︽ᠵᠢᠱᠢᠶ᠎ᠡ ᠦᠵᠡᠭᠦᠯᠬᠦ ᠣᠷᠣᠨ ᠨᠢ ︿ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ︿ᠲᠠᠪᠤᠨ ᠶᠡᠭᠡ ᠡᠭᠦᠷᠭᠡ﹀ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠠᠶᠢᠭᠤᠯᠬᠤ ︿ᠬᠤᠶᠠᠷ ᠶᠡᠭᠡ ᠶᠠᠪᠤᠳᠠᠯ﹀ ᠤᠨ ᠳᠣᠬᠠᠢ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︿ ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ﹀ ᠪᠠ ︿ᠮᠣᠩᠭᠤᠯ ᠮᠣᠷᠢᠨ ᠤ ᠵᠣᠷᠢᠭ ᠰᠠᠨᠠᠭ᠎ᠠ﹀ ᠶᠢ ᠶᠡᠬᠡᠪᠡᠷ ᠪᠠᠳᠠᠷᠠᠭᠤᠯᠵᠤ᠂ ᠨᠠᠷᠢᠨ ᠲᠠᠩᠰᠠ | ᠲᠣᠭᠲᠠᠭᠠᠨ᠂ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃︾ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠶ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ | ᠦᠵᠡᠭᠦᠯᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠰᠤᠷᠪᠤᠯᠵᠢᠯᠠᠭᠴᠢ ᠲᠤᠰᠬᠠᠶᠢᠯᠠᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ | ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤ ᠢᠦᠶ ᠶᠢ ᠰᠤᠷᠪᠤᠯᠵᠢᠯᠠᠪᠠ᠃ | ᠵᠠᠩ ᠰᠢᠤ ᠢᠦᠢ᠂ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠠ ᠭᠡᠪᠡ᠃ | ᠨᠢᠭᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ | ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ | ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ ᠢ ᠬᠡᠷᠡᠭᠵᠢᠭᠦᠯᠬᠦ ᠶᠢ ᠠᠬᠢᠭᠤᠯᠵᠤ᠂ 2024- 2025 ᠣᠨ ᠳᠤ 7.1 ᠲᠦᠮᠡᠨ ᠮᠥ ᠡᠯᠡᠰᠦ ᠶᠢ | ᠲᠣᠭᠲᠠᠪᠤᠷᠢᠵᠢᠭᠤᠯᠵᠤ᠂ 12.1 ᠲᠦᠮᠡᠨ ᠮᠥ ᠬᠥᠮᠦᠨ ᠤ ᠬᠦᠴᠦ ᠪᠠᠷ ᠡᠪᠡᠰᠦ ᠳᠠᠷᠢᠬᠤ ᠪᠠᠷ ᠲᠥᠯᠥᠪᠯᠡᠵᠦ᠂ ︽ | ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠢ | ᠶᠡᠭᠡ ᠪᠠᠷ ᠲᠡᠮᠡᠴᠡᠨ ᠣᠯᠵᠤ᠂ 2026— 2030 ᠣᠨ ᠳᠤ ᠲᠩᠷᠢ ᠡᠯᠡᠰᠦ ᠶᠢ ᠶᠡᠷᠦᠩᠬᠡᠶᠢᠯᠡᠨ ᠵᠠᠰᠠᠬᠤ | ᠡᠭᠦᠷᠭᠡ ᠶᠢ 20 ᠲᠦᠮᠡᠨ ᠮᠥ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠩᠷᠢ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠪᠠ ᠨᠤᠭᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2030 ᠣᠨ ᠪᠣᠯᠬᠤ ᠳᠤ | ᠨᠡᠶᠢᠲᠡ ᠶᠢᠨ ᠠᠰᠠᠷᠠᠮᠵᠢ ᠶᠢᠨ ᠣᠶ᠂ ᠨᠤᠲᠤᠭ ᠪᠡᠯᠴᠢᠭᠡᠷ ᠤᠨ ᠳᠠᠭᠠᠳᠬᠠᠯ ᠳᠤ ᠣᠷᠣᠯᠴᠠᠬᠤ ᠪᠠᠷ ᠴᠢᠷᠮᠠᠶᠢᠨ᠎ᠠ᠃ | ᠨᠤᠲᠤᠭ ᠪᠡᠯᠴᠢᠭᠡᠷ ᠤᠨ 1 ᠲᠣᠭᠲᠠᠮᠠᠯ ᠬᠢᠨᠠᠨ ᠬᠡᠮᠵᠢᠬᠦ ᠴᠡᠭ ᠪᠣᠯᠤᠨ ᠬᠡᠪ ᠤᠨ ᠬᠢᠨᠠᠨ ᠬᠡᠮᠵᠢᠬᠦ ᠴᠡᠭ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ | ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠬᠡᠷᠡᠭᠵᠢᠭᠦᠯᠦᠨ᠂ ᠰᠠᠯᠬᠢ ᠬᠡᠷᠡᠯ | ᠤᠨ ᠡᠨᠧᠷᠬᠢ ᠶᠢ ᠨᠢᠭᠡ ᠴᠣᠭᠴᠠᠵᠢᠭᠤᠯᠣᠨ ᠬᠠᠳᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠤᠷᠣᠭᠳᠠᠯ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ᠃ ᠠᠵᠤ | ᠦᠢᠯᠡᠰ ᠤᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠰᠢᠶᠡᠷᠡᠨ ᠣᠷᠣᠭᠤᠯᠬᠤ | ᠬᠤᠷᠢᠭ᠎ᠠ ᠶᠢ ᠳᠡᠭᠡᠭᠰᠢᠯᠡᠭᠦᠯᠦᠨ᠂ ᠪᠣᠬᠢᠷᠲᠤᠭᠤᠯᠤᠯ ᠢᠶᠠᠷ ᠬᠦᠨᠳᠦ ᠨᠣᠴᠢᠲᠠᠶ ᠬᠤᠴᠣᠷᠤᠩᠭᠤᠶ ᠮᠡᠷᠭᠡᠵᠢᠯ ᠪᠣᠯᠤᠨ | ᠦᠢᠯᠡᠳᠬᠦᠨ ᠢ ᠰᠢᠭᠰᠢᠭᠳᠡᠭᠦᠯᠦᠨ᠎ᠡ᠃ ᠭᠠᠭᠴᠠ ᠲᠥᠷᠥᠯ ᠵᠦᠢᠯ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠲᠤ ᠲᠦᠮᠡᠨ ᠲᠥᠭᠦᠷᠢᠭ ᠤᠨ ᠡᠨᠧᠷᠭᠢ ᠶᠢᠨ ᠬᠤᠷᠣᠭᠳᠠᠭᠤᠯᠭ᠎ᠠ ᠶᠢ ᠬᠤᠶᠠᠷ ᠲᠣᠨ ᠪᠠᠷᠢᠮᠵᠢᠶᠠᠲᠤ | ᠨᠡᠭᠦᠷᠡᠰᠦ ᠠᠴᠠ ᠳᠣᠣᠷ᠎ᠠ ᠪᠠᠶᠢᠯᠭᠠᠨ᠎ᠠ᠃ | ᠬᠤᠶᠠᠷ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠪᠠ | ᠰᠢᠯᠢᠳᠡᠭᠵᠢᠭᠦᠯᠦᠯᠲᠡ ᠶᠢ ᠠᠬᠢᠭᠤᠯᠵᠤ᠂ ᠣᠯᠠᠨ ᠡᠰᠢᠵᠢᠭᠦᠯᠦᠨ ᠬᠥᠭᠵᠢᠭᠰᠡᠨ᠂ ᠣᠯᠠᠨ ᠲᠦᠢᠯᠰᠢᠷᠠᠯ ᠢᠶᠠᠷ | ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠬᠡᠨ | ᠠᠬᠢᠭᠤᠯᠵᠤ᠂ 2026 ᠣᠨ ᠪᠣᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ 20᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 15 ᠶᠢ ᠪᠣᠢ ᠪᠣᠯᠭᠠᠬᠤ ᠪᠠᠷ ᠴᠢᠷᠮᠠᠶᠢᠨ᠎ᠠ᠃ | ᠳᠡᠭᠡᠳᠦ ᠲᠠᠰ ᠤᠨ ᠣᠨᠴᠠ ᠲᠥᠷᠥᠯ ᠤᠨ ᠪᠣᠳᠤᠭ ᠦᠢᠯᠡᠳᠪᠦᠷᠢᠯᠡᠬᠦ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠶ ᠮᠠᠯ ᠡᠮᠨᠡᠯᠭᠡ ᠶᠢᠨ ᠲᠦᠭᠦᠬᠡᠶ ᠮᠠᠲ᠋ᠧᠷᠢᠶᠠᠯ ᠤᠨ ᠡᠮ ᠤᠨ ᠠᠵᠤ ᠦᠢᠯᠡᠰ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ᠂ ᠣᠨᠴᠠ ᠲᠥᠷᠥᠯ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ᠂ ᠠᠵᠤ ᠦᠢᠯᠡᠰ ᠤᠨ | ᠲᠥᠪᠯᠡᠷᠡᠯ᠂ ᠦᠢᠯᠡᠳᠬᠦᠨ ᠤ ᠳᠡᠭᠡᠳᠦ ᠳᠡᠰᠵᠢᠯᠳᠡ ᠲᠡᠰᠢ ᠬᠥᠭᠵᠢᠭᠦᠯᠦᠨ᠎ᠡ᠃ ᠣᠳᠣ ᠪᠠᠶᠢᠭ᠎ᠠ ᠬᠡᠤᠷᠰᠢᠭᠦᠯᠬᠦ | ᠦᠢᠯᠡᠳᠪᠦᠷᠢᠯᠡᠬᠦ ᠴᠢᠳᠠᠪᠤᠷᠢ ᠶᠢ ᠦᠷᠭᠡᠳᠬᠡᠨ 600— 800 ᠲᠦᠮᠡᠨ ᠲᠣᠨ ᠪᠣᠯᠳᠠᠯ᠎ᠠ ᠠᠬᠢᠭᠤᠯᠤᠨ᠎ᠠ᠃ ᠰᠢᠨ᠎ᠡ | ᠡᠨᠧᠷᠭᠢ ᠶᠢᠨ ᠬᠥᠭᠵᠢᠯᠲᠡ ᠪᠠᠷ ᠭᠤᠣᠯ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ | ᠪᠣᠰᠤᠭ᠎ᠠ ᠴᠣᠭᠴᠠᠲᠤ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠣᠬᠢᠷᠲᠤᠯ ᠦᠭᠡᠢ | ᠴᠡᠪᠡᠷ ᠡᠨᠧᠷᠭᠢ ᠶᠢᠨ ᠴᠠᠬᠢᠯᠭᠠᠨ ᠵᠠᠳᠠᠯᠤᠯᠲᠠ ᠪᠠᠷ ᠲᠡᠮᠦᠷᠯᠢᠭ ᠮᠠᠭᠨᠢ ᠶᠢᠨ ︽ᠴᠠᠬᠢᠯᠭᠠᠨ ᠤ ᠰᠤᠷᠪᠤᠯᠵᠢ ᠲᠣᠣᠷ | ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠳᠡᠭᠡᠳᠦ | ᠲᠡᠰ ᠤᠨ ᠮᠠᠭᠨᠢ ᠶᠢᠨ ᠬᠠᠶᠢᠯᠤᠰᠢ ᠶᠢᠨ ᠮᠠᠰᠢᠨ ᠲᠡᠷᠭᠡᠨ ᠤ ᠬᠦᠷᠳᠦ ᠪᠣᠯᠪᠠᠰᠤᠷᠠᠭᠤᠯᠬᠤ ᠲᠥᠷᠥᠯ ᠵᠦᠢᠯ ᠢ | ᠬᠡᠷᠡᠭᠵᠢᠭᠦᠯᠬᠦ ᠶᠢ ᠠᠬᠢᠭᠤᠯᠤᠨ᠎ᠠ᠃ | ᠭᠤᠷᠪᠠ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ | ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠨ᠎ᠡ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠵᠤ | ᠂ ︽ᠭᠤᠷᠪᠠᠨ ᠨᠢᠭᠡ ᠪᠦᠯᠦᠭ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠯ ᠳᠤ ᠨᠡᠶᠢᠴᠡᠬᠦ | ᠥᠬᠡᠶ ᠠᠭᠤᠷᠬᠠᠶ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠪᠤᠴᠠᠭᠠᠨ ᠭᠠᠷᠭᠠᠨ᠎ᠠ᠃ ᠣᠲᠣ ᠶᠢᠨ ᠪᠠᠶᠢᠭ᠎ᠠ | ᠵᠢᠵᠢᠭ ᠠᠭᠤᠷᠬᠠᠶ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 2025 | ᠣᠨ ᠠᠴᠠ ᠡᠮᠦᠨ᠎ᠡ 17 ᠬᠠᠶᠢᠷ ᠴᠢᠯᠠᠭᠤ ᠰᠢᠷᠣᠶ ᠶᠢᠨ ᠠᠭᠤᠷᠬᠠᠶ ᠶᠢ 10 ᠪᠣᠯᠭᠠᠨ ᠡᠮᠬᠢᠯᠡᠨ᠎ᠡ᠃ ᠵᠢᠱᠢᠶ᠎ᠡ | ᠦᠵᠡᠭᠦᠯᠬᠦ ᠣᠷᠣᠨ ᠤ 6.063 ᠲᠡᠭᠰᠢ ᠳᠥᠷᠪᠡᠯᠵᠢᠨ ᠺᠢᠯᠣᠮᠧᠲᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠲᠦᠷᠭᠡᠳᠬᠡᠵᠦ᠂ ᠤᠯᠤᠰ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠤᠨ ᠱᠠᠲᠤᠨ ᠤ ᠬᠠᠮᠢᠶ᠎ᠠ ᠪᠥᠬᠦᠶ ᠲᠤᠰᠬᠠᠶ ᠪᠠᠯᠠ ᠮᠥᠩᠭᠦ ᠶᠢ ᠵᠢᠯ ᠳᠠᠷᠠᠭᠠᠯᠠᠨ ᠴᠢᠷᠮᠠᠶᠢᠨ ᠣᠯᠵᠤ᠂ | 2027 ᠣᠨ ᠳᠤ ᠪᠦᠬᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠢᠨ᠎ᠡ ᠶᠢ ᠡᠭᠦᠳᠬᠦ ᠬᠡᠯᠪᠡᠷᠢ ᠶᠢᠨ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠭᠤᠯᠤᠯ ᠢ ᠪᠠᠶᠢᠭᠤᠯᠵᠤ᠂ ᠪᠦᠬᠦ ᠤᠯᠤᠰ ᠤᠨ ᠨᠥᠯᠥᠭᠡᠯᠡᠬᠦ | ᠬᠦᠴᠦᠨ ᠲᠠᠢ ᠰᠠᠯᠬᠢᠨ ᠬᠦᠴᠦᠨ ᠤ ᠴᠠᠬᠢᠯᠭᠠᠨ ᠪᠠ ᠭᠡᠷᠡᠯ ᠴᠡᠨᠡᠭ ᠤᠨ ᠠᠵᠤ ᠦᠢᠯᠡᠰ ᠤᠨ ᠰᠠᠭᠤᠷᠢᠨ ᠭᠠᠵᠠᠷ ᠢ | ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠣᠷᠣᠨ ᠵᠠᠶ ᠶᠢ ᠰᠢᠯᠢᠳᠡᠭᠵᠢᠭᠦᠯᠬᠦ ᠪᠠ ᠬᠦᠷᠢᠶᠡᠯᠡᠩ ᠲᠣᠭᠤᠷᠢᠭ ᠤᠨ | ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃ | ᠳᠥᠷᠪᠡ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ | ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠨᠡᠮᠡᠭᠳᠡᠬᠦᠯᠦᠨ᠎ᠡ | ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ 900 ᠲᠡᠭᠰᠢ ᠳᠥᠷᠪᠡᠯᠵᠢᠨ ᠺᠢᠯᠣᠮᠧᠲᠷ 5G ᠸᠠᠲ ᠤᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠪᠠ 500 ᠲᠡᠭᠰᠢ ᠳᠥᠷᠪᠡᠯᠵᠢᠨ ᠺᠢᠯᠣᠮᠧᠲᠷ 24G ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ | ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠦᠨ᠎ᠡ᠃ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ | ᠲᠠᠷᠬᠠᠮᠠᠯ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠥᠬᠦ ᠣᠷᠣᠨ ᠪᠦᠰᠡ ᠶᠢᠨ ᠬᠡᠷ ᠤᠨ ᠣᠷᠣᠶ ᠶᠢᠨ ᠬᠡᠷᠡᠯ ᠴᠡᠨᠡᠭ ᠤᠨ ᠪᠥᠲᠥᠭᠡᠨ | ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠠᠯᠠᠱᠠ ᠠᠶᠢᠮᠠᠭ ᠤᠨ ᠰᠢᠩᠭᠡᠨ ᠳᠠᠷᠤᠴᠠᠲᠤ ᠬᠡᠶ ᠨᠡᠶᠢᠯᠡᠮᠡᠯ ᠡᠨᠧᠷᠭᠢ | ᠬᠠᠳᠠᠭᠠᠯᠠᠬᠤ ᠰᠢᠰᠲ᠋ᠧᠮ ᠤᠨ ᠪᠣᠳᠠᠲᠤ ᠭᠡᠷᠡᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ ᠲᠩᠷᠢ 60 ᠲᠦᠮᠡᠨ | ᠺᠢᠯᠣᠸᠠᠲ ᠤᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ | ᠵᠢᠱᠢᠶ᠎ᠡ ᠦᠵᠡᠭᠦᠯᠬᠦ ᠲᠥᠷᠥᠯ ᠵᠦᠢᠯ ᠢ 2024 ᠣᠨ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ 500 ᠺᠢᠯᠣᠸᠠᠲ ᠤᠨ ᠬᠤᠣᠰ ᠬᠡᠯᠬᠢᠶ᠎ᠡ ᠪᠠ ᠬᠦᠴᠦᠳᠡᠯ ᠥᠭᠡᠷᠡᠴᠢᠯᠡᠬᠦ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ ᠬᠦᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠠᠯᠠᠱᠠ ᠠᠶᠢᠮᠠᠭ ᠤᠨ ᠰᠠᠯᠬᠢ ᠬᠡᠷᠡᠯ ᠤᠨ ᠨᠢᠭᠡ | ᠴᠣᠭᠴᠠᠵᠢᠭᠰᠠᠨ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ | ᠲᠥᠷᠥᠯ ᠵᠦᠢᠯ ᠢ 2024 ᠣᠨ ᠳᠤ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ | ᠲᠠᠪᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠰ ᠳᠡᠪᠰᠢᠬᠦ ᠶᠢ ᠠᠬᠢᠭᠤᠯᠵᠤ᠂ ᠵᠢᠯ ᠤᠨ ᠡᠮᠦᠨ᠎ᠡ 7 ᠲᠦᠮᠡᠨ | ᠮᠥ ᠥᠭᠡᠷᠡᠴᠢᠯᠡᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠬᠠᠰᠢᠶᠠᠯᠠᠨ ᠲᠡᠵᠢᠭᠡᠵᠦ ᠦᠷᠡᠵᠢᠭᠦᠯᠬᠦ | ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠢᠷᠡᠬᠦ ᠵᠢᠯ ᠤᠨ ᠵᠢᠱᠢᠶ᠎ᠡ ᠦᠵᠡᠭᠦᠯᠬᠦ ᠣᠷᠣᠨ ᠤ | ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶ᠎ᠡ ᠶᠢ 9.5 ᠲᠦᠮᠨ ᠳᠤ ᠬᠦᠷᠦᠭᠦᠯᠬᠦ ᠪᠠᠷ ᠴᠢᠷᠮᠠᠶᠢᠨ᠎ᠠ᠃ 2024 | ᠣᠨ ᠳᠤ 1000 ᠮᠥ ︽ᠢᠳᠡᠰᠢᠨ ᠨᠣᠭᠤᠭ᠎ᠠ︾ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠲᠥᠯᠥᠪᠯᠡᠵᠦ ᠪᠣᠶ︔ ᠴᠢ ᠯᠢᠨ ᠳᠠᠷᠪᠣᠰ ᠳᠠᠷᠢᠬᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2024 ᠣᠨ ᠳᠤ ᠴᠢ ᠯᠢᠨ ᠳᠠᠷᠪᠣᠰ | ᠳᠠᠷᠢᠬᠤ ᠬᠡᠪᠴᠢᠶ᠎ᠡ ᠶᠢ 5000 ᠮᠥ ᠳᠤ ᠬᠦᠷᠭᠡᠨ᠎ᠡ᠃ ᠲᠠᠷᠢᠶᠠᠯᠠᠩ ᠤᠨ ᠮᠠᠰᠢᠨᠴᠢᠯᠠᠯᠳᠠ ᠶᠢᠨ ᠨᠤᠷᠮ᠎ᠠ ᠶᠢ 90. | 5% ᠳᠤ ᠬᠦᠷᠭᠡᠨ᠎ᠡ᠃ | ᠵᠢᠷᠭᠤᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠢᠳᠡᠪᠬᠢᠲᠡᠶ ᠠᠭᠤᠰᠤᠯᠴᠠᠵᠤ᠂ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠵᠦ ᠨᠡᠭᠡᠭᠡᠯᠲᠡ ᠬᠢᠬᠦ ᠶᠡᠭᠡ ᠵᠠᠮ ᠤᠨ ᠪᠥᠲᠥᠭᠡᠨ ᠪᠠᠶᠢᠭᠤᠯᠤᠯᠲᠠ ᠶᠢ | ᠴᠢᠩᠭᠠᠷᠠᠭᠤᠯᠬᠤ ᠶᠢ ᠠᠬᠢᠭᠤᠯᠤᠨ᠎ᠠ | ᠶᠢᠨ ᠶᠠᠩ ᠬᠢᠮᠢ ᠶᠢᠨ ᠠᠵᠤ ᠦᠢᠯᠡᠳᠪᠦᠷᠢ ᠵᠡᠷᠭᠡ 4 ᠠᠵᠤ ᠠᠬᠤᠶᠢᠯᠠᠯ ᠤᠨ ᠥᠪᠡᠰᠦᠪᠡᠨ ᠡᠵᠡᠩᠨᠡᠵᠦ | ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠬᠦ ᠶᠢ ᠠᠬᠢᠭᠤᠯᠤᠨ᠎ᠠ᠃ ᠵᠢᠱᠢᠶ᠎ᠡ ᠦᠵᠡᠭᠦᠯᠬᠦ | ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠹᠷᠢᠺᠠ᠂ ᠠᠮᠧᠷᠢᠺᠠ᠂ ᠯᠠᠲ᠋ᠢᠨ ᠠᠮᠧᠷᠢᠺᠠ ᠵᠢᠴᠢ ︽ | ᠨᠢᠭᠡ ᠪᠦᠰᠡ ᠨᠢᠭᠡ ᠵᠠᠮ︾ ᠳᠠᠭᠠᠤ ᠵᠡᠷᠭᠡ ᠤᠯᠤᠰ ᠤᠨ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠢ ᠨᠡᠭᠡᠭᠡᠨ | ᠥᠷᠭᠡᠳᠬᠡᠬᠦ ᠶᠢ ᠵᠣᠷᠢᠭᠵᠢᠭᠤᠯᠤᠨ ᠳᠡᠮᠵᠢᠨ᠎ᠡ᠃ ᠨᠡᠭᠡᠭᠡᠯᠲᠡᠲᠦ ᠠᠵᠤ ᠠᠬᠤᠢ ᠶᠢ ᠲᠦᠷᠭᠡᠨ ᠭᠦᠭᠵᠢᠬᠦᠯᠦᠨ᠎ᠡ᠃ | 2024 ᠣᠨ ᠳᠤ ᠯᠠᠨ ᠭᠧ ᠶᠢᠨ 2500 ᠹᠧᠨ᠋ᠽᠧᠨ ᠡᠪᠡᠰᠦᠨ ᠤ ᠺᠧᠲ᠋ᠣᠨ᠂ ᠭᠤᠸᠠᠨ ᠱᠢ ᠳ᠋ᠠ ᠣᠨᠴᠠ | ᠲᠥᠷᠥᠯ ᠤᠨ ᠲᠤᠰᠠᠯᠠᠬᠤ ᠡᠮ ᠵᠡᠷᠭᠡ ᠲᠥᠷᠥᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠣᠷᠣᠨ ᠪᠦᠰᠡ ᠶᠢᠨ | ᠬᠠᠮᠵᠢᠯᠴᠠᠨ ᠦᠢᠯᠡᠳᠦᠯᠴᠡᠬᠦ ᠶᠢ ᠴᠢᠩᠭᠠᠳᠬᠠᠨ᠎ᠠ᠃ ᠳᠡᠷᠡᠰᠦᠨ᠂ ᠦ᠋ ᠵᠦᠩ ᠵᠡᠷᠭᠡ ᠡᠷᠬᠢᠨ ᠲᠣᠭᠤᠷᠢᠨ ᠤ ᠭᠠᠵᠠᠷ | ᠣᠷᠣᠨ ᠯᠤᠭ᠎ᠠ ᠶᠢᠨ ᠣᠷᠣᠨ ᠵᠠᠢ ᠶᠢ ᠨᠡᠭᠡᠭᠡᠨ ᠬᠥᠭᠵᠢᠭᠦᠯᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠴᠢᠩᠭᠠᠳᠬᠠᠵᠤ᠂ ᠱᠦᠢ ᠹᠠ ᠹᠧᠩ ᠶᠣᠸᠠᠨ ᠠᠯᠠᠱᠠ ᠶᠢᠨ 12GW ᠰᠠᠯᠬᠢ ᠬᠡᠷᠡᠯ ᠤᠨ ᠡᠨᠧᠷᠬᠢ ᠶᠢᠨ ᠨᠢᠭᠡ | ᠴᠣᠭᠴᠠᠵᠢᠭᠰᠠᠨ ᠲᠣᠮᠣ ᠰᠠᠭᠤᠷᠢᠨ ᠪᠠ ᠱᠦᠢ ᠹᠠ ᠹᠧᠩ ᠶᠣᠸᠠᠨ ᠲᠩᠷᠢ 3GW ᠶᠢᠨ ᠰᠢᠨ᠎ᠡ ᠡᠨᠧᠷᠭᠢ ᠶᠢᠨ | ᠲᠦᠷᠦᠯ ᠵᠦᠢᠯ ᠳᠤ ᠲᠦᠰᠢᠭᠯᠡᠨ ᠥᠪᠥᠷ ᠮᠣᠩᠭᠤᠯ ᠨᠢᠩᠰᠢᠶᠠ ᠶᠢᠨ ᠣᠷᠣᠨ ᠪᠦᠰᠡ ᠠᠯᠤᠰᠯᠠᠭᠰᠠᠨ ᠠᠵᠤ | ᠠᠬᠤᠢ ᠶᠢᠨ ᠬᠠᠮᠲᠤᠷᠠᠯᠴᠠᠭᠠᠨ ᠤ ᠪᠦᠰᠡ ᠶᠢ ᠪᠦᠲᠦᠭᠡᠨ ᠪᠠᠶᠢᠭᠤᠯᠤᠨ᠎ᠠ᠃ | ᠲᠤᠯᠤᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠳᠣᠪᠤᠶᠢᠯᠭᠠᠨ | ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ | ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠳᠣᠯᠤᠭ᠎ᠠ ᠶᠢ | ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠢᠱᠢᠯᠲᠡ ᠪᠠᠷ 2024 ᠣᠨ ᠳᠤ | ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠠᠭᠤᠰᠬᠠᠨ᠎ᠠ᠃ | | |