ᠯᠢᠦ ᠰᠢᠶᠠᠨ ᠳ᠋ᠧ᠄ ᠭᠤᠤᠯ ᠰᠢᠪᠳᠣᠯᠣᠯᠳᠠ ᠶᠢ ᠰᠠᠶᠢᠲᠤᠷ ᠬᠢᠵᠦ ᠭᠤᠣᠯ ᠬᠦᠴᠦᠨ ᠪᠣᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠯᠠᠪᠳᠠᠭᠤᠨ ᠢᠶᠠᠷ ᠬᠤᠯᠠ ᠠᠶᠠᠯᠠᠶ᠎ᠠ
ᠨᠡᠶᠢᠲᠡᠯᠡᠭᠰᠡᠨ ᠴᠠᠭ᠄
2023/11/28
     ︽︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ﹀ ︵ᠳᠣᠷᠣᠭᠰᠢ ︿ᠰᠠᠨᠠᠯ﹀ ᠭᠡᠵᠦ ᠲᠣᠪᠴᠢᠯᠠᠨ᠎ᠠ︶ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤ ᠪᠥᠭᠡᠳ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃︾ ᠲᠦᠷᠦᠭᠦᠬᠡᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠯᠢᠦ ᠰᠢᠶᠠᠨ ᠳ᠋ᠧ ︽ᠰᠠᠨᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠤᠯ ᠰᠠᠭᠤᠷᠢᠨ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠨ᠎ᠡ ᠥᠨᠳᠦᠷᠯᠢᠭ᠂ ᠴᠢᠬᠤᠯᠠ ᠬᠦᠴᠦᠨ ᠵᠦᠢᠯ ᠲᠥᠪᠯᠡᠷᠡᠭᠰᠡᠨ ᠭᠠᠵᠠᠷ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ ᠬᠠᠷᠢᠭᠤᠴᠠᠯᠭ᠎ᠠ ᠪᠠᠨ ᠰᠠᠬᠢᠵᠤ᠂ ︽ᠰᠠᠨᠠᠯ︾ ᠤᠨ ᠲᠤᠯᠤᠭᠠᠨ ᠲᠠᠯ᠎ᠠ ᠶᠢᠨ ᠪᠣᠳᠠᠲᠠᠶ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠣᠭᠤᠷᠢᠨ ᠳᠤ᠂ ︽ᠰᠠᠨᠠᠯ︾ ᠢ ᠪᠣᠳᠠᠲᠠᠶᠢᠵᠢᠭᠤᠯᠵᠤ᠂ ᠨᠠᠷᠢᠨ ᠲᠠᠩᠰᠠᠵᠢᠭᠤᠯᠵᠤ᠂ ᠲᠥᠷᠥᠯ ᠵᠦᠢᠯ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠣᠨ᠎ᠠ ᠭᠡᠪᠡ᠃       ︽ᠪᠢᠳᠡ ᠣᠳᠣᠬᠠᠨ ᠳᠤ ᠨᠢᠭᠡᠨᠲᠡ ︿ᠰᠠᠨᠠᠯ﹀ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠤᠯᠤᠭᠠᠨ ᠶᠡᠭᠡ ᠬᠦᠷᠢᠶᠡᠨ ᠳᠠᠬᠢ 19 ᠲᠠᠯ᠎ᠠ ᠶᠢᠨ 134 ᠲᠥᠷᠥᠯ ᠵᠦᠢᠯ ᠢ ᠡᠮᠬᠢᠯᠡᠵᠤ᠂ ᠶᠡᠷᠦᠩᠬᠡᠶ ᠪᠠᠯᠠ ᠣᠷᠣᠭᠤᠯᠤᠯᠲᠠ ᠨᠢ 6200 ᠳ᠋ᠦᠩᠰᠢᠭᠤᠷ ᠲᠥᠭᠦᠷᠢᠭ ᠲᠤ ᠬᠦᠷᠴᠡᠶ᠃︾ ᠯᠢᠦ ᠰᠢᠶᠠᠨ ᠳ᠋ᠧ ᠰᠤᠷᠪᠤᠯᠵᠢᠯᠠᠭᠴᠢ ᠳᠤ᠂ ︽ᠰᠠᠨᠠᠯ︾ ᠤᠨ ᠲᠤᠯᠤᠭᠠᠨ ᠲᠠᠯ᠎ᠠ ᠶᠢᠨ ᠪᠣᠳᠠᠲᠠᠶ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠪᠥᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠭᠦᠷᠭᠡ ᠶᠢᠨ ᠨᠠᠷᠢᠨ ᠲᠠᠩᠰᠠ ᠶᠢ ᠪᠣᠳᠠᠳᠠᠶᠢᠵᠢᠭᠤᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠂ ᠭᠠᠳᠠᠭᠠᠳᠤ ᠨᠡᠭᠡᠭᠡᠯᠲᠡ ᠬᠢᠬᠦ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯ ᠤᠨ ᠠᠮᠵᠢᠯᠳᠠ ᠵᠢᠴᠢ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠵᠦ᠂ ᠪᠣᠯᠪᠠᠰᠤᠷᠠᠭᠤᠯᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢ ᠬᠠᠷᠠᠯᠲᠠ ᠲᠠᠢ ᠪᠠᠷ ᠶᠠᠪᠣᠭᠳᠠᠭᠤᠯᠬᠤ ᠶᠢ ᠦᠨᠡᠨ ᠬᠦ ᠪᠠᠲᠤᠯᠠᠵᠤ᠂ ᠯᠠᠪᠳᠠᠭᠤᠨ ᠪᠠᠲᠤᠲᠠᠶ ᠠᠬᠢᠭᠤᠯᠵᠤ᠂ ᠬᠤᠶᠠᠷ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠶ᠃       ᠠᠮᠢ ᠠᠬᠤᠢ ᠶᠢ ᠳᠡᠷᠢᠬᠦᠨ ᠳᠤ ᠪᠤᠳᠤᠯᠬᠢᠯᠠᠵᠤ ᠪᠤᠬᠢᠷᠳᠤᠯ ᠦᠭᠡᠢ ᠬᠦᠭᠵᠢᠬᠦᠯᠦᠨ᠎ᠡ       ᠯᠢᠦ ᠰᠢᠶᠠᠨ ᠳ᠋ᠧ ᠠᠴᠠ᠂ ᠬᠤᠶᠠᠷ ᠪᠦᠰᠡ ᠶᠢᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠲᠤᠪᠤᠶᠢᠮ᠎ᠠ ᠰᠠᠶᠢᠲᠤᠷ ᠠᠳᠬᠤᠵᠤ᠂ ᠬᠠᠳᠤᠨ ᠭᠤᠣᠯ ᠳᠠᠭᠠᠤ ᠶᠡᠷᠦᠩᠬᠡᠶᠢᠯᠡᠨ ᠵᠠᠰᠠᠬᠤ᠂ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭ᠎ᠠ ᠵᠡᠷᠭᠡ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠠᠳᠤᠨ ᠭᠤᠣᠯ ᠤᠨ ︽ᠳᠣᠬᠤᠢ ᠶᠢᠨ ᠭᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠤᠯᠤᠨ᠎ᠠ︔ ︽ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠠᠰᠠᠬᠤ᠂ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂  ᠳᠠᠪᠤᠰᠤ ᠶᠠᠬᠡᠳᠠᠢ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠤᠨ᠎ᠠ ᠭᠡᠪᠡ᠃       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠦᠨ᠎ᠡ       ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠢᠮᠠᠭᠲᠠ ᠪᠠᠷᠢᠮᠲᠠᠯᠠᠵᠤ᠂ ᠬᠤᠶᠠᠷ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠷᠢᠰᠢᠭᠤᠯᠤᠨ ᠪᠠᠶᠢᠭᠤᠯᠵᠤ᠂ ᠹᠯᠣᠷ ᠠᠭᠤᠯᠤᠭᠰᠠᠨ ᠪᠥᠭᠡᠭᠡᠨᠡᠷᠡᠯ᠂ ᠴᠡᠷᠢᠭ ᠤᠨ ᠠᠵᠤ ᠦᠢᠯᠡᠳᠪᠦᠷᠢ ᠰᠠᠨᠰᠠᠷ ᠠᠶᠠᠯᠠᠯ᠂ ᠨᠠᠲᠷᠢ ᠬᠦᠬᠦᠷ ᠪᠦᠬᠦᠢ ᠴᠠᠬᠢᠯᠭᠠᠨ ᠴᠡᠨᠡᠭ᠂ ᠳᠡᠭᠡᠳᠦ ᠲᠠᠰ ᠤᠨ ᠪᠠᠯ ᠴᠢᠯᠠᠭᠤ᠂ ᠪᠣᠬᠢᠷᠲᠤᠯ ᠦᠭᠡᠢ ᠮᠧᠲ᠋ᠢᠯ ᠠᠯᠺᠣᠤᠯ᠂ ᠡᠬᠢ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠤᠭᠴᠠᠵᠢᠭᠤᠯᠬᠤ ᠵᠡᠷᠭᠡ ᠰᠢᠨ᠎ᠡ ᠮᠠᠲ᠋ᠧᠷᠢᠶᠠᠯ ᠪᠠ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠬᠤ ᠶᠢ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠲᠠᠢ ᠤᠶᠠᠯᠳᠤᠭᠤᠯᠵᠤ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠡᠭᠦᠳᠦᠨ ᠪᠠᠶᠢᠭᠤᠯᠬᠤ ︽ᠡᠴᠦᠰ ᠤᠨ ᠨᠢᠭᠡ ᠺᠢᠯᠣᠮᠧᠲᠷ︾ ᠢ ᠦᠨᠡᠨᠬᠦ ᠨᠡᠪᠲᠡᠷᠡᠭᠦᠯᠵᠦ᠂ ᠪᠦᠬᠦ ᠤᠯᠤᠰ ᠤᠨ ᠲᠡᠷᠢᠭᠦᠨ ᠤ ᠪᠣᠬᠢᠷᠲᠤᠯ ᠦᠭᠡᠢ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃       ᠦᠵᠡᠯ ᠰᠠᠨᠠᠭ᠎ᠠ ᠪᠠᠨ ᠴᠢᠯᠦᠭᠡᠯᠡᠨ ᠦᠭᠡᠷᠡᠴᠢᠯᠡᠯᠲᠡ ᠶᠢ ᠬᠦᠨᠵᠡᠬᠡᠶᠢᠷᠡᠭᠦᠯᠦᠨ᠎ᠡ       ᠯᠢᠦ ᠰᠢᠶᠠᠨ ᠳ᠋ᠧ ᠠᠴᠠ᠂ ᠪᠢᠳᠡ ᠦᠵᠡᠯ ᠰᠠᠨᠠᠭ᠎ᠠ ᠪᠠᠨ ᠴᠢᠯᠥᠭᠡᠯᠡᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ︽ᠣᠷᠣᠨ  ᠪᠦᠰᠡ ᠶᠢ ᠬᠤᠯᠪᠣᠭᠰᠠᠨ ᠠᠵᠤ ᠠᠬᠤᠶ︾᠂ ︽ᠬᠠᠮ ᠠᠵᠤ ᠠᠬᠤᠶ︾ ᠶᠢᠨ ᠬᠥᠭᠵᠢᠯᠲᠡ ᠪᠠᠷ ᠭᠠᠷᠳᠠᠴᠠ ᠪᠣᠯᠭᠠᠵᠤ᠂ ᠪᠣᠭᠤᠮᠲᠠ ᠪᠣᠯᠤᠨ ᠣᠮᠠᠷᠠᠳᠣ ᠠᠭᠤᠯᠠ ᠶᠢᠨ ᠡᠷᠦᠳᠡᠰᠦ ᠶᠢᠨ ᠪᠦᠰᠡ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠦᠷᠢᠶᠡᠯᠡᠩ ᠲᠣᠭᠤᠷᠢᠭ ᠲᠤ ᠲᠥᠪᠯᠡᠷᠡᠭᠦᠯᠬᠦ ᠶᠢᠨ ᠬᠠᠮᠲᠤ ︽ᠣᠷᠣᠨ ᠪᠠᠶᠢᠷᠢ ᠪᠠᠨ ᠰᠤᠯᠠᠯᠠᠵᠤ ᠬᠦᠴᠦᠨ ᠵᠦᠢᠯ ᠢᠶᠠᠨ  ᠰᠣᠯᠢᠵᠦ︾᠂ ᠬᠠᠳᠠᠭᠠᠯᠠᠯᠲᠠ ᠶᠢᠨ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠬᠡᠰᠡᠭ ᠳᠣᠲᠣᠭᠠᠳᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠲᠤᠬᠢᠷᠠᠭᠤᠯᠤᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠲᠤᠭ᠎ᠠ ᠶᠢᠨ ᠡᠬᠢ ᠪᠠᠶᠠᠯᠢᠭ ᠢ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠬᠠᠮᠣᠷᠬᠤ ᠶᠢ ᠠᠬᠢᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠬᠥᠭᠵᠢᠭᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠬᠦ ᠶᠢ ᠠᠬᠢᠭᠤᠯᠣᠨ᠎ᠠ ᠭᠡᠪᠡ᠃       ᠰᠢᠯᠢᠳᠡᠭ ᠢ ᠪᠤᠶᠢᠵᠢᠭᠤᠯᠵᠤ ᠬᠦᠴᠦᠷᠭᠡᠭᠵᠢᠬᠦᠯᠦᠨ ᠬᠠᠮᠵᠢᠯᠴᠠᠭᠤᠯᠵᠤ ᠨᠦᠬᠦᠪᠦᠷᠢᠯᠡᠨ᠎ᠡ       ︽ᠪᠢᠳᠡ ᠰᠢᠯᠢᠳᠡᠭ ᠢ ᠪᠤᠶᠢᠵᠢᠭᠤᠯᠤᠨ ᠬᠦᠴᠦᠷᠬᠡᠭᠵᠢᠭᠦᠯᠬᠦ᠂ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠢᠮᠠᠭᠲᠠ ᠪᠠᠷᠢᠮᠲᠠᠯᠠᠵᠤ᠂ ᠵᠢᠯ ᠳᠤ 1000 ᠲᠦᠮᠡᠨ ᠲᠣᠨ ᠨᠡᠭᠦᠷᠡᠰᠦ ᠨᠥᠭᠡᠴᠡᠯᠡᠬᠦ᠂ ᠤᠯᠤᠰ ᠤᠨ ᠡᠨᠧᠷᠭᠢ ᠶᠢᠨ ᠵᠠᠭᠤᠨ ᠲᠦᠮᠡᠨ ᠺᠢᠯᠣᠸᠠᠲ ᠤᠨ ᠰᠠᠯᠬᠢᠨ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠰᠢᠪᠲᠦᠷ ᠦᠢᠯᠡᠳᠪᠦᠷᠢᠯᠡᠬᠦ + ᠰᠠᠭᠤᠷᠢ ᠲᠥᠬᠦᠭᠡᠷᠦᠮᠵᠢ ᠶᠢ ᠨᠢᠭᠡ ᠴᠤᠭᠴᠠᠵᠢᠭᠤᠯᠬᠤ᠂ ᠳᠤᠮᠳᠠᠳᠤ ᠤᠯᠤᠰ ᠤᠨ ᠳᠠᠪᠤᠰᠤᠨ ᠤ 30 ᠲᠦᠮᠡᠨ ᠺᠢᠯᠣᠸᠠᠲ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠨᠡᠭᠦᠷᠡᠰᠦᠲᠥ᠋ᠷᠥᠭᠴᠢ ᠥᠬᠡᠶ ᠵᠢᠵᠢᠭ ᠪᠠᠯᠭᠠᠰᠤ᠂ ᠵᠢᠯ ᠪᠦᠷᠢ 500 ᠲᠦᠮᠡᠨ ᠲᠣᠨ ᠪᠣᠬᠢᠷᠲᠤᠯ ᠥᠬᠡᠶ ᠮᠧᠲ᠋ᠢᠯ ᠠᠯᠺᠣᠤᠯ ᠦᠢᠯᠡᠳᠪᠦᠷᠢᠯᠡᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠡᠨᠧᠷᠭᠢ ᠶᠢᠨ ᠥᠪᠡᠷ ᠤᠨ ᠥᠷᠲᠡᠭ ᠢᠶᠠᠷ ᠳᠤᠤᠷ᠎ᠠ ᠳᠠᠪᠠᠭᠤᠯᠢᠭ ᠢ ᠦᠢᠯᠡᠳᠬᠦ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠬᠢ ᠰᠤᠷᠪᠤᠯᠵᠢ ᠴᠠᠬᠢᠯᠭᠠᠨ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ᠂ ᠪᠣᠬᠢᠷᠲᠤᠯ ᠥᠬᠡᠶ ᠡᠨᠧᠷᠭᠢ ᠶᠢ ᠣᠷᠣᠯᠠᠭᠤᠯᠤᠨ ᠬᠡᠷᠡᠭᠯᠡᠬᠦ ᠵᠢᠱᠢᠶ᠎ᠡ ᠦᠵᠡᠭᠦᠯᠬᠦ ᠣᠷᠣᠨ ᠢ ᠠᠯᠢ ᠲᠦᠷᠭᠡᠨ ᠢᠶᠠᠷ ᠪᠣᠶ ᠪᠣᠯᠭᠠᠨ᠎ᠠ᠃︾ ᠯᠢᠦ ᠰᠢᠶᠠᠨ ᠳ᠋ᠧ ᠰᠤᠷᠪᠤᠯᠵᠢᠯᠠᠭᠴᠢ ᠳᠤ᠂ ᠬᠤᠶᠠᠷ ᠪᠦᠰᠡ ᠶᠢᠨ ᠬᠢᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠳ᠋ᠠ ᠲᠠᠩ ᠤᠨ ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠶᠢᠨ ᠱᠠ ᠶᠤᠸᠠᠨ ᠦᠵᠦᠮ ᠤᠨ ᠠᠷᠢᠬᠢ ᠦᠢᠯᠡᠳᠪᠦᠷᠢᠯᠡᠵᠦ ᠡᠳ᠋ᠰᠢᠭᠦᠯᠬᠦ ᠱᠤᠭᠤᠮ ᠢ ᠳᠡᠭᠡᠭᠰᠢᠯᠡᠭᠦᠯᠦᠨ ᠥᠭᠡᠷᠡᠴᠢᠯᠡᠬᠦ᠂ ᠲᠡᠮᠡᠭᠡᠨ ᠬᠢᠷᠭᠤᠤᠯ ᠲᠡᠵᠢᠭᠡᠨ ᠦᠷᠡᠵᠢᠭᠦᠯᠵᠦ ᠡᠳ᠋ᠰᠢᠭᠦᠯᠬᠦ ᠶᠢ ᠨᠢᠭᠡ ᠴᠤᠬᠴᠠᠵᠢᠭᠤᠯᠬᠤ ᠵᠡᠷᠭᠡ ᠤᠨᠴᠠᠯᠢᠬᠳᠤ ᠠᠵᠤ ᠦᠢᠯᠡᠰ ᠤᠨ ᠲᠦᠷᠦᠯ ᠵᠦᠢᠯ ᠢ ᠲᠦᠷᠭᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠳᠡᠮᠳᠡᠭᠵᠢᠭᠰᠡᠨ ᠬᠥᠭᠵᠢᠯᠲᠡ ᠶᠢ ᠠᠬᠢᠭᠤᠯᠬᠤ ᠶᠢᠨ ᠬᠠᠮᠲᠤ ᠤᠯᠠᠭᠠᠨᠰᠤᠬᠠᠢ ᠶᠢᠨ ᠬᠠᠳᠤᠨ ᠭᠤᠣᠯ ᠤᠨ ᠠᠮᠢ ᠠᠬᠤᠢ ᠶᠢᠨ ᠵᠠᠰᠠᠯᠲᠠ ᠶᠢᠨ ᠤᠰᠤ ᠬᠠᠩᠭᠠᠬᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠡᠷᠭᠡ ᠲᠦᠷᠦᠯ ᠵᠦᠢᠯ ᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠬᠦᠴᠦᠯᠡᠨ ᠠᠬᠢᠭᠤᠯᠤᠨ᠎ᠠ ᠭᠡᠪᠡ᠃      ᠳᠣᠲᠣᠭᠠᠳᠤ ᠭᠠᠳᠠᠭᠠᠳᠤ ᠶᠢ ᠬᠤᠯᠪᠤᠵᠤ ᠬᠠᠷᠢᠯᠴᠠᠨ ᠠᠬᠢᠭᠤᠯᠵᠤ ᠬᠠᠮᠲᠤ ᠪᠠᠷ ᠣᠷᠣᠭᠰᠢᠯᠠᠨ᠎ᠠ      ᠯᠢᠦ ᠰᠢᠶᠠᠨ ᠳ᠋ᠧ ᠠᠴᠠ᠂ ᠥᠪᠥᠷ ᠮᠣᠩᠭᠤᠯ ᠤᠨ ᠵᠠᠭᠠᠭ ᠱᠤᠭᠤᠮ ᠤᠨ ᠰᠦᠯᠵᠢᠶ᠎ᠡ᠂ ᠰᠧ ᠨᠦᠸᠧ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠠᠳᠠᠭᠠᠳᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠰᠢᠨ᠎ᠡ ᠠᠷᠭ᠎ᠠ ᠵᠠᠮ ᠢ ᠨᠡᠭᠡᠭᠡᠨ ᠵᠠᠬ᠎ᠠ ᠳᠡᠯᠭᠡᠭᠦᠷ ᠢ ᠪᠠᠲᠤᠯᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠵᠠᠪᠳᠤᠨ᠎ᠠ᠃ ᠠᠯᠠᠱᠠ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠬᠢᠨᠠᠨ ᠬᠠᠮᠢᠶᠠᠷᠤᠯᠲᠠ ᠶᠢᠨ ᠪᠠᠷᠠᠭᠠᠨ ᠤ ᠲᠠᠯᠠᠪᠠᠶ ᠶᠢ ᠠᠯᠢ ᠲᠦᠷᠭᠡᠨ ᠢᠶᠠᠷ ᠵᠠᠰᠠᠮᠠᠯ ᠵᠠᠮ ᠲᠡᠮᠦᠷ ᠵᠠᠮ ᠤᠨ ᠬᠢᠨᠠᠨ ᠬᠠᠮᠢᠶᠠᠷᠬᠤ ᠪᠠᠷᠠᠭᠠᠨ ᠤ ᠲᠠᠯᠠᠪᠤᠷ ᠪᠣᠯᠭᠠᠨ ᠥᠭᠡᠷᠡᠴᠢᠯᠡᠵᠦ᠂ ᠲᠤᠬᠠᠶ ᠶᠢᠨ ᠭᠠᠵᠠᠷ ᠲᠤᠨᠢ ᠪᠣᠭᠤᠮᠲᠠ ᠦᠩᠭᠡᠷᠡᠬᠦ᠂ ᠪᠣᠭᠤᠮᠲᠠ ᠪᠠᠷ ᠰᠢᠯᠭᠠᠨ ᠪᠠᠶᠢᠴᠠᠭᠠᠬᠤ ᠶᠢ ᠪᠡᠶᠡᠯᠡᠭᠦᠯᠵᠦ᠂ ᠦᠬᠠᠶ᠂ ᠱᠢ ᠽᠦᠢ ᠱᠠᠨ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠪᠠ ᠬᠤᠯᠪᠣᠭᠳᠠᠯ ᠪᠥᠬᠦᠶ ᠠᠵᠤ ᠠᠬᠤᠶᠢᠯᠠᠯ ᠯᠤᠭ᠎ᠠ ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠵᠤ᠂ ᠪᠣᠬᠢᠷᠲᠤᠯ ᠥᠬᠡᠶ ᠡᠨᠧᠷᠭᠢ ᠶᠢᠨ ᠬᠡᠷᠡᠭᠯᠡᠭᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠠᠵᠤ ᠠᠬᠤᠶᠢᠯᠠᠯ ᠳᠤ ᠠᠰᠢᠭᠲᠠᠶ ᠠᠷᠠᠳ ᠲᠤ ᠠᠰᠢᠭ ᠬᠦᠷᠲᠡᠭᠡᠬᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠤᠰᠬᠠᠬᠤ ᠶᠢ ᠢᠮᠠᠭᠲᠠ ᠪᠠᠷᠢᠮᠲᠠᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ᠂ ᠣᠷᠣᠨ ᠪᠦᠰᠡ ᠠᠯᠤᠰᠯᠠᠭᠰᠠᠨ ᠰᠤᠷᠭᠠᠨ ᠬᠥᠮᠦᠵᠢᠯ ᠤᠨ ᠬᠠᠮᠲᠤᠷᠠᠭᠰᠠᠨ ᠰᠢᠰᠲ᠋ᠧᠮᠵᠢ᠂ ᠡᠮᠴᠢᠯᠡᠭᠡᠨ ᠤ ᠬᠠᠮᠲᠤ ᠶᠢᠨ ᠰᠢᠰᠲ᠋ᠧᠮᠵᠢ ᠪᠠ ᠴᠢᠳᠠᠪᠤᠷᠢᠲᠠᠨ ᠢ ᠬᠥᠲᠥᠯᠦᠨ ᠬᠥᠮᠦᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠠᠵᠢᠯᠲᠠᠨ ᠤ ᠪᠠᠶᠢᠷᠢ ᠲᠣᠭᠲᠠᠭᠠᠬᠤ ᠰᠢᠰᠲ᠋ᠧᠮ᠂ ᠬᠦᠷᠢᠶᠡᠯᠡᠩ ᠲᠣᠭᠤᠷᠢᠭ ᠢ ᠪᠢᠲᠡᠭᠦᠮᠵᠢᠯᠡᠬᠦ᠂ ᠣᠶᠤᠨᠴᠢᠯᠠᠭᠰᠠᠨ ᠠᠵᠢᠯᠳᠠᠨ ᠢ ᠪᠠᠭᠠᠰᠬᠠᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ  ᠭᠡᠪᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号