ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠭᠤᠷᠪᠠᠨ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/8
   ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠼᠦᠩ ᠯᠢᠶᠠᠩ ᠣᠶᠢᠷ᠎ᠠ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠭᠤᠷᠪᠠᠨ ᠲᠠᠯ᠎ᠠ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠬᠡᠯᠡᠪᠡ᠃    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 10 ᠰᠠᠷ᠎ᠠ ᠶᠢᠨ 30   ᠤ ᠡᠳᠦᠷ ᠵᠢᠶᠠᠩᠰᠤ ᠮᠤᠵᠢ ᠶᠢᠨ ᠥᠰᠢ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠵᠤ᠂ ᠡᠯ᠎ᠡ ᠭᠠᠵᠠᠷ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠨᠡᠩ ᠰᠠᠶᠢᠲᠤᠷ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠪᠠ᠃    ᠰᠤᠷᠪᠤᠯᠵᠢᠯᠠᠬᠴᠢ ᠲᠤᠬᠠᠢ ᠶᠢᠨ ᠲᠠᠯᠠᠪᠠᠢ ᠶᠢᠨ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠬᠤᠭᠤᠴᠠᠭᠠᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠰᠠᠶᠢᠵᠢᠷᠠᠬᠤ ᠬᠠᠨᠳᠤᠰᠢ ᠢᠯᠡᠷᠡᠪᠡ᠃ ᠡᠭᠦᠨ ᠤ ᠬᠠᠮᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠮᠥᠨ ᠬᠦ ᠴᠥᠭᠡᠨ ᠪᠤᠰᠤ ᠬᠦᠴᠢᠷᠳᠡᠯ ᠳᠤ ᠲᠤᠯᠭᠠᠷᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠮᠥᠨ ᠬᠦ ᠰᠡᠷᠭᠦᠯᠲᠡ ᠶᠢᠨ ᠶᠠᠪᠤᠴᠠ ᠳᠠᠭᠠᠨ ᠪᠠᠶᠢᠨ᠎ᠠ᠃    ᠣᠶᠢᠷ᠎ᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠡᠯ᠎ᠡ ᠭᠠᠵᠠᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠠᠪᠤᠴᠠ ᠳᠠᠬᠢ ᠬᠦᠴᠢᠷ  ᠪᠡᠷᠬᠡᠰᠢᠶᠡᠯ ᠬᠠᠷᠰᠢ ᠰᠠᠭᠠᠳ ᠤᠨ ᠲᠣᠭᠤᠷᠢᠨ ᠳᠤ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠪᠡ᠄ ᠵᠢᠶᠠᠩᠰᠤ ᠮᠤᠵᠢ ᠶᠢᠨ ᠬᠢᠨ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ ᠵᠧᠵᠢᠶᠠᠩ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠵᠦ᠂ 5 ᠲᠠᠯ᠎ᠠ ᠶᠢᠨ 32 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃  ᠹᠦᠵᠢᠶᠠᠨ ᠮᠤᠵᠢ ᠶᠢᠨ ᠬᠢᠨ ᠠᠷᠠᠳ ᠤᠨ ᠪᠡᠯᠡ ᠣᠷᠣᠭᠤᠯᠤᠯᠲᠠ ᠶᠢᠨ ᠠᠵᠢᠯ  ᠢ ᠠᠬᠢᠭᠤᠯᠬᠤ ᠶᠢ ᠰᠠᠶᠢᠲᠤᠷ ᠪᠣᠳᠠᠲᠠᠢ ᠠᠳᠬᠤᠬᠤ ᠲᠤᠬᠠᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠨᠡᠶᠢᠲᠡᠯᠡᠵᠦ᠂ ︽ᠭᠤᠷᠪᠠᠨ ᠨᠠᠷᠢᠨ ᠲᠠᠩᠰᠠ ᠨᠢᠭᠡ ᠲᠠᠪᠴᠠᠩ︾ ᠢᠶᠠᠷ ᠳᠠᠮᠵᠢᠭᠤᠯᠵᠤ 506 ᠲᠥᠷᠥᠯ ᠵᠦᠢᠯ ᠭᠠᠷᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 3709 ᠳ᠋ᠦᠩᠰᠢᠭᠤᠷ ᠲᠥᠭᠦᠷᠢᠭ ᠲᠤ ᠬᠦᠷᠴᠡᠢ  ᠃    ᠼᠦᠩ ᠯᠢᠶᠠᠩ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠵᠠᠯᠭᠠᠭᠠᠳ ᠭᠤᠷᠪᠠᠨ ᠲᠠᠯ᠎ᠠ ᠪᠠᠷ ᠬᠦᠴᠦᠯᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠄ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ᠂ ᠬᠥᠭᠵᠢᠯᠲᠡ ᠶᠢ ᠠᠬᠢᠭᠤᠯᠬᠤ ᠡᠭᠦᠷᠭᠡ ᠴᠢᠳᠠᠪᠬᠢ ᠶᠢ ᠰᠠᠶᠢᠲᠤᠷ ᠪᠠᠳᠠᠷᠠᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠠᠬᠢ  ᠬᠠᠮᠤᠭ ᠤᠨ ᠰᠠᠶᠢᠨ ᠦᠢᠯᠡᠴᠢᠯᠡᠭᠡ ᠪᠤᠯᠭᠠᠨ᠎ᠠ᠃ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠤᠨ ᠵᠥᠪᠳᠡᠯᠴᠡᠬᠦ ᠲᠣᠭᠲᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠪᠠᠶᠢᠩᠭᠤ ᠨᠡᠪᠲᠡᠷᠡᠯᠴᠡᠨ ᠰᠣᠯᠢᠯᠴᠠᠬᠤ ᠲᠣᠭᠲᠠᠴᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠶᠢ ᠡᠷᠭᠢᠮᠯᠡᠭᠦ  ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠲᠥᠯᠦᠪᠵᠢᠭᠦᠯᠭᠡ ᠲᠥᠯᠥᠪᠯᠡᠭᠡ ᠶᠢ ᠰᠠᠶᠢᠲᠤᠷ ᠬᠢᠵᠦ᠂ ᠪᠡᠯᠡ ᠣᠷᠣᠭᠤᠯᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠳ᠋ᠦᠩᠨᠡᠨ ᠳᠡᠯᠭᠡᠷᠡᠭᠦᠯᠬᠦ ᠶᠢ ᠠᠩᠬᠠᠷᠴᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠲᠤᠪᠤᠶᠢᠯᠭᠠᠨ᠎ᠠ ᠭᠡᠵᠦ ᠬᠡᠯᠡᠪᠡ᠃    ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠬᠤᠯᠪᠣᠭᠳᠠᠬᠤ ᠬᠡᠪᠴᠢᠶ᠎ᠡ ᠥᠷᠭᠡᠨ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠥᠷᠭᠡᠨ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠣᠷᠳᠣ᠂ ᠠᠵᠢᠯ ᠤᠨ ᠭᠤᠭᠴᠤᠭ᠎ᠠ ᠣᠯᠠᠨ ᠪᠣᠯᠬᠤᠷ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ ᠵᠣᠬᠢᠴᠠᠯᠳᠤᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ︾ ᠭᠡᠵᠦ ᠼᠦᠩ ᠯᠢᠶᠠᠩ ᠬᠡᠯᠡᠪᠡ᠃ᠳᠤᠮᠳᠠ ᠵᠢᠵᠢᠭ ᠠᠵᠤ ᠠᠬᠤᠶᠢᠯᠠᠯ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠣᠲᠣᠷᠠᠬᠢ ᠬᠠᠮᠤᠭ ᠤᠨ ᠭᠤᠣᠯ ᠪᠦᠷᠢᠯᠳᠦᠭᠦᠨ ᠬᠡᠰᠡᠭ ᠮᠥᠨ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠤᠮᠳᠠ ᠵᠢᠵᠢᠭ ᠠᠵᠤ ᠠᠬᠤᠶᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠢᠶᠠ ᠬᠤᠩ ᠸᠧᠢ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠬᠵᠢᠬᠰᠠᠨ  ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠰᠢᠰᠲ᠋ᠧᠮ ᠢ  ᠪᠠᠶᠢᠭᠤᠯᠬᠤ ᠪᠠ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ  ᠴᠢᠨᠠᠭᠰᠢᠳᠠ  ᠭᠦᠨᠵᠡᠭᠡᠶᠢᠷᠡᠭᠦᠯᠬᠦ ᠵᠡᠷᠭᠡ ᠳᠥᠷᠪᠡᠨ ᠲᠠᠯ᠎ᠠ ᠠᠴᠠ ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ ᠭᠡᠵᠦ ᠢᠯᠡᠳᠬᠡᠪᠡ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠩᠰᠡᠯᠡᠨ ᠲᠡᠮᠳᠡᠭᠯᠡᠬᠦ ᠲᠣᠪᠴᠢᠶ᠎ᠠ ᠶᠢᠨ ᠳᠡᠳ᠋ ᠳᠠᠷᠤᠭ᠎ᠠ ᠵᠧᠩ ᠭᠤᠸᠠᠨ ᠯᠠᠨ ᠤ ᠲᠠᠨᠢᠯᠴᠠᠭᠤᠯᠤᠭᠰᠠᠨ ᠢᠶᠠᠷ᠂ ᠬᠤᠪᠢ ᠡᠷᠦᠭᠡ ᠶᠢᠨ ᠠᠵᠤ ᠠᠬᠤᠢ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠢᠰᠲ᠋ᠧᠮ ᠳᠤ ᠶᠠᠪᠤᠬᠤ ᠲᠤᠲᠤᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ︽ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠥᠪ ᠭᠤᠤᠯᠴᠢ ᠥᠷᠢᠰᠦᠯᠳᠦᠭᠡᠨ᠂ ᠡᠷᠬᠡ ᠠᠰᠢᠭ ᠤᠨ ᠬᠠᠮᠠᠭᠠᠯᠠᠯᠲᠠ᠂ ᠵᠡᠷᠭᠡ ᠲᠠᠯ᠎ᠠ ᠪᠠᠷ ᠬᠢ ᠬᠦᠰᠡᠯ ᠱᠠᠭᠠᠷᠳᠠᠯᠭ᠎ᠠ ᠶᠢ ᠨᠠᠩ ᠢᠯᠡᠭᠦᠦ ᠠᠩᠬᠠᠷᠴᠤ᠂ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ︾ ᠭᠡᠵᠡᠢ᠃    ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠠᠵᠤ ᠠᠬᠤᠢ ᠶᠢᠨ ᠦᠢᠯᠡᠴᠢᠯᠡᠭᠡᠨ ᠤ ᠬᠡᠯᠲᠡᠰ ᠤᠨ ᠳᠡᠳ᠋ ᠳᠠᠷᠤᠭ᠎ᠠ ᠯᠥᠸᠧ ᠯᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ  ᠬᠢᠨ  ᠬᠤᠯᠪᠣᠭᠳᠠᠯ ᠪᠦᠬᠦᠢ ᠶᠠᠮᠤᠨ ᠵᠥᠪᠯᠡᠯ ᠯᠦᠭᠡ ᠶᠢᠨ ᠠᠵᠢᠯ ᠤᠨ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠤᠵᠢ ᠶᠢᠨ ᠲᠡᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠨ ᠵᠢᠯᠣᠭᠤᠳᠤᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠠᠬᠢᠴᠠ ᠶᠢ ᠦᠷᠭᠦᠯᠵᠢᠯᠡᠨ ᠮᠥᠷᠳᠡᠨ ᠪᠠᠶᠢᠴᠠᠭᠠᠨ᠎ᠠ ᠭᠡᠪᠡ᠃      
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号