠠ ᠭᠦᠢᠴᠡᠳᠬᠡᠬᠦ ᠳᠤ ᠲᠥᠬᠦᠮ ᠦᠵᠡᠬᠦᠯᠪᠡ᠃     ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤ ᠣᠨᠳᠣᠤ ᠭᠠᠵᠠᠷ ᠲᠤ ᠡᠮᠴᠢᠯᠡᠭᠦᠯᠵᠦ ᠡᠮ ᠬᠤᠳᠠᠯᠳᠤᠨ ᠠᠪᠬᠤ ᠳᠤ ᠰᠢᠭᠤᠳ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠭᠦᠳᠡᠨ ᠡᠮᠨᠡᠯᠭᠡ ᠶᠢᠨ ᠤᠵᠢᠭ ᠡᠪᠡᠳᠴᠢᠨ ᠢ ᠣᠨᠳᠣᠤ ᠭᠠᠵᠠᠷ ᠲᠤ ᠰᠢᠭᠤᠳ ᠳ᠋ᠦᠩᠨᠡᠨ ᠪᠤᠳᠤᠬᠤ ᠡᠪᠡᠳᠴᠢᠨ ᠤ ᠲᠥᠷᠥᠯ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠭᠠᠷᠲᠠᠨ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡ ᠬᠠᠩᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号