ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2023/12/11
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠲᠤᠬᠠᠢ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠪᠣᠳᠣᠯᠬᠢᠯᠠᠨ ᠰᠦᠪᠡᠭᠴᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠪᠣᠳᠠᠲᠠᠢ ᠲᠠᠢ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃ ᠰᠤᠷᠤᠯᠴᠠᠯᠭ᠎ᠠ ᠪᠠ ᠠᠵᠢᠯ ᠤᠨ ᠦᠢᠯᠡᠳᠦᠯᠭᠡ ᠲᠠᠢ ᠤᠶᠠᠯᠳᠤᠭᠤᠯᠤᠨ᠂ ᠸᠠᠩ ᠯᠢ ᠰᠢᠶᠠ ᠲᠠᠨᠢᠯᠲᠠ ᠪᠠ ᠲᠥᠷᠥᠭᠳᠡᠯ ᠢᠶᠠᠨ ᠶᠠᠷᠢᠵᠤ᠂ ᠠᠵᠢᠯ ᠤᠨ ᠱᠠᠭᠠᠷᠳᠠᠯᠭ᠎ᠠ ᠳᠤᠷᠠᠳᠪᠠ᠃ ᠲᠡᠷᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠤᠲᠠᠯᠠᠯᠲᠠ ᠲᠠᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠭᠤᠣᠯ ᠰᠢᠵᠢᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠶᠠᠮᠠᠷᠪᠠ ᠠᠵᠢᠯ ᠬᠢᠵᠦ᠂ ᠶᠠᠮᠠᠷᠪᠠ ᠶᠠᠪᠤᠳᠠᠯ ᠢ ᠬᠢᠬᠦ ᠳᠤ ᠴᠥᠮ ᠨᠢᠭᠲᠠ ᠤᠶᠠᠯᠳᠤᠭᠤᠯᠵᠤ᠂ ᠡᠨᠡ ᠬᠦ ᠭᠤᠣᠯ ᠰᠢᠵᠢᠮ ᠠᠴᠠ ᠥᠴᠥᠬᠡᠨ ᠴᠦ ᠵᠠᠶᠢᠳᠠᠬᠤ ᠦᠭᠡᠢ ᠪᠠᠶᠢᠬᠤ ᠬᠡᠷᠡᠭᠲᠡᠢ᠃ ︽ᠭᠤᠷᠪᠠ ᠶᠢ ᠣᠯᠭᠤᠬᠤ︾ ᠴᠢᠬᠤᠯᠠ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠲᠠᠪᠤᠨ ᠶᠡᠭᠡ ᠡᠭᠦᠷᠭᠡ︾ ᠶᠢ ᠴᠢᠩᠭ᠎ᠠ ᠠᠩᠬᠠᠷᠴᠤ ᠠᠵᠢᠯ ᠤᠨ ᠠᠬᠢᠴᠠ ᠪᠠᠨ ᠨᠠᠷᠢᠨ ᠬᠢᠨᠠᠮᠠᠭᠠᠢ ᠪᠦᠷᠢᠳᠬᠡᠵᠦ᠂ ᠢᠷᠡᠬᠦ ᠵᠢᠯ ᠤᠨ ᠠᠵᠢᠯ ᠢᠶᠠᠨ ᠨᠠᠷᠢᠨ ᠨᠢᠮᠪᠠᠢ ᠲᠥᠯᠥᠪᠵᠢᠭᠦᠯᠬᠦ ᠭᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠪᠠ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ ᠪᠣᠳᠠᠲᠠᠢ ᠵᠦᠢᠯᠡᠰ ᠢ ᠢᠷᠡᠬᠦ ᠵᠢᠯ ᠤᠨ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠬᠤ ᠭᠡᠷᠡᠭᠲᠡᠶ᠃ ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠦᠭᠦ ᠲᠠᠯ᠎ᠠ ᠪᠠᠷ ᠪᠠᠷᠢᠮᠵᠢᠶᠠᠯᠠᠨ ᠪᠠᠶᠢᠴᠠᠭᠠᠨ ᠦᠵᠡᠵᠦ᠂ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠢ ᠡᠮᠬᠢᠳᠬᠡᠵᠦ᠂ ᠦᠨᠡᠨ ᠪᠣᠳᠠᠲᠠᠢ ᠪᠠᠷ ᠰᠠᠶᠢᠵᠢᠷᠠᠭᠤᠯᠤᠨ ᠳᠡᠭᠡᠭᠰᠢᠯᠡᠭᠦᠯᠭᠦ ᠭᠡᠷᠡᠭᠲᠡᠶ᠃ ᠬᠥᠮᠥᠰ ᠤᠨ ᠰᠡᠳᠬᠢᠯ ᠢ ᠨᠢᠭᠲᠠᠷᠠᠭᠤᠯᠬᠤ ᠶᠢ ᠴᠢᠩᠭ᠎ᠠ ᠠᠩᠬᠠᠷᠴᠤ᠂ ᠰᠢᠨ᠎ᠡ ᠴᠠᠭ ᠦᠶ᠎ᠡ ᠠᠴᠠ ᠨᠠᠭᠠᠰᠢᠬᠢ ᠦᠨᠳᠦᠰᠦᠲᠡᠨ ᠤ ᠪᠦᠯᠬᠦᠮᠳᠡᠯ ᠤᠨ ᠰᠠᠶᠢᠬᠠᠨ ᠦᠯᠢᠭᠡᠷ ᠢ ᠠᠭᠤᠳᠠᠯᠤᠨ ᠤᠬᠠᠭᠤᠯᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠵᠣᠯ ᠵᠢᠷᠭᠠᠯᠲᠤ ᠠᠮᠢᠳᠤᠷᠠᠯ ᠨᠢ ᠨᠠᠮ ᠤᠨ ᠰᠠᠶᠢᠨ ᠲᠥᠷᠦ ᠶᠢᠨ ᠪᠣᠳᠣᠯᠭ᠎ᠠ ᠠᠴᠠ ᠢᠷᠡᠯᠲᠡ ᠲᠠᠢ ᠭᠡᠳᠡᠭ ᠢ ᠲᠣᠳᠣᠷᠬᠠᠢ ᠲᠠᠨᠢᠭᠤᠯᠵᠤ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ᠃ ︽ᠳᠥᠷᠪᠡᠨ ᠣᠨᠴᠠᠭᠠᠶ︾ ᠦᠨᠳᠦᠰᠦᠲᠡᠨ ᠤ ᠭᠠᠵᠠᠷ ᠣᠷᠣᠨ ᠤ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠲᠤ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠰᠠᠶᠢᠨ ᠰᠠᠶᠢᠬᠠᠨ ᠰᠤᠷᠲᠠᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠣᠳᠠᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号