ᠲᠦᠪᠰᠢᠨ᠄ ᠴᠦᠯᠯᠡᠷᠭᠡᠭᠵᠢᠯ ᠢ ᠰᠡᠷᠭᠡᠶᠢᠯᠡᠵᠦ ᠴᠦᠯᠯᠡᠷᠭᠡᠭᠵᠢᠯ ᠢ ᠵᠠᠰᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2023/11/6
   ᠲᠦᠷᠦᠭᠦᠬᠡᠨ᠂ ︽ᠾᠧᠰᠢ ᠶᠢᠨ ᠬᠤᠩᠭᠢᠯ—ᠳᠠᠺᠠᠯᠠᠮᠠ ᠡᠯᠡᠰᠦ ᠶᠢᠨ ᠬᠦᠪᠡᠭᠡ ᠵᠠᠬ᠎ᠠ ᠶᠢ ᠬᠤᠷᠢᠭᠯᠠᠨ ᠪᠢᠳᠡᠬᠦᠮᠵᠢᠯᠡᠬᠦ ᠠᠵᠢᠯ︾ ᠪᠣᠯᠤᠨ ᠴᠦᠯᠯᠡᠷᠭᠡᠭᠵᠢᠯ ᠢ ᠰᠡᠷᠭᠡᠶᠢᠯᠡᠵᠦ ᠴᠦᠯᠯᠡᠷᠭᠡᠭᠵᠢᠯ ᠢ ᠵᠠᠰᠠᠬᠤ ᠲᠤᠯᠤᠭᠠᠨ ᠶᠡᠭᠡ ᠳᠠᠶᠢᠯᠠᠯᠳᠤᠭᠠᠨ ᠠᠯᠠᠱᠠ ᠳᠤ ᠪᠥᠬᠦ ᠲᠠᠯ᠎ᠠ ᠪᠠᠷ ᠡᠬᠢᠯᠡᠵᠦ᠂ ᠮᠠᠨ ᠤ ᠠᠶᠢᠮᠠᠭ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠵᠢᠴᠢ ᠴᠦᠯᠯᠡᠷᠭᠡᠭᠵᠢᠯ ᠢ ᠵᠠᠰᠠᠬᠤ ᠠᠵᠢᠯ ᠳᠤ ᠰᠢᠨ᠎ᠡ ᠬᠠᠷᠠᠯᠲᠠ ᠡᠭᠦᠷᠭᠡ ᠳᠤᠷᠠᠳᠪᠠ᠃ ᠪᠥᠬᠦ ᠠᠶᠢᠮᠠᠭ ᠤᠨ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠬᠢᠭᠡᠳ ᠴᠦᠯᠯᠡᠷᠭᠡᠭᠵᠢᠯ ᠢ ᠵᠠᠰᠠᠬᠤ ᠲᠠᠯ᠎ᠠ ᠪᠠᠷ ᠲᠦᠷᠭᠡᠨ ᠪᠥᠭᠡᠳ ᠲᠣᠭᠲᠠᠭᠤᠨ ᠢᠶᠠᠷ ᠬᠥᠭᠵᠢᠬᠦ ᠶᠢ ᠬᠡᠷᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ︽ᠬᠡᠰᠡᠭ ᠲᠠᠯ᠎ᠠ ᠪᠠᠷ ᠵᠠᠰᠠᠬᠤ᠂ ᠪᠦᠬᠦᠯᠢ ᠴᠣᠭᠴᠠ ᠨᠢ ᠮᠠᠭᠤᠵᠢᠷᠠᠬᠤ︾ ᠪᠠᠶᠢᠭᠰᠠᠨ ᠠᠴᠠ ︽ᠪᠥᠬᠦ ᠬᠡᠪᠴᠢᠶᠡᠨ ᠳᠤ ᠵᠠᠰᠠᠬᠤ᠂ ᠪᠦᠬᠦᠯᠢ ᠴᠣᠭᠴᠠ ᠪᠠᠷ ᠨᠢ ᠰᠠᠶᠢᠵᠢᠷᠠᠭᠤᠯᠬᠤ︾ ᠦᠨᠳᠦᠰᠦᠨ ᠬᠤᠪᠢᠷᠠᠭᠤᠯᠤᠯᠲᠠ ᠶᠢ ᠪᠡᠶᠡᠯᠡᠬᠦᠯᠬᠦ ᠳᠣᠬᠠᠢ ᠰᠤᠷᠪᠤᠯᠵᠢᠯᠠᠭᠴᠢ ᠠᠯᠠᠱᠠ ᠠᠶᠢᠮᠠᠭ ᠤᠨ ᠣᠶ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ  ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳᠦᠪᠰᠢᠨ ᠢ ᠰᠤᠷᠪᠤᠯᠵᠢᠯᠠᠪᠠ᠃    ᠲᠦᠪᠰᠢᠨ᠂ ᠮᠠᠨ ᠤ ᠠᠶᠢᠮᠠᠭ ᠤᠨ ᠴᠦᠯᠯᠡᠷᠭᠡᠭᠵᠢᠯ ᠢ ᠵᠠᠰᠠᠬᠤ ᠨᠢ ᠬᠠᠲᠤᠨ ᠭᠤᠣᠯ ᠤᠨ ᠳᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠾᠧᠰᠢ ᠶᠢᠨ ᠬᠤᠩᠭᠢᠯ—ᠳᠠᠺᠠᠯᠠᠮᠠ ᠡᠯᠡᠰᠦᠨ ᠴᠦᠯ ᠤᠨ ᠬᠦᠪᠡᠭᠡ ᠵᠠᠬ᠎ᠠ  ᠶᠢ ᠬᠤᠷᠢᠭᠯᠠᠨ ᠪᠢᠳᠡᠬᠦᠮᠵᠢᠯᠡᠬᠦ ᠠᠵᠢᠯ ᠲᠠᠢ ᠨᠢᠭᠲᠠ ᠬᠤᠯᠪᠣᠭ᠎ᠠ ᠲᠠᠢ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶ ᠲᠥᠯᠥᠪᠵᠢᠭᠦᠯᠭᠡ ᠶᠣᠰᠣᠭᠠᠷ᠂ ᠮᠠᠨ ᠤ ᠠᠶᠢᠮᠠᠭ ᠨᠢ ᠲᠣᠰ ᠲᠣᠰ ᠬᠠᠲᠤᠨ ᠭᠤᠤᠯ ᠤᠨ ᠳᠣᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ︵ᠠᠯᠠᠱᠠ ᠵᠡᠭᠦᠨ ᠬᠤᠰᠢᠭᠤ︶᠂  ᠾᠧᠰᠢ ᠶᠢᠨ ᠬᠤᠩᠭᠢᠯ—ᠳᠠᠺᠠᠯᠠᠮᠠ ᠡᠯᠡᠰᠦᠨ ᠴᠦᠯ ᠤᠨ ᠬᠦᠪᠡᠭᠡ ᠶᠢ ᠬᠤᠷᠢᠭᠯᠠᠨ ᠪᠢᠳᠡᠬᠦᠮᠵᠢᠯᠡᠬᠦ ᠠᠵᠢᠯ ︵ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ︶ ᠳᠤ ᠵᠢᠭᠰᠠᠭᠠᠭᠳᠠᠵᠠᠶ᠃ ᠮᠠᠨ ᠤ ᠠᠶᠢᠮᠠᠭ ᠤᠨ ᠡᠯᠡᠰᠦᠷᠬᠡᠭᠵᠢᠭᠰᠡᠨ ᠭᠠᠵᠠᠷ ᠰᠢᠷᠣᠢ ᠤᠯᠠᠨ᠂ ᠵᠠᠰᠠᠭᠰᠠᠨ ᠲᠠᠯᠠᠪᠠᠢ ᠶᠡᠭᠡ ᠪᠠᠶᠢᠬᠤ ᠪᠣᠳᠠᠲᠤ ᠪᠠᠶᠢᠳᠠᠯ ᠢ ᠦᠨᠳᠦᠰᠦᠯᠡᠨ᠂ ᠪᠦᠬᠦ ᠠᠶᠢᠮᠠᠭ ᠤᠨ ᠴᠦᠯᠯᠡᠷᠭᠡᠭᠵᠢᠯ ᠢ ᠰᠡᠷᠭᠡᠶᠢᠯᠡᠵᠦ ᠴᠦᠯᠯᠡᠷᠭᠡᠭᠵᠢᠯ ᠢ ᠵᠠᠰᠠᠬᠤ ᠭᠤᠣᠯᠳᠠᠯᠭ᠎ᠠ ᠪᠣᠯ ᠠᠯᠠᠱᠠ ᠠᠶᠢᠮᠠᠭ ᠤᠨ ᠴᠦᠯᠯᠡᠷᠭᠡᠭᠵᠢᠯ ᠢ ᠰᠡᠷᠭᠡᠶᠢᠯᠡᠵᠦ ᠴᠦᠯᠯᠡᠷᠭᠡᠭᠵᠢᠯ ᠢ ᠵᠠᠰᠠᠬᠤ ᠲᠤᠯᠤᠭᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠵᠦ᠂ ᠡᠯᠡᠰᠦ ᠶᠢ ᠬᠤᠷᠢᠭᠯᠠᠬᠤ ᠬᠤᠷᠠᠯ ᠬᠢᠬᠦ᠂ ᠡᠯᠡᠰᠦ ᠶᠢ ᠬᠠᠰᠢᠵᠤ ᠭᠤᠣᠯ ᠳᠤ ᠣᠷᠣᠭᠤᠯᠬᠤ ᠠᠴᠠ ᠰᠡᠷᠭᠡᠶᠢᠯᠡᠬᠦ᠂ ᠡᠯᠡᠰᠦ ᠶᠢ ᠬᠠᠰᠢᠵᠤ ᠠᠭᠤᠯᠠᠨ ᠳᠤ ᠭᠠᠷᠬᠤ ᠠᠴᠠ ᠰᠡᠷᠭᠡᠶᠢᠯᠡᠬᠦ᠂ ᠡᠯᠡᠰᠦ ᠶᠢ ᠬᠠᠰᠢᠨ ᠬᠤᠳᠠ ᠳᠤ ᠣᠷᠣᠬᠤ ᠠᠴᠠ ᠰᠡᠷᠭᠡᠶᠢᠯᠡᠬᠦ ᠵᠡᠷᠭᠡ ᠲᠤᠯᠤᠭᠠᠨ ᠶᠡᠭᠡ ᠴᠢᠳᠠᠮᠵᠢ ᠶᠢ ᠲᠤᠪᠤᠶᠢᠯᠭᠠᠵᠦ᠂ ᠨᠢᠭᠡ ᠪᠦᠯᠦᠭ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠠᠢ᠃    ᠨᠢᠭᠡ᠂ ᠲᠩᠷᠢ ᠪᠣᠯᠤᠨ ᠪᠠᠳᠠᠢ ᠶᠢᠨ ᠵᠢᠷᠠᠨ ᠬᠤᠶᠠᠷ ᠶᠡᠭᠡ ᠡᠯᠡᠰᠦᠨ ᠴᠦᠯ ᠤᠨ ᠡᠮᠦᠨᠡᠰᠢ ᠰᠢᠯᠵᠢᠬᠦ ᠶᠢ ᠬᠤᠷᠢᠭᠯᠠᠨ᠎ᠠ    ᠬᠥᠮᠦᠨ ᠤ ᠬᠦᠴᠦ ᠪᠠᠷ ᠣᠶᠢᠵᠢᠭᠤᠯᠬᠤ᠂ ᠲᠠᠴᠢᠷᠳᠠᠭᠰᠠᠨ ᠤᠢ ᠶᠢ ᠰᠡᠷᠭᠦᠭᠡᠬᠦ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠠᠰᠠᠭᠰᠠᠨ ᠲᠠᠯᠠᠪᠠᠢ 803.83 ᠲᠦᠮᠡᠨ ᠮᠥ ᠳᠤ ᠬᠦᠷᠴᠦ᠂ ᠡᠭᠦᠨ ᠤ ᠳᠣᠲᠣᠷ᠎ᠠ ᠪᠤᠲᠠ ᠮᠣᠳᠣ ᠲᠠᠷᠢᠭᠰᠠᠨ ᠲᠠᠯᠠᠪᠠᠢ 22.8 ᠲᠦᠮᠡᠨ ᠮᠥ᠂ ᠬᠥᠮᠦᠨ ᠤ ᠬᠦᠴᠦ ᠪᠠᠷ ᠡᠪᠡᠰᠦ ᠲᠠᠷᠢᠭᠰᠠᠨ ᠲᠠᠯᠠᠪᠠᠢ 207 ᠲᠦᠮᠡᠨ ᠮᠥ᠂ ᠨᠢᠰᠬᠡᠯ ᠢᠶᠠᠷ ᠲᠠᠷᠢᠵᠤ ᠣᠶᠢᠵᠢᠭᠤᠯᠤᠭᠰᠠᠨ 49 ᠲᠦᠮᠡᠨ ᠮᠥ᠂ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ 115 ᠲᠦᠮᠡᠨ ᠮᠥ ᠶᠢ ᠵᠠᠰᠠᠨ ᠰᠡᠷᠭᠦᠭᠡᠵᠦ᠂ ᠲᠠᠴᠢᠷᠳᠠᠭᠰᠠᠨ ᠣᠢ ᠶᠢ 154.59 ᠲᠦᠮᠡᠨ ᠮᠥ ᠵᠠᠰᠠᠨ ᠰᠡᠷᠭᠦᠭᠡᠵᠦ᠂ ᠨᠣᠳᠤᠭ ᠪᠡᠯᠴᠢᠭᠡᠷ ᠢ 14.84 ᠲᠦᠮᠡᠨ ᠮᠥ ᠵᠠᠰᠠᠨ ᠰᠡᠷᠭᠦᠭᠡᠵᠦ᠂ 77.8 ᠲᠦᠮᠡᠨ ᠮᠥ ᠶᠢ ᠪᠢᠳᠡᠬᠦᠮᠵᠢᠯᠡᠨ ᠣᠶᠢᠵᠢᠭᠤᠯᠵᠦ᠂ 22.5 ᠲᠦᠮᠡᠨ ᠮᠥ ᠶᠢ ᠰᠢᠨ᠎ᠡ ᠪᠠᠷ ᠣᠶᠢᠵᠢᠭᠤᠯᠵᠤ᠂ ᠶᠡᠷᠦᠩᠬᠡᠶ ᠣᠷᠳᠣ ᠨᠢ 413 ᠺᠢᠯᠣᠮᠧᠲᠷ᠂ ᠥᠷᠭᠡᠨ 3—40 ᠺᠢᠯᠣᠮᠧᠲᠷ ᠤᠨ ᠬᠢᠯᠢ ᠲᠠᠭᠠᠭᠰᠠᠨ ᠤᠢ ᠶᠢᠨ ᠪᠦᠰᠡ ᠶᠢ ᠪᠦᠷᠢᠯᠳᠦᠬᠦᠯᠪᠡ᠃    ᠬᠤᠶᠠᠷ᠂ ᠤᠯᠠᠭᠠᠨᠪᠤᠬ᠎ᠠ ᠶᠢᠨ ᠡᠯᠡᠰᠦ ᠬᠠᠳᠤᠨ ᠭᠤᠣᠯ ᠳᠤ ᠣᠷᠣᠬᠤ ᠶᠢ ᠬᠤᠷᠢᠭᠯᠠᠨ᠎ᠠ    ᠬᠠᠲᠤᠨ ᠭᠤᠤᠯ ᠠᠯᠠᠱᠠ ᠪᠠᠷ 80 ᠺᠢᠯᠣᠮᠧᠲᠷ ᠤᠷᠤᠰᠤᠨ ᠥᠩᠭᠡᠷᠡᠵᠦ᠂ ᠪᠦᠷᠢᠳᠬᠡᠯ ᠢ ᠦᠨᠳᠦᠰᠦᠯᠡᠪᠡᠯ᠂ ᠵᠢᠯ ᠪᠦᠷᠢ ᠬᠠᠲᠤᠨ ᠭᠤᠤᠯ ᠳᠠᠭᠠᠤ ᠨᠡᠭᠦᠳᠡᠯ ᠡᠯᠡᠰᠦ 1 ᠳ᠋ᠦᠩᠰᠢᠭᠤᠷ ᠭᠠᠷᠤᠶ ᠲᠣᠨ ᠤᠷᠤᠰᠤᠨ ᠣᠷᠣᠵᠤ᠂ ᠨᠢᠭᠡᠨᠲᠡ ᠬᠠᠲᠤᠨ ᠭᠤᠤᠯ ᠤᠨ ᠰᠢᠪᠠᠷ ᠡᠯᠡᠰᠦᠨ ᠤ ᠭᠤᠤᠯ ᠢᠷᠡᠯᠲᠡ ᠶᠢᠨ ᠣᠷᠣᠨ ᠪᠣᠯᠤᠭᠰᠠᠨ ᠪᠠᠶᠢᠨ᠎ᠠ᠃ ᠣᠳᠣᠬᠠᠨ ᠳᠤ᠂ ᠮᠠᠨ ᠤ ᠠᠶᠢᠮᠠᠭ ᠨᠢᠭᠡᠨᠲᠡ ᠬᠠᠲᠤᠨ ᠭᠤᠤᠯ ᠤᠨ ᠪᠠᠷᠠᠭᠤᠨ ᠡᠷᠭᠢ᠂ ᠤᠯᠠᠭᠠᠨᠪᠤᠬ᠎ᠠ ᠶᠢᠨ ᠡᠯᠡᠰᠦᠨ ᠴᠥᠯ ᠤᠨ ᠵᠡᠭᠦᠨ ᠬᠥᠪᠡᠭᠡᠨ ᠳᠤ 60 ᠭᠠᠷᠤᠶ ᠲᠦᠮᠡᠨ ᠮᠥ ᠡᠯᠡᠰᠦ ᠶᠢ ᠰᠡᠷᠭᠡᠶᠢᠯᠡᠵᠦ ᠡᠯᠡᠰᠦ ᠶᠢ ᠬᠤᠷᠢᠭᠯᠠᠬᠤ ᠣᠶ ᠰᠢᠭᠤᠶ ᠨᠣᠳᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠰᠡ ᠶᠢ ᠪᠠᠶᠢᠭᠤᠯᠵᠤ᠂ 165.1 ᠲᠦᠮᠡᠨ ᠮᠥ ᠶᠢ ᠵᠠᠰᠠᠬᠤ ᠪᠠᠷ ᠳᠦᠯᠦᠪᠵᠢᠬᠦᠯᠪᠡ᠃    ᠭᠤᠷᠪᠠ᠂ ᠪᠠᠳᠠᠶ ᠶᠢᠨ ᠵᠢᠷᠠᠨ ᠤ ᠡᠯᠡᠰᠦ ᠾᠧᠰᠢ ᠶᠢᠨ ᠬᠤᠩᠭᠢᠯ ᠳᠤ ᠲᠦᠷᠢᠨ ᠤᠷᠤᠬᠤ ᠶᠢ ᠬᠤᠷᠢᠭᠯᠠᠨ᠎ᠠ    ᠡᠵᠡᠨ᠎ᠡ ᠶᠢᠨ ᠨᠣᠭᠤᠭᠠᠨ ᠪᠦᠷᠢᠳᠦ ᠵᠢᠴᠢ ᠪᠠᠳᠠᠶ ᠶᠢᠨ ᠵᠢᠷᠠᠨ ᠤ ᠡᠯᠡᠰᠦᠨ ᠴᠥᠯ ᠤᠨ ᠪᠠᠷᠠᠭᠤᠨ ᠵᠠᠬ᠎ᠠ᠂ ᠪᠠᠷᠠᠭᠤᠨ ᠡᠮᠦᠨ᠎ᠡ ᠵᠠᠬ᠎ᠠ ᠪᠠᠷ ᠲᠠᠮᠵᠢᠨ᠂ ᠣᠳᠣ ᠪᠠᠶᠢᠭ᠎ᠠ ᠲᠣᠣᠷᠠᠢ᠂ ᠤᠳᠠ᠂ ᠵᠠᠭ ᠤᠨ ᠣᠶ ᠵᠡᠷᠭᠡ ᠰᠢᠨ᠎ᠡ ᠲᠠᠷᠢᠭᠰᠠᠨ ᠵᠢᠴᠢ ᠬᠥᠮᠦᠨ ᠤ ᠬᠦᠴᠦ ᠪᠠᠷ ᠡᠪᠡᠰᠦ ᠲᠠᠷᠢᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠠᠮᠠᠭᠠᠯᠠᠬᠤ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 108.14 ᠲᠦᠮᠡᠨ ᠮᠥ ᠶᠢ ᠵᠠᠰᠠᠬᠤ ᠪᠠᠷ ᠳᠦᠯᠦᠪᠵᠢᠬᠦᠯᠪᠡ᠃    ᠳᠥᠷᠪᠡ᠂ ᠲᠩᠷᠢ ᠪᠣᠯᠤᠨ ᠤᠯᠠᠭᠠᠨᠪᠤᠬ᠎ᠠ ᠶᠢᠨ ᠡᠯᠡᠰᠦ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ ᠳᠤ ᠣᠷᠣᠬᠤ ᠶᠢ ᠬᠤᠷᠢᠭᠯᠠᠨ᠎ᠠ    ᠣᠳᠣᠬᠠᠨ ᠳᠤ᠂ ᠮᠠᠨ ᠤ ᠠᠶᠢᠮᠠᠭ ᠨᠢᠭᠡᠨᠲᠡ ᠲᠣᠰ ᠭᠠᠵᠠᠷ ᠣᠷᠣᠨ ᠳᠤ ᠬᠥᠮᠦᠨ ᠤ ᠬᠦᠴᠦ ᠪᠠᠷ 279 ᠲᠦᠮᠡᠨ ᠮᠥ ᠣᠶᠢᠵᠢᠭᠤᠯᠵᠤ᠂ ᠨᠢᠰᠬᠡᠯ ᠢᠶᠠᠷ 565 ᠲᠦᠮᠡᠨ ᠮᠥ ᠣᠶᠢᠵᠢᠭᠤᠯᠵᠤ᠂ 120 ᠲᠦᠮᠡᠨ ᠮᠥ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ ᠪᠠᠷᠤᠭ 460 ᠺᠢᠯᠣᠮᠧᠲᠷ ᠣᠷᠳᠣ᠂ 3 — 20 ᠺᠢᠯᠣᠮᠧᠲᠷ ᠤᠨ ᠰᠠᠯᠬᠢ ᠬᠠᠯᠬᠠᠯᠠᠬᠤ ᠣᠶ ᠰᠢᠭᠤᠶ ᠨᠣᠳᠤᠭ ᠪᠡᠯᠴᠢᠭᠡᠷ ᠤᠨ ᠪᠦᠰᠡ ᠶᠢ ᠪᠠᠶᠢᠭᠤᠯᠪᠠ᠃ ᠵᠠᠰᠠᠬᠤ ᠲᠠᠯᠠᠪᠠᠢ ᠶᠢ 82.8 ᠲᠦᠮᠡᠨ ᠮᠦ ᠳᠤ ᠬᠦᠷᠭᠡᠬᠦ ᠪᠠᠷ ᠲᠦᠯᠦᠪᠵᠢᠬᠦᠯᠪᠡ᠃    ᠲᠠᠪᠤ᠂ ᠪᠦᠬᠦ ᠠᠶᠢᠮᠠᠭ ᠤᠨ ᠭᠤᠣᠯᠳᠠᠯᠭ᠎ᠠ ᠲᠠᠢ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠤᠷᠪᠠᠨ ᠶᠡᠭᠡ ᠡᠯᠡᠰᠦ ᠮᠠᠩᠬ᠎ᠠ ᠶᠢ ᠰᠡᠷᠭᠡᠶᠢᠯᠡᠨ ᠬᠤᠷᠢᠭᠯᠠᠨ᠎ᠠ    ᠣᠳᠣᠬᠠᠨ ᠳᠤ᠂ ᠮᠠᠨ ᠤ ᠠᠶᠢᠮᠠᠭ ᠨᠢᠭᠡᠨᠲᠡ ᠭᠤᠤᠯᠳᠠᠯᠭ᠎ᠠ ᠲᠠᠢ ᠬᠤᠲᠠ ᠪᠠᠯᠭᠠᠰᠤᠨ ᠤ ᠡᠷᠬᠢᠨ ᠲᠣᠭᠤᠷᠢᠨ ᠤ ᠭᠠᠵᠠᠷ ᠣᠷᠣᠨ ᠢ 97 ᠲᠦᠮᠡᠨ ᠮᠥ ᠨᠣᠭᠤᠭᠠᠷᠠᠭᠤᠯᠵᠤ᠂ ᠪᠥᠬᠦ ᠠᠷᠠᠳ 2400 ᠭᠠᠷᠤᠶ ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠪᠠ᠃ ᠭᠤᠣᠯᠳᠠᠯᠭ᠎ᠠ ᠲᠠᠢ ᠬᠤᠲᠠ ᠪᠠᠯᠭᠠᠰᠤ ᠪᠣᠯᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠷᠬᠢᠨ ᠲᠣᠭᠤᠷᠢᠨ ᠤ 87 ᠲᠦᠮᠡᠨ ᠮᠦ ᠶᠢ ᠵᠠᠰᠠᠵᠦ᠂ ᠪᠢᠳᠡᠨ ᠤ ᠣᠷᠣᠰᠢᠨ ᠲᠣᠭᠲᠠᠨᠢᠬᠤ ᠰᠠᠶᠢᠨ ᠰᠠᠶᠢᠬᠠᠨ ᠭᠡᠷ ᠣᠷᠣᠨ ᠢᠶᠠᠨ ᠬᠠᠮᠠᠭᠠᠯᠠᠬᠤ ᠪᠠᠷ ᠲᠥᠯᠥᠪᠵᠢᠭᠦᠯᠪᠡ᠃    ᠵᠢᠷᠭᠤᠭ᠎ᠠ᠂ ᠭᠤᠣᠯᠳᠠᠯᠭ᠎ᠠ ᠲᠠᠢ ᠵᠠᠰᠠᠮᠠᠯ ᠵᠠᠮ᠂ ᠲᠡᠮᠦᠷ ᠵᠠᠮ ᠪᠠ ᠬᠤᠲᠠ ᠬᠥᠳᠡᠭᠡ ᠶᠢᠨ ᠵᠠᠮ ᠡᠯᠡᠰᠦᠨ ᠳᠤ ᠪᠣᠯᠠᠭᠳᠠᠬᠤ ᠶᠢ ᠬᠤᠷᠢᠭᠯᠠᠨ᠎ᠠ    ᠪᠥᠬᠦ ᠠᠶᠢᠮᠠᠭ ᠤᠨ ᠭᠤᠤᠯᠳᠠᠯᠭ᠎ᠠ ᠲᠠᠢ ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠪᠠᠷ 361.04 ᠲᠦᠮᠡᠨ ᠮᠥ ᠴᠡᠭᠴᠡᠯᠡᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠄ ᠪᠣᠳᠠ ᠮᠣᠳᠣ ᠣᠶᠢᠵᠢᠭᠤᠯᠬᠤ 23.59 ᠲᠦᠮᠡᠨ ᠮᠥ᠂ ᠨᠢᠰᠬᠡᠯ ᠢᠶᠠᠷ ᠳᠠᠷᠢᠵᠤ ᠣᠶᠢᠵᠢᠭᠤᠯᠬᠤ 16.7 ᠲᠦᠮᠡᠨ ᠮᠥ᠂ ᠬᠥᠮᠦᠨ ᠤ ᠬᠦᠴᠦ ᠪᠠᠷ ᠡᠪᠡᠰᠦ ᠳᠠᠷᠢᠬᠤ 38.16 ᠲᠦᠮᠡᠨ ᠮᠥ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ 13 ᠲᠦᠮᠡᠨ ᠮᠥ ᠂ ᠲᠠᠴᠢᠷᠳᠠᠭᠰᠠᠨ ᠣᠶ ᠶᠢ 95.5 ᠲᠦᠮᠡᠨ ᠮᠥ᠂ ᠬᠦᠷᠢᠶ᠎ᠡ ᠬᠠᠰᠢᠶ᠎ᠠ ᠶᠢ ᠪᠥᠲᠥᠭᠡᠨ ᠪᠠᠶᠢᠭᠤᠯᠬᠤ 113.6 ᠲᠦᠮᠡᠨ ᠮᠥ᠂ ᠰᠢᠨ᠎ᠡ ᠪᠠᠷ ᠣᠶᠢᠵᠢᠭᠤᠯᠵᠤ ᠬᠠᠮᠢᠶᠠᠷᠤᠨ ᠬᠠᠮᠠᠭᠠᠯᠠᠬᠤ 22.99 ᠲᠦᠮᠡᠨ ᠮᠥ᠂ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ 37.5 ᠲᠦᠮᠡᠨ ᠮᠥ ᠪᠠᠶᠢᠨ᠎ᠠ᠃    ᠳᠣᠯᠤᠭ᠎ᠠ᠂ ᠬᠤᠶᠠᠷ ᠶᠡᠭᠡ ᠰᠠᠭᠤᠷᠢᠨ ᠭᠠᠵᠠᠷ ᠢ ᠪᠠᠳᠣᠯᠠᠵᠦ ᠳᠡᠬᠦᠨ ᠳᠤ ᠦᠢᠯᠡᠴᠢᠯᠡᠨ᠎ᠡ    ᠰᠠᠭᠤᠭ᠎ᠠ ᠴᠡᠷᠢᠭ ᠤᠨ ᠨᠢᠭᠡᠨ ᠰᠠᠭᠤᠷᠢᠨ ᠭᠠᠵᠠᠷ ᠲᠤ 51.7 ᠲᠦᠮᠡᠨ ᠮᠦ ᠲᠠᠯᠠᠪᠠᠢ ᠶᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠤᠢ᠂ ᠡᠭᠦᠨ ᠳᠤ᠄ ᠬᠥᠮᠦᠨ ᠤ ᠬᠦᠴᠦ ᠪᠠᠷ 5 ᠲᠦᠮᠡᠨ ᠮᠦ ᠡᠪᠡᠰᠦ ᠲᠠᠷᠢᠵᠤ᠂ 5 ᠲᠦᠮᠡᠨ ᠮᠦ ᠡᠯᠡᠰᠦ ᠶᠢ ᠪᠢᠲᠡᠭᠦᠮᠵᠢᠯᠡᠨ ᠣᠶᠢᠵᠢᠭᠤᠯᠵᠤ᠂ ᠰᠡᠶᠢᠷᠡᠭᠵᠢᠭᠰᠡᠨ ᠤᠢ ᠮᠣᠳᠣ ᠶᠢ 19 ᠲᠦᠮᠡᠨ ᠮᠦ ᠵᠠᠰᠠᠨ ᠰᠡᠷᠭᠦᠭᠡᠵᠦ᠂ 22.7 ᠲᠦᠮᠡᠨ ᠮᠦ ᠬᠦᠷᠢᠶᠡᠯᠡᠨ ᠪᠢᠳᠡᠬᠦᠮᠵᠢᠯᠡᠨ᠎ᠡ᠃    ᠲᠦᠪᠰᠢᠨ᠂ ᠠᠶᠢᠮᠠᠭ ᠤᠨ ᠣᠶ ᠰᠢᠭᠤᠶ ᠨᠣᠳᠤᠭ ᠪᠡᠯᠴᠢᠭᠡᠷ ᠤᠨ ᠲᠣᠪᠴᠢᠶ᠎ᠠ ᠠᠯᠠᠱᠠ ᠠᠭᠤᠯᠠ ᠶᠢᠨ ᠠᠮᠢ ᠠᠬᠤᠶ ᠶᠢᠨ ᠬᠤᠩᠭᠢᠯ᠂ ᠡᠵᠡᠨ᠎ᠡ ᠶᠢᠨ ᠨᠣᠭᠤᠭᠠᠨ ᠪᠦᠷᠢᠳᠦ᠂ ᠡᠯᠡᠰᠦᠨ ᠴᠥᠯ ᠤᠨ ᠬᠢᠯᠢ ᠬᠢᠵᠠᠭᠠᠷ ᠢ ᠰᠠᠬᠢᠵᠤ ᠪᠠᠶᠢᠭ᠎ᠠ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ᠂ ᠬᠠᠲᠤᠨ ᠭᠤᠤᠯ ᠤᠨ ᠪᠠᠷᠠᠭᠤᠨ ᠡᠷᠭᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ᠂ ᠬᠤᠲᠠ ᠪᠠᠯᠭᠠᠰᠤ ᠬᠥᠳᠡᠭᠡ ᠲᠣᠰᠬᠤᠨ ᠤ ᠡᠷᠬᠢᠨ ᠲᠣᠭᠤᠷᠢᠨ ᠵᠢᠴᠢ ᠴᠢᠬᠤᠯᠠ ᠵᠠᠮ ᠬᠠᠷᠢᠯᠴᠠᠭᠠᠨ ᠤ ᠭᠤᠤᠯ ᠱᠤᠭᠤᠮ ᠤᠨ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠪᠦᠰᠡ ᠪᠠᠷ ᠪᠦᠲᠦᠴᠡ ᠪᠣᠯᠭᠠᠭᠰᠠᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠠᠯᠠᠱᠠ ᠶᠢᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ ᠭᠡᠪᠡ᠃          
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号