ᠬᠦᠰᠡᠯ ᠢᠶᠠᠨ ᠳᠡᠯᠡᠭᠰᠡᠨ ᠴᠡᠭᠡ ᠬᠢᠯᠢ ᠶᠢᠨ ᠪᠣᠭᠤᠮᠲᠠ
ᠨᠡᠶᠢᠲᠡᠯᠡᠭᠰᠡᠨ ᠴᠠᠭ᠄
2023/11/30
    2000 ᠭᠠᠷᠤᠢ ᠵᠢᠯ ᠤᠨ ᠡᠮᠦᠨ᠎ᠡ᠂ ᠵᠠᠩ ᠴᠢᠶᠠᠨ ᠪᠠᠷᠠᠭᠤᠨᠰᠢ ᠮᠣᠷᠳᠠᠵᠤ᠂ ᠪᠠᠷᠠᠭᠤᠨ ᠬᠢᠵᠠᠭᠠᠷ ᠤᠨ ᠠᠳᠤᠭᠤ ᠂ ᠦᠨᠦᠷᠲᠦ ᠡᠳ᠋ ᠵᠡᠷᠭᠡ ᠡᠳ᠋ ᠪᠣᠳᠠᠰ ᠳᠤᠮᠳᠠᠳᠤ ᠤᠯᠤᠰ ᠲᠤ ᠲᠠᠰᠤᠷᠠᠯᠲᠠ ᠦᠭᠡᠢ ᠣᠷᠣᠵᠤ ᠢᠷᠡᠭᠰᠡᠨ ᠪᠠᠶᠢᠳᠠᠭ᠃ 2000 ᠭᠠᠷᠤᠢ ᠵᠢᠯ ᠤᠨ ᠳᠠᠷᠠᠭ᠎ᠠ᠂ ᠥᠪᠥᠷ ᠮᠣᠩᠭᠤᠯ ᠤᠨ ᠪᠠᠷᠠᠭᠤᠨ ᠵᠠᠬ᠎ᠠ ᠶᠢᠨ ᠴᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠳᠤ ᠨᠡᠭᠦᠷᠡᠰᠦ ᠳᠦᠭᠦᠷᠡᠩ ᠠᠴᠢᠭᠰᠠᠨ ᠪᠠᠷᠠᠭᠠᠨ ᠲᠡᠷᠭᠡ ᠮᠣᠩᠭᠤᠯ ᠤᠯᠤᠰ ᠠᠴᠠ ᠳᠤᠮᠳᠠᠳᠤ ᠤᠯᠤᠰ ᠲᠤ ᠣᠷᠣᠵᠤ ᠢᠷᠡᠬᠦ ᠪᠣᠯᠪᠠ᠃     ᠰᠢᠨ᠎ᠡ ᠴᠠᠭ ᠦᠶ᠎ᠡ ᠳᠤ᠂ ᠰᠢᠨ᠎ᠡ ᠲᠣᠷᠭᠠᠨ ᠵᠠᠮ ᠢ ᠬᠠᠮᠲᠤ ᠪᠠᠷ ᠵᠥᠪᠳᠡᠯᠴᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠨ᠎ᠡ᠃ 2013 ᠣᠨ ᠳᠤ᠂ ᠳᠤᠮᠳᠠᠳᠤ ᠤᠯᠤᠰ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠴᠤ᠂ ᠴᠡᠭᠡ ᠬᠢᠯᠢ ᠶᠢᠨ ᠪᠣᠭᠤᠮᠲᠠ ᠥᠪᠡᠷ ᠤᠨ ᠬᠦᠰᠡᠯ ᠵᠡᠭᠦᠳᠦ  ᠪᠠᠨ ᠲᠡᠷᠭᠡᠯᠰᠢᠭᠦᠯᠬᠦ ᠣᠷᠣᠨ ᠵᠠᠢ ᠲᠠᠢ ᠪᠣᠯᠵᠠᠢ᠃     ᠴᠡᠭᠡ ᠬᠢᠯᠢ ᠶᠢᠨ ᠪᠣᠭᠤᠮᠲᠠ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠢᠯᠢ ᠳᠤ ᠪᠠᠶᠢᠷᠢᠯᠠᠵᠤ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢ ᠨᠡᠪᠲᠡᠷᠡᠭᠦᠯᠬᠦ ᠴᠢᠬᠤᠯᠠ ᠵᠠᠮ ᠬᠠᠷᠢᠯᠴᠠᠭᠠᠨ ᠤ ᠬᠦᠢᠰᠦ᠂ ᠠᠷᠠᠯᠵᠢᠶ᠎ᠠ ᠬᠤᠳᠠᠯᠳᠤᠭᠠᠨ ᠤ ᠲᠥᠪ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ ᠭᠠᠵᠠᠷ ᠪᠠ ᠡᠬᠢ ᠪᠠᠶᠠᠯᠢᠭ ᠤᠨ ᠲᠡᠭᠡᠭᠡᠪᠦᠷᠢ ᠶᠢᠨ ᠶᠡᠭᠡ ᠵᠠᠮ ᠪᠣᠯᠤᠭᠰᠠᠨ ᠤ ᠬᠤᠪᠢ ᠳᠤ ᠂ ᠳᠤᠮᠳᠠᠳᠤ ᠮᠣᠩᠭᠤᠯ ᠬᠤᠶᠠᠷ ᠤᠯᠤᠰ ᠤᠨ ᠬᠤᠭᠤᠷᠣᠨᠳᠣᠭᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠪᠠ ᠠᠶᠠᠨᠴᠢᠳ ᠢ ᠨᠡᠪᠲᠡᠷᠡᠭᠦᠯᠬᠦ ᠡᠭᠦᠷᠭᠡ ᠶᠢ ᠡᠭᠦᠷᠭᠡᠯᠡᠵᠦ ᠪᠠᠶᠢᠳᠠᠭ᠃ 11 ᠰᠠᠷ᠎ᠠ ᠶᠢᠨ 10 ᠤ ᠡᠳᠦᠷ᠂ ᠴᠡᠭᠡ ᠬᠢᠯᠢ ᠶᠢᠨ ᠪᠣᠭᠤᠮᠲᠠ ᠶᠢᠨ ᠨᠡᠭᠦᠷᠡᠰᠦ ᠲᠡᠭᠡᠭᠡᠪᠦᠷᠢᠯᠡᠬᠦ ᠵᠠᠮ ᠢᠶᠠᠷ ᠮᠣᠩᠭᠤᠯ ᠤᠯᠤᠰ ᠠᠴᠠ ᠢᠷᠡᠭᠰᠡᠨ ᠨᠡᠭᠦᠷᠡᠰᠦᠨ ᠲᠡᠷᠭᠡ ᠨᠦᠭᠦᠳ ᠬᠢᠯᠢ ᠶᠢᠨ ᠪᠠᠶᠢᠴᠠᠭᠠᠯᠲᠠ ᠪᠣᠯᠣᠨ ᠪᠣᠭᠤᠮᠲᠠ ᠶᠢ ᠡᠮᠬᠢ ᠵᠢᠷᠤᠮ ᠲᠠᠢ ᠮᠥᠷᠲᠡᠭᠡᠨ ᠲᠦᠷᠭᠡᠨ ᠥᠩᠭᠡᠷᠡᠵᠦ᠂ ᠬᠢᠯᠢ ᠶᠢᠨ ᠪᠣᠭᠤᠮᠲᠠ ᠶᠢᠨ ᠡᠯ᠎ᠡ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠢ ᠵᠣᠷᠢᠵᠠᠭᠠᠵᠤ ᠪᠠᠶᠢᠯ᠎ᠠ᠃     ︽︿ᠨᠢᠭᠡ ᠪᠦᠰᠡ ᠨᠢᠭᠡ ᠵᠠᠮ﹀   ᠢ ᠬᠠᠮᠲᠤ ᠪᠠᠷ ᠪᠠᠶᠢᠭᠤᠯᠬᠤ ᠰᠠᠨᠠᠭᠠᠴᠢᠯᠠᠭ᠎ᠠ   ᠶᠢ ᠳᠤᠷᠠᠳᠤᠭᠰᠠᠨ 10 ᠵᠢᠯ   ᠤᠨ ᠲᠤᠷᠰᠢ᠂ ᠴᠡᠭᠡ ᠬᠢᠯᠢ  ᠶᠢᠨ ᠪᠣᠭᠤᠮᠲᠠ   ᠶᠢᠨ ᠪᠠᠷᠠᠭ᠎ᠠ ᠲᠡᠭᠡᠭᠡᠪᠦᠷᠢᠯᠡᠬᠦ ᠵᠠᠮ   ᠢ ᠲᠠᠰᠤᠷᠠᠯᠲᠠ ᠦᠭᠡᠢ ᠥᠭᠡᠷᠡᠴᠢᠯᠡᠨ ᠲᠠᠰ ᠳᠡᠪᠰᠢᠭᠦᠯᠵᠦ᠂ ᠰᠠᠭᠤᠷᠢ ᠲᠥᠬᠦᠭᠡᠷᠦᠮᠵᠢ   ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠣᠲᠣ ᠣᠶᠤᠨᠴᠢᠯᠠᠭᠰᠠᠨ ᠬᠢᠷᠢ ᠲᠦᠪᠰᠢᠨ ᠶᠡᠭᠡ  ᠪᠠᠷ ᠳᠡᠭᠡᠭᠰᠢᠯᠡᠵᠦ᠂ ᠭᠠᠳᠠᠭᠠᠳᠤ   ᠠᠴᠠ ᠣᠷᠣᠭᠤᠯᠤᠭᠰᠠᠨ ᠨᠡᠭᠦᠷᠡᠰᠦ  ᠶᠢ ᠪᠣᠭᠤᠮᠲᠠ   ᠪᠠᠷ ᠥᠩᠭᠡᠷᠡᠭᠦᠯᠬᠦ   ᠨᠢ ᠨᠠᠩ ᠲᠦᠷᠭᠡᠨ ᠪᠥᠭᠡᠳ ᠥᠨᠳᠥᠷ ᠪᠦᠲᠦᠮᠵᠢᠲᠡᠶ ᠪᠣᠯᠵᠠᠢ︾ ᠭᠡᠵᠦ ᠡᠵᠡᠨ᠎ᠡ ᠪᠣᠭᠤᠮᠲᠠ   ᠶᠢᠨ ᠬᠢᠨᠠᠨ ᠬᠠᠮᠢᠶᠠᠷᠤᠯᠲᠠ   ᠶᠢᠨ ᠨᠢᠭᠡᠳᠦᠭᠡᠷ ᠰᠠᠯᠠᠭᠠᠨ ᠤ ᠳᠠᠷᠤᠭ᠎ᠠ ᠵᠠᠩ ᠯᠧᠢ ᠣᠮᠣᠭᠲᠠᠶᠢᠬᠠᠨ ᠬᠡᠯᠡᠨ᠎ᠡ᠃     ᠪᠠᠷᠠᠭ᠎ᠠ ᠳᠦᠭᠦᠷᠲᠡᠯ᠎ᠡ ᠲᠡᠭᠡᠭᠡᠭᠰᠡᠨ ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ ᠨᠦᠭᠦᠳ ᠲᠣᠭᠲᠠᠭᠰᠠᠨ ᠵᠠᠮ ᠢᠶᠠᠷ ᠴᠡᠭᠡ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠪᠠᠷ ᠠᠯᠭᠤᠷᠬᠠᠨ ᠥᠩᠭᠡᠷᠡᠵᠦ ᠬᠢᠯᠢ ᠳᠤ ᠣᠷᠣᠵᠤ ᠢᠷᠡᠵᠦ ᠪᠠᠶᠢᠯ᠎ᠠ᠃ ᠵᠢᠯᠣᠭᠤᠴᠢ ᠦᠭᠡᠢ ᠣᠶᠤᠨᠲᠤ ᠬᠦᠨᠳᠦ ᠠᠴᠢᠶᠠᠨ ᠤ ᠮᠠᠰᠢᠨ ᠲᠡᠷᠭᠡᠨ ᠤ ︽ᠵᠢᠯᠣᠭᠤᠴᠢ︾ ᠶᠠᠭ ᠠᠯᠪᠠᠨ ᠭᠡᠷ ᠲᠡᠭᠡᠨ ᠰᠠᠭᠤᠵᠤ ᠳᠡᠯᠭᠡᠴᠡ ᠪᠠᠷ ᠲᠡᠷᠭᠡ ᠬᠥᠰᠬᠡ ᠶᠢ ᠨᠢᠮᠪᠠᠢ ᠬᠢᠨᠠᠨ ᠡᠵᠡᠮᠳᠡᠵᠦ ᠪᠠᠶᠢᠯ᠎ᠠ᠃ ᠡᠨᠡ ᠪᠣᠯ ᠴᠡᠭᠡ ᠬᠢᠯᠢ ᠶᠢᠨ ᠪᠣᠭᠤᠮᠲᠠ ᠳᠤ ᠬᠡᠷᠡᠭᠵᠢᠭᠦᠯᠦᠭᠰᠡᠨ 5G ᠴᠢᠮᠡᠭᠡ ᠬᠤᠯᠪᠣᠭᠠᠨ ᠤ ᠮᠡᠷᠭᠡᠵᠢᠯ ᠪᠠ ᠠᠦ᠋ᠲ᠋ᠣ᠋ ᠵᠢᠯᠤᠭᠤᠳᠬᠤ ᠮᠡᠷᠭᠡᠵᠢᠯ ᠤᠨ ᠲᠥᠷᠥᠯ ᠵᠦᠢᠯ ᠪᠣᠯᠣᠨ᠎ᠠ᠂ ᠲᠣᠰ ᠲᠥᠷᠥᠯ ᠵᠦᠢᠯ ᠨᠢ ᠴᠡᠭᠡ ᠬᠢᠯᠢ ᠶᠢᠨ ᠪᠣᠭᠤᠮᠲᠠ ᠳᠤ ᠪᠦᠭᠦ ᠤᠯᠤᠰ ᠤᠨ ᠠᠩᠬᠠᠳᠠᠭᠴᠢ ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ ᠶᠢ ᠬᠠᠭᠤᠷᠠᠢ ᠵᠠᠮ ᠤᠨ ᠪᠣᠭᠤᠮᠲᠠ ᠳᠤ ᠲᠤᠷᠰᠢᠨ ᠠᠵᠢᠯᠯᠠᠭᠤᠯᠬᠤ  ᠶᠢ ᠪᠡᠶᠡᠯᠡᠭᠦᠯᠵᠡᠢ᠃ ︽5G ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ ᠶᠢᠨ ᠲᠥᠷᠥᠯ ᠵᠦᠢᠯ ᠢ 2022 ᠣᠨ ᠤ 1 ᠰᠠᠷ᠎ᠠ ᠠᠴᠠ ᠡᠬᠢᠯᠡᠨ ᠠᠵᠢᠯᠯᠠᠭᠤᠯᠵᠤ᠂ ᠪᠢᠳᠡ ᠣᠲᠣ 5 ᠣᠶᠤᠨᠲᠤ ᠲᠡᠷᠭᠡ ᠶᠢ ᠲᠤᠷᠰᠢᠨ ᠠᠵᠢᠯᠯᠠᠭᠤᠯᠵᠤ ᠪᠠᠶᠢᠨ᠎ᠠ︾ ᠭᠡᠵᠦ ᠥᠪᠥᠷ ᠮᠣᠩᠭᠤᠯ ᠤᠨ ᠱᠠᠨ ᠾᠧ ᠨᠡᠭᠦᠷᠡᠰᠦᠨ ᠤ ᠦᠢᠯᠡᠰ ᠤᠨ ᠺᠤᠮᠫᠠᠨᠢ ᠶᠢᠨ ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ ᠶᠢᠨ ᠬᠡᠯᠲᠡᠰ ᠤᠨ ᠳᠠᠷᠤᠭ᠎ᠠ ᠯᠢ ᠮᠢᠩ ᠬᠡᠯᠡᠨ᠎ᠡ᠃     ᠣᠶᠤᠨᠲᠤ ᠬᠦᠨᠳᠦ ᠠᠴᠢᠶᠠᠨ ᠤ ᠮᠠᠰᠢᠨ ᠲᠡᠷᠭᠡ ᠲᠠᠢ ᠬᠠᠮᠲᠤ ︽ᠶᠠᠭᠠᠷᠠᠯᠲᠠᠢ ᠠᠵᠢᠯᠯᠠᠵᠤ︾ ᠪᠠᠶᠢᠳᠠᠭ ᠨᠢ ᠡᠵᠡᠨ᠎ᠡ ᠬᠤᠰᠢᠭᠤᠨ ᠤ ᠬᠤᠤ ᠲᠦᠩ ᠡᠨᠧᠷᠭᠢ ᠶᠢᠨ ᠺᠤᠮᠫᠠᠨᠢ ᠶᠢᠨ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠮᠣᠩᠭᠤᠯ ᠤᠯᠤᠰ ᠵᠦᠭ ᠠᠶᠠᠯᠠᠬᠤ ᠪᠠᠷ ᠪᠠᠶᠢᠭ᠎ᠠ ᠤᠯᠠᠪᠢᠷ ᠥᠩᠭᠡ ᠲᠠᠢ AGV ᠵᠢᠯᠣᠭᠤᠴᠢ ᠦᠭᠡᠢ ᠲᠡᠭᠡᠭᠡᠪᠦᠷᠢ  ᠶᠢᠨ ᠲᠡᠷᠭᠡ ᠪᠣᠯᠣᠨ᠎ᠠ᠃ ︽AGV ᠵᠢᠯᠣᠭᠤᠴᠢ ᠦᠭᠡᠢ ᠲᠡᠭᠡᠭᠡᠪᠦᠷᠢ ᠶᠢᠨ ᠲᠡᠷᠭᠡ ᠨᠢ ᠳᠤᠮᠳᠠᠳᠤ ᠤᠯᠤᠰ ᠠᠴᠠ ᠮᠣᠩᠭᠤᠯ ᠤᠯᠤᠰ ᠲᠤ ᠣᠴᠢᠵᠤ ᠢᠷᠡᠳᠡᠯ᠎ᠠ ᠪᠠᠷᠤᠭ 3.2 ᠺᠢᠯᠣᠮᠧᠲᠷ ᠠᠶᠠᠯᠠᠵᠤ᠂ 40 ᠮᠢᠨᠦ᠋ᠲ ᠬᠡᠷᠡᠭᠰᠡᠵᠦ᠂ ᠨᠢᠭᠡᠨᠲᠡ 23 ᠲᠡᠷᠭᠡ ᠶᠢ ᠲᠤᠷᠰᠢᠨ ᠠᠵᠢᠯᠯᠠᠭᠤᠯᠵᠤ ᠪᠠᠶᠢᠨ᠎ᠠ︾ ᠭᠡᠵᠦ ᠡᠵᠡᠨ᠎ᠡ ᠬᠤᠰᠢᠭᠤᠨ ᠤ ᠬᠤᠤ ᠲᠦᠩ ᠡᠨᠧᠷᠭᠢ ᠶᠢᠨ ᠺᠤᠮᠫᠠᠨᠢ ᠶᠢᠨ AGV ᠲᠦᠷᠦᠯ ᠵᠦᠢᠯ ᠤᠨ ᠳᠠᠭᠠᠭᠠᠮᠠᠯ ᠭᠧᠩ ᠽᠢ ᠺᠤᠸᠠᠨ ᠬᠡᠯᠡᠨ᠎ᠡ᠃     ︽ᠴᠡᠭᠡ ᠬᠢᠯᠢ ᠶᠢᠨ ᠪᠣᠭᠤᠮᠲᠠ ᠨᠡᠭᠡᠭᠡᠯᠲᠡ ᠬᠢᠭᠰᠡᠨ 31 ᠵᠢᠯ ᠤᠨ ᠲᠤᠷᠰᠢ᠂ ᠲᠦᠷ ᠴᠠᠭ ᠤᠨ ᠪᠠᠷᠠᠭ᠎ᠠ ᠥᠩᠭᠡᠷᠡᠭᠦᠯᠬᠦ ᠬᠢᠯᠢ ᠶᠢᠨ ᠪᠣᠭᠤᠮᠲᠠ ᠠᠴᠠ ᠪᠠᠨ ᠤᠯᠠᠷᠢᠯ ᠤᠨ ᠴᠢᠨᠠᠷᠲᠠᠢ ᠬᠢᠯᠢ ᠶᠢᠨ ᠪᠣᠭᠤᠮᠲᠠ ᠵᠢᠴᠢ ᠤᠯᠤᠰ ᠤᠨ ᠪᠠᠶᠢᠩᠭᠤ ᠶᠢᠨ ᠴᠢᠨᠠᠷᠲᠠᠢ ᠬᠢᠯᠢ ᠶᠢᠨ ᠪᠣᠭᠤᠮᠲᠠ ᠪᠣᠯᠵᠤ᠂ ᠲᠠᠪᠠᠯᠳᠠᠳᠤ ᠬᠥᠭᠵᠢᠯᠲᠡ ᠶᠢ ᠪᠡᠶᠡᠯᠡᠭᠦᠯᠵᠡᠢ᠃ ᠣᠳᠣᠬᠠᠨ  ᠳᠤ᠂ ᠪᠣᠭᠤᠮᠲᠠ ᠨᠢ ᠨᠢᠭᠡᠨᠲᠡ ᠤᠯᠤᠰ ᠤᠨ ᠨᠢᠭᠡᠳᠦᠭᠡᠷ ᠲᠥᠷᠥᠯ ᠤᠨ ᠵᠢᠯ ᠲᠤᠷᠰᠢ ᠨᠡᠭᠡᠭᠡᠬᠦ ᠪᠠᠶᠢᠩᠭᠤ ᠶᠢᠨ ᠴᠢᠨᠠᠷᠲᠠᠢ ᠬᠢᠯᠢ ᠶᠢᠨ ᠪᠣᠭᠤᠮᠲᠠ ᠪᠣᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ ᠨᠡᠶᠢᠲᠡ 1.48 ᠳ᠋ᠦᠩᠰᠢᠭᠤᠷ ᠲᠣᠨ ᠳᠤ ᠬᠦᠷᠴᠦ᠂ ᠠᠷᠠᠯᠵᠢᠶᠠᠨ ᠤ ᠬᠡᠮᠵᠢᠶ᠎ᠡ ᠨᠢ 547.51 ᠳ᠋ᠦᠩᠰᠢᠭᠤᠷ ᠲᠥᠭᠦᠷᠢᠭ ᠲᠤ ᠬᠦᠷᠴᠦ᠂ ᠬᠢᠯᠢ ᠪᠠᠷ 440.83 ᠲᠦᠮᠡᠨ ᠬᠥᠮᠥᠨ ᠤᠳᠠᠭ᠎ᠠ ᠣᠷᠣᠵᠤ ᠭᠠᠷᠴᠤ ᠪᠤᠢ︾ ᠭᠡᠵᠦ ᠴᠡᠭᠡ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠭᠢᠯᠡᠭᠴᠢ ᠠᠯᠲᠠᠨᠪᠠᠭᠠᠨ᠎ᠠ ᠲᠠᠨᠢᠯᠴᠠᠭᠤᠯᠤᠨ᠎ᠠ᠃     ᠳᠡᠯᠡᠬᠡᠢ ᠳ᠋ᠠᠬᠢᠨ ᠲᠠᠢ ᠬᠤᠯᠪᠣᠯᠳᠤᠨ ᠨᠡᠪᠲᠡᠷᠡᠯᠴᠡᠵᠦ᠂ ᠰᠢᠨ᠎ᠡ ᠲᠣᠷᠭᠠᠨ ᠵᠠᠮ ᠢ ᠬᠠᠮᠲᠤ ᠪᠠᠷ ᠵᠥᠪᠳᠡᠵᠦ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠴᠡᠭᠡ ᠬᠢᠯᠢ ᠶᠢᠨ ᠪᠣᠭᠤᠮᠲᠠ ᠶᠢᠨ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠣᠷᠣᠨ ᠵᠠᠢ︾ ᠤᠯᠠᠮ ᠠᠴᠠ ᠤᠯᠠᠮ ᠥᠷᠭᠡᠳᠴᠦ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号