ᠡᠵᠡᠨ᠎ᠡ ᠬᠤᠰᠢᠭᠤᠨ ᠤ ᠨᠣᠮ ᠤᠨ ᠰᠠᠩ ᠤᠯᠤᠰ ᠤᠨ ᠬᠤᠶᠠᠳᠤᠭᠠᠷ ᠲᠠᠰ ᠤᠨ ᠨᠣᠮ ᠤᠨ ᠰᠠᠩ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/12/11
   ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠳᠣᠯᠣᠳᠤᠭᠠᠷ ᠤᠳᠠᠭᠠᠨ ᠤ ᠪᠦᠭᠦ ᠤᠯᠤᠰ ᠤᠨ ᠰᠢᠶᠠᠨ ᠤ ᠱᠠᠲᠤᠨ ᠠᠴᠠ ᠳᠡᠭᠡᠭᠰᠢᠬᠢ ᠣᠯᠠᠨ ᠨᠠᠶᠢᠳᠠ ᠶᠢᠨ ᠨᠣᠮ ᠤᠨ ᠰᠠᠩ ᠤᠨ ᠳᠡᠭᠡᠳᠦ ᠳᠠᠰ ᠤᠨ ᠨᠣᠮ ᠤᠨ ᠰᠠᠩ ᠢ ᠦᠨᠡᠯᠡᠨ ᠳᠠᠰ ᠲᠣᠭᠲᠠᠭᠠᠬᠤ ᠨᠡᠷᠡᠰ ᠤᠨ ᠲᠤᠬᠠᠢ ᠵᠠᠷᠯᠠᠯ ᠢ ᠨᠡᠶᠢᠲᠡᠯᠡᠭᠰᠡᠨ ᠳᠤ᠂ ᠡᠵᠡᠨ᠎ᠡ ᠬᠤᠰᠢᠭᠤᠨ ᠤ ᠨᠣᠮ ᠤᠨ ᠰᠠᠩ ᠤᠯᠤᠰ ᠤᠨ ᠬᠤᠶᠠᠳᠤᠭᠠᠷ ᠲᠠᠰ ᠤᠨ ᠨᠣᠮ ᠤᠨ ᠰᠠᠩ ᠢᠶᠠᠷ ᠰᠣᠩᠭᠤᠭᠳᠠᠭᠰᠠᠨ ᠪᠠᠶᠢᠨ᠎ᠠ᠃    ᠡᠵᠡᠨ᠎ᠡ ᠬᠤᠰᠢᠭᠤᠨ ᠤ ᠨᠣᠮ ᠤᠨ ᠰᠠᠩ 1985 ᠣᠨ ᠳᠤ ᠪᠠᠶᠢᠭᠤᠯᠤᠭᠳᠠᠵᠤ᠂ ᠰᠢᠨ᠎ᠡ ᠪᠠᠶᠢᠭᠤᠯᠤᠭᠰᠠᠨ ᠣᠷᠳᠣᠨ ᠨᠢ 2022 ᠣᠨ ᠤ 4 ᠰᠠᠷ᠎ᠠ ᠳᠤ ᠠᠰᠢᠭᠯᠠᠯᠲᠠ ᠳᠤ ᠣᠷᠣᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠣᠯᠠᠨ ᠨᠡᠶᠢᠳᠠ ᠶᠢᠨ ᠨᠣᠮ ᠤᠨ ᠰᠠᠩ ᠪᠣᠯᠣᠨ᠎ᠠ᠃ ᠲᠣᠰ ᠨᠣᠮ ᠤᠨ ᠰᠠᠩ ᠤᠨ ᠲᠠᠯᠠᠪᠠᠶ ᠨᠢ 3000 ᠲᠡᠭᠰᠢ ᠳᠥᠷᠪᠡᠯᠵᠢᠨ ᠮᠧᠲᠷ᠂ ᠨᠣᠮ ᠪᠢᠴᠢᠭ ᠤᠨ ᠶᠡᠷᠦᠩᠬᠡᠢ ᠬᠠᠳᠠᠭᠠᠯᠠᠮᠵᠢ ᠶᠢᠨ ᠬᠡᠮᠵᠢᠶ᠎ᠡ 7 ᠲᠦᠮᠡ ᠭᠠᠷᠤᠢ ᠳᠡᠪᠲᠡᠷ ᠲᠤ ᠬᠦᠷᠴᠦ᠂ ᠬᠤᠭᠤᠴᠠᠭᠠᠲᠤ ᠰᠡᠳᠬᠦᠯ ᠰᠣᠨᠢᠨ ᠵᠠᠭᠤ ᠭᠠᠷᠤᠢ ᠳᠦᠷᠦᠯ ᠢ ᠵᠠᠬᠢᠶᠠᠯᠠᠵᠤ ᠪᠤᠢ᠃ ᠨᠣᠮ ᠤᠨ ᠰᠠᠩ ᠤᠨ ᠳᠣᠲᠣᠷ᠎ᠠ ᠨᠢ ᠬᠠᠳᠠᠭᠠᠯᠠᠬᠤ᠂ ᠵᠢᠭᠡᠯᠡᠬᠦ᠂ ᠤᠩᠰᠢᠬᠤ ᠶᠢ ᠨᠢᠭᠡ ᠴᠣᠭᠴᠠᠵᠢᠭᠤᠯᠤᠭᠰᠠᠨ ᠨᠣᠮ ᠪᠢᠴᠢᠭ ᠤᠩᠰᠢᠬᠤ ᠲᠣᠭᠤᠷᠢᠭ᠂ ᠰᠣᠨᠢᠨ ᠰᠡᠳᠬᠦᠯ ᠤᠩᠰᠢᠬᠤ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ 12 ᠭᠠᠳᠠᠭᠠᠳᠤ ᠦᠢᠯᠡᠴᠢᠯᠡᠭᠡᠨ ᠤ ᠴᠣᠩᠬᠤᠪᠴᠢ ᠶᠢ ᠲᠣᠬᠢᠷᠠᠭᠤᠯᠵᠤ᠂ ᠤᠩᠰᠢᠭᠴᠢᠳ ᠲᠤ ᠮᠣᠩᠭᠤᠯ ᠬᠢᠲᠠᠳ ᠨᠣᠮ ᠢ ᠵᠢᠭᠡᠯᠡᠬᠦ᠂ ᠰᠣᠨᠢᠨ ᠰᠡᠳᠬᠦᠯ ᠤᠩᠰᠢᠬᠤ᠂ ᠲᠣᠣᠷ ᠰᠦᠯᠵᠢᠶᠡᠨ ᠤ ᠦᠢᠯᠡᠴᠢᠯᠡᠭᠡ ᠵᠡᠷᠭᠡ ᠳᠦᠷᠦᠯ ᠵᠦᠢᠯ ᠢ ᠦᠨ᠎ᠡ ᠲᠥᠯᠥᠪᠦᠷᠢ ᠦᠭᠡᠢ ᠪᠠᠷ ᠬᠠᠩᠭᠠᠵᠤ ᠪᠠᠶᠢᠬᠤ ᠪᠠᠷ ᠪᠠᠷᠠᠬᠤ ᠦᠭᠡᠢ ᠵᠢᠯ ᠳᠤ 3 ᠲᠦᠮᠡ ᠭᠠᠷᠤᠢ ᠬᠥᠮᠥᠨ ᠤᠳᠠᠭ᠎ᠠ ᠶᠢᠨ ᠤᠩᠰᠢᠭᠴᠢᠳ ᠢ ᠭᠥᠯᠢᠶᠡᠨ ᠠᠪᠳᠠᠭ ᠪᠠᠶᠢᠨ᠎ᠠ᠃ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠᠴᠢᠯᠠᠭ᠎ᠠ ᠳᠡᠮᠵᠢᠯᠭᠡ ᠳᠣᠣᠷ᠎ᠠ᠂ ᠳᠤᠰ ᠨᠣᠮ ᠤᠨ ᠰᠠᠩ ᠨᠢ ᠣᠯᠠᠨ ᠭᠡᠯᠪᠡᠷᠢ ᠪᠠᠷ᠂ ᠪᠠᠶᠠᠯᠢᠭ ᠠᠭᠤᠯᠭ᠎ᠠ ᠪᠦᠬᠦᠢ ᠪᠦᠭᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢᠨ ᠬᠠᠮᠲᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠳᠡᠯᠭᠡᠷᠡᠭᠦᠯᠬᠦ᠂ ᠰᠠᠶᠢᠨ ᠨᠣᠮ ᠢ ᠲᠠᠨᠢᠯᠴᠠᠭᠤᠯᠬᠤ᠂ ᠤᠩᠰᠢᠯᠭ᠎ᠠ ᠶᠢ ᠳᠡᠯᠭᠡᠷᠡᠭᠦᠯᠬᠦ᠂ ᠪᠣᠯᠪᠠᠰᠤᠷᠠᠯ ᠤᠨ ᠵᠢᠯᠣᠭᠤᠳᠤᠯᠭ᠎ᠠ᠂ ᠨᠣᠮ ᠬᠦᠷᠭᠡᠬᠦ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠣᠯᠠᠨ ᠲᠦᠮᠡᠨ ᠤ ᠨᠣᠮ ᠦᠵᠡᠵᠦ ᠰᠤᠷᠤᠯᠴᠠᠬᠤ ᠮᠡᠳᠡᠯᠭᠡ ᠭᠦᠷᠳᠡᠭᠦ ᠤᠷᠮ᠎ᠠ ᠪᠠᠬ᠎ᠠ ᠶᠢ ᠶᠡᠬᠡᠪᠡᠷ ᠬᠥᠮᠥᠵᠢᠭᠦᠯᠦᠭᠰᠡᠨ ᠪᠠᠶᠢᠨ᠎ᠠ᠃    ᠣᠶᠢᠷ᠎ᠠ ᠶᠢᠨ ᠵᠢᠯ ᠠᠴᠠ ᠨᠠᠭᠠᠰᠢ᠂ ᠳᠤᠰ ᠨᠣᠮ ᠤᠨ ᠰᠠᠩ ᠨᠢ ︽ᠨᠣᠮ ᠤᠨ ᠰᠤᠷᠪᠤᠯᠵᠢᠲᠤ ᠡᠵᠡᠨ᠎ᠡ︾ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ ᠠᠷᠠᠳ ᠤᠯᠠᠨ ᠤ ᠣᠯᠠᠨ ᠶᠠᠩᠵᠤ ᠶᠢᠨ ᠣᠯᠠᠨ ᠳᠡᠰ ᠳᠠᠪᠬᠤᠷᠭ᠎ᠠ ᠶᠢᠨ ᠣᠯᠠᠨ ᠲᠠᠯ᠎ᠠ ᠶᠢᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠬᠤ ᠪᠠᠷ ᠡᠭᠢᠯᠡᠯᠲᠡ ᠪᠠ ᠲᠡᠭᠦᠰᠬᠡᠯ ᠪᠤᠯᠭᠠᠵᠤ᠂ ᠡᠯ᠎ᠡ ᠪᠠᠶᠠᠷ ᠤᠨ ᠡᠳᠦᠷ ᠢᠶᠠᠷ ᠲᠣᠭᠢᠶᠠᠯ ᠪᠣᠯᠭᠠᠨ᠂ ᠪᠦᠭᠦ ᠠᠷᠠᠳ ᠢᠶᠠᠷ ᠢᠶᠠᠨ ᠨᠣᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠳᠠᠶᠠᠭᠠᠷ ᠤᠨ ︽ᠨᠣᠮ ᠢᠯᠡᠭᠦᠦ ᠤᠩᠰᠢᠬᠤ᠂ ᠰᠠᠶᠢᠨ ᠨᠣᠮ ᠤᠩᠰᠢᠬᠤ᠂ ᠨᠣᠮ ᠰᠠᠶᠢᠨ ᠤᠩᠰᠢᠬᠤ︾ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠤᠯᠭᠠᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号