ᠠᠯᠠᠱᠠ ᠪᠠᠷᠠᠭᠤᠨ ᠬᠤᠰᠢᠭᠤ᠄ ᠣᠷᠣᠨ ᠨᠣᠳᠤᠭ ᠤᠨ ᠠᠵᠤ ᠦᠢᠯᠡᠰ ᠨᠢ ᠠᠷᠠᠳ ᠲᠦᠮᠡᠨ ᠳᠤ ᠠᠵᠠ ᠵᠢᠷᠭᠠᠯ ᠣᠯᠭᠤᠵᠦ ᠪᠠᠶᠢᠨ᠎ᠠ
ᠨᠡᠶᠢᠲᠡᠯᠡᠭᠰᠡᠨ ᠴᠠᠭ᠄
2023/11/29
    ᠠᠯᠠᠱᠠ ᠪᠠᠷᠠᠭᠤᠨ ᠬᠤᠰᠢᠭᠤ ︽ᠲᠡᠮᠡᠭᠡᠲᠦ ᠨᠤᠲᠤᠭ ᠤᠨ ᠠᠮᠢᠨ ᠦᠯᠦᠬᠡᠢ︾ ᠬᠡᠮᠡᠭᠳᠡᠵᠦ᠂ ᠳᠡᠮᠡᠭᠡᠨ ᠤ ᠠᠵᠦ ᠦᠢᠯᠡᠰ ᠨᠢ ᠠᠯᠠᠱᠠ ᠪᠠᠷᠠᠭᠤᠨ ᠬᠤᠰᠢᠭᠤᠨ ᠤ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠲᠤᠯᠭᠠᠭᠤᠷᠢ ᠠᠵᠤ ᠦᠢᠯᠡᠰ ᠪᠣᠯᠪᠠ᠃
    ᠠᠯᠠᠱᠠ ᠪᠠᠷᠠᠭᠤᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠬᠦᠴᠦ ᠪᠠᠨ ᠲᠥᠪᠯᠡᠷᠡᠭᠦᠯᠦᠨ ︽ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠦᠨ ᠲᠠᠷᠬᠠᠭᠠᠬᠤ ᠲᠥᠪ︾ ᠢ ᠪᠠᠶᠢᠭᠤᠯᠵᠤ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠣᠯᠠᠨ ᠲᠠᠯ᠎ᠠ ᠠᠴᠠ ᠭᠠᠷᠳᠠᠵᠤ᠂ ᠲᠡᠮᠡᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠷᠠᠳ ᠢ ᠪᠠᠶᠠᠵᠢᠭᠤᠯᠬᠤ ᠦᠷ᠎ᠡ ᠠᠰᠢᠭ ᠢ ᠬᠠᠮᠲᠤ ᠪᠠᠷ ᠭᠥᠷᠳᠡᠭᠰᠡᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠪᠠ᠃ ᠣᠲᠣ ᠪᠣᠯᠲᠠᠯ᠎ᠠ᠂ ᠠᠯᠠᠱᠠ ᠪᠠᠷᠠᠭᠤᠨ ᠬᠤᠰᠢᠭᠤᠨ ᠤ ᠲᠡᠮᠡᠭᠡ 6.8 ᠲᠦᠮᠡ ᠪᠠᠶᠢᠵᠤ᠂ ᠮᠠᠨ ᠤ ᠤᠯᠤᠰ ᠤᠨ ᠬᠤᠤᠰ ᠪᠥᠬᠦᠲᠦ ᠲᠡᠮᠡᠭᠡᠨ ᠤ ᠲᠤᠭ᠎ᠠ ᠬᠠᠮᠤᠭ ᠤᠨ ᠣᠯᠠᠨ ᠪᠠᠶᠢᠭ᠎ᠠ ᠭᠠᠵᠠᠷ ᠣᠷᠣᠨ ᠤ ᠨᠢᠭᠡ ᠪᠣᠯᠤᠨ᠎ᠠ᠃
    ᠠᠯᠠᠱᠠ ᠪᠠᠷᠠᠭᠤᠨ ᠬᠤᠰᠢᠭᠤ ︽ᠠᠵᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠬᠦ᠂ ᠲᠡᠷᠢᠭᠦᠨ ᠤ ᠮᠡᠷᠭᠡᠵᠢᠯ ᠢ ᠪᠤᠶᠢᠵᠢᠭᠤᠯᠤᠨ ᠳᠡᠯᠭᠡᠷᠡᠭᠦᠯᠬᠦ᠂ ᠤᠨᠴᠠᠯᠢᠬᠳᠤ ᠴᠢᠨᠠᠷ ᠰᠠᠶᠢᠲᠠᠶ ᠦᠢᠯᠡᠳᠬᠦᠨ ᠢ ᠦᠢᠯᠡᠳᠬᠦ᠂ ᠠᠵᠤ ᠦᠢᠯᠡᠰ ᠤᠨ ᠥᠷᠲᠡᠭ ᠤᠨ ᠣᠷᠣᠨ ᠵᠠᠶ ᠶᠢ ᠥᠷᠭᠡᠳᠬᠡᠬᠦ︾ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢᠶᠠᠷ ᠮᠠᠯᠴᠢᠨ ᠲᠠᠷᠢᠶᠠᠴᠢᠨ ᠳᠤ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠬᠦ ᠡᠭᠦᠳᠡ ᠶᠢ ᠨᠡᠭᠡᠭᠡᠵᠦ ᠥᠭᠭᠦᠭᠰᠡᠨ ᠪᠠᠶᠢᠨ᠎ᠠ᠃ ᠪᠥᠬᠦ ᠬᠤᠰᠢᠭᠤᠨ ᠤ ᠵᠢᠯ ᠤᠨ ᠣᠷᠣᠯᠭ᠎ᠠ 100 ᠲᠦᠮᠡᠨ ᠲᠥᠭᠦᠷᠢᠭ ᠠᠴᠠ ᠳᠡᠭᠡᠭᠰᠢᠬᠢ ᠲᠡᠮᠡᠭᠡ ᠮᠠᠯᠵᠢᠬᠤ ᠲᠣᠮᠣ ᠡᠷᠦᠬᠡ᠂ ᠲᠡᠮᠡᠭᠡ ᠦᠷᠡᠵᠢᠭᠦᠯᠬᠦ ᠲᠤᠰᠬᠠᠶ ᠬᠤᠷᠰᠢᠶᠠᠵᠢᠯ 90 ᠠᠴᠠ ᠳᠡᠭᠡᠭᠰᠢ ᠪᠠᠶᠢᠵᠦ᠂ ᠪᠥᠬᠦ ᠬᠤᠰᠢᠭᠤᠨ ᠤ ᠲᠡᠮᠡᠭᠡᠨ ᠤ ᠠᠵᠤ ᠦᠢᠯᠡᠰ ᠤᠨ ᠦᠢᠯᠡᠳᠬᠦᠨ ᠤ ᠥᠷᠲᠡᠭ 3.28 ᠳ᠋ᠦᠩᠰᠢᠭᠤᠷ ᠲᠥᠭᠦᠷᠢᠭ ᠢ ᠳᠠᠪᠠᠵᠤ᠂ ᠲᠡᠮᠡᠭᠡ ᠮᠠᠯᠵᠢᠬᠤ ᠡᠷᠦᠬᠡ ᠪᠦᠷᠢ ᠶᠢᠨ ᠳᠤᠮᠳᠠᠴᠢ ᠣᠷᠣᠯᠭ᠎ᠠ 2.5 ᠲᠦᠮᠡᠨ ᠲᠥᠭᠦᠷᠢᠭ ᠨᠡᠮᠡᠭᠳᠡᠪᠡ᠃
     ᠠᠯᠠᠱᠠ ᠪᠠᠷᠠᠭᠤᠨ ᠬᠤᠰᠢᠭᠤᠨ ᠳᠤ ᠣᠳᠣ ᠥᠪᠥᠷ ᠮᠣᠩᠭᠤᠯ ᠤᠨ ᠵᠥᠩ ᠬᠠ ᠲᠡᠮᠡᠭᠡᠨ ᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠭᠤᠪᠢ ᠶᠢᠨ ᠲᠡᠮᠡᠭᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠲᠡᠮᠡᠭᠡ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠠᠢ ᠪᠣᠯᠵᠤ᠂ ᠲᠡᠮᠡᠭᠡᠨ ᠤ ᠭᠧᠨ ᠤ ᠪᠦᠯᠦᠭ᠂ ᠲᠡᠮᠡᠭᠡᠨ ᠤ ᠬᠦᠪᠦᠷᠡᠯ ᠰᠢᠯᠵᠢᠬᠦᠯᠬᠦ᠂ ᠲᠡᠮᠡᠭᠡᠨ ᠤ ᠥᠭᠡᠬᠦ᠂ ᠲᠡᠮᠡᠭᠡᠨ ᠤ ᠴᠢᠰᠤ ᠵᠡᠷᠭᠡ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠠ ᠪᠦᠲᠦᠭᠡᠭᠳᠡᠬᠦᠨ 30 ᠭᠠᠷᠤᠶ ᠪᠣᠯᠵᠤ᠂ ᠲᠡᠮᠡᠭᠡᠨ ᠤ ᠰᠢᠷᠢᠰ ᠦᠢᠯᠡᠳᠬᠦᠨ ᠪᠠ ᠳᠥᠷᠪᠡᠨ ᠶᠡᠭᠡ ᠲᠥᠷᠥᠯ ᠤᠨ 79 ᠵᠦᠢᠯ ᠤᠨ ᠪᠦᠲᠦᠭᠡᠭᠳᠡᠬᠦᠨ ᠢ ᠰᠤᠳᠤᠯᠤᠨ ᠦᠢᠯᠡᠳᠪᠦᠷᠢᠯᠡᠵᠦ᠂ ᠰᠦ᠂ ᠰᠦᠨ ᠲᠠᠯᠬ᠎ᠠ ᠪᠠᠷ ᠭᠤᠤᠯᠯᠠᠬᠤ ᠪᠦᠲᠦᠭᠡᠭᠳᠡᠬᠦᠨ ᠪᠣᠯᠭᠠᠭᠰᠠᠨ ᠲᠡᠮᠡᠭᠡᠨ ᠰᠦ ᠶᠢᠨ ᠪᠦᠲᠦᠭᠡᠭᠳᠡᠬᠦᠨ ᠤ ᠰᠢᠰᠲ᠋ᠧᠮ ᠂ ᠲᠡᠮᠡᠭᠡᠨ ᠮᠢᠬᠠᠨ ᠤ ᠱᠠᠯᠪᠢᠩ ᠢᠶᠠᠷ ᠭᠤᠤᠯᠯᠠᠬᠤ ᠪᠦᠲᠦᠭᠡᠭᠳᠡᠬᠦᠨ ᠪᠣᠯᠭᠠᠭᠰᠠᠨ ᠲᠡᠮᠡᠭᠡᠨ ᠮᠢᠬᠠᠨ ᠤ ᠪᠦᠲᠦᠭᠡᠭᠳᠡᠬᠦᠨ ᠤ ᠰᠢᠰᠲ᠋ᠧᠮ᠂ ᠰᠠᠪᠤᠩ᠂ ᠨᠢᠳᠦᠨ ᠤ ᠣ᠂ ᠨᠢᠭᠤᠷ ᠤᠬᠢᠶᠠᠬᠤ ᠡᠳ᠋ ᠢᠶᠠᠷ ᠭᠤᠤᠯᠯᠠᠬᠤ ᠦᠢᠯᠡᠳᠬᠦᠨ ᠪᠣᠯᠭᠠᠭᠰᠠᠨ ᠲᠡᠮᠡᠭᠡᠨ ᠤ ᠥᠭᠡᠬᠦ ᠶᠢᠨ ᠪᠦᠲᠦᠭᠡᠭᠳᠡᠬᠦᠨ ᠤ ᠰᠢᠰᠲ᠋ᠧᠮ᠂ ᠲᠡᠮᠡᠭᠡᠨ ᠨᠣᠯᠣᠣᠷ ᠢᠶᠠᠷ ᠭᠤᠤᠯᠯᠠᠬᠤ ᠪᠦᠲᠦᠭᠡᠭᠳᠡᠬᠦᠨ ᠪᠣᠯᠭᠠᠭᠰᠠᠨ ᠬᠤᠪᠴᠠᠰᠤᠨ ᠤ ᠪᠦᠲᠦᠭᠡᠭᠳᠡᠬᠦᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号