ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/15
   12 ᠰᠠᠷ᠎ᠠ ᠶᠢᠨ 13 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠣᠭᠰᠣᠴᠠ ᠪᠠᠨ ᠳᠡᠭᠡᠭᠰᠢᠯᠡᠭᠦᠯᠵᠦ᠂ ᠤᠷᠤᠯᠳᠤᠭᠠᠨ ᠢ ᠡᠷᠬᠡᠪᠰᠢ ᠤᠯᠤᠰ ᠤᠨ ᠲᠦᠪᠰᠢᠨ ᠳᠤ ᠬᠦᠷᠭᠡᠨ ᠡᠷᠭᠢᠯᠡᠭᠦ ᠬᠡᠷᠡᠭᠲᠡᠢ᠃ ᠠᠵᠢᠯ ᠤᠨ ᠬᠦᠴᠦᠨ ᠢᠶᠠᠨ ᠪᠣᠳᠠᠲᠠᠶᠢᠵᠢᠭᠤᠯᠵᠤ᠂ ᠡᠯ᠎ᠡ ᠲᠤᠰᠬᠠᠢ ᠠᠵᠢᠯ ᠤᠨ ᠬᠡᠯᠲᠡᠰ ᠤᠨ ᠬᠢᠨ 12 ᠰᠠᠷ᠎ᠠ ᠶᠢᠨ 17 ᠤ ᠡᠳᠦᠷ ᠠᠴᠠ ᠡᠮᠦᠨ᠎ᠡ ᠴᠥᠮ ᠡᠮᠦᠨ᠎ᠡ ᠹᠷᠣᠨᠲ ᠲᠤ ᠬᠦᠷᠴᠦ ᠠᠵᠢᠯᠯᠠᠵᠤ᠂ ᠨᠠᠷᠢᠨ ᠲᠠᠩᠰᠠ ᠶᠢ ᠡᠮᠬᠢᠯᠡᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠥᠰᠥᠯ ᠲᠣᠭᠲᠠᠭᠠᠨ᠂ ᠰᠣᠷᠢᠯᠲᠠ ᠪᠠᠨ ᠴᠢᠩᠭᠠᠳᠬᠠᠵᠤ᠂ ᠬᠥᠯᠥᠨ ᠪᠤᠶᠢᠷ ᠬᠤᠲᠠ ᠶᠢᠨ ᠬᠢᠨ ᠣᠷᠬᠢᠭᠳᠠᠭᠤᠯᠤᠭᠰᠠᠨ ᠢᠶᠠᠨ ᠪᠠᠶᠢᠴᠠᠭᠠᠨ ᠨᠥᠬᠦᠪᠦᠷᠢᠯᠡᠵᠦ᠂ ᠦᠨᠳᠦᠰᠦᠨ ᠵᠦᠢᠯ ᠢ ᠰᠠᠶᠢᠲᠤᠷ ᠪᠠᠲᠤᠯᠠᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂  ᠠᠮᠤᠷ ᠲᠦᠪᠰᠢᠨ ᠤ ᠭᠡᠮ ᠰᠣᠭᠤᠭ ᠢ ᠡᠬᠢᠨ ᠠᠴᠠ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠲᠤᠬᠠᠢ ᠭᠡᠷᠡᠴᠢᠯᠡᠯᠲᠡ ᠰᠣᠨᠣᠰᠬᠤ ᠠᠷᠭ᠎ᠠ ᠪᠣᠯᠣᠨ ᠳᠠᠪᠲᠠᠨ ᠪᠠᠶᠢᠴᠠᠭᠠᠵᠤ ᠳᠠᠭᠢᠨ ᠬᠢᠨᠠᠬᠤ ᠠᠷᠭ᠎ᠠ ᠶᠢ ᠰᠤᠳᠤᠯᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠪᠣᠯᠣᠨ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠳᠠᠪᠲᠠᠨ ᠰᠤᠷᠪᠤᠯᠵᠢᠯᠠᠯ ᠢ ᠵᠠᠰᠠᠬᠤ᠂ ᠲᠣᠭᠲᠠᠭᠤᠨ ᠢ ᠠᠬᠢᠭᠤᠯᠬᠤ︾ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠰᠠᠶᠢᠲᠤᠷ ᠠᠳᠬᠤᠵᠤ᠂ ᠰᠠᠶᠢᠨ ᠲᠤᠷᠰᠢᠯᠭ᠎ᠠ ᠶᠢ ᠳᠡᠯᠭᠡᠷᠡᠭᠦᠯᠬᠦ ᠬᠡᠷᠡᠭᠲᠡᠢ᠃ ᠪᠣᠭᠤᠮᠲᠠ ᠶᠢ ᠡᠮᠦᠨᠡᠰᠢᠯᠡᠭᠦᠯᠵᠦ᠂ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢ ᠪᠠᠷᠢᠮᠲᠠᠯᠠᠵᠤ᠂ ᠤᠳᠤᠷᠢᠳᠬᠤ ᠺᠠᠳ᠋ᠷᠴᠤᠳ ᠦᠨᠳᠦᠰᠦᠨ ᠱᠠᠲᠤᠨ ᠳᠤ ᠢᠯᠡᠭᠦᠬᠡᠨ ᠪᠠᠭᠤᠵᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠲᠦᠷᠦᠭᠦᠯᠡᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠵᠤ᠂ ᠠᠵᠤ ᠠᠬᠤᠶᠢᠯᠠᠯ ᠪᠣᠯᠣᠨ ᠴᠢᠨᠠᠷ ᠰᠠᠶᠢᠲᠠᠢ ᠪᠦᠲᠦᠭᠡᠭᠳᠡᠬᠦᠨ ᠳᠤ ᠲᠦᠰᠢᠭᠯᠡᠨ ᠲᠥᠷᠥᠯ ᠲᠡᠮᠳᠡᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠣᠷᠤᠯᠠᠭᠤᠯᠭ᠎ᠠ ᠶᠢ ᠠᠳᠬᠤᠵᠤ᠂ ᠠᠷᠭ᠎ᠠ ᠵᠠᠮ ᠢ ᠠᠩᠬᠠᠷᠴᠤ᠂ ᠶᠠᠰᠤ ᠴᠢᠨᠠᠷ ᠢ ᠪᠠᠲᠤᠯᠠᠵᠤ᠂ ᠰᠠᠶᠢᠨ ᠪᠦᠲᠦᠭᠡᠭᠳᠡᠬᠦᠨ ᠢ ᠰᠠᠶᠢᠨ ᠦᠨ᠎ᠡ ᠪᠠᠷ ᠬᠤᠳᠠᠯᠳᠤᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠢᠷᠡᠬᠦ ᠵᠢᠯ ᠪᠠ ᠬᠤᠶᠢᠲᠤ ᠵᠢᠯ ᠤᠨ ᠲᠥᠷᠥᠯ ᠵᠦᠢᠯ ᠤᠨ ᠨᠠᠷᠢᠨ ᠲᠠᠩᠰᠠ ᠶᠢ ᠳᠤᠷᠠᠳᠴᠤ᠂ ᠤᠯᠤᠰ ᠤᠨ ᠳᠡᠮᠵᠢᠯᠭᠡ ᠶᠢ ᠪᠦᠭᠦ ᠬᠦᠴᠦᠨ ᠢᠶᠠᠷ ᠢᠶᠠᠨ ᠭᠤᠶᠤᠴᠢᠯᠠᠨ ᠣᠯᠵᠤ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠬᠦ ᠴᠢᠬᠤᠯᠠᠲᠠᠢ ᠶᠢ ᠢᠵᠢ ᠪᠦᠷᠢᠳᠦᠭᠦᠯᠦᠨ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠨᠡᠷᠡᠰ ᠢ ᠰᠤᠳᠤᠯᠤᠨ ᠲᠣᠭᠲᠠᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠮᠡᠳᠡᠭᠦᠯᠬᠦ ᠶᠢ ᠴᠢᠬᠤᠯᠠᠴᠢᠯᠠᠭᠠᠳ ᠬᠠᠮᠢᠶᠠᠷᠬᠤ ᠶᠢ ᠬᠥᠩᠭᠡᠪᠴᠢᠯᠡᠬᠦ᠂ ᠬᠠᠮᠠᠭᠠᠯᠠᠬᠤ ᠶᠢ ᠴᠢᠬᠤᠯᠠᠴᠢᠯᠠᠭᠠᠳ ᠳᠡᠯᠭᠡᠨ ᠦᠵᠡᠭᠦᠯᠭᠦ ᠶᠢ ᠬᠥᠩᠭᠡᠪᠴᠢᠯᠡᠬᠦ᠂ ᠬᠢᠨᠠᠨ ᠵᠥᠪᠰᠢᠶᠡᠷᠡᠬᠦ ᠶᠢ ᠴᠢᠬᠤᠯᠠᠴᠢᠯᠠᠭᠠᠳ ᠵᠢᠯᠤᠭᠤᠳᠬᠤ ᠶᠢ ᠬᠥᠩᠭᠡᠪᠴᠢᠯᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠮᠠᠷᠠᠲᠤ ᠬᠢᠯᠢ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠤᠨ ᠥᠪ ᠢ ᠠᠮᠢᠳᠤᠯᠢᠭᠵᠢᠭᠤᠯᠵᠤ᠂ ᠬᠠᠯᠠᠮᠰᠢᠯ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ᠬᠤᠷᠠᠯ ᠠᠴᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠬᠤ ᠠᠷᠭ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠬᠡᠷᠡᠭᠵᠢᠭᠦᠯᠬᠦ ᠲᠥᠰᠥᠯ ᠢ ᠲᠦᠷᠭᠡᠳᠬᠡᠨ ᠠᠬᠢᠭᠤᠯᠬᠤ ᠶᠢ ᠰᠤᠳᠤᠯᠤᠨ ᠪᠠᠲᠤᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号