ᠮᠠᠽᠦ᠋ᠩᠱᠠᠨ ᠰᠤᠮᠤ ᠬᠦᠴᠦ ᠪᠠᠨ ᠬᠠᠮᠲᠤᠳᠬᠠᠨ ᠭᠠᠩ ᠬᠠᠭᠰᠠᠷᠠᠭᠠᠨ ᠲᠠᠢ ᠲᠡᠮᠡᠴᠡᠵᠦ ᠪᠠᠶᠢᠨ᠎ᠠ
ᠨᠡᠶᠢᠲᠡᠯᠡᠭᠰᠡᠨ ᠴᠠᠭ᠄
2023/11/24
   ᠣᠶᠢᠷ᠎ᠠ ᠳᠤ᠂ ᠮᠠᠽᠦ᠋ᠩᠱᠠᠨ ᠰᠤᠮᠤ ᠡᠪᠦᠯ ᠣᠷᠣᠭᠰᠠᠨ ᠠᠴᠠ ᠨᠠᠭᠠᠰᠢᠬᠢ ᠠᠩᠬᠠᠨ ᠤ ᠴᠠᠰᠤ ᠣᠷᠣᠭᠰᠠᠨ ᠠᠰᠢᠭᠲᠠᠢ ᠲᠣᠭᠢᠶᠠᠯ ᠢ ᠠᠮᠵᠢᠵᠤ᠂ ᠬᠥᠮᠥᠨ ᠤ ᠬᠦᠴᠦ ᠪᠠᠷ ᠴᠠᠰᠤ ᠨᠡᠮᠡᠭᠳᠡᠭᠦᠯᠬᠦ ᠠᠵᠢᠯ ᠢ ᠬᠢᠵᠦ᠂ ᠡᠪᠡᠰᠦ ᠪᠡᠯᠴᠢᠭᠡᠷ ᠤᠨ ᠴᠢᠭᠢᠭ ᠢ ᠬᠠᠮᠠᠭᠠᠯᠠᠬᠤ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠠᠬᠢᠭᠤᠯᠵᠤ ᠪᠠᠶᠢᠨ᠎ᠠ᠃    ᠴᠠᠰᠤ ᠣᠷᠣᠵᠤ ᠳᠤᠯᠠᠭᠠᠨ ᠤ ᠬᠡᠮᠵᠢᠶ᠎ᠡ ᠪᠠᠭᠤᠷᠠᠨ ᠮᠠᠯ ᠠᠵᠤ ᠠᠬᠤᠢ ᠶᠢ ᠨᠥᠯᠥᠭᠡᠯᠡᠭᠰᠡᠨ ᠳᠤ᠂ ᠮᠠᠽᠦ᠋ᠩᠱᠠᠨ ᠰᠤᠮᠤᠨ ᠤ ᠺᠠᠳ᠋ᠷ ᠠᠵᠢᠯᠲᠠᠳ ᠮᠠᠯᠴᠢᠨ ᠤ ᠭᠡᠷ ᠲᠤ ᠭᠦᠨᠵᠡᠭᠡᠶᠢᠷᠡᠨ ᠴᠠᠰᠤᠨ ᠤ ᠪᠠᠶᠢᠳᠠᠯ ᠢ ᠪᠠᠶᠢᠴᠠᠭᠠᠨ ᠦᠵᠡᠵᠦ᠂ ᠮᠠᠯ ᠰᠦᠷᠦᠭ ᠤᠨ ᠡᠪᠦᠯᠵᠢᠵᠦ ᠪᠠᠶᠢᠭ᠎ᠠ ᠪᠠᠶᠢᠳᠠᠯ ᠢ ᠣᠶᠢᠯᠠᠭᠠᠵᠠᠢ᠃ ᠮᠠᠽᠦ᠋ᠩᠱᠠᠨ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠡᠷᠳᠡᠨᠢᠴᠢᠮᠡᠭ᠄ ︽ᠴᠠᠰᠤ ᠣᠷᠣᠭᠰᠠᠨ ᠤ ᠳᠠᠷᠠᠭ᠎ᠠ ᠪᠢᠳᠡ ᠰᠤᠮᠤ ᠶᠢᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠵᠤ᠂ 24 ᠴᠠᠭ ᠤᠨ ᠮᠡᠳᠡᠭᠡ ᠬᠤᠯᠪᠤᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠭᠠᠴᠠᠭᠠᠨ ᠤ ᠤᠳᠤᠷᠢᠳᠤᠯᠭ᠎ᠠ ᠲᠠᠢ ᠨᠢᠭᠲᠠ ᠬᠠᠷᠢᠯᠴᠠᠵᠤ᠂ ᠭᠠᠴᠠᠭᠠᠨ ᠤ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠰᠡᠷᠡᠮᠵᠢᠯᠡᠭᠦᠯᠭᠦ ᠮᠡᠳᠡᠭᠡ ᠵᠠᠩᠭᠢ ᠪᠣᠯᠣᠨ ᠠᠷᠭᠠᠴᠠᠬᠤ ᠠᠷᠭ᠎ᠠ ᠬᠡᠮᠵᠢᠶ᠎ᠡ ᠶᠢ ᠨᠡᠶᠢᠲᠡᠯᠡᠬᠦ ᠶᠢᠨ ᠬᠠᠮᠲᠤ ᠴᠠᠭᠢᠯᠭᠠᠨ ᠬᠡᠯᠬᠢᠶ᠎ᠡ᠂ ᠭᠠᠯ ᠤᠨ ᠡᠬᠢ ᠰᠤᠷᠪᠤᠯᠵᠢ ᠶᠢᠨ ᠳᠠᠯᠳᠠ ᠭᠡᠮ ᠢ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠬᠦ ᠲᠤᠬᠠᠢ ᠮᠠᠯᠴᠢᠨ ᠲᠦᠮᠡᠨ ᠳᠤ ᠰᠠᠨᠠᠭᠤᠯᠤᠭᠰᠠᠨ ᠪᠠᠶᠢᠨ᠎ᠠ︾ ᠭᠡᠪᠡ᠃    ᠭᠠᠩ ᠬᠠᠭᠰᠠᠷᠠᠭᠠᠨ ᠤ ᠨᠥᠯᠥᠭᠡ ᠠᠴᠠ ᠪᠣᠯᠵᠤ᠂ ᠮᠠᠯᠵᠢᠬᠤ ᠣᠷᠣᠨ ᠤ ᠡᠪᠡᠰᠦᠨ ᠤ ᠤᠨᠠᠯᠲᠠ ᠪᠠᠭᠤᠷᠠᠵᠤ᠂ ᠮᠠᠯ ᠤᠨᠤᠭ᠎ᠠ ᠶᠢᠨ ︽ᠬᠦᠨᠡᠰᠦᠨ ᠠᠮᠤ︾ ᠬᠤᠮᠰᠠᠳᠠᠭᠰᠠᠨ ᠳᠤ᠂ ᠮᠠᠽᠦ᠋ᠩᠱᠠᠨ ᠰᠤᠮᠤ ᠭᠠᠩ ᠬᠠᠭᠰᠠᠷᠠᠭᠠᠨ ᠲᠠᠢ ᠲᠡᠮᠡᠴᠡᠬᠦ ᠨᠥᠭᠡᠴᠡᠯᠡᠭᠰᠡᠨ ᠪᠣᠷᠳᠤᠭ᠎ᠠ ᠶᠢ ᠨᠡᠭᠡᠭᠡᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠴᠡᠷᠢᠭ ᠠᠩᠭᠢ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠨᠠᠮ ᠤᠨ ᠰᠦᠢᠳᠬᠡᠯ ᠢ ᠰᠢᠯᠵᠢᠭᠦᠯᠦᠨ ᠥᠭᠭᠦᠭᠰᠡᠨ ᠵᠢᠴᠢ ᠮᠠᠯᠴᠢᠳ ᠤᠨ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ ᠪᠠᠷ ᠡᠪᠡᠰᠦ ᠪᠣᠷᠳᠤᠭ᠎ᠠ ᠬᠤᠳᠠᠯᠳᠤᠨ ᠠᠪᠴᠤ᠂ ᠭᠠᠴᠠᠭᠠᠨ ᠤ ᠮᠠᠯᠴᠢᠳ ᠤᠨ ᠪᠠᠴᠢᠮ ᠲᠤᠯᠭᠠᠮ᠎ᠠ ᠠᠰᠠᠭᠤᠳᠠᠯ ᠢ ᠰᠢᠢᠳᠪᠦᠷᠢᠯᠡᠵᠡᠢ᠃ ᠰᠤᠬᠠᠶᠢᠪᠤᠯᠠᠭ ᠭᠠᠴᠠᠭ᠎ᠠ ᠶᠢᠨ ᠮᠠᠯᠴᠢᠨ ᠶᠦᠩ ᠬᠤᠩ᠄ ︽ᠡᠨᠡ ᠵᠢᠯ ᠭᠠᠩᠳᠠᠵᠤ᠂ ᠪᠡᠯᠴᠢᠭᠡᠷ ᠰᠡᠶᠢᠷᠡᠭᠵᠢᠨ᠂ ᠡᠪᠡᠰᠦ ᠪᠣᠷᠳᠤᠭ᠎ᠠ ᠶᠡᠬᠡᠪᠡᠷ ᠳᠤᠲᠠᠭᠳᠠᠪᠠ᠃ ᠵᠠᠰᠠᠭ ᠤᠨ ᠣᠷᠳᠣᠨ ᠠᠴᠠ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠭᠠᠩ ᠢ ᠡᠰᠡᠷᠭᠦᠴᠡᠬᠦ ᠲᠡᠵᠢᠭᠡᠯ ᠪᠣᠷᠳᠤᠭ᠎ᠠ ᠲᠦᠭᠡᠭᠡᠵᠦ᠂ ᠪᠢᠳᠡᠨ ᠤ ᠬᠦᠴᠢᠷᠳᠡᠯ ᠢ ᠰᠢᠢᠳᠪᠦᠷᠢᠯᠡᠵᠦ ᠥᠭᠴᠡᠢ︾ ᠭᠡᠵᠦ ᠲᠠᠯᠠᠷᠬᠠᠨ ᠶᠠᠷᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号