ᠠᠯᠠᠱᠠ ᠪᠠᠷᠠᠭᠤᠨ ᠬᠤᠰᠢᠭᠤᠨ ᠤ ᠬᠢᠯᠢ ᠬᠢᠵᠠᠭᠠᠷ ᠤᠨ 22 ᠮᠠᠯᠵᠢᠬᠤ ᠡᠷᠦᠭᠡ ᠳᠤ ᠴᠡᠪᠡᠷᠵᠢᠭᠦᠯᠦᠭᠰᠡᠨ ᠲᠦᠭᠡᠭᠡᠯ ᠤᠰᠤ ᠨᠡᠪᠳᠡᠷᠡᠪᠡ
ᠨᠡᠶᠢᠲᠡᠯᠡᠭᠰᠡᠨ ᠴᠠᠭ᠄
2023/12/1
    ᠠᠯᠠᠱᠠ ᠪᠠᠷᠠᠭᠤᠨ ᠬᠤᠰᠢᠭᠤ ᠬᠢᠯᠢ ᠬᠢᠵᠠᠭᠠᠷ ᠣᠷᠣᠨ ᠤ ᠮᠠᠯᠵᠢᠬᠤ ᠡᠷᠦᠭᠡ ᠳᠤ ᠲᠦᠭᠡᠭᠡᠯ ᠤᠰᠤ ᠣᠷᠣᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠷᠥᠰᠥ ᠰᠢᠷᠣᠢ ᠶᠢ ᠬᠠᠮᠠᠭᠠᠯᠠᠨ ᠬᠢᠯᠢ ᠬᠢᠵᠠᠭᠠᠷ ᠢ ᠬᠠᠮᠠᠭᠠᠯᠠᠬᠤ ᠮᠠᠯᠴᠢᠨ ᠲᠠᠷᠢᠶᠠᠴᠢᠨ ᠳᠤ ᠤᠰᠤ ᠬᠠᠳᠠᠭᠠᠯᠠᠬᠤ ᠵᠣᠭᠤᠷᠢ ᠪᠠ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠡᠳᠡᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠨᠡᠨ ᠪᠣᠳᠠᠲᠠᠢ ᠠᠰᠢᠭ ᠬᠦᠷᠲᠡᠭᠡᠵᠡᠢ᠃     ᠠᠯᠠᠱᠠ ᠪᠠᠷᠠᠭᠤᠨ ᠬᠤᠰᠢᠭᠤᠨ ᠤ ᠳᠠᠩᠰᠤᠬᠪᠤᠯᠠᠭ ᠰᠤᠮᠤᠨ ᠤ ᠡᠩᠭᠡᠷᠤ᠋ᠰᠤ ᠭᠠᠴᠠᠭ᠎ᠠ ᠶᠢᠨ ᠮᠠᠯᠴᠢᠨ ᠪᠠᠲᠤᠪᠠᠶᠠᠷ ᠤᠨ ᠭᠡᠷ ᠲᠤ ᠣᠴᠢᠬᠤ ᠳᠤ᠂ ᠰᠢᠨ᠎ᠡ ᠪᠠᠷ ᠪᠠᠶᠢᠭᠤᠯᠤᠭᠰᠠᠨ ᠤᠰᠤ ᠬᠠᠳᠠᠭᠠᠯᠠᠬᠤ ᠵᠣᠭᠤᠷᠢ ᠠᠴᠠ ᠤᠰᠤᠨ ᠬᠤᠭᠤᠯᠠᠢ ᠶᠢ ᠰᠢᠭᠤᠳ ᠭᠡᠷ ᠲᠤ ᠨᠡᠪᠲᠡᠷᠡᠭᠦᠯᠦᠨ ᠤᠰᠤ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠠᠴᠠ ᠲᠡᠳᠡᠨᠡᠶᠢᠬᠢᠨ ᠴᠡᠪᠡᠷ ᠲᠤᠩᠭᠠᠯᠠᠭ ᠲᠦᠭᠡᠭᠡᠯ ᠤᠰᠤ ᠶᠢ ᠡᠳ᠋ᠯᠡᠬᠦ ᠪᠣᠯᠵᠤ᠂ ᠠᠮᠢᠳᠤᠷᠠᠯ ᠤᠨ ᠨᠥᠬᠦᠴᠡᠯ ᠨᠢ ᠶᠡᠭᠡ ᠪᠠᠷ ᠰᠠᠶᠢᠵᠢᠷᠠᠵᠠᠢ᠃ ᠪᠠᠲᠤᠪᠠᠶᠠᠷ᠄ ︽ᠥᠩᠭᠡᠷᠡᠭᠰᠡᠨ ᠳᠤ ᠪᠢᠳᠡ ᠤᠰᠤ ᠪᠠᠨ ᠬᠤᠯᠠ ᠠᠴᠠ ᠲᠡᠷᠭᠡ ᠪᠠᠷ ᠲᠡᠭᠡᠭᠡᠵᠦ ᠠᠪᠴᠢᠷᠠᠭᠠᠳ ᠰᠦᠯᠢᠶᠥᠦ ᠰᠠᠭᠤᠯᠭᠠᠨ ᠳᠤ ᠬᠢᠵᠦ ᠬᠠᠳᠠᠭᠠᠯᠠᠵᠤ ᠪᠠᠶᠢᠭᠰᠠᠨ᠃ ᠤᠳᠤ ᠬᠤᠳᠠ ᠶᠢᠨ ᠬᠢᠨ ᠲᠠᠢ ᠠᠳᠠᠯᠢ ᠲᠦᠭᠡᠭᠡᠯ ᠤᠰᠤ ᠶᠢ ᠬᠡᠷᠡᠭᠯᠡᠬᠦ ᠪᠣᠯᠣᠯ᠎ᠠ᠂ ᠤᠰᠤᠨ ᠭᠤᠭᠤᠵᠢᠭᠤᠷ ᠤᠨ ᠨᠡᠭᠡᠯᠡᠭᠡᠢ ᠶᠢ ᠨᠡᠭᠡᠭᠡᠭᠰᠡᠭᠡᠷ ᠲᠤᠩᠭᠠᠯᠠᠭ ᠰᠠᠶᠢᠬᠠᠨ ᠤᠰᠤ ᠭᠤᠭᠤᠵᠢᠵᠤ᠂ ᠮᠠᠰᠢ ᠳᠦᠭᠦᠮ ᠪᠣᠯᠵᠠᠢ︾ ᠭᠡᠵᠦ ᠪᠠᠶᠠᠷᠯᠠᠨ ᠶᠠᠷᠢᠨ᠎ᠠ᠃     ᠡᠩᠭᠡᠷᠤ᠋ᠰᠤ ᠭᠠᠴᠠᠭ᠎ᠠ ᠨᠢ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠪᠤᠶᠢᠳᠠ ᠪᠥᠭᠯᠡᠭᠦᠦ᠂ ᠤᠰᠤᠨ ᠤ ᠡᠬᠢ ᠪᠠᠶᠠᠯᠢᠭ ᠳᠤᠲᠠᠮᠠᠭ᠂ ᠪᠠᠶᠢᠭᠠᠯᠢ ᠶᠢᠨ ᠨᠥᠬᠦᠴᠡᠯ ᠬᠠᠲᠠᠭᠤᠵᠢᠯᠲᠠᠢ ᠲᠤᠯᠠ ᠬᠢᠯᠢ ᠬᠢᠵᠠᠭᠠᠷ ᠣᠷᠣᠨ ᠳᠤ ᠰᠠᠭᠤᠷᠢᠰᠢᠵᠤ ᠪᠠᠶᠢᠭ᠎ᠠ ᠮᠠᠯᠵᠢᠬᠤ ᠡᠷᠦᠭᠡ ᠠᠮᠢᠳᠤᠷᠠᠯ ᠤᠨ ᠤᠤᠭᠤᠬᠤ ᠤᠰᠤ ᠪᠠᠨ ᠬᠤᠯᠠ ᠠᠴᠠ ᠲᠡᠭᠡᠭᠡᠨ ᠰᠢᠢᠳᠪᠦᠷᠢᠯᠡᠵᠦ ᠪᠠᠶᠢᠪᠠ᠃ ᠤᠳᠠᠭᠠᠨ ᠵᠢᠯ ᠤᠨ ᠲᠤᠷᠰᠢ᠂ ᠬᠥᠮᠥᠨ ᠮᠠᠯ ᠤᠨ ᠤᠤᠭᠤᠬᠤ ᠤᠰᠤᠨ ᠤ ᠠᠰᠠᠭᠤᠳᠠᠯ ᠨᠢ ᠲᠡᠳᠡᠨ ᠤ ᠦᠢᠯᠡᠳᠪᠦᠷᠢᠯᠡᠯ ᠠᠮᠢᠳᠤᠷᠠᠯ ᠢ ᠬᠢᠵᠠᠭᠠᠷᠯᠠᠵᠤ ᠪᠠᠶᠢᠭ᠎ᠠ ᠪᠣᠭᠤᠮᠢ ᠪᠣᠯᠣᠭᠰᠠᠭᠠᠷ ᠢᠷᠡᠵᠡᠢ᠃ ᠡᠨᠡ ᠵᠢᠯ ᠠᠯᠠᠱᠠ ᠪᠠᠷᠠᠭᠤᠨ ᠬᠤᠰᠢᠭᠤ ᠬᠢᠯᠢ ᠬᠢᠵᠠᠭᠠᠷ ᠣᠷᠣᠨ ᠤ ᠮᠠᠯᠵᠢᠬᠤ ᠡᠷᠦᠭᠡ ᠳᠤ ᠲᠦᠭᠡᠭᠡᠯ ᠤᠰᠤ ᠣᠷᠣᠭᠤᠯᠬᠤ ᠲᠥᠷᠥᠯ ᠵᠦᠢᠯ ᠢ ᠪᠦᠭᠦ ᠬᠤᠰᠢᠭᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠵᠤ ᠬᠡᠷᠡᠭᠵᠢᠭᠦᠯᠦᠨ᠂ ᠡᠩᠭᠡᠷᠤ᠋ᠰᠤ ᠭᠠᠴᠠᠭ᠎ᠠ ᠶᠢᠨ 22 ᠡᠷᠦᠭᠡ ᠬᠢᠯᠢ ᠬᠢᠵᠠᠭᠠᠷ ᠤᠨ ᠮᠠᠯᠵᠢᠬᠤ ᠲᠠᠷᠢᠶᠠᠯᠠᠬᠤ ᠡᠷᠦᠭᠡ ᠳᠤ ᠲᠦᠭᠡᠭᠡᠯ ᠤᠰᠤ ᠣᠷᠣᠭᠤᠯᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠥᠭᠴᠦ᠂ ᠲᠡᠳᠡᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠡᠢ᠃      ᠠᠯᠠᠱᠠ ᠪᠠᠷᠠᠭᠤᠨ ᠬᠤᠰᠢᠭᠤ ᠬᠢᠯᠢ ᠬᠢᠵᠠᠭᠠᠷ ᠣᠷᠣᠨ ᠤ ᠮᠠᠯᠵᠢᠬᠤ ᠡᠷᠦᠭᠡ ᠳᠤ ᠲᠦᠭᠡᠭᠡᠯ ᠤᠰᠤ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠬᠦ ᠳᠡᠭᠡᠨ᠂ ᠡᠨᠡ ᠵᠢᠯ ᠤᠨ 8 ᠰᠠᠷ᠎ᠠ ᠠᠴᠠ ᠨᠠᠭᠠᠰᠢ᠂ 10 ᠺᠦᠪ ᠮᠧᠲᠷ ᠤᠨ ᠪᠠᠭᠲᠠᠭᠠᠮᠵᠢ ᠲᠠᠢ ᠰᠢᠯ ᠪᠣᠯᠣᠳ ᠤᠰᠤ ᠬᠠᠳᠠᠭᠠᠯᠠᠬᠤ ᠵᠣᠭᠤᠷᠢ 13 ᠪᠠ ᠢᠵᠢ ᠪᠦᠷᠢᠳᠦᠭᠦᠯᠦᠭᠰᠡᠨ 2KW ᠭᠡᠷᠡᠯ ᠴᠡᠨᠡᠭ ᠢᠶᠠᠷ ᠤᠰᠤ ᠲᠠᠲᠠᠬᠤ ᠰᠢᠰᠲ᠋ᠧᠮ 13 ᠪᠠᠶᠢᠭᠤᠯᠵᠤ᠂ ᠢᠵᠢ ᠪᠦᠷᠢᠳᠦᠭᠦᠯᠦᠭᠰᠡᠨ ᠰᠦᠯᠢᠶᠥᠦ ᠬᠤᠭᠤᠯᠠᠢ ᠶᠢᠨ ᠬᠤᠳᠳᠤᠭ 32᠂ ᠭᠤᠤᠷᠰᠤᠨ ᠬᠤᠳᠳᠤᠭ 25᠂ ᠮᠠᠰᠢᠨᠲᠤ ᠬᠤᠳᠳᠤᠭ 6 ᠶᠢ ᠮᠠᠯᠲᠠᠵᠤ᠂ ᠲᠡᠭᠦᠨ ᠳᠤ ᠢᠵᠢ ᠪᠦᠷᠢᠳᠦᠭᠦᠯᠦᠨ 2KW ᠭᠡᠷᠡᠯ ᠴᠡᠨᠡᠭ ᠢᠶᠠᠷ ᠤᠰᠤ ᠲᠠᠲᠠᠬᠤ ᠰᠢᠰᠲ᠋ᠧᠮ 25 ᠶᠢ ᠪᠠᠶᠢᠭᠤᠯᠤᠭᠰᠠᠨ ᠤ ᠬᠠᠮᠲᠤ 1107 ᠮᠧᠲᠷ ᠤᠨ ᠲᠣᠣᠷ ᠬᠦᠷᠢᠶ᠎ᠡ ᠲᠠᠲᠠᠵᠤ᠂ ᠢᠵᠢ ᠪᠦᠷᠢᠳᠦᠭᠦᠯᠦᠭᠰᠡᠨ ᠲᠠᠩ ᠡᠷᠦᠭᠡ ᠶᠢᠨ ᠤᠰᠤ ᠴᠡᠪᠡᠷᠰᠢᠭᠦᠯᠬᠦ ᠲᠥᠬᠦᠭᠡᠷᠦᠮᠵᠢ 30 ᠶᠢ ᠤᠭᠰᠠᠷᠠᠵᠤ ᠥᠭᠴᠡᠢ᠃ ᠲᠥᠷᠥᠯ ᠵᠦᠢᠯ ᠢ ᠬᠡᠷᠡᠭᠵᠢᠭᠦᠯᠦᠭᠰᠡᠨ ᠨᠢ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠲᠡᠳᠡᠨ ᠤ ᠠᠮᠢᠳᠤᠷᠠᠯ ᠳᠤ ᠨᠡᠩ ᠲᠥᠭᠦᠮ ᠨᠥᠬᠦᠴᠡᠯ ᠢ ᠬᠠᠩᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号