ᠲᠦᠷᠦ ᠶᠢᠨ ᠶᠠᠪᠤᠳᠠᠯ ᠤᠨ ᠬᠤᠷᠢᠶ᠎ᠠ ︽ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠲᠠᠢ ᠪᠦᠬᠦ ᠲᠠᠯ᠎ᠠ ᠪᠠᠷ ᠵᠣᠯᠭᠠᠭᠤᠯᠵᠤ ᠳᠤᠮᠳᠠᠳᠤ ᠤᠯᠤᠰ ︵ᠱᠠᠩᠬᠠᠢ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠨᠳᠥᠷ ᠲᠦᠪᠰᠢᠨ ᠪᠦ᠋ᠬᠦᠢ ᠲᠦᠷᠢᠮ ᠤᠨ ᠬᠡᠯᠪᠡᠷᠢ ᠶᠢᠨ ᠨᠡᠭᠡᠭᠡᠯᠳᠠ ᠶᠢ ᠠᠬᠢᠭᠤᠯᠬᠤ ᠶᠡᠷᠦᠩᠬᠡᠢ ᠲᠥᠰᠦᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/12/18
   ᠲᠦᠷᠦ ᠶᠢᠨ ᠶᠠᠪᠤᠳᠠᠯ ᠤᠨ ᠬᠤᠷᠢᠶ᠎ᠠ ᠤᠢᠢᠷ᠎ᠠ ᠳᠤ ︽ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠲᠠᠢ ᠪᠦᠬᠦ ᠲᠠᠯ᠎ᠠ ᠪᠠᠷ ᠵᠣᠯᠭᠠᠭᠤᠯᠵᠤ ᠳᠤᠮᠳᠠᠳᠤ ᠤᠯᠤᠰ ︵ᠱᠠᠩᠬᠠᠢ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠨᠳᠥᠷ ᠲᠦᠪᠰᠢᠨ ᠪᠦ᠋ᠬᠦᠢ ᠲᠦᠷᠢᠮ ᠤᠨ ᠬᠡᠯᠪᠡᠷᠢ ᠶᠢᠨ ᠨᠡᠭᠡᠭᠡᠯᠳᠠ ᠶᠢ ᠠᠬᠢᠭᠤᠯᠬᠤ ᠶᠡᠷᠦᠩᠬᠡᠢ ᠲᠥᠰᠦᠯ︾ ︵ᠳᠣᠷᠣᠭᠰᠢ ︽ᠶᠡᠷᠦᠩᠬᠡᠢ ᠲᠥᠰᠦᠯ︾ ᠭᠡᠵᠦ ᠳᠤᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠶᠡᠷᠦᠩᠬᠡᠶ ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠭᠡᠵᠦ᠂ ᠱᠠᠩᠬᠠᠶ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠥᠯᠥᠪᠵᠢᠭᠦᠯᠭᠡ ᠶᠢᠨ ᠬᠡᠪᠴᠢᠶᠡᠨ ᠳᠤ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ ᠤ ᠲᠦᠷᠢᠮ ᠲᠠᠢ ᠵᠣᠯᠭᠠᠯᠳᠤᠭᠰᠠᠨ ᠲᠦᠷᠢᠮ ᠤᠨ ᠰᠢᠰᠲ᠋ᠧᠮ ᠪᠠ ᠬᠢᠨᠠᠨ ᠬᠠᠮᠢᠶᠠᠷᠬᠤ ᠵᠠᠭᠪᠤᠷ ᠢ ᠤᠷᠢᠳ ᠢᠶᠠᠷ ᠪᠠᠶᠢᠭᠤᠯᠵᠤ᠂ ᠤᠯᠤᠰ ᠤᠨ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠭᠡᠬᠦ ᠳᠤ ᠰᠢᠨ᠎ᠡ ᠠᠷᠭ᠎ᠠ ᠵᠠᠮ ᠢ ᠰᠦᠪᠡᠭᠴᠢᠯᠡᠨ᠂ ᠰᠢᠨ᠎ᠡ ᠲᠤᠷᠰᠢᠯᠭ᠎ᠠ ᠬᠤᠷᠠᠮᠳᠤᠭᠤᠯᠤᠨ᠎ᠠ᠃    ︽ᠶᠡᠷᠦᠩᠬᠡᠶ ᠲᠥᠰᠦᠯ︾ ᠨᠢ 7 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 80 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠦᠢᠯᠡᠴᠢᠯᠡᠭᠡᠨ ᠤ ᠠᠷᠠᠯᠵᠢᠶ᠎ᠠ ᠶᠢᠨ ᠨᠡᠭᠡᠭᠡᠯᠲᠡ ᠶᠢ ᠥᠷᠭᠡᠳᠭᠡᠬᠦ ᠶᠢ ᠲᠦᠷᠭᠡᠳᠭᠡᠨ᠎ᠡ᠃ ᠮᠥᠩᠭᠦᠨ ᠭᠦᠢᠯᠭᠡᠭᠡ᠂ ᠴᠠᠬᠢᠯᠭᠠᠨ ᠬᠤᠯᠪᠣᠭ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠶᠢ ᠠᠬᠢᠭᠤᠯᠵᠤ᠂ ᠬᠢᠯᠢ ᠠᠯᠤᠰᠯᠠᠭᠰᠠᠨ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠶᠢᠨ ᠳᠥᠭᠦᠮᠴᠢᠯᠡᠯᠲᠡ ᠶᠢ ᠳᠡᠭᠡᠭᠰᠢᠯᠡᠭᠦᠯᠦᠨ᠂ ᠤᠯᠤᠰ ᠠᠯᠤᠰᠯᠠᠭᠰᠠᠨ ᠺᠣᠮᠫᠠᠨᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠥᠪ ᠪᠠᠶᠢᠭᠤᠯᠬᠤ ᠶᠢ ᠳᠡᠮᠵᠢᠵᠦ᠂ ᠴᠠᠬᠢᠯᠭᠠᠨ ᠬᠤᠯᠪᠣᠭᠠᠨ ᠤ ᠠᠵᠢᠯ ᠲᠦᠷᠦᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠭᠡᠨ ᠤ ᠦᠢᠯᠡᠰ ᠤᠨ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠬᠥᠲᠥᠯᠦᠨ ᠳᠠᠭᠠᠭᠤᠯᠤᠨ᠎ᠠ᠃ ᠬᠤᠶᠠᠷ ᠲᠤ᠂ ᠪᠠᠷᠠᠭᠠᠨ ᠤ ᠠᠷᠠᠯᠵᠢᠶᠠᠨ ᠤ ᠴᠢᠯᠥᠭᠡᠵᠢᠯᠲᠡ ᠪᠠ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠢᠯᠢ ᠪᠠᠷ ᠤᠷᠤᠬᠤ ᠰᠡᠯᠪᠢᠨ ᠵᠠᠰᠠᠬᠤ ᠪᠠᠷᠠᠭ᠎ᠠ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠦᠢᠯᠡᠳᠬᠦᠨ᠂ ᠡᠮᠴᠢᠯᠡᠭᠡᠨ ᠤ ᠪᠠᠭᠠᠵᠢ ᠬᠡᠷᠡᠭᠰᠡᠯ᠂ ᠦᠵᠦᠮ ᠤᠨ ᠠᠷᠢᠬᠢ ᠵᠡᠷᠭᠡ ᠣᠨᠴᠠ ᠲᠣᠭᠲᠠᠭᠰᠠᠨ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠬᠠᠮᠢᠶᠠᠷᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠯᠢ ᠶᠢᠨ ᠳᠣᠲᠣᠷᠠᠬᠢ ᠬᠢᠵᠢᠭ ᠪᠠᠶᠢᠴᠠᠭᠠᠬᠤ ᠳᠡᠰ ᠳᠠᠷᠠᠭᠠᠯᠠᠯ ᠢ ᠳᠥᠭᠦᠮᠴᠢᠯᠡᠬᠦ᠂ ᠤᠷᠢᠳᠴᠢᠯᠠᠨ ᠲᠣᠭᠲᠠᠭᠠᠯᠲᠠ ᠭᠤᠶᠤᠴᠢᠯᠠᠬᠤ ᠭᠤᠤᠯ ᠴᠣᠭᠴᠠ ᠶᠢ ᠥᠷᠭᠡᠳᠭᠡᠬᠦ ᠵᠡᠷᠭᠡ ᠳᠥᠭᠦᠮᠴᠢᠯᠡᠬᠦ ᠠᠷᠭ᠎ᠠ ᠬᠡᠮᠵᠢᠶ᠎ᠡ ᠶᠢ ᠲᠤᠷᠰᠢᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠂ ᠳᠥᠭᠦᠮ ᠳᠥᠲᠡ᠂ ᠥᠨᠳᠥᠷ ᠪᠦᠲᠦᠮᠵᠢᠲᠡᠢ ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠪᠠᠶᠢᠭᠤᠯᠤᠨ᠎ᠠ᠃ ᠭᠤᠷᠪᠠ ᠳᠤ᠂ ᠥᠨᠳᠥᠷ ᠪᠠᠷᠢᠮᠵᠢᠶᠠᠲᠤ ᠲᠣᠭᠠᠴᠢᠯᠠᠭᠰᠠᠨ ᠠᠷᠠᠯᠵᠢᠶᠠᠨ ᠤ ᠲᠦᠷᠢᠮ ᠢ ᠲᠦᠷᠦᠭᠦᠯᠡᠨ ᠬᠡᠷᠡᠭᠵᠢᠭᠦᠯᠦᠨ᠎ᠡ᠃ ᠱᠠᠩᠬᠠᠢ ᠶᠢᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠬᠤᠯᠠ ᠲᠤᠭ᠎ᠠ ᠪᠠᠷᠢᠮᠲᠠ ᠶᠢᠨ ᠭᠠᠷᠴᠠᠭ ᠢ ᠤᠷᠢᠳ ᠢᠶᠠᠷ ᠲᠣᠭᠲᠠᠭᠠᠬᠤ ᠶᠢ ᠳᠡᠮᠵᠢᠵᠦ᠂ ᠬᠠᠤᠯᠢ ᠶᠣᠰᠣᠨ ᠤ ᠠᠮᠤᠷ ᠲᠦᠪᠰᠢᠨ ᠳᠥᠭᠦᠮ ᠳᠥᠲᠡ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠢᠶᠠᠷ ᠡᠨᠤᠷᠬᠢ ᠣᠯᠭᠤᠬᠤ ᠶᠢ ᠲᠦᠷᠭᠡᠳᠭᠡᠨ᠂ ᠡᠯᠧᠺᠲᠷᠣᠨ ᠫᠢᠶᠣᠣ ᠪᠠᠷᠢᠮᠲᠠ ᠶᠢᠨ ᠬᠡᠷᠡᠭᠯᠡᠯᠲᠡ ᠶᠢ ᠠᠬᠢᠭᠤᠯᠵᠤ᠂ ᠲᠤᠭ᠎ᠠ ᠪᠠᠷᠢᠮᠲᠠ ᠶᠢ ᠨᠡᠭᠡᠭᠡᠯᠲᠡ ᠬᠢᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠂ ᠲᠣᠭᠠᠴᠢᠯᠠᠭᠰᠠᠨ ᠠᠷᠠᠯᠵᠢᠶᠠᠨ ᠤ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ ᠳᠥᠷᠪᠡ ᠳᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠠᠸᠠᠷ ᠤᠨ ᠲᠡᠮᠳᠡᠭ᠂ ᠲᠤᠰᠬᠠᠶ ᠠᠰᠢᠭ᠂ ᠭᠠᠵᠠᠷ ᠵᠦᠶ ᠶᠢᠨ ᠢᠯᠡᠷᠬᠡᠶᠢᠯᠡᠯ ᠵᠡᠷᠭᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠨᠠᠭᠰᠢᠳᠠ ᠴᠢᠩᠭᠠᠳᠬᠠᠨ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠪᠤ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠤᠨ᠎ᠠ᠃ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠲᠠᠢ ᠵᠣᠯᠭᠠᠭᠤᠯᠵᠤ᠂ ᠬᠤᠳᠠᠯᠳᠤᠨ ᠠᠪᠬᠤ ᠳᠡᠰ ᠳᠠᠷᠠᠭᠠᠯᠠᠯ ᠢ ᠴᠢᠨᠠᠭᠰᠢᠳᠠ ᠰᠢᠯᠢᠳᠡᠭᠵᠢᠭᠦᠯᠦᠨ᠂ ᠬᠤᠳᠠᠯᠳᠤᠨ ᠠᠪᠬᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠤᠳᠠᠯᠳᠤᠨ ᠠᠪᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠵᠢᠷᠤᠮᠵᠢᠭᠰᠠᠨ ᠢᠯᠡ ᠲᠣᠳᠣ᠂ ᠰᠢᠨᠵᠢᠯᠡᠬᠦ ᠤᠬᠠᠭᠠᠨᠴᠢ ᠨᠢᠭᠲᠠ ᠴᠢᠩᠭ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠢᠷᠭᠤᠭ᠎ᠠ ᠳᠤ᠂ ᠬᠠᠮᠢᠶ᠎ᠠ ᠪᠥᠬᠦᠶ ︽ᠬᠢᠯᠢ ᠪᠠᠷ ᠤᠷᠤᠭᠰᠠᠨ ᠤ ᠳᠠᠷᠠᠭᠠᠬᠢ︾ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠨ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠦᠷᠢᠶᠡᠨ ᠳᠠᠬᠢ ᠣᠯᠠᠨ ᠤᠯᠤᠰ ᠤᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠣᠷᠴᠢᠨ ᠲᠣᠭᠤᠷᠢᠨ ᠤ ᠪᠦᠳᠦᠭᠡᠭᠳᠡᠬᠦᠨ ᠪᠠ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠂ ᠲᠥᠪ ᠭᠤᠤᠯᠴᠢ᠂ ᠢᠯᠡ ᠲᠣᠳᠣ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠨᠦᠬᠦᠴᠡᠯ ᠢ ᠪᠣᠶ ᠪᠣᠯᠭᠠᠨ᠎ᠠ᠃ ᠳᠣᠯᠤᠭ᠎ᠠ ᠳᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠰᠢᠨ᠎ᠡ ᠶᠢ ᠡᠭᠦᠳᠴᠦ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠬᠡ ᠲᠡᠭᠰᠢ ᠲᠥᠪ ᠭᠤᠣᠯᠴᠢ᠂ ᠢᠯᠡ ᠲᠣᠳᠣ᠂ ᠳᠥᠭᠦᠮ ᠳᠥᠲᠡ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃    ︽ᠶᠡᠷᠦᠩᠬᠡᠶ ᠲᠥᠰᠦᠯ︾ ᠳᠤ᠂ ᠱᠠᠩᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠷᠢᠮ ᠤᠨ ᠰᠢᠨ᠎ᠡ ᠶᠢ ᠡᠭᠦᠳᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠳᠡᠮᠵᠢᠯᠭᠡ ᠦᠵᠡᠭᠦᠯᠵᠦ᠂ ᠪᠣᠳᠠᠲᠠᠶ ᠰᠠᠨᠠᠯ᠂ ᠠᠷᠭ᠎ᠠ᠂ ᠨᠠᠷᠢᠨ ᠳᠦᠷᠢᠮ᠂ ᠲᠥᠰᠦᠯ ᠲᠣᠭᠲᠠᠭᠠᠬᠤ ᠴᠢᠬᠤᠯᠠ ᠲᠠᠢ ᠪᠣᠯ ︽ᠶᠡᠷᠦᠩᠬᠡᠶ ᠲᠥᠰᠦᠯ︾ ᠢ ᠳᠠᠷᠤᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠶᠠᠮᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠩᠬᠠᠢ ᠶᠢᠨ ᠬᠢᠨ ᠤ ᠪᠣᠯᠪᠠᠰᠤᠷᠠᠩᠭᠤᠢ ᠲᠤᠷᠰᠢᠯᠭ᠎ᠠ ᠪᠠᠨ ᠳ᠋ᠦᠩᠨᠡᠬᠦ ᠶᠢᠨ ᠬᠠᠮᠲᠤ ᠴᠠᠭ ᠲᠤᠬᠠᠢ ᠳᠤᠨᠢ ᠬᠠᠭᠤᠯᠪᠤᠷᠢᠯᠠᠨ ᠳᠡᠯᠭᠡᠷᠡᠭᠦᠯᠬᠦ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号