ᠥᠪᠥᠷ ᠮᠣᠩᠭᠤᠯ ᠪᠣᠯᠣᠨ ᠨᠢᠩᠰᠢᠶᠠ ᠡᠨᠧᠷᠭᠢ ᠶᠢᠨ ᠲᠤᠰᠬᠠᠢ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠬᠢᠷᠠᠯᠴᠠᠪᠠ
ᠨᠡᠶᠢᠲᠡᠯᠡᠭᠰᠡᠨ ᠴᠠᠭ᠄
2023/12/14
   12 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠨᠧᠷᠭᠢ ᠶᠢᠨ ᠲᠤᠰᠬᠠᠢ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠬᠢᠷᠠᠯᠴᠠᠪᠠ᠃ ᠲᠤᠬᠠᠢ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠡᠭᠡᠵᠢᠩ ᠳᠤ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠵᠠᠩ ᠢᠦᠢ ᠫᠦ᠋ ᠲᠠᠢ ᠠᠭᠤᠯᠵᠠᠪᠠ᠃    ᠥᠪᠥᠷ ᠮᠣᠩᠭᠤᠯ ᠪᠣᠯ ᠮᠠᠨ ᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠮᠥᠨ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠡᠨᠧᠷᠭᠢ ᠶᠢ ᠪᠣᠯᠪᠠᠰᠤᠷᠠᠭᠤᠯᠤᠨ ᠣᠨᠳᠣᠣᠰᠢᠭᠤᠯᠬᠤ ᠪᠠ ᠪᠠᠶᠢᠯᠳᠤᠬᠤ ᠪᠣᠳᠣᠯᠭ᠎ᠠ ᠶᠢᠨ ᠨᠥᠭᠡᠴᠡ ᠶᠢᠨ ᠰᠠᠭᠤᠷᠢᠨ ᠮᠥᠨ᠂ ᠤᠷᠳᠤ ᠬᠤᠭᠤᠴᠠᠭᠠᠨ ᠤ ᠲᠤᠷᠰᠢ ᠬᠤᠶᠠᠷ ᠭᠠᠵᠠᠷ ᠤᠨ ᠬᠢᠨ ᠡᠨᠧᠷᠭᠢ ᠶᠢᠨ ᠬᠦᠷᠢᠶᠡᠨ ᠳᠤ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠪᠠᠶᠢᠭᠰᠠᠨ ᠶᠤᠮ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠶᠡᠷᠦᠩᠬᠡᠢ  ᠱᠦᠵᠢ ᠰᠢ ᠶᠢᠨ ᠫᠢᠩ ᠤᠨ ᠡᠨᠧᠷᠭᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷ ᠥᠪᠡᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠥᠪᠡᠷ ᠥᠪᠡᠷ ᠤᠨ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ︽ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤᠷᠠᠯᠴᠠᠭ᠎ᠠ ᠪᠠᠨ ᠴᠢᠩᠭᠠᠳᠬᠠᠬᠤ᠂ ᠪᠣᠬᠢᠷᠳᠤᠯ ᠦᠭᠡᠢ ᠬᠥᠭᠵᠢᠭᠦᠯᠬᠦ︾ ᠵᠠᠷᠴᠢᠮ ᠶᠣᠰᠣᠭᠠᠷ᠂ ᠪᠦᠭᠦ ᠲᠠᠯ᠎ᠠ ᠶᠢᠨ ᠭᠦᠨᠵᠡᠭᠡᠢ ᠬᠠᠮᠲᠤᠷᠠᠯᠴᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ  ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ᠂ ᠤᠰᠤᠲᠥ᠋ᠷᠥᠭᠴᠢ ᠡᠨᠧᠷᠭᠢ ᠬᠠᠳᠠᠭᠠᠯᠠᠬᠤ ᠵᠡᠷᠭᠡ ᠬᠦᠷᠢᠶᠡᠨ ᠤ ᠬᠠᠮᠲᠤᠷᠠᠯᠴᠠᠬᠤ ᠣᠷᠣᠨ ᠵᠠᠢ ᠶᠢ ᠴᠢᠨᠠᠭᠰᠢᠳᠠ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠪᠠᠲᠤᠯᠠᠭ᠎ᠠ ᠶᠢᠨ ᠰᠠᠭᠤᠷᠢᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠪᠠᠷ ᠪᠠᠶᠢᠨ᠎ᠠ᠃    ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠦᠨ ᠱᠤᠤ ᠴᠧᠩ ᠪᠣᠯᠣᠨ ᠯᠢᠶᠠᠩ ᠶᠠᠨ ᠱᠦᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃    ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠧᠢ ᠳ᠋ᠦᠩ ᠱᠧᠩ ᠵᠢᠴᠢ ᠬᠤᠶᠠᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号