ᠠᠯᠠᠱᠠ ᠪᠠᠷᠠᠭᠤᠨ ᠬᠤᠰᠢᠭᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠨ ᠪᠦᠭᠦᠨ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/12/14
   ᠡᠨᠡ ᠵᠢᠯ᠂ ᠠᠯᠠᠱᠠ ᠪᠠᠷᠠᠭᠤᠨ ᠬᠤᠰᠢᠭᠤ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠨᠡᠶᠢᠭᠡᠮ ᠤᠨ ᠦᠢᠯᠡᠰ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠲᠣᠭᠲᠠᠭᠠᠭᠰᠠᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢᠶᠠᠨ ᠪᠦᠭᠦᠨ ᠢ ᠪᠡᠶᠡᠯᠡᠭᠦᠯᠵᠡᠢ᠃    ᠠᠯᠠᠱᠠ ᠪᠠᠷᠠᠭᠤᠨ ᠬᠤᠰᠢᠭᠤᠨ ᠤ ᠪᠠᠶᠠᠨᠭᠤᠣᠯ ᠰᠤᠮᠤ ᠶᠢᠨ ᠰᠤᠪᠤᠷᠭ᠎ᠠ ᠭᠠᠴᠠᠭ᠎ᠠ ᠶᠢᠨ ᠮᠠᠯᠴᠢᠨ ᠸᠠᠩ ᠬᠤᠸᠠ ᠴᠢᠨ ᠤ ᠬᠢᠨ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠳᠤ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠵᠦ ᠪᠠᠶᠢᠨ᠎ᠠ᠃ ᠥᠩᠭᠡᠷᠡᠭᠰᠡᠨ ᠳᠤ ᠴᠠᠭᠢᠯᠭᠠᠨ ᠬᠦᠷᠦᠯᠴᠡᠬᠦ ᠦᠭᠡᠢ ᠠᠴᠠ ᠪᠣᠯᠵᠤ ᠰᠦ ᠰᠠᠭᠠᠬᠤ ᠪᠠ ᠰᠦ ᠬᠠᠳᠠᠭᠠᠯᠠᠬᠤ ᠥᠪᠡᠷ ᠤᠨ ᠦᠷᠳᠡᠭ ᠨᠢ ᠮᠠᠰᠢ ᠥᠨᠳᠥᠷ ᠪᠠᠶᠢᠵᠠᠢ᠃ ᠤᠳᠤ ᠰᠠᠯᠬᠢ ᠭᠡᠷᠡᠯ ᠤᠨ ᠴᠠᠭᠢᠯᠭᠠᠨ ᠬᠠᠷᠢᠯᠴᠠᠨ ᠨᠥᠬᠦᠪᠦᠷᠢᠯᠡᠬᠦ ᠲᠦᠷᠦᠯ ᠵᠦᠢᠯ ᠢᠶᠠᠷ ᠲᠠᠮᠵᠢᠨ ᠦᠢᠯᠡᠳᠪᠦᠷᠢᠯᠡᠯ ᠠᠮᠢᠳᠤᠷᠠᠯ ᠤᠨ ᠬᠡᠷᠡᠭᠯᠡᠭᠡᠨ ᠤ ᠴᠠᠭᠢᠯᠭᠠᠨ ᠢ ᠪᠦᠲᠦᠮᠵᠢᠲᠡᠢ ᠰᠢᠢᠳᠪᠦᠷᠢᠯᠡᠵᠦ᠂ ᠲᠡᠮᠡᠭᠡᠨ ᠤ ᠠᠵᠤ ᠦᠢᠯᠡᠰ ᠢ ᠬᠥᠭᠵᠢᠭᠦᠯᠬᠦ ᠳᠤ ᠢᠲᠡᠭᠡᠯ ᠵᠣᠷᠢᠭ ᠨᠢ ᠨᠡᠩ ᠲᠡᠭᠦᠯᠳᠡᠷ ᠪᠣᠯᠵᠠᠢ᠃ ︽ᠥᠩᠭᠡᠷᠡᠭᠰᠡᠨ ᠳᠤ ᠪᠢᠳᠡ ᠢᠩᠭᠡᠨ ᠰᠠᠭᠠᠯᠢ ᠬᠢᠬᠦ ᠳᠡᠭᠡᠨ ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠢ ᠬᠡᠷᠡᠭᠯᠡᠵᠦ ᠪᠠᠶᠢᠵᠠᠢ᠃ ᠦᠷᠭᠦᠯᠵᠢ ᠬᠠᠭᠠᠰ ᠰᠠᠭᠠᠪᠠᠯ ᠴᠠᠭᠢᠯᠭᠠᠨ ᠬᠦᠷᠦᠯᠴᠡᠬᠦ ᠦᠭᠡᠢ ᠪᠣᠯᠴᠢᠬᠠᠭᠠᠳ ᠴᠠᠶᠢᠶ᠋ᠢᠦ ᠴᠠᠭᠢᠯᠭᠠᠨ ᠭᠠᠷᠭᠠᠬᠤ ᠮᠠᠰᠢᠨ ᠢ ᠦᠷᠭᠦᠯᠵᠢᠯᠡᠨ ᠬᠡᠷᠡᠭᠯᠡᠵᠦ ᠢᠩᠭᠡ ᠪᠠᠨ ᠰᠠᠭᠠᠵᠤ ᠪᠠᠷᠠᠭᠠᠳᠠᠭ᠃ ᠬᠠᠮᠤᠭ ᠲᠦᠪᠡᠭᠲᠡᠢ  ᠨᠢ ᠢᠩᠭᠡᠨ ᠰᠦ ᠶᠢ ᠬᠠᠳᠠᠭᠠᠯᠠᠬᠤ ᠶᠢᠨ ᠠᠷᠭ᠎ᠠ ᠦᠭᠡᠢ ᠲᠤᠯᠠ ᠡᠳᠦᠷ ᠪᠦᠷᠢ ᠰᠦ ᠬᠦᠷᠭᠡᠳᠡᠭ ᠪᠠᠶᠢᠪᠠ᠃ 10kw ᠶᠢᠨ ᠰᠠᠯᠬᠢ ᠭᠡᠷᠡᠯ ᠬᠠᠷᠢᠯᠴᠠᠨ ᠨᠥᠬᠦᠪᠦᠷᠢᠯᠡᠭᠰᠡᠨ ᠴᠠᠭᠢᠯᠭᠠᠨ ᠬᠡᠷᠡᠭᠯᠡᠭᠰᠡᠨ ᠠᠴᠠ ᠬᠤᠶᠢᠰᠢ ᠪᠢᠳᠡᠨ ᠤ ᠬᠡᠷᠡᠭᠯᠡᠬᠦ ᠴᠠᠭᠢᠯᠭᠠᠨ ᠭᠦᠢᠴᠡᠵᠦ᠂ ᠢᠩᠭᠡᠨ ᠰᠦ ᠶᠢ ᠬᠠᠳᠠᠭᠠᠯᠠᠬᠤ ᠳᠤ ᠴᠤ ᠲᠦᠭᠦᠮ ᠪᠣᠯᠵᠠᠢ᠃ ᠤᠳᠤ ᠬᠤᠶᠠᠷ ᠡᠳᠦᠷ ᠲᠤ ᠨᠢᠭᠡ ᠤᠳᠠᠭ᠎ᠠ ᠢᠩᠭᠡᠨ ᠰᠦ ᠪᠠᠨ ᠲᠤᠰᠢᠶᠠᠵᠤ ᠪᠠᠶᠢᠨ᠎ᠠ᠃ ᠡᠨᠡ ᠨᠢ ᠪᠢᠳᠡᠨ ᠳᠤ ᠮᠠᠰᠢ ᠶᠡᠭᠡ ᠲᠦᠭᠦᠮ ᠦᠵᠡᠭᠦᠯᠵᠡᠢ︾ ᠭᠡᠵᠦ ᠸᠠᠩ ᠬᠤᠸᠠ ᠴᠢᠨ ᠶᠠᠷᠢᠨ᠎ᠠ᠃    ᠮᠠᠯᠵᠢᠬᠤ ᠲᠠᠷᠢᠶᠠᠯᠠᠬᠤ ᠣᠷᠣᠨ ᠤ ᠴᠠᠭᠢᠯᠭᠠᠨ ᠬᠦᠴᠦᠨ ᠤ ᠲᠥᠬᠦᠭᠡᠷᠦᠮᠵᠢ ᠲᠡᠭᠦᠯᠳᠡᠷ ᠪᠤᠰᠤ᠂ ᠴᠠᠭᠢᠯᠭᠠᠨ ᠤ ᠪᠠᠲᠤᠯᠠᠭ᠎ᠠ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠠᠯᠠᠱᠠ ᠪᠠᠷᠠᠭᠤᠨ ᠬᠤᠰᠢᠭᠤ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠲᠥᠷᠥᠯ ᠵᠦᠢᠯ ᠢᠶᠠᠷ ᠳᠠᠮᠵᠢᠭᠤᠯᠤᠨ 310 ᠲᠦᠮᠡᠨ ᠲᠥᠭᠦᠷᠢᠭ ᠤᠨ ᠪᠡᠯᠡ ᠣᠷᠣᠭᠤᠯᠵᠤ᠂ 7 ᠰᠤᠮᠤ ᠪᠠᠯᠭᠠᠰᠤᠨ ᠤ 25 ᠮᠠᠯᠵᠢᠬᠤ ᠲᠠᠷᠢᠶᠠᠯᠠᠬᠤ ᠡᠷᠦᠭᠡ ᠳᠤ 10 ᠺᠢᠯᠣᠸᠠᠲ ᠤᠨ ᠰᠠᠯᠬᠢ ᠭᠡᠷᠡᠯ ᠬᠠᠷᠢᠯᠴᠠᠨ ᠨᠥᠬᠦᠪᠦᠷᠢᠯᠡᠬᠦ ᠴᠠᠭᠢᠯᠭᠠᠨ ᠬᠠᠩᠭᠠᠬᠤ ᠲᠥᠬᠦᠭᠡᠷᠦᠮᠵᠢ ᠤᠭᠰᠠᠷᠠᠭᠰᠠᠨ ᠪᠠᠶᠢᠨ᠎ᠠ᠂ ᠡᠨᠡ ᠨᠢ ᠲᠡᠮᠡᠭᠡᠴᠢᠨ ᠡᠷᠦᠭᠡ ᠶᠢᠨ ᠠᠵᠤ ᠦᠢᠯᠡᠰ ᠤᠨ ᠬᠥᠭᠵᠢᠯᠲᠡ ᠳᠤ ᠳᠡᠮᠵᠢᠯᠭᠡ ᠬᠠᠩᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠲᠥᠭᠦᠮ ᠦᠵᠡᠭᠦᠯᠵᠡᠢ᠃ ᠸᠠᠩ ᠬᠤᠸᠠ ᠴᠢᠨ ᠰᠤᠷᠪᠤᠯᠵᠢᠯᠠᠬᠴᠢ ᠳᠤ ᠨᠢᠭᠡᠨ ᠲᠠᠩᠰᠠ ᠪᠤᠳᠤᠵᠤ ᠥᠭᠪᠡ᠃ ︽ᠨᠢᠳᠤᠨᠤᠨ ᠭᠤᠷᠪᠠᠨ ᠴᠠᠭᠢᠯᠭᠠᠨ ᠭᠠᠷᠭᠠᠬᠤ ᠮᠠᠰᠢᠨ ᠬᠡᠷᠡᠭᠯᠡᠵᠦ ᠪᠠᠶᠢᠪᠠ᠃ ᠨᠢᠭᠡ ᠴᠠᠭᠢᠯᠭᠠᠨ ᠭᠠᠷᠭᠠᠬᠤ ᠮᠠᠰᠢᠨ ᠨᠢ 4500 ᠲᠥᠭᠦᠷᠢᠭ ᠣᠷᠴᠢᠮ᠂ ᠡᠳᠦᠷ ᠪᠦᠷᠢ 40 ᠲᠥᠭᠦᠷᠢᠭ ᠤᠨ ᠲᠣᠰᠣ ᠰᠢᠲᠠᠭᠠᠨ᠎ᠠ᠂ ᠨᠢᠭᠡ ᠰᠠᠷ᠎ᠠ ᠪᠤᠯᠬᠤ ᠳᠤ ᠪᠠᠭ᠎ᠠ ᠳᠠᠭᠠᠨ 1000 ᠭᠠᠷᠤᠢ ᠲᠥᠭᠦᠷᠢᠭ ᠤᠨ ᠲᠣᠰᠣ ᠬᠡᠷᠡᠭᠰᠡᠨ᠎ᠡ᠃ ᠡᠨᠡᠬᠦ 10 ᠺᠢᠯᠣᠸᠠᠲ ᠤᠨ ᠰᠢᠨ᠎ᠡ ᠡᠨᠧᠷᠭᠢ ᠶᠢᠨ ᠴᠠᠭᠢᠯᠭᠠᠨ ᠬᠠᠩᠭᠠᠬᠤ ᠲᠥᠬᠦᠭᠡᠷᠦᠮᠵᠢ ᠶᠢ ᠤᠭᠰᠠᠷᠠᠭᠰᠠᠨ ᠤ ᠳᠠᠷᠠᠭ᠎ᠠ ᠪᠢ ᠳᠠᠭᠢᠵᠤ ᠴᠠᠭᠢᠯᠭᠠᠨ ᠭᠠᠷᠭᠠᠬᠤ ᠮᠠᠰᠢᠨ  ᠢ ᠬᠡᠷᠡᠭᠯᠡᠭᠰᠡᠨ ᠦᠭᠡᠢ᠃ ᠡᠨᠡᠬᠦ ᠰᠢᠨ᠎ᠡ ᠲᠥᠬᠦᠭᠡᠷᠦᠮᠵᠢ   ᠨᠢ ᠳᠥᠭᠦᠮ ᠭᠢᠯᠪᠠᠷ ᠮᠥᠷᠲᠡᠭᠡᠨ ᠪᠢᠳᠡᠨ  ᠳᠤ ᠪᠠᠰᠠ ᠪᠠᠭ᠎ᠠ ᠪᠤᠰᠤ ᠵᠠᠷᠤᠳᠠᠯ  ᠢ ᠠᠷᠪᠢᠯᠠᠭᠰᠠᠨ ᠪᠠᠶᠢᠨ᠎ᠠ︾ ᠭᠡᠵᠡᠢ᠃    ᠡᠭᠦᠨ ᠠᠴᠠ ᠭᠠᠳᠠᠨ᠎ᠠ᠂ ᠡᠨᠡ ᠵᠢᠯ ᠠᠯᠠᠱᠠ ᠪᠠᠷᠠᠭᠤᠨ ᠬᠤᠰᠢᠭᠤ ᠪᠠᠳᠠᠢ ᠶᠢᠨ ᠵᠢᠷᠠᠨ ᠪᠠᠯᠭᠠᠰᠤᠨ ᠤ ᠬᠤᠲᠠ ᠶᠢᠨ ᠶᠠᠪᠤᠳᠠᠯ ᠤᠨ ᠴᠢᠳᠠᠮᠵᠢ ᠶᠢ ᠳᠡᠭᠡᠭᠰᠢᠯᠡᠭᠦᠯᠭᠦ ᠲᠥᠷᠥᠯ ᠵᠦᠢᠯ ᠢ ᠬᠡᠷᠡᠭᠵᠢᠭᠦᠯᠵᠦ᠂ ᠣᠳᠣᠬᠠᠨ ᠳᠤ ᠪᠦᠯᠬᠦᠮᠳᠡᠯ ᠵᠠᠮ᠂ ᠪᠣᠯᠪᠠᠰᠤᠨ ᠵᠠᠮ᠂ ᠪᠠᠳᠠᠷᠠᠯ ᠵᠠᠮ ᠤᠨ ᠬᠤᠲᠠ ᠶᠢᠨ ᠶᠠᠪᠤᠳᠠᠯ ᠤᠨ ᠬᠤᠭᠤᠯᠠᠢ ᠳᠡᠪᠢᠰᠬᠦ᠂ ᠵᠠᠮ ᠤᠨ ᠥᠭᠡᠷᠡᠴᠢᠯᠡᠯᠲᠡ ᠵᠢᠴᠢ ᠬᠤᠶᠠᠷ ᠲᠠᠯ᠎ᠠ ᠶᠢᠨ ᠶᠠᠪᠠᠭᠠᠨ ᠬᠥᠮᠥᠨ ᠤ ᠵᠠᠮ ᠢ ᠳᠡᠪᠢᠰᠬᠦ ᠠᠵᠢᠯ ᠢ ᠳᠠᠭᠤᠰᠬᠠᠨ᠂ 14 ᠣᠶᠤᠨᠴᠢᠯᠠᠭᠰᠠᠨ ᠴᠠᠭᠢᠯᠭᠠᠨ ᠴᠡᠨᠡᠭᠯᠡᠬᠦ ᠪᠠᠭᠠᠨ᠎ᠠ ᠶᠢ ᠤᠭᠰᠠᠷᠠᠵᠤ᠂ ᠪᠠᠳᠠᠢ ᠶᠢᠨ ᠵᠢᠷᠠᠨ ᠪᠠᠯᠭᠠᠰᠤᠨ ᠤ ᠭᠡᠷᠡᠯᠲᠦᠭᠦᠯᠭᠡ ᠦᠭᠡᠢ 10 ᠣᠷᠣᠨ ᠰᠠᠭᠤᠴᠠ ᠶᠢᠨ ᠲᠣᠭᠤᠷᠢᠭ ᠲᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠪᠠᠶᠢᠭᠤᠯᠤᠨ᠂ ᠵᠡᠭᠡᠯᠢ ᠪᠠᠷ ᠨᠡᠶᠢᠲᠡ 276 ᠨᠡᠷᠡᠨ ᠡᠨᠧᠷᠭᠢ ᠶᠢᠨ ᠵᠠᠮ ᠤᠨ ᠳ᠋ᠧᠩ ᠢ ᠤᠭᠰᠠᠷᠠᠭᠰᠠᠨ ᠪᠠᠶᠢᠨ᠎ᠠ᠃ ︽ᠡᠨᠡᠬᠦ ᠲᠥᠷᠥᠯ ᠵᠦᠢᠯ ᠢ ᠬᠡᠷᠡᠭᠵᠢᠭᠦᠯᠦᠭᠰᠡᠨ ᠨᠢ ᠪᠠᠳᠠᠢ ᠶᠢᠨ ᠵᠢᠷᠠᠨ ᠪᠠᠯᠭᠠᠰᠤᠨ ᠤ ᠣᠷᠣᠨ ᠰᠠᠭᠤᠴᠠ ᠶᠢᠨ ᠲᠣᠭᠤᠷᠢᠭ ᠤᠨ ᠭᠡᠷᠡᠯᠲᠦᠭᠦᠯᠭᠡ ᠶᠢ ᠪᠦᠲᠦᠮᠵᠢᠲᠡᠶ ᠰᠠᠶᠢᠵᠢᠷᠠᠭᠤᠯᠵᠤ᠂ ᠪᠠᠯᠭᠠᠰᠤᠨ ᠤ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠪᠡ︾ ᠭᠡᠵᠦ ᠠᠯᠠᠱᠠ ᠪᠠᠷᠠᠭᠤᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠨ ᠰᠢᠦᠢ ᠯᠢ ᠢᠦᠢ ᠲᠠᠨᠢᠯᠴᠠᠭᠤᠯᠪᠠ᠃    ᠣᠳᠣ ᠪᠤᠯᠲᠠᠯ᠎ᠠ᠂ ᠠᠯᠠᠱᠠ ᠪᠠᠷᠠᠭᠤᠨ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ ᠲᠠᠷᠢᠶᠠᠯᠠᠩ ᠮᠠᠯ ᠤᠨ ᠠᠰᠢᠭ ᠰᠢᠮ᠎ᠡ ᠶᠢ ᠰᠢᠨ᠎ᠡ ᠰᠣᠷᠭᠤᠭ ᠪᠠᠶᠢᠯᠭᠠᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠠᠢ ᠯᠦᠩ ᠠᠵᠢᠯ ᠣᠯᠵᠤ ᠦᠢᠯᠡᠰ ᠪᠣᠰᠬᠠᠬᠤ ᠵᠠᠬ᠎ᠠ ᠳᠡᠯᠭᠡᠭᠦᠷ ᠢ ᠥᠭᠡᠷᠡᠴᠢᠯᠡᠨ ᠳᠡᠰ ᠳᠡᠪᠰᠢᠭᠦᠯᠬᠦ᠂ 2023 ᠣᠨ ᠤ ︽ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ︾ ᠡᠯ᠎ᠡ ᠠᠵᠤ ᠦᠢᠯᠡᠰ ᠤᠨ ᠰᠠᠭᠤᠷᠢᠨ ᠭᠠᠵᠠᠷ ᠤᠨ ᠥᠩᠭᠡ ᠦᠵᠡᠮᠵᠢ ᠶᠢ ᠬᠠᠷᠢᠯᠴᠠᠨ ᠨᠥᠬᠦᠪᠦᠷᠢᠯᠡᠬᠦ ᠥᠭᠡᠷᠡᠴᠢᠯᠡᠯᠲᠡ᠂ ᠮᠠᠨᠳᠤᠯ ᠰᠤᠮᠤ ᠶᠢᠨ ᠪᠠᠶᠢᠭ᠎ᠠ ᠭᠠᠵᠠᠷ ᠤᠨ ᠬᠥᠮᠥᠰ ᠤᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ᠂ ᠠᠵᠢᠯ ᠣᠯᠭᠤᠯᠲᠠ ᠶᠢᠨ ᠪᠠᠲᠤᠯᠠᠭ᠎ᠠ ᠶᠢ ᠠᠬᠢᠭᠤᠯᠬᠤ᠂ ᠲᠡᠮᠡᠭᠡᠨ ᠤ ᠠᠵᠤ ᠦᠢᠯᠡᠰ ᠤᠨ ᠢᠵᠢ ᠪᠦᠷᠢᠳᠦᠭᠦᠯᠬᠦ ᠦᠢᠯᠡᠴᠢᠯᠡᠭᠡ᠂ ᠪᠦᠭᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠥᠷᠥᠯ ᠵᠦᠢᠯ ᠵᠡᠷᠭᠡ ᠨᠡᠶᠢᠲᠡ 10 ᠵᠦᠢᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠪᠡᠶᠡᠯᠡᠭᠦᠯᠦᠭᠡᠳ᠂ ᠬᠤᠳᠠ ᠬᠥᠳᠡᠭᠡ ᠶᠢᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号