ᠠᠯᠠᠱᠠ ᠪᠠᠷᠠᠭᠤᠨ ᠬᠤᠰᠢᠭᠤ ᠬᠦᠴᠢᠷᠳᠡᠯᠲᠡᠢ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/11/23
    ᠣᠶᠢᠷ᠎ᠠ ᠶᠢᠨ ᠡᠳᠦᠷ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠦᠴᠢᠷᠳᠡᠯᠲᠡᠢ ᠤᠯᠠᠨ ᠲᠦᠮᠡᠨ ᠤ ᠳᠤᠯᠠᠭᠠᠯᠠᠭ᠎ᠠ ᠶᠢᠨ ᠰᠦᠢᠳᠬᠡᠯ ᠢ ᠴᠠᠭ ᠲᠤᠬᠠᠢ ᠳᠤᠨᠢ ᠬᠠᠰᠤᠵᠤ ᠬᠡᠯᠲᠦᠷᠢᠭᠦᠯᠬᠦ  ᠶᠢ ᠵᠣᠬᠢᠴᠠᠭᠤᠯᠤᠨ᠂ ᠳᠤᠯᠠᠭᠠᠯᠠᠭ᠎ᠠ  ᠶᠢᠨ ᠨᠥᠬᠦᠪᠦᠷᠢ  ᠪᠣᠯᠣᠨ ᠳᠤᠯᠠᠭᠠᠯᠠᠭ᠎ᠠ  ᠶᠢᠨ ᠡᠳ᠋ ᠪᠣᠳᠠᠰ ᠢ ᠲᠦᠭᠡᠭᠡᠵᠦ᠂ ᠬᠦᠴᠢᠷᠳᠡᠯᠲᠡᠢ ᠤᠯᠠᠨ ᠲᠦᠮᠡᠨ  ᠤ ᠳᠤᠯᠠᠭᠠᠨ ᠪᠦᠯᠢᠶᠡᠨ ᠡᠪᠦᠯᠵᠢᠬᠦ  ᠶᠢ ᠪᠠᠲᠤᠯᠠᠵᠤ ᠪᠠᠶᠢᠨ᠎ᠠ᠃     ᠠᠯᠠᠱᠠ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠶᠢᠲᠡ 36 ᠡᠷᠦᠭᠡ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠴᠢ᠂ 4 ᠡᠷᠦᠭᠡ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠲᠤᠰᠢᠶᠠᠬᠤ ᠶᠣᠰᠣᠲᠠᠢ ᠳᠤᠯᠠᠭᠠᠯᠠᠭ᠎ᠠ ᠶᠢᠨ ᠰᠦᠢᠳᠬᠡᠯ ᠤᠨ 50% ᠶᠢ ᠬᠠᠰᠤᠨ ᠬᠡᠯᠲᠦᠷᠢᠭᠦᠯᠵᠦ᠂ ᠨᠡᠶᠢᠳᠡ ᠪᠠᠷᠤᠭ 2.5 ᠲᠦᠮᠡᠨ ᠲᠥᠭᠦᠷᠢᠭ ᠬᠠᠰᠤᠨ ᠬᠡᠯᠲᠦᠷᠢᠭᠦᠯᠵᠡᠢ᠃ 68 ᠡᠷᠦᠭᠡ ᠶᠢᠨ 91 ᠬᠥᠮᠥᠨ ᠳᠤ 7.87 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠨᠥᠬᠦᠪᠦᠷᠢ ᠮᠥᠩᠭᠦ ᠣᠯᠭᠤᠵᠤ᠂ ᠡᠭᠦᠨ ᠳᠤ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠴᠢ 58 ᠡᠷᠦᠭᠡ ᠶᠢᠨ 81 ᠬᠥᠮᠥᠨ ᠳᠤ 6.7 ᠲᠦᠮᠡᠨ ᠲᠥᠭᠦᠷᠢᠭ ᠤᠨ ᠪᠡᠯᠡ ᠮᠥᠩᠭᠦ ᠣᠯᠭᠤᠪᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠴᠢ 3 ᠡᠷᠦᠭᠡ ᠶᠢᠨ 3 ᠬᠥᠮᠥᠨ ᠳᠤ 0.33 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠠᠢ᠃ 7 ᠡᠷᠦᠭᠡ ᠶᠢᠨ 7 ᠣᠨᠴᠠ ᠬᠦᠴᠢᠷᠳᠡᠯᠲᠡᠢ ᠬᠥᠮᠥᠨ ᠳᠤ ᠨᠡᠶᠢᠳᠡ 0.84 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠵᠠᠢ᠃ ᠨᠡᠭᠦᠷᠡᠰᠦ ᠰᠢᠲᠠᠭᠠᠵᠤ ᠳᠤᠯᠠᠭᠠᠯᠠᠬᠤ ᠳᠤ ᠬᠦᠴᠢᠷᠲᠡᠢ ᠪᠠᠶᠢᠬᠤ 23 ᠡᠷᠦᠭᠡ ᠳᠤ ᠡᠷᠦᠭᠡ ᠪᠦᠷᠢ ᠶᠢᠨ 2 ᠲᠣᠨ ᠨᠡᠭᠦᠷᠡᠰᠦ ᠬᠠᠩᠭᠠᠵᠠᠢ᠃ ᠣᠳᠣᠬᠠᠨ ᠳᠤ ᠳᠤᠯᠠᠭᠠᠯᠠᠭ᠎ᠠ ᠶᠢᠨ ᠨᠥᠬᠦᠪᠦᠷᠢ ᠪᠣᠯᠣᠨ ᠳᠤᠯᠠᠭᠠᠯᠠᠭ᠎ᠠ ᠶᠢᠨ ᠡᠳ᠋ ᠪᠣᠳᠠᠰ ᠪᠦᠭᠦᠨ ᠢ ᠲᠦᠭᠡᠭᠡᠵᠦ ᠥᠭᠭᠦᠭᠰᠡᠨ ᠪᠠᠶᠢᠨ᠎ᠠ᠃     ᠳᠤᠰ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠦᠴᠢᠷᠳᠡᠯᠲᠡᠢ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠵᠦᠢᠯ ᠢ ᠴᠠᠭ ᠲᠤᠬᠠᠢ  ᠳᠤᠨᠢ ᠰᠢᠢᠳᠪᠦᠷᠢᠯᠡᠬᠦ ᠶᠢ ᠪᠠᠷᠢᠮᠲᠠᠯᠠᠨ᠂ ᠬᠦᠴᠢᠷᠳᠡᠯᠲᠡᠢ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠥᠪᠡᠷ ᠪᠡᠶ᠎ᠡ ᠶᠢᠨ ᠪᠠᠶᠢᠭᠤᠯᠤᠯᠲᠠ ᠶᠢᠨ ︽ᠬᠡᠮᠵᠢᠭᠦᠷ︾ ᠢᠶᠠᠨ ᠪᠤᠯᠭᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ᠂ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ ᠨᠡᠮᠡᠭᠳᠡᠭᠦᠯᠬᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ᠂ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠪᠣᠳᠠᠲᠠᠢ ᠭᠦᠨᠵᠡᠭᠡᠢ ᠨᠠᠷᠢᠯᠢᠭ ᠬᠢᠵᠦ᠂ ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号