ᠡᠵᠡᠨ᠎ᠡ ᠶᠢᠨ 20MW ᠳᠠᠷᠬᠠᠶ ᠭᠡᠯᠪᠡᠷᠢ ᠶᠢᠨ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠲᠦᠷᠦᠯ ᠵᠦᠢᠯ ᠠᠰᠢᠭᠯᠠᠯᠲᠠ ᠳᠤ ᠣᠷᠣᠬᠤ ᠪᠣᠯᠣᠯ᠎ᠠ
ᠨᠡᠶᠢᠲᠡᠯᠡᠭᠰᠡᠨ ᠴᠠᠭ᠄
2023/12/15
    ᠠᠶᠢᠮᠠᠭ ᠤᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠪᠤᠯᠬᠤ ᠡᠵᠡᠨ᠎ᠡ ᠬᠤᠰᠢᠭᠤᠨ ᠤ 20MW ᠳᠠᠷᠬᠠᠶ ᠭᠡᠯᠪᠡᠷᠢ  ᠶᠢᠨ ᠰᠠᠯᠬᠢᠨ ᠬᠦᠴᠦ   ᠪᠠᠷ ᠴᠠᠭᠢᠯᠭᠠᠨ ᠭᠠᠷᠭᠠᠬᠤ ᠲᠦᠷᠦᠯ ᠵᠦᠢᠯ  ᠤᠨ ᠪᠠᠷᠢᠯᠭ᠎ᠠ ᠰᠢᠪᠳᠤᠷᠭᠠᠨ   ᠳᠠᠭᠠᠨ ᠣᠷᠣᠵᠤ᠂ ᠲᠣᠣᠷ  ᠲᠤ ᠨᠡᠶᠢᠯᠡᠭᠦᠯᠬᠦ ᠨᠥᠬᠦᠴᠡᠯ  ᠢ ᠪᠦᠷᠢᠯᠳᠦᠭᠦᠯᠦᠭᠰᠡᠨ ᠪᠠᠶᠢᠨ᠎ᠠ᠃     ᠲᠤᠰ ᠲᠦᠷᠦᠯ ᠵᠦᠢᠯ ᠳᠤ 6.25 MW ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠠ 2 ᠲᠠᠩ ᠮᠠᠰᠢᠨ ᠤ 6.7 MW ᠰᠠᠯᠬᠢᠨ ᠬᠦᠴᠦᠨ ᠤ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠤᠭᠰᠠᠷᠠᠬᠤ ᠶᠢᠨ ᠬᠠᠮᠲᠤ 35kV ᠨᠡᠭᠡᠭᠡᠯᠭᠡ ᠶᠢᠨ ᠥᠷᠲᠡᠭᠡ᠂ 35kV ᠴᠠᠭᠢᠯᠭᠠᠨ ᠴᠤᠭᠯᠠᠭᠤᠯᠬᠤ ᠱᠤᠭᠤᠮ ᠢ ᠢᠵᠢ ᠪᠦᠷᠢᠳᠦᠭᠦᠯᠵᠦ᠂ ᠨᠡᠶᠢᠲᠡ 1.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠨᠡ ᠵᠢᠯ ᠤᠨ 9 ᠰᠠᠷ᠎ᠠ ᠠᠴᠠ ᠪᠦᠲᠦᠭᠡᠨ ᠪᠠᠶᠢᠭᠤᠯᠵᠤ ᠡᠬᠢᠯᠡᠵᠡᠢ᠃ ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠴᠠᠭᠢᠯᠭᠠᠨ ᠲᠣᠣᠷ ᠲᠤ ᠵᠢᠯ ᠪᠦᠷᠢ 5.65 ᠲᠦᠮᠡᠨ MWh ᠪᠣᠬᠢᠷᠳᠤᠯ ᠦᠭᠡᠢ ᠴᠠᠭᠢᠯᠭᠠᠨ ᠬᠠᠩᠭᠠᠵᠤ᠂ ᠵᠢᠯ ᠪᠦᠷᠢ ᠪᠠᠷᠤᠭ 1.8 ᠲᠦᠮᠡᠨ ᠲᠤᠨ ᠪᠠᠷᠢᠮᠵᠢᠶᠠᠲᠤ ᠨᠡᠭᠦᠷᠡᠰᠦ ᠠᠷᠪᠢᠯᠠᠨ᠂ ᠪᠠᠷᠤᠭ 4.46 ᠲᠦᠮᠡᠨ ᠲᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ 324 ᠲᠤᠨ ᠬᠦᠬᠦᠷ ᠤᠨ ᠳᠠᠪᠬᠤᠷ ᠢᠰᠦᠯ ᠪᠠ 487 ᠲᠤᠨ ᠠᠽᠣᠲ ᠤᠨ ᠢᠰᠦᠮᠡᠭ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠣᠯᠣᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号