ᠵᠠᠩ ᠰᠢᠤ ᠢᠦᠶ᠄ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ ᠣᠯᠠᠨ ᠡᠰᠢᠵᠢᠭᠰᠡᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠎ᠡ
ᠨᠡᠶᠢᠲᠡᠯᠡᠭᠰᠡᠨ ᠴᠠᠭ᠄
2023/11/7
   ︽ᠵᠢᠱᠢᠶ᠎ᠡ ᠦᠵᠡᠭᠦᠯᠬᠦ ᠣᠷᠣᠨ ᠨᠢ ︿ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︿ᠲᠠᠪᠤᠨ ᠶᠡᠭᠡ ᠡᠭᠦᠷᠭᠡ﹀ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ︿ᠬᠤᠶᠠᠷ ᠶᠡᠭᠡ ᠶᠠᠪᠤᠳᠠᠯ﹀ ᠤᠨ ᠳᠣᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︿ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ﹀ ᠪᠠ ︿ᠮᠣᠩᠭᠤᠯ ᠮᠣᠷᠢᠨ ᠤ ᠵᠣᠷᠢᠭ ᠰᠠᠨᠠᠭ᠎ᠠ﹀ ᠶᠢ ᠶᠡᠬᠡᠪᠡᠷ ᠪᠠᠳᠠᠷᠠᠭᠤᠯᠵᠤ᠂ ᠨᠠᠷᠢᠨ ᠲᠠᠩᠰᠠ ᠲᠣᠭᠲᠠᠭᠠᠨ᠂ ᠲᠣᠭᠲᠠᠴᠠ ᠪᠠᠨ ᠪᠦᠷᠢᠨᠰᠢᠬᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃︾  ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠰᠠᠨᠠᠯ︾ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠤᠷᠪᠤᠯᠵᠢᠯᠠᠭᠴᠢ ᠲᠤᠰᠬᠠᠶᠢᠯᠠᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠰᠢᠤ ᠢᠦᠶ ᠶᠢ ᠰᠤᠷᠪᠤᠯᠵᠢᠯᠠᠪᠠ᠃    ᠵᠠᠩ ᠰᠢᠤ ᠢᠦᠢ᠂ ᠳᠣᠯᠣᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠳᠣᠷ ᠬᠢᠨ᠎ᠠ ᠭᠡᠪᠡ᠃    ᠨᠢᠭᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ    ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ 2024- 2025 ᠣᠨ ᠳᠤ 7.1 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠵᠤ᠂ 12.1 ᠲᠦᠮᠡᠨ ᠮᠥ ᠬᠥᠮᠦᠨ ᠤ ᠬᠦᠴᠦ ᠪᠠᠷ ᠡᠪᠡᠰᠦ ᠳᠠᠷᠢᠬᠤ ᠪᠠᠷ ᠲᠥᠯᠥᠪᠯᠡᠵᠦ᠂ ︽ ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ ᠶᠢᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠢ ᠶᠡᠭᠡ ᠪᠠᠷ ᠲᠡᠮᠡᠴᠡᠨ ᠣᠯᠵᠤ᠂ 2026— 2030 ᠣᠨ ᠳᠤ ᠲᠩᠷᠢ ᠡᠯᠡᠰᠦ ᠶᠢ ᠶᠡᠷᠦᠩᠬᠡᠶᠢᠯᠡᠨ ᠵᠠᠰᠠᠬᠤ ᠡᠭᠦᠷᠭᠡ ᠶᠢ 20 ᠲᠦᠮᠡᠨ ᠮᠥ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠩᠷᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠨᠤᠭᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 2030 ᠣᠨ ᠪᠣᠯᠬᠤ ᠳᠤ ᠨᠡᠶᠢᠲᠡ ᠶᠢᠨ ᠠᠰᠠᠷᠠᠮᠵᠢ ᠶᠢᠨ ᠣᠶ᠂ ᠨᠤᠲᠤᠭ ᠪᠡᠯᠴᠢᠭᠡᠷ ᠤᠨ ᠳᠠᠭᠠᠳᠬᠠᠯ ᠳᠤ ᠣᠷᠣᠯᠴᠠᠬᠤ ᠪᠠᠷ ᠴᠢᠷᠮᠠᠶᠢᠨ᠎ᠠ᠃ ᠨᠤᠲᠤᠭ ᠪᠡᠯᠴᠢᠭᠡᠷ ᠤᠨ 1 ᠲᠣᠭᠲᠠᠮᠠᠯ ᠬᠢᠨᠠᠨ ᠬᠡᠮᠵᠢᠬᠦ ᠴᠡᠭ ᠪᠣᠯᠤᠨ ᠬᠡᠪ ᠤᠨ ᠬᠢᠨᠠᠨ ᠬᠡᠮᠵᠢᠬᠦ ᠴᠡᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠴᠡᠪᠡᠷ ᠦᠢᠯᠡᠳᠪᠦᠷᠢᠯᠡᠯ ᠢ ᠬᠡᠷᠡᠭᠵᠢᠭᠦᠯᠦᠨ᠂ ᠰᠠᠯᠬᠢ ᠬᠡᠷᠡᠯ  ᠤᠨ ᠡᠨᠧᠷᠬᠢ ᠶᠢ ᠨᠢᠭᠡ ᠴᠣᠭᠴᠠᠵᠢᠭᠤᠯᠣᠨ ᠬᠠᠳᠠᠭᠠᠯᠠᠬᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠤᠷᠣᠭᠳᠠᠯ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ᠎ᠠ᠃ ᠠᠵᠤ ᠦᠢᠯᠡᠰ ᠤᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠰᠢᠶᠡᠷᠡᠨ ᠣᠷᠣᠭᠤᠯᠬᠤ ᠬᠤᠷᠢᠭ᠎ᠠ ᠶᠢ ᠳᠡᠭᠡᠭᠰᠢᠯᠡᠭᠦᠯᠦᠨ᠂ ᠪᠣᠬᠢᠷᠲᠤᠭᠤᠯᠤᠯ ᠢᠶᠠᠷ ᠬᠦᠨᠳᠦ ᠨᠣᠴᠢᠲᠠᠶ ᠬᠤᠴᠣᠷᠤᠩᠭᠤᠶ ᠮᠡᠷᠭᠡᠵᠢᠯ ᠪᠣᠯᠤᠨ ᠦᠢᠯᠡᠳᠬᠦᠨ ᠢ ᠰᠢᠭᠰᠢᠭᠳᠡᠭᠦᠯᠦᠨ᠎ᠡ᠃ ᠭᠠᠭᠴᠠ ᠲᠥᠷᠥᠯ ᠵᠦᠢᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠲᠦᠮᠡᠨ ᠲᠥᠭᠦᠷᠢᠭ ᠤᠨ ᠡᠨᠧᠷᠭᠢ ᠶᠢᠨ ᠬᠤᠷᠣᠭᠳᠠᠭᠤᠯᠭ᠎ᠠ ᠶᠢ ᠬᠤᠶᠠᠷ ᠲᠣᠨ ᠪᠠᠷᠢᠮᠵᠢᠶᠠᠲᠤ ᠨᠡᠭᠦᠷᠡᠰᠦ ᠠᠴᠠ  ᠳᠣᠣᠷ᠎ᠠ ᠪᠠᠶᠢᠯᠭᠠᠨ᠎ᠠ᠃    ᠬᠤᠶᠠᠷ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠶᠢ ᠠᠬᠢᠭᠤᠯᠵᠤ᠂ ᠣᠯᠠᠨ ᠡᠰᠢᠵᠢᠭᠦᠯᠦᠨ ᠬᠥᠭᠵᠢᠭᠰᠡᠨ᠂ ᠣᠯᠠᠨ ᠲᠦᠢᠯᠰᠢᠷᠠᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ    ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠬᠡᠨ ᠠᠬᠢᠭᠤᠯᠵᠤ᠂ 2026 ᠣᠨ ᠪᠣᠯᠬᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 20᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 15 ᠶᠢ ᠪᠣᠢ ᠪᠣᠯᠭᠠᠬᠤ ᠪᠠᠷ ᠴᠢᠷᠮᠠᠶᠢᠨ᠎ᠠ᠃ ᠳᠡᠭᠡᠳᠦ ᠲᠠᠰ ᠤᠨ ᠣᠨᠴᠠ ᠲᠥᠷᠥᠯ ᠤᠨ ᠪᠣᠳᠤᠭ ᠦᠢᠯᠡᠳᠪᠦᠷᠢᠯᠡᠬᠦ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠮᠠᠯ ᠡᠮᠨᠡᠯᠭᠡ ᠶᠢᠨ ᠲᠦᠭᠦᠬᠡᠶ ᠮᠠᠲ᠋ᠧᠷᠢᠶᠠᠯ ᠤᠨ ᠡᠮ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠨᠴᠠ ᠲᠥᠷᠥᠯ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ᠂ ᠠᠵᠤ ᠦᠢᠯᠡᠰ ᠤᠨ ᠲᠥᠪᠯᠡᠷᠡᠯ᠂ ᠦᠢᠯᠡᠳᠬᠦᠨ ᠤ ᠳᠡᠭᠡᠳᠦ ᠳᠡᠰᠵᠢᠯᠳᠡ ᠲᠡᠰᠢ ᠬᠥᠭᠵᠢᠭᠦᠯᠦᠨ᠎ᠡ᠃ ᠣᠳᠣ ᠪᠠᠶᠢᠭ᠎ᠠ ᠬᠡᠤᠷᠰᠢᠭᠦᠯᠬᠦ ᠦᠢᠯᠡᠳᠪᠦᠷᠢᠯᠡᠬᠦ ᠴᠢᠳᠠᠪᠤᠷᠢ ᠶᠢ ᠦᠷᠭᠡᠳᠬᠡᠨ 600— 800 ᠲᠦᠮᠡᠨ ᠲᠣᠨ ᠪᠣᠯᠳᠠᠯ᠎ᠠ ᠠᠬᠢᠭᠤᠯᠤᠨ᠎ᠠ᠃ ᠰᠢᠨ᠎ᠡ ᠡᠨᠧᠷᠭᠢ ᠶᠢᠨ ᠬᠥᠭᠵᠢᠯᠲᠡ ᠪᠠᠷ ᠭᠤᠣᠯ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠪᠣᠰᠤᠭ᠎ᠠ ᠴᠣᠭᠴᠠᠲᠤ ᠠᠵᠤ ᠠᠬᠤᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠣᠬᠢᠷᠲᠤᠯ ᠦᠭᠡᠢ ᠴᠡᠪᠡᠷ ᠡᠨᠧᠷᠭᠢ ᠶᠢᠨ ᠴᠠᠬᠢᠯᠭᠠᠨ ᠵᠠᠳᠠᠯᠤᠯᠲᠠ ᠪᠠᠷ ᠲᠡᠮᠦᠷᠯᠢᠭ ᠮᠠᠭᠨᠢ ᠶᠢᠨ ︽ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠳᠡᠭᠡᠳᠦ ᠲᠡᠰ ᠤᠨ ᠮᠠᠭᠨᠢ ᠶᠢᠨ ᠬᠠᠶᠢᠯᠤᠰᠢ ᠶᠢᠨ ᠮᠠᠰᠢᠨ ᠲᠡᠷᠭᠡᠨ ᠤ ᠬᠦᠷᠳᠦ ᠪᠣᠯᠪᠠᠰᠤᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃    ᠭᠤᠷᠪᠠ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ    ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠬᠤ ᠶᠢ ᠠᠬᠢᠭᠤᠯᠵᠤ ᠂ ︽ᠭᠤᠷᠪᠠᠨ ᠨᠢᠭᠡ ᠪᠦᠯᠦᠭ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠯ ᠳᠤ ᠨᠡᠶᠢᠴᠡᠬᠦ ᠥᠬᠡᠶ ᠠᠭᠤᠷᠬᠠᠶ ᠶᠢ ᠠᠯᠬᠤᠮ ᠠᠯᠬᠤᠮ ᠢᠶᠠᠷ ᠡᠮᠬᠢ ᠵᠢᠷᠤᠮ ᠲᠠᠢ ᠪᠠᠷ ᠪᠤᠴᠠᠭᠠᠨ ᠭᠠᠷᠭᠠᠨ᠎ᠠ᠃ ᠣᠲᠣ ᠶᠢᠨ ᠪᠠᠶᠢᠭ᠎ᠠ ᠵᠢᠵᠢᠭ ᠠᠭᠤᠷᠬᠠᠶ ᠳᠤ ᠮᠡᠷᠭᠡᠵᠢᠯ ᠤᠨ ᠥᠭᠡᠷᠡᠴᠢᠯᠡᠯᠲᠡ ᠬᠢᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 2025 ᠣᠨ ᠠᠴᠠ ᠡᠮᠦᠨ᠎ᠡ 17 ᠬᠠᠶᠢᠷ ᠴᠢᠯᠠᠭᠤ ᠰᠢᠷᠣᠶ ᠶᠢᠨ ᠠᠭᠤᠷᠬᠠᠶ ᠶᠢ 10 ᠪᠣᠯᠭᠠᠨ ᠡᠮᠬᠢᠯᠡᠨ᠎ᠡ᠃ ᠵᠢᠱᠢᠶ᠎ᠡ ᠦᠵᠡᠭᠦᠯᠬᠦ ᠣᠷᠣᠨ ᠤ 6.063 ᠲᠡᠭᠰᠢ ᠳᠥᠷᠪᠡᠯᠵᠢᠨ ᠺᠢᠯᠣᠮᠧᠲᠷ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠲᠦᠷᠭᠡᠳᠬᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠬᠠᠮᠢᠶ᠎ᠠ ᠪᠥᠬᠦᠶ ᠲᠤᠰᠬᠠᠶ ᠪᠠᠯᠠ ᠮᠥᠩᠭᠦ ᠶᠢ ᠵᠢᠯ ᠳᠠᠷᠠᠭᠠᠯᠠᠨ ᠴᠢᠷᠮᠠᠶᠢᠨ ᠣᠯᠵᠤ᠂ 2027 ᠣᠨ ᠳᠤ ᠪᠦᠬᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠢᠨ᠎ᠡ ᠶᠢ ᠡᠭᠦᠳᠬᠦ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠠᠶᠢᠭᠤᠯᠤᠯ ᠢ ᠪᠠᠶᠢᠭᠤᠯᠵᠤ᠂ ᠪᠦᠬᠦ ᠤᠯᠤᠰ ᠤᠨ ᠨᠥᠯᠥᠭᠡᠯᠡᠬᠦ ᠬᠦᠴᠦᠨ ᠲᠠᠢ ᠰᠠᠯᠬᠢᠨ ᠬᠦᠴᠦᠨ ᠤ ᠴᠠᠬᠢᠯᠭᠠᠨ ᠪᠠ ᠭᠡᠷᠡᠯ ᠴᠡᠨᠡᠭ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠣᠷᠣᠨ ᠵᠠᠶ ᠶᠢ ᠰᠢᠯᠢᠳᠡᠭᠵᠢᠭᠦᠯᠬᠦ ᠪᠠ ᠬᠦᠷᠢᠶᠡᠯᠡᠩ ᠲᠣᠭᠤᠷᠢᠭ ᠤᠨ ᠬᠤᠯᠪᠣᠭᠠᠯᠠᠨ ᠬᠥᠭᠵᠢᠬᠦ ᠶᠢ ᠠᠬᠢᠭᠤᠯᠤᠨ᠎ᠠ᠃    ᠳᠥᠷᠪᠡ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠬᠦᠯᠦᠨ᠎ᠡ    ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 900 ᠲᠡᠭᠰᠢ ᠳᠥᠷᠪᠡᠯᠵᠢᠨ ᠺᠢᠯᠣᠮᠧᠲᠷ 5G ᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠ 500 ᠲᠡᠭᠰᠢ ᠳᠥᠷᠪᠡᠯᠵᠢᠨ ᠺᠢᠯᠣᠮᠧᠲᠷ 24G ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠦᠨ᠎ᠡ᠃ ᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠪᠠ ᠲᠠᠷᠬᠠᠮᠠᠯ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠪᠦᠰᠡ ᠶᠢᠨ ᠬᠡᠷ ᠤᠨ ᠣᠷᠣᠶ ᠶᠢᠨ ᠬᠡᠷᠡᠯ ᠴᠡᠨᠡᠭ ᠤᠨ ᠪᠥᠲᠥᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ᠂ ᠠᠯᠠᠱᠠ ᠠᠶᠢᠮᠠᠭ ᠤᠨ ᠰᠢᠩᠭᠡᠨ ᠳᠠᠷᠤᠴᠠᠲᠤ ᠬᠡᠶ ᠨᠡᠶᠢᠯᠡᠮᠡᠯ ᠡᠨᠧᠷᠭᠢ ᠬᠠᠳᠠᠭᠠᠯᠠᠬᠤ ᠰᠢᠰᠲ᠋ᠧᠮ ᠤᠨ ᠪᠣᠳᠠᠲᠤ ᠭᠡᠷᠡᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ ᠲᠩᠷᠢ 60 ᠲᠦᠮᠡᠨ ᠺᠢᠯᠣᠸᠠᠲ ᠤᠨ ᠰᠠᠯᠬᠢ ᠭᠡᠷᠡᠯ  ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ 2024 ᠣᠨ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ 500 ᠺᠢᠯᠣᠸᠠᠲ ᠤᠨ ᠬᠤᠣᠰ ᠬᠡᠯᠬᠢᠶ᠎ᠡ ᠪᠠ ᠬᠦᠴᠦᠳᠡᠯ ᠥᠭᠡᠷᠡᠴᠢᠯᠡᠬᠦ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠬᠦᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠠᠯᠠᠱᠠ ᠠᠶᠢᠮᠠᠭ ᠤᠨ ᠰᠠᠯᠬᠢ ᠬᠡᠷᠡᠯ ᠤᠨ ᠨᠢᠭᠡ ᠴᠣᠭᠴᠠᠵᠢᠭᠰᠠᠨ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠲᠥᠷᠥᠯ ᠵᠦᠢᠯ ᠢ 2024 ᠣᠨ ᠳᠤ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃     ᠲᠠᠪᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ     ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠰ ᠳᠡᠪᠰᠢᠬᠦ ᠶᠢ ᠠᠬᠢᠭᠤᠯᠵᠤ᠂ ᠵᠢᠯ ᠤᠨ ᠡᠮᠦᠨ᠎ᠡ 7 ᠲᠦᠮᠡᠨ ᠮᠥ ᠥᠭᠡᠷᠡᠴᠢᠯᠡᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠢᠷᠡᠬᠦ ᠵᠢᠯ ᠤᠨ ᠵᠢᠱᠢᠶ᠎ᠡ ᠦᠵᠡᠭᠦᠯᠬᠦ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠬᠡᠪᠴᠢᠶ᠎ᠡ ᠶᠢ 9.5 ᠲᠦᠮᠨ ᠳᠤ ᠬᠦᠷᠦᠭᠦᠯᠬᠦ ᠪᠠᠷ ᠴᠢᠷᠮᠠᠶᠢᠨ᠎ᠠ᠃ 2024 ᠣᠨ ᠳᠤ 1000 ᠮᠥ ︽ᠢᠳᠡᠰᠢᠨ ᠨᠣᠭᠤᠭ᠎ᠠ︾ ᠶᠢᠨ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠢ ᠪᠠᠶᠢᠭᠤᠯᠬᠤ ᠪᠠᠷ ᠲᠥᠯᠥᠪᠯᠡᠵᠦ ᠪᠣᠶ︔ ᠴᠢ ᠯᠢᠨ ᠳᠠᠷᠪᠣᠰ ᠳᠠᠷᠢᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2024 ᠣᠨ ᠳᠤ ᠴᠢ ᠯᠢᠨ ᠳᠠᠷᠪᠣᠰ ᠳᠠᠷᠢᠬᠤ ᠬᠡᠪᠴᠢᠶ᠎ᠡ ᠶᠢ 5000 ᠮᠥ ᠳᠤ ᠬᠦᠷᠭᠡᠨ᠎ᠡ᠃ ᠲᠠᠷᠢᠶᠠᠯᠠᠩ ᠤᠨ  ᠮᠠᠰᠢᠨᠴᠢᠯᠠᠯᠳᠠ ᠶᠢᠨ ᠨᠤᠷᠮ᠎ᠠ ᠶᠢ 90.5% ᠳᠤ ᠬᠦᠷᠭᠡᠨ᠎ᠡ᠃     ᠵᠢᠷᠭᠤᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠢᠳᠡᠪᠬᠢᠲᠡᠶ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ ᠨᠡᠭᠡᠭᠡᠯᠲᠡ ᠬᠢᠬᠦ ᠶᠡᠭᠡ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠬᠤ ᠶᠢ ᠠᠬᠢᠭᠤᠯᠤᠨ᠎ᠠ     ᠶᠢᠨ ᠶᠠᠩ ᠬᠢᠮᠢ ᠶᠢᠨ ᠠᠵᠤ ᠦᠢᠯᠡᠳᠪᠦᠷᠢ ᠵᠡᠷᠭᠡ 4 ᠠᠵᠤ ᠠᠬᠤᠶᠢᠯᠠᠯ ᠤᠨ ᠥᠪᠡᠰᠦᠪᠡᠨ ᠡᠵᠡᠩᠨᠡᠵᠦ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠬᠦ ᠶᠢ ᠠᠬᠢᠭᠤᠯᠤᠨ᠎ᠠ᠃ ᠵᠢᠱᠢᠶ᠎ᠡ ᠦᠵᠡᠭᠦᠯᠬᠦ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠠᠹᠷᠢᠺᠠ᠂ ᠠᠮᠧᠷᠢᠺᠠ᠂ ᠯᠠᠲ᠋ᠢᠨ ᠠᠮᠧᠷᠢᠺᠠ ᠵᠢᠴᠢ ︽ᠨᠢᠭᠡ ᠪᠦᠰᠡ ᠨᠢᠭᠡ ᠵᠠᠮ︾ ᠳᠠᠭᠠᠤ ᠵᠡᠷᠭᠡ ᠤᠯᠤᠰ ᠤᠨ ᠰᠢᠨ᠎ᠡ ᠪᠠᠷ ᠬᠥᠭᠵᠢᠭᠰᠡᠨ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠶᠢ ᠵᠣᠷᠢᠭᠵᠢᠭᠤᠯᠤᠨ ᠳᠡᠮᠵᠢᠨ᠎ᠡ᠃ ᠨᠡᠭᠡᠭᠡᠯᠲᠡᠲᠦ ᠠᠵᠤ ᠠᠬᠤᠢ ᠶᠢ ᠲᠦᠷᠭᠡᠨ ᠭᠦᠭᠵᠢᠬᠦᠯᠦᠨ᠎ᠡ᠃ 2024 ᠣᠨ ᠳᠤ ᠯᠠᠨ ᠭᠧ ᠶᠢᠨ 2500 ᠹᠧᠨ᠋ᠽᠧᠨ ᠡᠪᠡᠰᠦᠨ ᠤ ᠺᠧᠲ᠋ᠣᠨ᠂ ᠭᠤᠸᠠᠨ ᠱᠢ ᠳ᠋ᠠ ᠣᠨᠴᠠ ᠲᠥᠷᠥᠯ ᠤᠨ ᠲᠤᠰᠠᠯᠠᠬᠤ ᠡᠮ ᠵᠡᠷᠭᠡ ᠲᠥᠷᠥᠯ ᠵᠦᠢᠯ ᠢ ᠪᠠᠶᠢᠭᠤᠯᠬᠤ ᠪᠠᠷ ᠴᠢᠷᠮᠠᠶᠢᠨ᠎ᠠ᠃ ᠣᠷᠣᠨ ᠪᠦᠰᠡ ᠶᠢᠨ ᠬᠠᠮᠵᠢᠯᠴᠠᠨ ᠦᠢᠯᠡᠳᠦᠯᠴᠡᠬᠦ ᠶᠢ ᠴᠢᠩᠭᠠᠳᠬᠠᠨ᠎ᠠ᠃ ᠳᠡᠷᠡᠰᠦᠨ᠂ ᠦ᠋ ᠵᠦᠩ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠣᠷᠣᠨ ᠵᠠᠢ ᠶᠢ ᠨᠡᠭᠡᠭᠡᠨ ᠬᠥᠭᠵᠢᠭᠦᠯᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠱᠦᠢ ᠹᠠ ᠹᠧᠩ ᠶᠣᠸᠠᠨ ᠠᠯᠠᠱᠠ ᠶᠢᠨ 12GW ᠰᠠᠯᠬᠢ ᠬᠡᠷᠡᠯ ᠤᠨ ᠡᠨᠧᠷᠬᠢ ᠶᠢᠨ ᠨᠢᠭᠡ ᠴᠣᠭᠴᠠᠵᠢᠭᠰᠠᠨ ᠲᠣᠮᠣ ᠰᠠᠭᠤᠷᠢᠨ ᠪᠠ ᠱᠦᠢ ᠹᠠ ᠹᠧᠩ ᠶᠣᠸᠠᠨ ᠲᠩᠷᠢ 3GW ᠶᠢᠨ ᠰᠢᠨ᠎ᠡ ᠡᠨᠧᠷᠭᠢ ᠶᠢᠨ ᠲᠦᠷᠦᠯ ᠵᠦᠢᠯ ᠳᠤ ᠲᠦᠰᠢᠭᠯᠡᠨ ᠥᠪᠥᠷ ᠮᠣᠩᠭᠤᠯ ᠨᠢᠩᠰᠢᠶᠠ ᠶᠢᠨ ᠣᠷᠣᠨ ᠪᠦᠰᠡ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠪᠦᠰᠡ ᠶᠢ ᠪᠦᠲᠦᠭᠡᠨ ᠪᠠᠶᠢᠭᠤᠯᠤᠨ᠎ᠠ᠃     ᠲᠤᠯᠤᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠳᠣᠪᠤᠶᠢᠯᠭᠠᠨ ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠢ ᠬᠠᠮᠠᠭᠠᠯᠠᠨ ᠤᠯᠠᠮᠵᠢᠯᠠᠬᠤ ᠶᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠢᠱᠢᠯᠲᠡ ᠪᠠᠷ 2024 ᠣᠨ ᠳᠤ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠳᠠᠭᠤᠰᠬᠠᠨ᠎ᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号