ᠪᠦᠬᠡ᠄ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠠᠩ ᠡᠷᠴᠢᠮᠳᠡᠢ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/11/27
      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠬᠡᠷᠬᠢᠨ  ᠠᠬᠢᠭᠤᠯᠬᠤ ᠳᠣᠬᠠᠢ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ᠂ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠪᠦᠬᠡ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃       ᠴᠡᠭᠡ ᠪᠣᠭᠤᠮᠲᠠ ᠨᠢ ᠠᠯᠠᠱᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠠᠭᠠᠯᠭ᠎ᠠ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠠᠭᠤᠷᠠᠶ ᠵᠠᠮ ᠤᠨ ᠲᠤᠰᠬᠠᠶ ᠪᠣᠭᠤᠮᠲᠠ ᠪᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠲᠥᠷᠥᠯ ᠵᠦᠢᠯ ᠢ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠪᠣᠭᠤᠮᠲᠠ ᠪᠠᠷ ᠥᠩᠭᠡᠷᠡᠬᠦ ᠠᠵᠢᠯᠯᠠᠭᠠᠨ ᠤ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢ ᠴᠢᠨᠠᠷ ᠰᠠᠶᠢᠲᠠᠶ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠬᠠᠷᠢᠯᠴᠠᠨ ᠬᠥᠳᠡᠯᠦᠯᠴᠡᠵᠦ ᠬᠠᠮᠵᠢᠯᠴᠠᠬᠤ ᠶᠢ ᠴᠢᠩᠭᠠᠳᠬᠠᠨ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠪᠥᠬᠡ᠂ ᠴᠡᠭᠡ ᠪᠣᠭᠤᠮᠲᠠ ᠭᠤᠷᠪᠠᠨ ᠲᠠᠯ᠎ᠠ ᠠᠴᠠ ︽ᠰᠠᠨᠠᠯ︾ ᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ ᠭᠡᠪᠡ᠃       ᠰᠠᠭᠤᠷᠢ ᠳᠦᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ       ᠴᠡᠭᠡ ᠪᠣᠭᠤᠮᠲᠠ ᠶᠢᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠵᠠᠮ ᠢ ᠥᠷᠭᠡᠳᠬᠡᠨ ᠪᠠᠶᠢᠭᠤᠯᠬᠤ᠂ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠬᠦ᠂ ᠲᠡᠷᠭᠡ ᠬᠥᠰᠬᠡ ᠶᠢᠨ ᠪᠠᠶᠢᠴᠠᠭᠠᠯᠲᠠ ᠬᠦᠯᠢᠶᠡᠬᠦ ᠦᠢᠯᠡᠴᠢᠯᠡᠬᠡᠨ ᠤ ᠲᠥᠪ ᠤᠨ ᠪᠥᠲᠥᠭᠡᠨ ᠪᠠᠶᠢᠭᠤᠯᠤᠯᠲᠠ ᠵᠡᠷᠭᠡ ᠠᠯᠢ ᠣᠯᠠᠨ ᠴᠢᠳᠠᠪᠤᠷᠢ ᠶᠢ ᠨᠥᠬᠦᠪᠥᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ 2023 ᠣᠨ ᠤ ᠪᠥᠬᠦ ᠵᠢᠯ ᠤᠨ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ 1800 ᠲᠦᠮᠡᠨ ᠲᠣᠨ ᠢ ᠳᠠᠪᠠᠭᠤᠯᠬᠤ ᠪᠠᠷ ᠴᠢᠷᠮᠠᠶᠢᠨ᠎ᠠ᠃ ᠣᠶᠤᠨᠴᠢ ᠪᠠᠷ ᠵᠢᠯᠣᠭᠤᠳᠬᠤ᠂ ᠤᠶᠤᠨᠴᠢᠯᠠᠭᠰᠠᠨ ᠪᠠᠷᠠᠭᠠᠨ ᠤ ᠲᠠᠯᠠᠪᠠᠢ᠂ ᠤᠶᠤᠨᠴᠢᠯᠠᠭᠰᠠᠨ ᠪᠠᠷᠠᠭᠠᠨ ᠤ ᠭᠦᠢᠯᠭᠡᠭᠡ᠂ ᠣᠶᠤᠨᠴᠢ ᠪᠠᠷ ᠪᠣᠭᠤᠮᠲᠠ ᠳᠤ ᠮᠡᠳᠡᠭᠦᠯᠬᠦ᠂ ᠰᠦᠯᠵᠢᠶᠡᠨ ᠳᠡᠭᠡᠷ᠎ᠡ ᠠᠷᠠᠯᠵᠢᠶᠠᠯᠠᠬᠤ ᠵᠡᠷᠭᠡ ᠲᠣᠭᠠᠴᠢᠯᠠᠭᠰᠠᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠠᠵᠢᠯᠯᠠᠭ᠎ᠠ᠂ ᠪᠠᠶᠢᠴᠠᠭᠠᠨ ᠰᠢᠯᠭᠠᠬᠤ ᠬᠢᠵᠢᠭ ᠢ ᠪᠠᠶᠢᠴᠠᠭᠠᠬᠤ᠂ ᠠᠷᠠᠯᠵᠢᠶ᠎ᠠ ᠪᠠᠷᠠᠭᠠᠨ ᠤ ᠭᠦᠢᠯᠭᠡᠭᠡ ᠵᠡᠷᠭᠡ ᠪᠦᠬᠦ ᠶᠠᠪᠤᠴᠠ ᠶᠢᠨ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠴᠡᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2024 ᠣᠨ ᠤ 6 ᠰᠠᠷ᠎ᠠ ᠳᠤ ᠡᠮᠦᠨᠡᠬᠢ ᠬᠤᠭᠤᠴᠠᠭᠠᠨ ᠤ ᠲᠥᠷᠥᠯ ᠵᠦᠢᠯ ᠢ ᠲᠣᠭᠲᠠᠭᠠᠬᠤ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ︽ᠤᠶᠤᠨᠲᠤ ᠬᠢᠯᠢ ᠶᠢᠨ ᠪᠣᠭᠤᠮᠲᠠ︾ ᠪᠠ ︽ᠲᠣᠭᠠᠴᠢᠯᠠᠭᠰᠠᠨ ᠤᠯᠤᠰ ᠤᠨ ᠡᠭᠦᠳᠡ︾ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠣᠷᠣᠨ ᠪᠦᠰᠡ ᠶᠢᠨ ᠤᠶᠤᠨᠲᠤ ᠬᠢᠯᠢ ᠶᠢᠨ ᠬᠠᠮᠠᠭᠠᠯᠠᠯᠲᠠ ᠶᠢᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠪᠠ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃       ᠤᠯᠠᠨ ᠲᠦᠢᠯ ᠢᠶᠠᠷ ᠲᠤᠯᠭᠠᠭᠤᠷᠢᠯᠠᠵᠤ ᠤᠯᠠᠨ ᠡᠰᠢᠵᠢᠭᠰᠡᠨ ᠣᠳᠣᠬᠢᠴᠢᠯᠠᠭᠰᠠᠨ ᠠᠵᠤ ᠦᠢᠯᠡᠰ ᠢ ᠬᠥᠭᠵᠢᠭᠦᠯᠬᠦ ᠰᠢᠰᠲ᠋ᠧᠮ ᠢ ᠪᠠᠶᠢᠭᠤᠯᠤᠨ᠎ᠠ       ᠭᠠᠳᠠᠭᠠᠳᠤ ᠠᠴᠠ ᠣᠷᠣᠭᠤᠯᠣᠭᠰᠠᠨ ᠨᠡᠭᠦᠷᠡᠰᠦ ᠶᠢ ᠨᠠᠷᠢᠯᠢᠭ ᠭᠦᠨᠵᠡᠭᠡᠶ ᠡᠳ᠋ᠰᠢᠭᠦᠯᠬᠦ ᠲᠣᠭᠤᠷᠢᠨ ᠳᠤ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ   ᠴᠤᠪᠤᠷᠠᠯ ᠢᠶᠠᠨ ᠰᠢᠯᠢᠳᠡᠭᠵᠢᠭᠦᠯᠬᠦ ᠶᠢ ᠵᠣᠷᠢᠭᠵᠢᠭᠤᠯᠵᠤ᠂ ᠮᠡᠷᠭᠡᠵᠢᠯ ᠤᠨ ᠳᠡᠭᠡᠭᠰᠢᠯᠡᠯᠲᠡ ᠶᠢ ᠴᠢᠩᠭᠠᠷᠠᠭᠤᠯᠤᠨ᠂ ᠨᠡᠭᠦᠷᠡᠰᠦ ᠶᠢᠨ ᠦᠢᠯᠡᠳᠬᠦᠨ ᠢ ᠣᠯᠠᠨ ᠲᠥᠷᠥᠯ ᠵᠦᠢᠯ᠂ ᠴᠢᠨᠠᠷ ᠰᠠᠶᠢᠲᠠᠶ ᠬᠤᠪᠢᠷᠠᠭᠤᠯᠬᠤ ᠶᠢ ᠠᠬᠢᠭᠤᠯᠤᠨ᠎ᠠ᠃ ᠳᠤᠮᠳᠠᠳᠤ ᠮᠣᠩᠭᠤᠯ ᠤᠨ ᠴᠡᠭᠡ — ᠰᠢᠪᠡᠭᠡ ᠬᠦᠷᠢᠶ᠎ᠡ ᠪᠣᠭᠤᠮᠲᠠ ᠶᠢᠨ ᠬᠤᠶᠠᠷ ᠲᠠᠯ᠎ᠠ ᠶᠢᠨ ᠠᠮᠢᠳᠤ ᠮᠠᠯ ᠤᠨ ᠮᠢᠬᠠᠨ ᠤ ᠵᠦᠢᠯ ᠢ ᠬᠢᠨᠠᠨ ᠬᠠᠮᠢᠶᠠᠷᠴᠤ ᠲᠤᠰᠠᠭᠠᠷᠯᠠᠬᠤ ᠲᠠᠯᠠᠪᠠᠶ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠮᠣᠩᠭᠤᠯ ᠤᠯᠤᠰ ᠤᠨ ᠠᠮᠢᠳᠤ ᠮᠠᠯ᠂ ᠰᠢᠨ᠎ᠡ ᠰᠣᠷᠭᠤᠭ ᠦᠬᠡᠷ ᠬᠤᠨᠢᠨ ᠮᠢᠬ᠎ᠠ ᠶᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠶ ᠠᠬᠢᠭᠤᠯᠵᠤ᠂ 2024 ᠣᠨ ᠳᠤ 1 ᠲᠦᠮᠡᠨ ᠮᠠᠯ ᠣᠷᠤᠭᠤᠯᠬᠤ ᠪᠠᠷ ᠴᠢᠷᠮᠠᠶᠢᠨ᠎ᠠ᠃ ︽ᠬᠢᠯᠢ ᠶᠢᠨ ᠠᠷᠠᠯᠵᠢᠶ᠎ᠠ ᠶᠢᠨ ᠪᠦᠲᠦᠭᠡᠭᠳᠡᠭᠦᠨ ᠢ ᠡᠳ᠋ᠰᠢᠭᠦᠯᠬᠦ︾ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠵᠢᠯ ᠲᠤᠷᠰᠢ ᠴᠢᠯᠦᠭᠡᠲᠡᠢ ᠪᠣᠯᠭᠠᠬᠤ ᠶᠢ ᠠᠬᠢᠭᠤᠯᠣᠨ᠎ᠠ᠃ ᠭᠤᠣᠯ ᠴᠣᠭᠴᠠ ᠶᠢᠨ ᠠᠵᠤ ᠠᠬᠤᠶᠢᠯᠠᠯ ᠢ ᠪᠤᠶᠢᠵᠢᠭᠤᠯᠬᠤ᠂ ᠬᠥᠮᠥᠷᠭᠡᠯᠡᠨ ᠬᠠᠳᠠᠭᠠᠯᠠᠬᠤ ᠪᠠ ᠬᠤᠪᠢᠶᠠᠨ ᠰᠠᠯᠭᠠᠨ ᠥᠭᠬᠦ ᠲᠥᠪ ᠢ ᠪᠦᠲᠦᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠲᠤᠲᠤᠷᠭ᠎ᠠ ᠵᠡᠷᠭᠡ ᠠᠮᠢᠳᠤᠷᠠᠯ ᠤᠨ ᠡᠳ᠋ ᠪᠣᠳᠠᠰ ᠢ ᠭᠠᠳᠠᠭᠠᠳᠤ ᠳᠤ ᠭᠠᠷᠭᠠᠬᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠵᠢᠯ ᠤᠨ ᠳᠣᠲᠣᠷ᠎ᠠ 460 ᠲᠣᠨ ᠲᠤᠲᠤᠷᠭ᠎ᠠ ᠶᠢ ᠭᠠᠳᠠᠭᠠᠳᠤ ᠳᠤ ᠭᠠᠷᠭᠠᠬᠤ ᠪᠠᠷ ᠴᠢᠷᠮᠠᠶᠢᠨ᠎ᠠ︔ ᠨᠣᠴᠣᠮᠠᠲᠠᠭᠠᠶ ᠲᠡᠰᠦᠷᠡᠮᠡᠲᠡᠭᠡᠶ ᠪᠣᠳᠠᠰ᠂ ᠪᠠᠷᠢᠯᠭ᠎ᠠ ᠶᠢᠨ ᠮᠠᠰᠢᠨ᠂ ᠮᠠᠰᠢᠨ ᠲᠡᠷᠭᠡᠨ ᠤ ᠰᠡᠯᠪᠢᠭ ᠲᠣᠨᠤᠭ᠂ ᠡᠯᠧᠺᠲᠷᠣᠨ ᠦᠢᠯᠡᠳᠬᠦᠨ ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠦᠢᠯᠡᠳᠬᠦᠨ ᠢ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠤᠯᠠᠨ ᠡᠰᠢᠵᠢᠨ ᠬᠥᠭᠵᠢᠭᠰᠡᠨ᠂ ᠤᠯᠠᠨ ᠲᠦᠢᠯᠰᠢᠷᠠᠯ ᠲᠠᠢ ᠲᠤᠯᠭᠠᠭᠤᠷᠢᠯᠠᠯ᠂ ᠢᠯᠡ ᠲᠣᠳᠣ ᠣᠨᠴᠠᠯᠢᠭ ᠲᠠᠢ ᠬᠤᠶᠠᠷ ᠲᠠᠯ᠎ᠠ ᠶᠢᠨ ᠠᠷᠠᠯᠵᠢᠶᠠᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠶᠢ ᠥᠷᠨᠢᠭᠦᠯᠵᠦ᠂ ᠵᠢᠭᠤᠯᠴᠢᠯᠠᠯ ᠤᠨ ᠸᠢᠰᠠ ᠶᠢ ᠸᠢᠰᠠᠯᠠᠬᠤ ᠭᠠᠷᠳᠠᠮ ᠢ ᠵᠣᠬᠢᠴᠠᠭᠤᠯᠤᠨ ᠳᠥᠭᠦᠮᠴᠢᠯᠡᠵᠦ᠂ ᠬᠢᠯᠢ ᠶᠢᠨ ᠥᠩᠭᠡ ᠦᠵᠡᠮᠵᠢ᠂ ᠰᠣᠶᠣᠯ ᠴᠡᠩᠭᠡᠯ᠂ ᠣᠨᠴᠠᠯᠢᠠᠠᠳᠤ ᠢᠳᠡᠭᠡᠨ ᠤᠮᠳᠠᠭᠠᠨ ᠬᠤᠨᠣᠵᠤ ᠰᠠᠭᠤᠬᠤ᠂ ᠪᠠᠷᠠᠭ᠎ᠠ ᠬᠤᠳᠠᠯᠳᠤᠨ ᠠᠪᠬᠤ᠂ ᠰᠥᠨᠢ ᠶᠢᠨ ᠠᠵᠤ ᠠᠬᠤᠶ ᠶᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠪᠠ ᠬᠢᠯᠢ ᠶᠢᠨ ᠵᠠᠩ ᠦᠢᠯᠡ ᠶᠢᠨ ᠵᠢᠵᠢᠭ ᠪᠠᠯᠭᠠᠰᠤ ᠶᠢ ᠢᠳᠡᠪᠬᠢᠲᠡᠶ ᠪᠣᠶ ᠪᠣᠯᠭᠠᠵᠤ᠂ ᠪᠣᠭᠤᠮᠲᠠ ᠶᠢᠨ ᠣᠨᠴᠠᠯᠢᠭᠲᠤ ᠰᠣᠶᠣᠯ ᠤᠨ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠪᠤᠶ ᠪᠣᠯᠭᠠᠨ᠎ᠠ᠃       ᠬᠤᠲᠠ ᠪᠠᠯᠭᠠᠰᠤᠨ ᠤ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠣᠨ᠎ᠠ       ᠬᠤᠲᠠ ᠪᠠᠯᠭᠠᠰᠤ ᠶᠢᠨ ᠴᠢᠳᠠᠮᠵᠢ ᠶᠢ ᠳᠡᠭᠡᠭᠰᠢᠯᠡᠭᠦᠯᠬᠦ ᠶᠢ ᠲᠤᠯᠭᠠᠭᠤᠷᠢᠯᠠᠬᠤ ᠰᠠᠭᠤᠷᠢ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠡᠷᠴᠢᠮ ᠢᠶᠠᠨ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤ᠂ ᠴᠠᠬᠢᠯᠭᠠᠨ᠂ ᠢᠯᠴᠢ ᠬᠠᠩᠭᠠᠬᠤ ᠪᠠ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠢᠨᠵᠧᠨᠧᠷᠢᠩ ᠢ ᠵᠣᠬᠢᠰᠲᠠᠶ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠮᠵᠢ ᠶᠢᠨ ᠭᠡᠷᠡᠯᠲᠦᠭᠦᠯᠭᠡ ᠶᠢᠨ ᠠᠭᠤᠷ ᠠᠮᠢᠰᠬᠤᠯ ᠢ ᠪᠤᠢ ᠪᠣᠯᠭᠠᠵᠤ᠂ ᠪᠣᠭᠤᠮᠲᠠ ᠶᠢᠨ ᠬᠤᠲᠠ ᠪᠠᠯᠭᠠᠰᠤᠨ ᠤ ᠳᠦᠷᠢ ᠲᠥᠷᠬᠦ ᠶᠢ ᠴᠢᠨᠠᠷ ᠰᠠᠶᠢᠲᠠᠶ ᠪᠠᠷ ᠳᠡᠭᠡᠭᠰᠢᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ᠂ ᠪᠦᠬᠦ ᠣᠷᠣᠨ ᠪᠦᠰᠡ ᠳᠤ ᠪᠦᠬᠦ ᠶᠠᠪᠤᠴᠠ ᠪᠠᠷ ᠴᠢᠩᠭᠠᠳᠬᠠᠵᠤ᠂ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯᠯᠠᠵᠤ ᠵᠤᠭᠠᠴᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ᠃ ︽ᠮᠣᠩᠭᠤᠯ ᠤᠨ ᠨᠡᠭᠦᠷᠡᠰᠦ︾ ︽ᠰᠢᠨᠵᠢᠶᠠᠩ ᠤᠨ ᠨᠡᠭᠦᠷᠡᠰᠦ︾ ᠶᠢ ᠲᠥᠪᠯᠡᠷᠡᠭᠦᠯᠬᠦ᠂ ᠲᠠᠷᠬᠠᠭᠠᠬᠤ᠂ ᠲᠡᠭᠡᠭᠡᠪᠦᠷᠢᠯᠡᠬᠦ᠂ ᠨᠥᠭᠡᠴᠡᠯᠡᠬᠦ ᠶᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠴᠡᠭᠡ ᠠᠴᠠ 601 ᠬᠦᠷᠳᠡᠯ᠎ᠡ᠂ ᠰᠠᠶᠢᠬᠠᠨᠲᠤᠤᠷᠠᠢ ᠦᠢᠯᠡᠴᠢᠯᠡᠬᠡᠨ ᠤ ᠲᠣᠭᠤᠷᠢᠭ ᠤᠨ ᠬᠦᠨᠳᠦ ᠠᠴᠢᠶᠠᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠭᠠᠯᠲᠤ ᠲᠡᠷᠭᠡᠨ ᠤ ᠲᠡᠭᠡᠭᠡᠪᠦᠷᠢ ᠶᠢᠨ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠵᠡᠨ᠎ᠡ ᠬᠤᠰᠢᠭᠤᠨ ᠤ ᠳᠠᠯᠠᠶᠢᠬᠦ᠋ᠪ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠶ ᠲᠣᠤᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠮᠢ ᠠᠬᠤᠶ ᠶᠢᠨ ᠤᠰᠤ ᠬᠡᠷᠡᠭᠯᠡᠬᠦ᠂ ᠨᠡᠭᠦᠷᠡᠰᠦ ᠶᠢ ᠤᠬᠢᠶᠠᠵᠤ ᠰᠢᠯᠢᠵᠦ ᠡᠳ᠋ᠰᠢᠭᠦᠯᠬᠦ ᠵᠡᠷᠭᠡ ᠤᠰᠤ ᠵᠠᠷᠤᠴᠠᠭᠤᠯᠬᠤ ᠳᠤᠲᠠᠭᠤᠳᠠᠯ ᠢ ᠲᠡᠩᠴᠡᠭᠦᠷᠢᠲᠡᠶ ᠪᠠᠶᠢᠯᠭᠠᠵᠤ᠂ ᠬᠤᠯᠪᠣᠭᠠᠯᠠᠨ ᠬᠥᠭᠵᠢᠬᠦ ᠰᠢᠨ᠎ᠡ ᠪᠠᠶᠢᠷᠢᠰᠢᠯ ᠢ ᠪᠠᠶᠢᠭᠤᠯᠤᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号