ᠠᠯᠠᠱᠠ ᠵᠡᠭᠦᠨ ᠬᠤᠰᠢᠭᠤ ᠤᠯᠠᠨ ᠨᠡᠶᠢᠳᠡ ᠶᠢᠨ ᠰᠣᠶᠣᠯ ᠤᠨ ᠰᠢᠨ᠎ᠡ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/12/18
    ᠠᠯᠠᠱᠠ ᠵᠡᠭᠦᠨ ᠬᠤᠰᠢᠭᠤ ᠤᠯᠠᠨ ᠨᠡᠶᠢᠳᠡ ᠶᠢᠨ ᠰᠣᠶᠣᠯ ᠤᠷᠠᠯᠢᠭ ᠤᠨ ᠣᠷᠳᠣᠨ ᠤ ᠦᠢᠯᠡᠳᠦᠯ ᠢ ᠪᠠᠳᠠᠷᠠᠭᠤᠯᠤᠨ᠂ ᠠᠷᠠᠳ ᠲᠦᠮᠡᠨ ᠳᠤ ᠴᠢᠯᠦᠭᠡᠲᠡᠢ ᠨᠡᠭᠡᠭᠡᠯᠲᠡ ᠬᠢᠬᠦ᠂ ᠦᠨᠳᠦᠰᠦᠨ ᠱᠠᠲᠤᠨ ᠤ ᠰᠤᠮᠤ ᠪᠠᠯᠭᠠᠰᠤ᠂ ᠭᠠᠴᠠᠭ᠎ᠠ ᠲᠤᠰᠬᠤᠨ ᠤ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠨᠥᠬᠦᠴᠡᠯ ᠲᠥᠬᠦᠭᠡᠷᠦᠮᠵᠢ ᠶᠢ ᠰᠠᠶᠢᠵᠢᠷᠠᠭᠤᠯᠬᠤ᠂ ᠰᠣᠶᠣᠯ ᠤᠨ ᠰᠠᠯᠠᠭ᠎ᠠ ᠮᠥᠴᠢᠷ ᠬᠢᠭᠡᠳ ᠰᠤᠷᠭᠠᠭᠤᠯᠢ᠂ ᠨᠡᠶᠢᠭᠡᠮ ᠲᠣᠭᠤᠷᠢᠭ ᠤᠨ ᠬᠤᠭᠤᠷᠤᠨᠳᠤᠭᠢ ᠰᠣᠶᠣᠯ ᠤᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠨ ᠭᠦᠷᠳᠡᠭᠦ ᠪᠠ ᠰᠣᠶᠣᠯ ᠤᠷᠠᠯᠢᠭ ᠤᠨ ᠪᠣᠯᠪᠠᠰᠤᠷᠠᠯ ᠡᠷᠭᠢᠯᠡᠭᠦ ᠵᠡᠷᠭᠡ ᠠᠵᠢᠯ ᠢ ᠴᠢᠩᠭᠠᠳᠬᠠᠵᠤ᠂ ᠪᠦᠭᠦ ᠬᠤᠰᠢᠭᠤᠨ ᠤ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠤᠯᠠᠨ ᠨᠡᠶᠢᠳᠡ ᠶᠢᠨ ᠰᠣᠶᠣᠯ ᠤᠷᠠᠯᠢᠭ ᠤᠨ ᠰᠢᠨ᠎ᠡ ᠬᠥᠭᠵᠢᠯᠲᠡ ᠶᠢ ᠪᠤᠢ ᠪᠤᠯᠭᠠᠵᠤ ᠪᠠᠶᠢᠨ᠎ᠠ᠃     ᠡᠨᠡ ᠵᠢᠯ᠂ ᠠᠯᠠᠱᠠ ᠵᠡᠭᠦᠨ ᠬᠤᠰᠢᠭᠤ ᠠᠴᠠ ᠰᠣᠶᠣᠯ ᠤᠨ ᠣᠷᠳᠣᠨ᠂ ᠨᠣᠮ ᠤᠨ ᠰᠠᠩ᠂ ᠤᠯᠠᠭᠠᠨᠮᠥ᠋ᠴᠢᠷ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠲᠥᠪ ᠤᠨ ᠰᠣᠶᠣᠯ ᠤᠷᠠᠯᠢᠭ ᠤᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠳᠡ ᠶᠢᠨ ᠲᠠᠯᠠᠪᠤᠷ ᠤᠨ ᠰᠠᠭᠤᠷᠢ ᠲᠥᠬᠦᠭᠡᠷᠦᠮᠵᠢ ᠪᠠᠨ ᠰᠠᠶᠢᠵᠢᠷᠠᠭᠤᠯᠵᠤ᠂ ᠦᠢᠯᠡᠴᠢᠯᠡᠭᠡᠨ ᠤ ᠲᠦᠷᠦᠯ ᠵᠦᠢᠯ ᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠴᠢᠬᠤᠯᠠᠴᠢᠯᠠᠵᠤ᠂ ᠤᠳᠤ ᠪᠤᠯᠳᠠᠯ᠎ᠠ᠂ ᠡᠯ᠎ᠡ ᠲᠦᠷᠦᠯ ᠤᠨ ᠤᠷᠠᠯᠢᠭ ᠤᠨ ᠲᠤᠬᠯᠠᠯᠳᠠ 187 ᠲᠠᠯᠠᠪᠠᠢ ᠲᠣᠭᠯᠠᠵᠤ᠂ ᠰᠣᠶᠣᠯ ᠤᠷᠠᠯᠢᠭ ᠢ ᠬᠠᠪᠰᠤᠷᠤᠨ ᠵᠢᠯᠤᠭᠤᠳᠬᠤ ᠦᠢᠯᠡᠴᠢᠯᠡᠭᠡ ᠶᠢ 240 ᠤᠳᠠᠭ᠎ᠠ ᠬᠢᠵᠦ᠂ 8.2 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠵᠡᠢ᠃ 12 ᠰᠠᠷ᠎ᠠ ᠶᠢᠨ ᠡᠬᠢ ᠪᠤᠯᠳᠠᠯ᠎ᠠ ᠳᠤᠰ ᠬᠤᠰᠢᠭᠤᠨ ᠤ ᠨᠣᠮ ᠤᠨ ᠰᠠᠩ ᠤᠨ ᠭᠥᠯᠢᠶᠡᠨ ᠠᠪᠤᠭᠰᠠᠨ ᠤᠩᠰᠢᠬᠴᠢ ᠶᠢᠨ ᠲᠤᠭ᠎ᠠ 1.7 ᠲᠦᠮᠡᠨ ᠬᠥᠮᠥᠨ ᠳᠤ ᠬᠦᠷᠴᠦ᠂ 2.5 ᠲᠦᠮᠡᠨ ᠳᠡᠪᠲᠡᠷ ᠨᠣᠮ ᠵᠢᠭᠡᠯᠡᠨ᠂ ᠡᠯ᠎ᠡ ᠵᠦᠢᠯ ᠤᠨ ᠨᠣᠮ ᠤᠩᠰᠢᠬᠤ ᠬᠥᠳᠡᠯᠭᠡᠭᠡᠨ ᠢ 80 ᠭᠠᠷᠤᠢ ᠲᠠᠯᠠᠪᠠᠢ ᠵᠣᠬᠢᠶᠠᠨ ᠪᠠᠶᠢᠭᠤᠯᠵᠤ᠂ ᠣᠷᠣᠯᠴᠠᠭᠴᠢ ᠶᠢᠨ ᠲᠤᠭ᠎ᠠ 1.4 ᠲᠦᠮᠡᠨ ᠬᠥᠮᠥᠨ ᠤᠳᠠᠭ᠎ᠠ ᠳᠤ ᠬᠦᠷᠴᠡᠢ᠃ ᠰᠣᠶᠣᠯ ᠤᠨ ᠣᠷᠳᠣᠨ ᠬᠢᠭᠡᠳ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠲᠥᠪ ᠤᠨ ᠬᠢᠨ ᠦᠨᠳᠦᠰᠦᠲᠡᠨ ᠪ᠊ ᠬᠤᠪᠴᠠᠰᠤ ᠵᠠᠰᠠᠯ ᠣᠶᠣᠬᠤ᠂ ᠬᠤᠱᠣᠳ ᠡᠮᠡᠭᠲᠡᠢ ᠶᠢᠨ ᠲᠣᠯᠣᠭᠠᠢ ᠶᠢᠨ ᠵᠠᠰᠠᠯ ᠭᠦᠷᠦᠭᠦ ᠵᠡᠷᠭᠡ ᠪᠣᠯᠪᠠᠰᠤᠷᠠᠯ ᠤᠨ ᠠᠩᠭᠢ ᠶᠢ 9 ᠬᠤᠭᠤᠴᠠᠭ᠎ᠠ ᠡᠷᠭᠢᠯᠡᠨ᠂ 4 ᠤᠳᠠᠭᠠᠨ ᠤ ᠤᠷᠤᠯᠳᠤᠭᠠᠨ ᠡᠷᠭᠢᠯᠡᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶ᠎ᠠ ᠲᠠᠢ ᠰᠣᠶᠣᠯ ᠤᠬᠠᠭᠤᠯᠭ᠎ᠠ ᠶᠢ 9 ᠤᠳᠠᠭ᠎ᠠ ᠵᠣᠬᠢᠶᠠᠨ ᠪᠠᠶᠢᠭᠤᠯᠵᠤ᠂ ᠨᠡᠶᠢᠭᠡᠮ ᠨᠡᠶᠢᠳᠡ ᠳᠤ ᠣᠷᠣᠨ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠤᠨ ᠲᠠᠨᠢᠭᠤᠯᠵᠤ᠂ ᠤᠯᠠᠨ ᠨᠡᠶᠢᠳᠡ ᠪᠠᠷ ᠢᠶᠠᠨ ᠰᠤᠷᠤᠯᠴᠠᠨ ᠤᠯᠠᠮᠵᠢᠯᠠᠬᠤ ᠳᠤ ᠰᠠᠭᠤᠷᠢ ᠲᠠᠯᠪᠢᠭᠰᠠᠨ ᠪᠠᠶᠢᠨ᠎ᠠ᠃     ᠦᠨᠳᠦᠰᠦᠨ ᠱᠠᠲᠤᠨ ᠤ ᠤᠯᠠᠨ ᠨᠡᠶᠢᠳᠡ ᠤᠨ ᠰᠣᠶᠣᠯ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ ᠬᠤᠰᠢᠭᠤᠨ ᠤ ᠰᠣᠶᠣᠯ ᠤᠨ ᠣᠷᠳᠣᠨ᠂ ᠨᠣᠮ ᠤᠨ ᠰᠠᠩ ᠵᠡᠷᠭᠡ ᠪᠠᠶᠢᠭᠤᠯᠭ᠎ᠠ ᠠᠴᠠ ᠦᠨᠳᠦᠰᠦᠨ ᠱᠠᠲᠤᠨ ᠳᠤ ᠦᠢᠯᠡᠴᠢᠯᠡᠬᠦ ᠠᠵᠢᠯ ᠤᠨ ᠬᠦᠷᠢᠶ᠎ᠡ ᠬᠡᠪᠴᠢᠶ᠎ᠡ ᠪᠠᠨ ᠥᠷᠭᠡᠳᠬᠡᠨ ᠲᠡᠯᠡᠵᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠰᠣᠶᠣᠯ ᠤᠨ ᠦᠢᠯᠡᠴᠢᠯᠡᠭᠡᠨ ᠤ ᠣᠷᠳᠣᠨ ᠵᠢᠴᠢ ᠲᠤᠨᠤᠭ ᠲᠥᠬᠦᠭᠡᠷᠦᠮᠵᠢ᠂ ᠲᠤᠬᠯᠠᠯᠳᠠ᠂ ᠳᠡᠯᠭᠡᠨ ᠦᠵᠡᠭᠦᠯᠭᠡ᠂ ᠨᠣᠮ ᠤᠩᠰᠢᠯᠭ᠎ᠠ ᠵᠡᠷᠭᠡ ᠠᠵᠢᠯ ᠤᠨ ᠲᠠᠯ᠎ᠠ ᠪᠠᠷ ᠬᠤᠯᠪᠤᠭᠠᠯᠠᠨ᠂ 12 ᠰᠠᠷ᠎ᠠ ᠪᠤᠯᠬᠤ ᠳᠤ ᠪᠦᠭᠦ ᠬᠤᠰᠢᠭᠤᠨ ᠤ 11 ᠰᠤᠮᠤ ᠪᠠᠯᠭᠠᠰᠤ᠂ 58 ᠭᠠᠴᠠᠭ᠎ᠠ ᠳᠤ ︽ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠤᠷᠤᠭᠤᠯᠬᠤ︾ ᠶᠢ ᠪᠡᠶᠡᠯᠡᠭᠦᠯᠵᠦ᠂ ᠨᠣᠮ ᠤᠨ ᠰᠠᠩ᠂ ᠰᠣᠶᠣᠯ ᠤᠨ ᠬᠤᠪᠢᠶᠠᠷᠢ ᠣᠷᠳᠣᠨ ᠢ 35 ᠪᠠᠶᠢᠭᠤᠯᠤᠨ᠂ ᠲᠠᠯ᠎ᠠ ᠨᠤᠲᠤᠭ ᠤᠨ ᠨᠣᠮ ᠤᠨ ᠦᠷᠦᠭᠡ ᠶᠢ 114 ᠪᠠᠶᠢᠭᠤᠯᠵᠤ᠂ ᠪᠠᠶᠢᠭᠤᠯᠤᠭᠰᠠᠨ ᠨᠤᠷᠮ᠎ᠠ ᠨᠢ 100% ᠳᠤ ᠬᠦᠷᠴᠡᠢ᠂ 8 ᠰᠤᠮᠤ ᠪᠠᠯᠭᠠᠰᠤᠨ ᠳᠤ ᠨᠣᠮ ᠵᠢᠭᠡᠯᠡᠵᠦ ᠪᠤᠴᠠᠭᠠᠬᠤ ᠮᠠᠰᠢᠨ ᠤᠭᠰᠠᠷᠠᠭᠠᠳ᠂ ᠨᠡᠶᠢᠳᠡ 1414 ᠳᠡᠪᠲᠡᠷ ᠨᠣᠮ ᠬᠠᠩᠭᠠᠵᠤ᠂ ᠤᠳᠤ ᠪᠤᠯᠬᠤ ᠳᠤ ᠤᠩᠰᠢᠬᠴᠢ ᠠᠴᠠ 6993 ᠳᠡᠪᠲᠡᠷ ᠨᠣᠮ ᠵᠢᠭᠡᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠬᠤᠰᠢᠭᠤᠨ ᠤ ᠰᠣᠶᠣᠯ ᠤᠨ ᠣᠷᠳᠣᠨ ᠠᠴᠠ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠵᠡᠷᠭᠡ ᠲᠠᠢ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠰᠠᠭᠤᠷᠢᠨ ᠭᠠᠵᠠᠷ ᠪᠠᠶᠢᠭᠤᠯᠵᠤ᠂ ᠵᠠᠩᠭᠠᠷ᠂ ᠲᠣᠪᠰᠢᠭᠤᠷ᠂ ᠱᠠᠯᠪᠤᠷ ᠵᠡᠷᠭᠡ ᠶᠢ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ ᠶᠢᠨ ᠬᠢᠴᠢᠶᠡᠯ ᠤᠨ ᠭᠠᠳᠠᠨᠠᠬᠢ ᠳᠤᠷ᠎ᠠ ᠰᠣᠨᠢᠷᠬᠠᠯ ᠤᠨ ᠬᠢᠴᠢᠶᠡᠯ ᠪᠣᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠪᠣᠯᠪᠠᠰᠤᠷᠠᠯ ᠪᠠ ᠤᠷᠤᠯᠳᠤᠭᠠᠨ ᠡᠷᠭᠢᠯᠡᠭᠦ ᠪᠠᠷ ᠳᠠᠮᠵᠢᠭᠤᠯᠵᠤ ᠬᠤᠶᠢᠴᠢ ᠦᠶ᠎ᠡ ᠶᠢ ᠬᠥᠮᠥᠵᠢᠭᠦᠯᠬᠦ ᠪᠠᠨ ᠲᠦᠯᠬᠢᠨ ᠠᠬᠢᠭᠤᠯᠵᠤ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号