︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ  ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/11/22
    ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠦᠵᠡᠭᠦᠯᠭᠦ ᠬᠥᠲᠥᠯᠥᠨ ᠳᠠᠭᠠᠭᠤᠯᠬᠤ ᠦᠢᠯᠡᠳᠦᠯ ᠪᠠ ᠱᠠᠯᠠᠪᠳᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾  ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃     ᠲᠣᠰ ︽ᠠᠷᠭ᠎ᠠ︾ ᠪᠣᠯ 2021 ᠣᠨ ᠤ 7 ᠰᠠᠷ᠎ᠠ ᠳᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠤᠭᠰᠠᠨ ᠬᠡᠷᠡᠭᠵᠢᠭᠦᠯᠬᠦ ᠠᠷᠭ᠎ᠠ ᠪᠠᠶᠢᠵᠤ᠂ ᠶᠡᠷᠦᠩᠬᠡᠢ ᠳᠦᠷᠢᠮ᠂ ᠦᠨᠡᠯᠡᠨ ᠵᠢᠱᠢᠬᠦ ᠡᠲᠡᠭᠡᠳ ᠪᠠ ᠠᠭᠤᠯᠭ᠎ᠠ᠂ ᠦᠨᠡᠯᠡᠨ ᠵᠢᠱᠢᠬᠦ ᠠᠷᠭ᠎ᠠ᠂ ᠦᠷ᠎ᠡ ᠳ᠋ᠦᠩ ᠢ ᠠᠰᠢᠭᠯᠠᠨ ᠬᠡᠷᠡᠭᠯᠡᠬᠦ᠂ ᠬᠡᠷᠡᠭᠵᠢᠭᠦᠯᠬᠦ ᠪᠠᠲᠤᠯᠠᠭ᠎ᠠ ᠬᠢᠭᠡᠳ ᠳᠠᠭᠠᠯᠳᠤᠭᠤᠯᠤᠭᠰᠠᠨ ᠳᠦᠷᠢᠮ ᠵᠡᠷᠭᠡ 6 ᠪᠦᠯᠦᠭ 25 ᠵᠦᠢᠯ ᠤᠨ ᠠᠭᠤᠯᠭ᠎ᠠ ᠲᠠᠢ᠃ ᠵᠠᠰᠠᠪᠤᠷᠢ ᠣᠷᠣᠭᠤᠯᠤᠭᠰᠠᠨ ᠠᠭᠤᠯᠭ᠎ᠠ ᠳᠤ ᠭᠤᠣᠯᠳᠠᠭᠤ ᠳᠣᠣᠷᠠᠬᠢ ᠳᠦᠷᠪᠡᠨ ᠲᠠᠯ᠎ᠠ ᠪᠠᠭᠲᠠᠨ᠎ᠠ᠄ ᠦᠨᠡᠯᠡᠬᠦ ᠵᠢᠱᠢᠬᠦ ᠬᠡᠪᠴᠢᠶ᠎ᠡ ᠶᠢᠨ ᠬᠤᠪᠢ ᠳᠤ᠂ ᠤᠤᠯ ᠨᠢ ᠡᠯ᠎ᠡ ᠠᠶᠢᠮᠠᠭ ᠬᠤᠳᠠ ᠠᠴᠠ ᠬᠡᠰᠡᠭ ᠬᠤᠰᠢᠭᠤ ᠰᠢᠶᠠᠨ ︵ᠬᠤᠳᠠ᠂ ᠲᠣᠭᠤᠷᠢᠭ︶ ᠢ ᠰᠣᠩᠭᠤᠨ ᠦᠨᠡᠯᠡᠨ ᠵᠢᠱᠢᠵᠦ ᠪᠠᠶᠢᠭᠰᠠᠨ ᠢ ᠪᠦᠭᠦ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠢ ᠴᠥᠮ ᠦᠨᠡᠯᠡᠨ ᠵᠢᠱᠢᠬᠦ ᠪᠤᠯᠭᠠᠪᠠ᠃ ᠬᠠᠨᠤᠮᠵᠢ ᠶᠢᠨ ᠬᠡᠮᠵᠢᠶ᠎ᠡ ᠶᠢᠨ ᠡᠵᠡᠯᠡᠬᠦᠨ ᠤ ᠬᠤᠪᠢ ᠳᠤ᠂ ᠤᠤᠯ ᠨᠢ 20% ᠭᠡᠵᠦ ᠪᠠᠶᠢᠭᠰᠠᠨ ᠢ 30% ᠭᠡᠵᠦ ᠬᠤᠪᠢᠷᠠᠭᠤᠯᠤᠨ᠂ ᠬᠠᠨᠤᠮᠵᠢ ᠶᠢᠨ ᠬᠡᠮᠵᠢᠶ᠎ᠡ ᠶᠢᠨ ᠡᠵᠡᠯᠡᠬᠦᠨ ᠢ ᠡᠴᠦᠰ ᠤᠨ ᠬᠤᠪᠢ ᠣᠯᠭᠤᠯᠲᠠ ᠳᠤ ᠤᠷᠤᠭᠤᠯᠬᠤ ᠶᠢ ᠳᠤᠳᠤᠷᠬᠠᠶᠢᠯᠠᠪᠠ᠃ ᠲᠤᠭ᠎ᠠ ᠪᠠᠷᠢᠮᠲᠠ ᠶᠢᠨ ᠬᠤᠪᠢ ᠳᠤ᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠤᠯᠪᠣᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠠᠯᠢ ᠴᠢᠳᠠᠬᠤ ᠪᠠᠷ ᠲᠣᠭᠠᠴᠢᠯᠠᠭᠰᠠᠨ ᠠᠷᠭ᠎ᠠ ᠪᠠᠷᠢᠯ ᠢᠶᠠᠷ ᠬᠠᠮᠲᠤ ᠪᠠᠷ ᠡᠳ᠋ᠯᠡᠬᠦ ᠶᠢ ᠠᠬᠢᠭᠤᠯᠤᠨ᠂ ᠣᠷᠣᠨ ᠨᠤᠲᠤᠭ ᠤᠨ ᠲᠤᠭ᠎ᠠ ᠪᠠᠷᠢᠮᠲᠠ ᠲᠠᠭᠯᠠᠨ ᠮᠡᠳᠡᠭᠦᠯᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ ᠭᠡᠵᠦ ᠳᠤᠳᠤᠷᠬᠠᠶᠢᠯᠠᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠳᠤ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ︾ ᠪᠣᠯᠣᠨ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ ᠣᠯᠭᠤᠬᠤ ᠪᠤᠳᠤᠬᠤ ᠲᠣᠮᠢᠶ᠎ᠠ︾ ᠳᠠᠭᠠᠯᠳᠤᠭᠤᠯᠬᠤ ᠪᠠᠨ ᠪᠣᠯᠢᠪᠠ᠃ ᠡᠨᠡ ᠨᠢ ᠨᠢᠭᠡ ᠲᠠᠯ᠎ᠠ ᠪᠠᠷ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠰᠢᠰᠲ᠋ᠧᠮ︾ ᠨᠢ ᠤᠯᠤᠰ ᠤᠨ ᠭᠦᠢᠴᠡᠳᠬᠡᠯ ᠲᠣᠭᠠᠨ ᠤ ᠰᠢᠰᠲ᠋ᠧᠮ ᠢ ᠵᠢᠷᠤᠮᠯᠠᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠬᠡᠷᠡᠭᠴᠡᠭᠡ ᠠᠴᠠ ᠪᠣᠯᠵᠤ᠂ ᠨᠦᠭᠦᠭᠡ ᠲᠠᠯ᠎ᠠ ᠪᠠᠷ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠨᠡᠯᠡᠨ ᠵᠢᠱᠢᠬᠦ  ᠳᠤ ᠬᠤᠰᠢᠭᠤᠴᠢ ᠯᠤᠭ᠎ᠠ ᠶᠢᠨ ᠵᠥᠷᠢᠶ᠎ᠡ ᠶᠢᠨ ᠠᠷᠭ᠎ᠠ ᠶᠢ ᠬᠡᠷᠡᠭᠯᠡᠬᠦ ᠶᠢ ︽ᠠᠷᠭ᠎ᠠ︾ ᠶᠢᠨ ᠠᠷᠪᠠᠨ ᠭᠤᠷᠪᠠᠳᠤᠭᠠᠷ ᠵᠦᠢᠯ ᠳᠤ ᠲᠣᠳᠣᠷᠬᠠᠢ ᠲᠣᠭᠲᠠᠭᠠᠭᠰᠠᠨ ᠳᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号